ᠣᠷᠣᠨ ᠰᠠᠭᠤᠴᠠ ᠪᠠ ᠬᠣᠲᠠ ᠬᠥᠳᠡᠭᠡ ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠄ ᠬᠣᠭ ᠨᠣᠪᠰᠢ᠎ᠶ᠋ᠢ ᠠᠩᠭᠢᠯᠠᠬᠤ ᠪᠣᠯ ᠨᠢᠭᠡᠨ ᠣᠷᠳᠣ ᠬᠤᠭᠤᠴᠠᠭᠠᠨ᠎ᠤ ᠦᠷᠭᠦᠯᠵᠢᠯᠡᠬᠦ᠌ ᠴᠢᠨᠠᠷᠲᠠᠶ ᠡᠭᠦᠷᠭᠡ ᠮᠦᠨ
2026-06-02 11:21:01
ᠵᠣᠬᠢᠶᠠᠭ᠍ᠴᠢ᠄
ᠸᠠᠩ ᠶᠢᠦ ᠯᠢᠩ
ᠣᠩᠱᠢᠭ᠍ᠰᠠᠨ ᠣᠳᠠᠭ᠎ᠠ᠄
★★★☆☆

ᠣᠢᠷ᠎ᠠ ᠵᠢᠨ ᠬᠤᠭᠤᠴᠠᠭᠠᠨ ᠳ᠋ᠤ᠂ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ ᠳᠡᠭᠡᠷ᠎ᠡ 《ᠬᠣᠭ ᠨᠣᠪᠰᠢ᠎ᠶ᠋ᠢ ᠠᠩᠭᠢᠯᠠᠬᠤ ᠴᠢᠬᠤᠯᠠ ᠥᠬᠡᠶ ᠪᠣᠯᠵᠠᠶ》 ᠭᠡᠬᠦ᠌ ᠵᠡᠷᠭᠡ ᠶᠠᠷᠢᠶ᠎ᠠ ᠬᠡᠯᠡᠯᠴᠡᠭᠡ ᠢᠯᠡᠷᠡᠪᠡ᠃ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠰᠠᠢᠳ ᠨᠢᠢ ᠬᠣᠩ ᠤᠢᠷ᠎ᠡ ᠵᠢᠨ ᠡᠳᠦᠷ᠂ ᠬᠣᠭ ᠨᠣᠪᠰᠢ᠎ᠶ᠋ᠢ ᠠᠩᠭᠢᠯᠠᠬᠤ ᠪᠣᠯ ᠨᠢᠭᠡᠨ ᠣᠷᠳᠣ ᠬᠤᠭᠤᠴᠠᠭᠠᠨ᠎ᠤ ᠴᠢᠨᠠᠷᠲᠠᠶ᠂ ᠦᠷᠭᠦᠯᠵᠢᠯᠡᠬᠦ᠌ ᠴᠢᠨᠠᠷᠲᠠᠶ ᠡᠭᠦᠷᠭᠡ ᠮᠥᠨ᠂ ᠱᠢᠨ᠎ᠡ ᠪᠠᠢᠳᠠᠯ᠂ ᠱᠢᠨ᠎ᠡ ᠱᠠᠭᠠᠷᠳᠠᠯᠭ᠎ᠠ᠎ᠶ᠋ᠢ ᠭᠦᠨᠵᠡᠭᠡᠶ ᠲᠠᠨᠢᠨ ᠡᠵᠡᠮᠱᠢᠵᠦ᠍᠂ ᠬᠣᠭ ᠨᠣᠪᠰᠢ᠎ᠶ᠋ᠢ ᠠᠩᠭᠢᠯᠠᠬᠤ ᠠᠵᠢᠯ ᠎ᠤᠨ ᠱᠠᠲᠤᠴᠢ ᠴᠢᠨᠠᠷ᠎ᠢ ᠲᠤᠰᠭᠠᠶ ᠮᠡᠷᠭᠡᠵᠢᠯ᠎ᠦᠨ ᠲᠠᠯ᠎ᠠ᠎ᠡᠴᠡ ᠭᠦᠨᠵᠡᠭᠡᠶ ᠲᠠᠨᠢᠵᠤ᠂ ᠲᠥᠷᠥ᠎ᠶ᠋ᠢᠨ ᠪᠣᠳᠣᠯᠭ᠎ᠠ᠎ᠶ᠋ᠢᠨ ᠪᠠᠷᠢᠮᠵᠢᠶ᠎ᠠ᠎ᠶ᠋ᠢ ᠲᠣᠬᠢᠷᠠᠭᠤᠯᠤᠨ ᠱᠢᠯᠢᠳᠡᠭ᠌ᠵᠢᠭᠦᠯᠵᠦ᠍᠂ ᠬᠣᠭ ᠨᠣᠪᠰᠢ᠎ᠶ᠋ᠢ ᠠᠩᠭᠢᠯᠠᠬᠤ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ ᠥᠬᠡᠶ ᠪᠣᠶ ᠪᠣᠯᠭᠠᠬᠤ ᠬᠡᠷᠡᠭ᠌ᠲᠡᠶ ᠭᠡᠵᠤ ᠢᠯᠡᠳᠭᠡᠪᠡ᠃

5 ᠰᠠᠷ᠎ᠠ᠎ᠶ᠋ᠢᠨ ᠳᠥᠷᠪᠡᠳᠦᠭᠡᠷ ᠭᠠᠷᠠᠭ ᠪᠣᠯ ᠪᠥᠬᠥ᠌ ᠤᠯᠤᠰ᠎ᠤᠨ ᠬᠣᠲᠠ᠎ᠶ᠋ᠢᠨ ᠠᠮᠢᠳᠤᠷᠠᠯ᠎ᠤᠨ ᠬᠣᠭ ᠨᠣᠪᠰᠢ᠎ᠶ᠋ᠢ ᠠᠩᠭᠢᠯᠠᠬᠤ ᠤᠬᠠᠭᠤᠯᠭ᠎ᠠ᠎ᠶ᠋ᠢᠨ ᠭᠠᠷᠠᠭ ᠪᠣᠯᠤᠨ᠎ᠠ᠃ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ 25 ᠎ᠤ᠋ ᠡᠳᠦᠷ ᠪᠡᠭᠡᠵᠢᠩ᠎ᠳᠦ ᠪᠥᠬᠥ᠌ ᠤᠯᠤᠰ᠎ᠤᠨ ᠬᠣᠲᠠ᠎ᠶ᠋ᠢᠨ ᠠᠮᠢᠳᠤᠷᠠᠯ᠎ᠤᠨ ᠬᠣᠭ ᠨᠣᠪᠰᠢ᠎ᠶ᠋ᠢ ᠠᠩᠭᠢᠯᠠᠬᠤ ᠠᠵᠢᠯ᠎ᠤᠨ ᠠᠬᠤᠶ ᠲᠠᠯᠠᠪᠠᠶ᠎ᠶ᠋ᠢᠨ ᠬᠤᠷᠠᠯ᠎ᠢ ᠬᠤᠷᠠᠯᠳᠤᠭᠤᠯᠵᠤ᠂ ᠠᠮᠢᠳᠤᠷᠠᠯ᠎ᠤᠨ ᠬᠣᠭ ᠨᠣᠪᠰᠢ᠎ᠶ᠋ᠢ ᠠᠩᠭᠢᠯᠠᠬᠤ ᠭᠤᠤᠯᠳᠠᠯᠭ᠎ᠠ᠎ᠲᠠᠶ ᠠᠵᠢᠯ᠎ᠢ ᠳᠠᠬᠢᠨ ᠳᠠᠢᠴᠢᠯᠠᠵᠤ᠂ ᠳᠠᠬᠢᠨ ᠪᠠᠢᠷᠢᠯᠠᠭᠤᠯᠪᠠ᠃

ᠬᠤᠷᠠᠯ᠎ᠡᠴᠡ᠂ ᠡᠯ᠎ᠡ ᠭᠠᠵᠠᠷ᠎ᠤᠨ ᠬᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠬᠣᠭ ᠨᠣᠪᠰᠢ ᠎ᠶ᠋ᠢ ᠠᠩᠭᠢᠯᠠᠬᠤ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠤᠬᠠᠭᠠᠯᠠᠨ ᠲᠥᠯᠥᠪᠯᠡᠵᠦ᠍᠂ ᠠᠩᠭᠢᠯᠠᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭ᠌ᠲᠡᠶ᠃ ᠨᠢᠭᠡᠳᠦᠯᠲᠡᠢ ᠲᠥᠯᠥᠪᠵᠢᠭᠦᠯᠦᠨ ᠨᠡᠢ᠌ᠳᠡ᠎ᠳᠦᠨᠢ ᠬᠠᠷᠠᠭᠠᠯᠵᠠᠵᠤ᠂ ᠬᠣᠭ ᠨᠣᠪᠰᠢ᠎ᠶ᠋ᠢ ᠠᠩᠭᠢᠯᠠᠬᠤ ᠠᠷᠭ᠎ᠠ᠎ᠶ᠋ᠢ ᠱᠢᠯᠢᠳᠡᠭ᠌ᠵᠢᠭᠦᠯᠬᠦ᠌᠎ᠶ᠋ᠢ ᠯᠠᠪᠳᠠᠭᠤᠨ᠎ᠢᠶᠠᠷ ᠠᠬᠢᠭᠤᠯᠵᠤ᠂ ᠡᠭᠡᠭᠦᠯᠦᠨ ᠬᠤᠷᠢᠶᠠᠵᠤ ᠪᠣᠯᠬᠤ ᠪᠣᠳᠠᠰ᠎ᠤᠨ ᠱᠢᠰᠲᠸᠮ᠎ᠤᠨ ᠪᠠᠢᠭᠤᠯᠤᠯᠲᠠ᠎ᠶ᠋ᠢ ᠲᠦᠷᠭᠡᠳᠭᠡᠵᠦ᠍᠂ ᠡᠭᠡᠭᠦᠯᠦᠨ ᠬᠤᠷᠢᠶᠠᠵᠤ ᠪᠣᠯᠬᠤ ᠪᠣᠳᠠᠰ᠎ᠤᠨ ᠬᠠᠮᠢᠶᠠᠷᠤᠯᠲᠠ᠎ᠶ᠋ᠢᠨ ᠶᠠᠰᠤ ᠴᠢᠨᠠᠷ ᠦᠷ᠎ᠡ ᠪᠦᠲᠦᠮᠵᠢ ᠎ᠶ᠋ᠢ ᠴᠢᠩᠭᠠᠳᠭᠠᠬᠤ ᠬᠡᠷᠡᠭ᠌ᠲᠡᠢ᠃ ᠱᠢᠲᠠᠭᠠᠨ ᠱᠢᠶ᠋ᠳᠪᠦᠷᠢᠯᠡᠬᠦ᠌ ᠲᠤᠨᠤᠭ ᠲᠦᠬᠦᠭᠡᠷᠤᠮᠵᠢ ᠵᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠲᠤᠨᠤᠭ ᠲᠦᠬᠦᠭᠡᠷᠤᠮᠵᠢ ᠵᠢ ᠬᠠᠮᠲᠤ ᠪᠠᠷ ᠬᠡᠷᠡᠭ᠌ᠯᠡᠵᠦ᠍ ᠬᠠᠮᠲᠤ ᠪᠠᠷ ᠡᠳ᠋ᠯᠡᠬᠦ᠌᠎ᠶ᠋ᠢ ᠵᠣᠷᠢᠭ᠍ᠵᠢᠭᠤᠯᠤᠨ᠂ ᠨᠠᠩ ᠣᠯᠠᠨ ᠭᠠᠵᠠᠷ ᠣᠷᠣᠨ᠎ᠳᠤ ᠤᠤᠯ ᠠᠮᠢᠳᠤᠷᠠᠯ᠎ᠤᠨ ᠬᠣᠭ ᠨᠣᠪᠰᠢ᠎ᠶ᠋ᠢ 《ᠦᠯᠤ ᠪᠤᠯᠠᠬᠤ》 ᠶ᠋ᠢ ᠪᠡᠶᠡᠯᠡᠭᠦᠯᠬᠦ᠌᠎ᠪᠡᠷ ᠴᠢᠷᠮᠠᠢᠬᠤ ᠭᠡᠷᠡᠭᠳᠠᠢ ᠭᠡᠵᠤ ᠱᠠᠭᠠᠷᠳᠠᠪᠠ᠃

ᠨᠢᠢ ᠬᠣᠩ᠂ ᠬᠠᠤᠯᠢ ᠪᠡᠷ ᠵᠠᠰᠠᠬᠤ ᠪᠡᠷ ᠰᠠᠭᠤᠷᠢ ᠪᠣᠯᠭᠠᠬᠤ᠂ ᠵᠠᠰᠠᠭ᠎ᠤᠨ ᠣᠷᠳᠣᠨ᠎ᠡᠴᠡ ᠠᠬᠢᠭᠤᠯᠬᠤ᠂ ᠪᠦᠬᠦ᠌ ᠠᠷᠠᠳ᠎ᠢᠶᠠᠷ᠎ᠢᠶᠠᠨ ᠣᠷᠣᠯᠴᠠᠬᠤ᠂ ᠬᠤᠳᠠ ᠬᠥᠳᠡᠭᠡ᠎ᠶ᠋ᠢ ᠨᠢᠭᠡᠳᠦᠯᠲᠡᠢ ᠲᠥᠯᠥᠪᠵᠢᠭᠦᠯᠬᠦ᠌᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠬᠤ ᠵᠠᠷᠴᠢᠮ᠎ᠢ ᠪᠠᠷᠢᠮᠲᠠᠯᠠᠵᠤ᠂ ᠠᠮᠢᠳᠤᠷᠠᠯ᠎ᠤᠨ ᠬᠣᠭ ᠨᠣᠪᠰᠢ᠎ᠶ᠋ᠢ ᠪᠠᠭᠠᠰᠭᠠᠬᠤ᠂ ᠡᠬᠢ ᠪᠠᠶᠠᠯᠢᠭ᠍ᠵᠢᠭᠤᠯᠬᠤ᠂ ᠬᠣᠣᠷ ᠦᠬᠡᠢ᠌ᠳᠡᠬᠦᠯᠬᠦ᠌ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠠᠩᠭᠢᠯᠠᠨ ᠲᠠᠯᠪᠢᠬᠤ᠂ᠠᠩᠭᠢᠯᠠᠨ ᠴᠤᠭ᠍ᠯᠠᠭᠤᠯᠬᠤ᠂ ᠠᠩᠭᠢᠯᠠᠨ ᠲᠡᠭᠡᠭᠡᠪᠦᠷᠢᠯᠡᠬᠦ᠌᠂ ᠠᠩᠭᠢᠯᠠᠨ ᠱᠢᠢᠳᠪᠦᠷᠢᠯᠡᠬᠦ᠌ ᠱᠢᠰᠲ᠋ᠧᠮ᠎ᠢ ᠦᠷᠭᠦᠯᠵᠢᠯᠡᠨ ᠱᠢᠯᠢᠳᠡᠭ᠌ᠵᠢᠭᠦᠯᠬᠦ ᠭᠡᠷᠡᠭᠳᠠᠢ ᠭᠡᠵᠤ ᠢᠯᠡᠳᠭᠡᠪᠡ᠃

ᠠᠷᠪᠠᠨ ᠵᠢᠯ ᠎ᠦᠨ ᠲᠤᠷᠰᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠦᠨ᠎ᠬᠢᠨ ᠲᠥᠷᠥ᠎ᠶ᠋ᠢᠨ ᠪᠣᠳᠣᠯᠭ᠎ᠠ ᠎ᠶ᠋ᠢ ᠣᠨᠣᠪᠴᠢᠲᠠᠶ ᠬᠡᠷᠡᠭ᠌ᠵᠢᠭᠦᠯᠵᠦ᠍᠂ ᠬᠠᠮᠵᠢᠯᠴᠠᠨ ᠬᠦᠴᠦᠯᠡᠵᠦ᠍᠂ ᠱᠢᠰᠲ᠋ᠧᠮ᠎ᠲᠡᠶ ᠠᠬᠢᠭᠤᠯᠵᠤ᠂ ᠮᠠᠨ᠎ᠤ ᠤᠯᠤᠰ᠎ᠤᠨ ᠬᠣᠭ ᠨᠣᠪᠰᠢ᠎ᠶ᠋ᠢ ᠠᠩᠭᠢᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠠᠮᠢᠳᠤᠷᠠᠯ᠎ᠤᠨ ᠬᠣᠭ ᠨᠣᠪᠰᠢ᠎ᠶ᠋ᠢ ᠱᠢᠢᠳᠪᠦᠷᠢᠯᠡᠬᠦ᠌ ᠴᠢᠳᠠᠪᠤᠷᠢ᠎ᠶ᠋ᠢ ᠶᠡᠬᠡ᠎ᠪᠡᠷ ᠳᠡᠭᠡᠭ᠌ᠰᠢᠯᠡᠭᠦᠯᠵᠦ᠍᠂ ᠬᠣᠭ ᠨᠣᠪᠰᠢ᠎ᠶ᠋ᠢ ᠱᠢᠲᠠᠭᠠᠬᠤ ᠮᠡᠷᠭᠡᠵᠢᠯ ᠲᠣᠨᠣᠭ᠍ᠯᠠᠯ 《ᠳᠠᠭᠠᠵᠤ ᠭᠦᠶᠦᠬᠦ᠌》᠂ 《ᠵᠡᠷᠭᠡᠴᠡᠨ ᠭᠦᠶᠦᠬᠦ᠌》 ᠡᠴᠡ《ᠳᠠᠭᠠᠭᠤᠯᠤᠨ ᠭᠦᠶᠦᠬᠦ᠌ ᠪᠤᠯᠤᠭᠰᠠᠨ》᠎ᠢ᠋ ᠪᠡᠶᠡᠯᠡᠭᠦᠯᠵᠦ᠍᠂ ᠬᠣᠭ ᠨᠣᠪᠰᠢ᠎ᠶ᠋ᠢ ᠪᠠᠭᠠᠰᠭᠠᠬᠤ ᠪᠠ ᠠᠱᠢᠭ᠍ᠯᠠᠬᠤ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠭᠣᠣᠯ ᠪᠣᠯᠬᠤ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠲᠠ᠎ᠶ᠋ᠢ ᠡᠵᠡᠮᠳᠡᠬᠦ᠌ ᠲᠦᠪᠱᠢᠨ ᠳᠡᠯᠡᠬᠡᠢ᠎ᠳᠦ ᠲᠦᠷᠦᠭᠦᠯᠡᠪᠡ᠃ ᠬᠣᠭ ᠨᠣᠪᠰᠢ᠎ᠶ᠋ᠢ ᠠᠩᠭᠢᠯᠠᠬᠤ ᠬᠠᠤᠯᠢ ᠪᠡᠷ ᠵᠠᠰᠠᠬᠤ ᠪᠠᠲᠤᠯᠠᠭ᠎ᠠ ᠲᠠᠰᠤᠷᠠᠯᠲᠠ ᠥᠬᠡᠶ ᠪᠦᠷᠢᠨᠱᠢᠵᠦ᠍᠂ ᠤᠯᠤᠰ ᠎ᠤᠨ ᠬᠠᠤᠯᠢ ᠴᠠᠭᠠᠵᠠ᠎ᠪᠠᠷ ᠤᠳᠤᠷᠢᠳᠤᠮᠵᠢ ᠪᠣᠯᠭᠠᠭ᠍ᠰᠠᠨ᠂ ᠬᠠᠤᠯᠢ ᠲᠣᠭ᠍ᠲᠠᠭᠠᠯ ᠲᠦᠷᠢᠮ᠎ᠢᠶᠡᠷ ᠲᠤᠯᠭᠠᠭᠤᠷᠢᠯᠠᠯ ᠪᠣᠯᠭᠠᠭ᠍ᠰᠠᠨ ᠬᠠᠤᠯᠢ ᠪᠡᠷ ᠵᠠᠰᠠᠬᠤ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠯᠳᠦᠭᠦᠯᠪᠡ᠃

ᠬᠤᠷᠠᠯ᠎ᠡᠴᠡ᠂ ᠠᠮᠢᠳᠤᠷᠠᠯ᠎ᠤᠨ ᠬᠣᠭ ᠨᠣᠪᠰᠢ᠎ᠶ᠋ᠢ ᠠᠩᠭᠢᠯᠠᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠬᠢᠨ ᠬᠦᠨᠵᠡᠭᠡᠢᠷᠠᠬᠦᠯᠵᠤ᠂ ᠲᠠᠬᠢᠨ ᠳᠡᠭᠡᠭ᠌ᠰᠢᠯᠡᠭᠦᠯᠬᠦ᠌ ᠬᠡᠷᠡᠭ᠌ᠲᠡᠢ᠃ ᠬᠣᠭ ᠨᠣᠪᠰᠢ᠎ᠶ᠋ᠢ ᠠᠩᠭᠢᠯᠠᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠱᠢᠨ᠎ᠡ ᠮᠡᠷᠭᠡᠵᠢᠯ ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌ ᠪᠠ ᠱᠢᠨ᠎ᠡ ᠲᠣᠨᠣᠭ ᠲᠥᠬᠥᠭᠡᠷᠦᠮᠵᠢ᠎ᠶ᠋ᠢ ᠲᠠᠰ ᠳᠡᠪᠱᠢᠭᠦᠯᠬᠦ᠌ ᠎ᠶ᠋ᠢ ᠲᠦᠷᠭᠡᠳᠭᠡᠬᠦ ᠭᠡᠷᠡᠭᠳᠠᠢ᠃ ᠳᠠᠳᠭᠠᠯ᠎ᠢ ᠬᠥᠮᠦᠵᠢᠭᠦᠯᠬᠦ᠌᠎ᠶ᠋ᠢ ᠴᠢᠬᠤᠯᠠᠴᠢᠯᠠᠵᠤ᠂ ᠬᠣᠭ ᠨᠣᠪᠰᠢ᠎ᠶ᠋ᠢ ᠠᠩᠭᠢᠯᠠᠬᠤ ᠵᠢ ᠨᠡᠢᠭᠡᠮ ᠲᠣᠭᠣᠷᠢᠭ᠎ᠲᠤ ᠣᠷᠣᠭᠤᠯᠬᠤ᠂ ᠰᠤᠷᠭᠠᠭᠤᠯᠢ ᠵᠢᠨ ᠬᠦᠷᠢᠶᠡᠨ᠎ᠳᠤ ᠣᠷᠣᠭᠤᠯᠬᠤ᠂ ᠠᠵᠤ ᠠᠬᠤᠢᠯᠠᠯ᠎ᠳᠤ ᠣᠷᠣᠭᠤᠯᠬᠤ᠂ ᠪᠠᠢᠭᠤᠯᠭ᠎ᠠ ᠎ᠳᠤ ᠣᠷᠣᠭᠤᠯᠬᠤ ᠵᠡᠷᠭᠡ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠰᠠᠢᠨ ᠳᠤᠷᠠᠴᠤᠳ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠨᠠᠩ ᠣᠯᠠᠨ ᠬᠥᠮᠦᠨ᠎ᠢ ᠳᠠᠢᠴᠢᠯᠠᠨ ᠬᠤᠭ ᠨᠤᠪᠰᠢ ᠵᠢ ᠠᠩᠭᠢᠯᠠᠨ ᠲᠠᠯᠪᠢᠬᠤ ᠰᠠᠢᠨ ᠳᠠᠳᠭᠠᠯ᠎ᠲᠠᠶ ᠪᠣᠯᠭᠠᠬᠤ ᠭᠡᠷᠡᠭᠳᠠᠢ᠃ ᠰᠠᠯᠠᠭ᠎ᠠ ᠮᠥᠴᠢᠷ᠎ᠦᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ᠎ᠪᠠᠷ ᠬᠠᠮᠵᠢᠯᠴᠠᠬᠤ᠂ ᠬᠢᠨᠠᠯᠲᠠ ᠬᠠᠮᠢᠶᠠᠷᠤᠯᠲᠠ᠎ᠪᠠᠷ ᠬᠣᠯᠪᠣᠭᠠᠯᠠᠨ ᠨᠡᠪᠲᠡᠷᠡᠯᠴᠡᠬᠦ᠌᠂ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌ ᠠᠵᠢᠯ᠎ᠤᠨ ᠪᠠᠢᠷᠢᠱᠢᠯ᠎ᠢ ᠪᠠᠢᠭᠤᠯᠵᠤ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠨᠡᠢᠭᠡᠮ᠂ ᠰᠠᠭᠤᠭᠠᠯᠢ ᠠᠷᠠᠳ ᠵᠡᠷᠭᠡ ᠡᠯ᠎ᠡ ᠲᠠᠯ᠎ᠠ᠎ᠶ᠋ᠢᠨ ᠬᠦᠴᠦᠨ᠎ᠢ ᠨᠢᠭᠡᠳᠦᠯᠲᠡᠶ ᠲᠥᠯᠥᠪᠵᠢᠭᠦᠯᠵᠦ᠍᠂ ᠪᠥᠬᠥ᠌ ᠨᠡᠢᠭᠡᠮ᠎ᠢᠶᠡᠷ᠎ᠢᠶᠡᠨ ᠬᠣᠭ ᠨᠣᠪᠰᠢ᠎ᠶ᠋ᠢ ᠠᠩᠭᠢᠯᠠᠬᠤ᠎ᠶ᠋ᠢ ᠬᠠᠮᠲᠤ᠎ᠪᠠᠷ ᠠᠬᠢᠭᠤᠯᠬᠤ ᠬᠦᠴᠦᠷᠬᠡᠭ ᠶᠡᠬᠡ ᠬᠦᠴᠦᠨ᠎ᠢ ᠪᠦᠷᠢᠯᠳᠦᠭᠦᠯᠬᠦ ᠭᠡᠷᠡᠭᠳᠠᠢ ᠭᠡᠵᠤ ᠱᠠᠭᠠᠷᠳᠠᠪᠠ᠃


ᠱᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号