ᠬᠥᠮᠦᠨ᠎ᠦ ᠬᠦᠰᠡᠯ ᠡᠷᠡᠮᠡᠯᠵᠡᠯ ᠬᠠᠮᠢᠭ᠎ᠠ ᠪᠠᠢᠪᠠᠯ᠂ ᠬᠥᠭ᠌ᠵᠢᠯᠲᠡ ᠲᠡᠷᠡ ᠲᠡᠢᠰᠢ ᠪᠠᠨ ᠬᠦᠴᠤᠯᠠᠨᠠ᠃
ᠶᠡᠷᠦᠩᠬᠡᠢ ᠱᠦᠵᠢ ᠰᠢ ᠵᠢᠨ ᠫᠢᠩ 《ᠪᠣᠳᠠᠰ ᠲᠤ᠌ ᠪᠡᠯᠡ ᠣᠷᠣᠭᠤᠯᠬᠤ ᠪᠠ ᠬᠦᠮᠦᠨ ᠳ᠋ᠤ ᠪᠡᠯᠡ ᠣᠷᠣᠭᠤᠯᠬᠤ ᠶ᠋ᠢ ᠨᠢᠭ᠍ᠲᠠ ᠤᠶᠠᠯᠳᠤᠭᠤᠯᠬᠤ᠎ᠶ᠋ᠢ ᠡᠷᠬᠡᠪᠰᠢ ᠪᠠᠷᠢᠮᠲᠠᠯᠠᠬᠤ ᠬᠡᠷᠡᠭ᠌ᠲᠡᠢ》 ᠭᠡᠵᠦ᠍ ᠴᠢᠬᠤᠯᠠᠴᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠦᠳᠤᠯᠪᠤᠷᠢ᠎ᠳᠤ ᠡᠭᠦᠨ᠎ᠦ ᠲᠤᠬᠠᠢ ᠲᠣᠳᠣᠷᠬᠠᠢ ᠲᠤᠬᠢᠷᠠᠭᠤᠯᠤᠯᠳᠡ ᠬᠢᠪᠠ᠃ ᠪᠠᠢᠷᠢᠯᠠᠭᠤᠯᠤᠯᠲᠠ ᠶᠣᠰᠣᠭᠠᠷ ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌᠎ᠶ᠋ᠢ ᠨᠡᠩ ᠴᠢᠬᠤᠯᠠᠴᠢᠯᠠᠬᠤ ᠪᠡᠯᠡ ᠣᠷᠣᠭᠤᠯᠤᠯᠲᠠ᠎ᠶ᠋ᠢ ᠬᠦᠴᠦᠯᠡᠨ ᠠᠬᠢᠭᠤᠯᠵᠤ ᠪᠤᠢ᠃
ᠰᠤᠷᠪᠤᠯᠵᠢᠯᠠᠭ᠍ᠴᠢ ᠤᠯᠠᠨ ᠭᠠᠵᠠᠷ ᠲᠤ ᠪᠠᠢᠴᠠᠭᠠᠨ ᠰᠤᠳᠤᠯᠤᠯᠳᠠ ᠬᠢᠭᠰᠡᠨᠵᠢᠡᠷ᠂ ᠣᠳᠣᠬᠠᠨ᠎ᠳᠤ ᠮᠠᠨ ᠤ ᠤᠯᠤᠰ ᠪᠦᠲᠦᠮᠵᠢᠲᠡᠢ ᠪᠡᠯᠡ ᠣᠷᠣᠭᠤᠯᠤᠯᠲᠠ᠎ᠶ᠋ᠢ ᠦᠷᠭᠦᠯᠵᠢᠯᠡᠨ ᠥᠷᠭᠡᠳᠭᠡᠵᠦ᠍᠂ 《ᠪᠣᠳᠠᠰ᠎ᠤᠨ ᠪᠦᠳᠦᠭᠡᠨ ᠪᠠᠢᠭᠤᠯᠤᠯᠲᠠ》 ᠪᠣᠯᠤᠨ 《ᠬᠥᠮᠦᠨ ᠦ ᠬᠥᠭ᠌ᠵᠢᠯᠲᠡ》 ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠎ᠢ ᠳᠡᠭᠡᠭ᠌ᠰᠢᠯᠡᠭᠦᠯᠦᠭ᠌ᠰᠡᠨ ᠪᠥᠭᠡᠳ ᠠᠯᠤᠰ ᠬᠡᠳᠤ᠎ᠳᠦ ᠰᠠᠭᠤᠷᠢᠯᠠᠨ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠵᠦ᠍ ᠂ ᠴᠢᠨᠠᠷ ᠰᠠᠢᠲᠠᠢ ᠬᠥᠭ᠌ᠵᠢᠯᠲᠡ᠎ᠳᠦ ᠤᠳᠠᠭᠠᠨ ᠳᠠᠭᠠᠭᠠᠮᠠᠭᠠᠢ ᠪᠥᠭᠡᠳ ᠪᠠᠲᠤ ᠪᠡᠬᠢ ᠬᠥᠳᠡᠯᠭᠡᠬᠦ᠌ ᠬᠦᠴᠦᠨ ᠨᠡᠮᠡᠷᠢᠯᠡᠪᠡ᠃
ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ᠎ᠶ᠋ᠢ ᠪᠠᠷᠢᠮᠲᠠᠯᠠᠵᠤ ᠪᠡᠯᠡ ᠣᠷᠣᠭᠤᠯᠤᠯᠲᠠ ᠶ᠋ᠢ ᠨᠡᠮᠡᠭᠳᠡᠬᠦᠯᠦᠨ᠎ᠡ
ᠤᠢ᠍ᠢᠷ᠎ᠠ᠎ᠶ᠋ᠢᠨ ᠵᠢᠯ ᠳ᠋ᠤ᠂ ᠰᠢ ᠠᠨ ᠬᠤᠳᠠ ᠰᠤᠷᠭᠠᠨ ᠬᠥᠮᠦᠵᠢᠯ᠎ᠦᠨ ᠰᠠᠭᠤᠷᠢ ᠲᠥᠬᠥᠭᠡᠷᠦᠮᠵᠢ ᠶ᠋ᠢᠨ ᠪᠦᠳᠦᠭᠡᠨ ᠪᠠᠢᠭᠤᠯᠤᠯᠲᠠ ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠪᠠ᠃ 2026 ᠣᠨ᠎ᠳᠤ᠂ ᠰᠢ ᠠᠨ ᠬᠤᠳᠠ 7 ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ᠎ᠢ ᠱᠢᠨ᠎ᠡ ᠪᠡᠷ ᠪᠠᠢᠭᠤᠯᠬᠤ ᠪᠠ ᠥᠭᠡᠷᠡᠴᠢᠯᠡᠵᠦ᠍ ᠥᠷᠭᠡᠳᠭᠡᠨ ᠪᠠᠢᠭᠤᠯᠬᠤ᠎ᠪᠠᠷ ᠲᠥᠯᠥᠪᠯᠡᠵᠦ᠍ ᠪᠠᠢᠬᠤ ᠪᠥᠭᠡᠳ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠬᠴᠢ ᠵᠢᠨ ᠤᠷᠤᠨ ᠲᠤᠭ᠎ᠠ ᠵᠢ 1.5 ᠲᠦᠮᠡ ᠨᠡᠮᠡᠭ᠌ᠳᠡᠭᠦᠯᠦᠨ᠎ᠡ᠃ ᠡᠭᠦᠨ᠎ᠦ ᠠᠷᠤ᠎ᠳᠤ ᠲᠤᠬᠠᠶ᠎ᠶ᠋ᠢᠨ ᠭᠠᠵᠠᠷ᠎ᠤᠨ ᠰᠤᠷᠭᠠᠨ ᠬᠥᠮᠦᠵᠢᠯ᠎ᠦᠨ ᠣᠷᠣᠭᠤᠯᠤᠯᠲᠠ ᠦᠷᠭᠦᠯᠵᠢᠯᠡᠨ ᠨᠡᠮᠡᠭ᠌ᠳᠡᠵᠦ᠍᠂ 《ᠪᠣᠳᠠᠰ᠎ᠤᠨ ᠲᠠᠰ ᠳᠠᠪᠱᠢᠯᠲᠠ》 ᠪᠠᠷ 《ᠬᠥᠮᠦᠨ᠎ᠦ ᠪᠣᠢᠵᠢᠯᠲᠠ 》 ᠶ᠋ᠢ ᠲᠤᠯᠭᠠᠭᠤᠷᠢᠯᠠᠵᠤ ᠪᠤᠢ ᠃
ᠠᠷᠠᠳ ᠲᠦᠮᠡᠨ ᠦ ᠬᠦᠰᠡᠯ ᠡᠷᠡᠮᠡᠯᠵᠡᠯ ᠪᠣᠯ ᠲᠠᠷᠤᠢ ᠬᠥᠭ᠌ᠵᠢᠯᠲᠡ᠎ᠶ᠋ᠢᠨ ᠬᠠᠨᠳᠤᠰᠢ ᠮᠥᠨ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠡᠳ᠋ ᠦᠨ ᠵᠠᠰᠠᠭ᠎ᠤᠨ ᠣᠷᠣᠭᠤᠯᠤᠯᠲᠠ 100 ᠲᠦᠮᠡᠨ ᠳ᠋ᠦᠩᠱᠢᠭᠤᠷ ᠱᠢᠬᠠᠮ ᠲᠥᠭᠥᠷᠢᠭ ᠲᠦ ᠬᠦᠷᠴᠦ᠍᠂ ᠪᠥᠬᠥ᠌ ᠤᠯᠤᠰ᠎ᠤᠨ ᠡᠩ᠎ᠦᠨ ᠣᠯᠠᠨ ᠨᠡᠢᠲᠡ᠎ᠶ᠋ᠢᠨ ᠲᠥᠰᠦᠪ ᠦᠨ ᠵᠠᠷᠤᠯᠭ᠎ᠠ ᠶ᠋ᠢᠨ 70% ᠡᠴᠡ ᠳᠡᠭᠡᠭ᠌ᠰᠢᠬᠢ᠎ᠶ᠋ᠢ ᠡᠵᠡᠯᠡᠵᠦ᠍᠂ ᠦᠨᠡᠨ ᠪᠤᠳᠠᠳᠠᠢ ᠪᠡᠯᠡ ᠤᠷᠤᠭᠤᠯᠤᠯᠳᠠ ᠨᠢ ᠦᠷᠭᠦᠯᠵᠢᠯᠡᠨ ᠰᠡᠳᠬᠢᠯ ᠳ᠋ᠤ ᠰᠠᠭᠤᠬᠳᠠᠮ᠎ᠠ ᠭᠠᠷ ᠲᠤ᠌ ᠪᠠᠷᠢᠬᠳᠠᠮ᠎ᠠ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠪᠣᠯᠤᠨ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ ᠪᠣᠯᠵᠣ ᠬᠤᠪᠢᠷᠠᠪᠠ᠃
ᠱᠢᠨ᠎ᠡ ᠠᠶᠠᠨᠳ᠋ᠤ᠂ ᠨᠡᠩ ᠤᠯᠠᠨ ᠪᠡᠯᠡ ᠮᠥᠩᠭᠥ᠌ ᠡᠬᠢ ᠪᠠᠶᠠᠯᠢᠭ᠎ᠢᠶᠠᠷ ᠬᠦᠮᠦᠨ ᠳ᠋ᠤ ᠪᠡᠯᠡ ᠣᠷᠣᠭᠤᠯᠵᠤ᠂ ᠠᠷᠠᠳ᠎ᠤᠨ ᠠᠮᠢᠳᠤᠷᠠᠯ᠎ᠳᠤ ᠦᠢᠯᠡᠴᠢᠯᠡᠨ᠎ᠡ᠃ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠦᠳᠤᠯᠪᠤᠷᠢ᠎ᠳᠤ ᠲᠣᠭ᠍ᠲᠠᠭᠠᠭ᠍ᠰᠠᠨ 20 ᠵᠦᠢᠯ᠎ᠦᠨ ᠭᠣᠣᠯ ᠭᠦᠢᠴᠡᠳᠭᠡᠯ ᠲᠣᠭ᠎ᠠ᠎ᠶ᠋ᠢᠨ ᠳᠣᠲᠣᠷ᠎ᠠ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠤᠨ ᠲᠥᠷᠥᠯ᠎ᠦᠨ ᠭᠦᠢᠴᠡᠳᠭᠡᠯ ᠲᠣᠭ᠎ᠠ 7 ᠵᠦᠢᠯ ᠪᠠᠢᠵᠤ᠂ ᠡᠵᠡᠯᠡᠬᠦ᠌ ᠬᠠᠷᠢᠴᠠᠯ ᠨᠢ ᠭᠤᠷᠪᠠᠨ᠎ᠤ ᠨᠢᠭᠡ᠎ᠶ᠋ᠢ ᠳᠠᠪᠠᠭ᠍ᠰᠠᠨ ᠪᠠᠢᠨ᠎ᠠ᠃ ᠡᠨᠡ ᠵᠢᠯ᠎ᠦᠨ ᠪᠥᠬᠥ᠌ ᠤᠯᠤᠰ᠎ᠤᠨ ᠡᠩ᠎ᠦᠨ ᠣᠯᠠᠨ ᠨᠡᠢᠲᠡ᠎ᠶ᠋ᠢᠨ ᠲᠥᠰᠦᠪ ᠦᠨ ᠵᠠᠷᠤᠯᠭ᠎ᠠ᠎ᠶ᠋ᠢᠨ ᠳᠣᠲᠣᠷ᠎ᠠ᠂ ᠰᠤᠷᠭᠠᠨ ᠬᠥᠮᠦᠵᠢᠯ᠂ ᠨᠡᠢᠭᠡᠮ᠎ᠦᠨ ᠪᠠᠲᠤᠯᠠᠭ᠎ᠠ ᠪᠠ ᠠᠵᠢᠯ ᠣᠯᠭᠣᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠣᠷᠣᠨ ᠰᠠᠭᠤᠴᠠ᠎ᠶ᠋ᠢᠨ ᠪᠠᠲᠤᠯᠠᠭ᠎ᠠ ᠵᠡᠷᠭᠡ ᠳᠥᠷᠪᠡᠨ ᠵᠦᠶ᠋ᠯ᠎ᠦᠨ ᠵᠠᠷᠤᠯᠭ᠎ᠠ ᠨᠡᠢᠲᠡ 12.4 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ 41.3% ᠵᠢ ᠡᠵᠡᠯᠡᠵᠦ᠍᠂ ᠣᠢᠷ᠎ᠠ᠎ᠶ᠋ᠢᠨ ᠵᠢᠯ ᠳ᠋ᠤ ᠬᠠᠮᠤᠭ᠎ᠤᠨ ᠥᠨᠳᠥᠷ ᠬᠡᠮᠵᠢᠶᠡᠨ᠎ᠳᠦ ᠬᠦᠷᠴᠡᠶ᠃
ᠲᠠᠰᠤᠷᠠᠯᠲᠠ ᠥᠬᠡᠶ ᠨᠡᠮᠡᠭ᠌ᠳᠡᠵᠦ᠍ ᠪᠠᠢᠭ᠎ᠠ ᠲᠣᠭᠠᠨ᠎ᠤ ᠠᠷᠤ᠎ᠳᠤ ᠪᠠᠯᠠ ᠣᠷᠣᠭᠤᠯᠤᠯᠲᠠ᠎ᠶ᠋ᠢᠨ ᠬᠥᠭ᠌ᠵᠢᠯᠲᠡ᠎ᠶ᠋ᠢᠨ ᠳᠤᠤᠷᠠᠳᠤ ᠳᠠᠪᠬᠤᠷᠭ᠎ᠠ᠎ᠶ᠋ᠢᠨ ᠯᠣᠭᠢᠭ ᠶᠠᠭ ᠭᠦᠨᠵᠡᠭᠡᠶ ᠬᠤᠪᠢᠷᠠᠯᠲᠠ ᠭᠠᠷᠴᠤ᠌ ᠪᠠᠢᠨ᠎ᠠ — 《ᠪᠤᠳᠠᠰ ᠲᠤ᠌ ᠪᠡᠯᠡ ᠣᠷᠣᠭᠤᠯᠬᠤ 》 ᠪᠠ 《ᠬᠦᠮᠦᠨ ᠳ᠋ᠤ ᠪᠡᠯᠡ ᠣᠷᠣᠭᠤᠯᠬᠤ 》 ᠵᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠡᠬᠢ ᠪᠠᠶᠠᠯᠢᠭ᠎ᠢ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠂ ᠳᠤᠲᠠᠭᠤᠳᠠᠯ᠎ᠢᠶᠠᠨ ᠨᠥᠬᠥᠪᠥᠷᠢᠯᠡᠬᠦ᠌᠂ ᠬᠣᠷᠢᠭ᠎ᠠ ᠱᠤᠭᠤᠮ᠎ᠢ ᠪᠠᠲᠤᠯᠠᠬᠤ ᠲᠡᠢᠰᠢ ᠨᠡᠩ ᠰᠠᠢᠲᠤᠷ ᠣᠷᠣᠭᠤᠯᠵᠤ᠂ ᠬᠥᠭ᠌ᠵᠢᠯᠲᠡ᠎ᠶ᠋ᠢᠨ ᠬᠠᠯᠠᠭᠤᠨ ᠳᠤᠯᠠᠭᠠᠨ᠎ᠢ ᠢᠯᠡᠷᠡᠭᠦᠯᠦᠨ᠎ᠡ᠃
ᠰᠤᠷᠭᠠᠨ ᠬᠥᠮᠦᠵᠢᠯ᠎ᠦᠨ ᠵᠠᠷᠤᠯᠭ᠎ᠠ᠂ ᠨᠡᠢᠭᠡᠮ᠎ᠦᠨ ᠪᠠᠲᠤᠯᠠᠭ᠎ᠠ ᠪᠠ ᠠᠵᠢᠯ ᠣᠯᠭᠣᠯᠲᠠ᠎ᠶ᠋ᠢᠨ ᠵᠠᠷᠤᠯᠭ᠎ᠠ ᠴᠥᠮ 1 ᠲᠦᠮᠡᠨ ᠳ᠋ᠦᠩᠱᠢᠭᠤᠷ ᠲᠥᠭᠥᠷᠢᠭ᠎ᠢ ᠳᠠᠪᠠᠪᠠ;ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠠᠷᠤᠯᠭ᠎ᠠ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 12.1% ᠪᠡᠷ ᠨᠡᠮᠡᠭ᠌ᠳᠡᠵᠦ᠍᠂ ᠨᠡᠢᠭᠡᠮ᠎ᠦᠨ ᠪᠠᠲᠤᠯᠠᠭ᠎ᠠ ᠪᠠ ᠠᠵᠢᠯ ᠣᠯᠭᠣᠯᠲᠠ᠎ᠶ᠋ᠢᠨ ᠵᠠᠷᠤᠯᠭ᠎ᠠ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 9% ᠪᠡᠷ ᠨᠡᠮᠡᠭ᠌ᠳᠡᠵᠦ᠍᠂ ᠬᠣᠲᠠ ᠬᠥᠳᠡᠭᠡ᠎ᠶ᠋ᠢᠨ ᠨᠡᠢᠭᠡᠮ ᠲᠣᠭᠣᠷᠢᠭ᠎ᠤᠨ ᠵᠠᠷᠤᠯᠭ᠎ᠠ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 2.8% ᠪᠡᠷ ᠨᠡᠮᠡᠭ᠌ᠳᠡᠵᠦ᠍᠂ ᠣᠷᠣᠨ ᠰᠠᠭᠤᠴᠠ᠎ᠶ᠋ᠢᠨ ᠪᠠᠲᠤᠯᠠᠭ᠎ᠠ᠎ᠶ᠋ᠢᠨ ᠵᠠᠷᠤᠯᠭ᠎ᠠ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 6.3% ᠪᠡᠷ ᠨᠡᠮᠡᠭ᠌ᠳᠡᠪᠡ ᠁
《ᠪᠣᠳᠠᠰ᠎ᠲᠤ ᠪᠡᠯᠡ ᠣᠷᠣᠭᠤᠯᠬᠤ ᠪᠣᠯ ᠠᠷᠭ᠎ᠠ ᠪᠠᠷᠢᠯ ᠮᠥᠨ᠂ ᠡᠴᠦᠰ᠎ᠦᠨ ᠵᠣᠷᠢᠯᠭ᠎ᠠ ᠨᠢ ᠮᠥᠨ ᠯᠡ ᠬᠥᠮᠦᠨ᠎ᠦ ᠲᠥᠯᠥᠭᠡ ᠶᠤᠮ》 ᠃ ᠳᠤᠮᠳᠠᠳᠤ ᠤᠯᠤᠰ᠎ᠤᠨ ᠡᠳ᠋ ᠦᠨ ᠵᠠᠰᠠᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠶᠠᠩ ᡁᠢ ᠶᠦᠩ᠂ ᠪᠣᠳᠠᠰ᠎ᠲᠤ ᠪᠡᠯᠡ ᠣᠷᠣᠭᠤᠯᠬᠤ ᠪᠠ ᠬᠥᠮᠦᠨ᠎ᠳᠦ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠪᠣᠳᠠᠰ᠎ᠲᠤ ᠤᠨᠢᠨ ᠳᠡᠭᠡᠷ᠎ᠡ ᠨᠢ ᠪᠡᠯᠡ ᠣᠷᠣᠭᠤᠯᠬᠤ᠎ᠪᠠᠷ ᠳᠠᠮᠵᠢᠨ ᠠᠷᠠᠳ ᠤᠨ ᠠᠮᠢᠳᠤᠷᠠᠯ᠎ᠤᠨ ᠬᠡᠷᠡᠭ᠌ᠴᠡᠭᠡ᠎ᠳᠤ ᠬᠠᠷᠢᠭᠤᠯᠲᠠ ᠥᠭ᠌ᠬᠦ ᠪᠣᠯ ᠤᠯᠠᠨ ᠨᠡᠢᠲᠡ᠎ᠶ᠋ᠢᠨ ᠡᠳ᠋᠎ᠦᠨ ᠵᠠᠰᠠᠭ᠎ᠤᠨ ᠬᠡᠷᠡᠭ᠌ᠯᠡᠭᠡᠨ᠎ᠦ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠬᠥᠭ᠌ᠵᠢᠯᠲᠡ᠎ᠶ᠋ᠢᠨ ᠠᠱᠢᠭ᠎ᠢ ᠦᠨᠡᠨ ᠬᠦ᠌ ᠬᠦᠷᠳᠡᠵᠤ ᠳᠡᠢᠯᠬᠦ᠌ ᠵᠠᠩᠭᠢᠯᠠᠭ᠎ᠠ ᠪᠣᠯᠤᠨ᠎ᠠ ᠭᠡᠵᠦ᠍ ᠢᠯᠡᠳᠭᠡᠪᠡ᠃
ᠣᠳᠣᠬᠠᠨ᠎ᠤ ᠪᠠ ᠠᠯᠤᠰ ᠬᠡᠲᠦ᠍᠎ᠶ᠋ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠬᠢᠭᠡᠳ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠤᠤᠰ ᠴᠢᠭ᠌ᠯᠡᠯ᠎ᠢᠶᠡᠷ ᠬᠦᠴᠤᠨ ᠣᠯᠭᠣᠬᠤ ᠶ᠋ᠢ ᠠᠬᠢᠭᠤᠯᠵᠤ᠂ ᠰᠠᠭᠤᠷᠢ᠎ᠶ᠋ᠢ ᠪᠡᠬᠢᠵᠢᠭᠦᠯᠵᠦ᠍᠂ ᠨᠥᠭᠡᠴᠡ ᠬᠦᠴᠦᠨ᠎ᠢ ᠨᠡᠮᠡᠭ᠌ᠳᠡᠭᠦᠯᠵᠦ᠍᠂ ᠬᠥᠭ᠌ᠵᠢᠯᠲᠡ᠎ᠶ᠋ᠢᠨ ᠤᠶᠠᠨ ᠬᠠᠲᠠᠨ ᠴᠢᠨᠠᠷ᠎ᠢ ᠪᠡᠬᠢᠵᠢᠭᠦᠯᠦᠨ᠎ᠡ᠃
《ᠠᠷᠪᠡᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠳᠤ᠂ ᠪᠡᠯᠡ ᠮᠥᠩᠭᠥ᠎ᠶ᠋ᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠬᠣᠯᠪᠣᠭ᠍ᠳᠠᠬᠤ᠂ ᠠᠵᠤ ᠠᠬᠤᠶ᠎ᠶ᠋ᠢᠨ ᠬᠥᠭ᠌ᠵᠢᠯᠲᠡ᠎ᠶ᠋ᠢ ᠲᠤᠯᠭᠠᠭᠤᠷᠢᠯᠠᠬᠤ ᠴᠢᠬᠤᠯᠠ ᠬᠦᠷᠢᠶᠡᠨ᠎ᠳᠦ ᠲᠠᠰᠤᠷᠠᠯᠲᠠ ᠤᠢ᠍ᠭᠡᠢ ᠣᠷᠣᠭᠤᠯᠬᠤ ᠪᠣᠯᠤᠨ᠎ᠠ᠄
ᠵᠢᠱ᠌ᠢᠯᠲᠡ᠎ᠪᠡᠷ ᠪᠡᠯᠡ ᠣᠷᠣᠭᠤᠯᠤᠯᠲᠠ ᠨᠢ 5 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠨᠢᠭᠡ ᠪᠦᠯᠦᠭ ᠴᠠᠬᠢᠯᠭᠠᠨ ᠬᠦᠷᠭᠡᠬᠦ᠌ ᠵᠠᠮ ᠱᠤᠭᠤᠮ᠂ ᠮᠤᠵᠢ᠎ᠶ᠋ᠢᠨ ᠬᠣᠭᠣᠷᠣᠨᠳᠣᠬᠢ ᠴᠠᠬᠢᠯᠭᠠᠨ ᠬᠦᠴᠦᠨ᠎ᠦ ᠬᠠᠷᠢᠯᠴᠠᠨ ᠲᠤᠰᠠᠯᠠᠯᠴᠠᠬᠤ ᠵᠢᠴᠢ ᠬᠣᠲᠠ ᠬᠥᠳᠡᠭᠡ᠎ᠶ᠋ᠢᠨ ᠴᠠᠬᠢᠯᠭᠠᠨ ᠲᠣᠣᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠥᠭᠡᠷᠡᠴᠢᠯᠡᠬᠦ᠌ ᠢᠨᠵᠧᠨᠧᠷᠢᠩ ᠵᠡᠷᠭᠡ᠎ᠶ᠋ᠢ ᠲᠥᠯᠥᠪᠵᠢᠭᠦᠯᠦᠨ ᠪᠥᠲᠥᠭᠡᠨ ᠪᠠᠢᠭᠤᠯᠤᠨ᠎ᠠ; 5 ᠲᠦᠮᠡᠨ ᠳ᠋ᠦᠩᠱᠢᠭᠤᠷ ᠰᠢᠬᠠᠮ ᠲᠥᠭᠥᠷᠢᠭ᠎ᠦᠨ ᠪᠠᠯᠠ ᠣᠷᠣᠭᠤᠯᠵᠤ᠂ ᠪᠠᠢᠭᠠᠯᠢ ᠵᠢᠨ ᠱᠢᠲᠠᠮᠠᠬᠠᠶ ᠬᠡᠶ᠂ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ ᠵᠡᠷᠭᠡ ᠬᠣᠭᠣᠯᠠᠶ ᠵᠢᠨ ᠲᠤᠤᠷ ᠢ ᠪᠠᠷᠤᠭ 77 ᠲᠦᠮᠡᠨ ᠺᠢᠯᠣᠮᠧᠲ᠋ᠷ ᠪᠣᠯᠭᠠᠨ ᠪᠥᠲᠥᠭᠡᠨ ᠪᠠᠢᠭᠤᠯᠵᠤ ᠥᠭᠡᠷᠡᠴᠢᠯᠡᠨ᠎ᠡ ᠁
ᠪᠦᠬᠦ᠌ ᠤᠯᠤᠰ᠎ᠢ ᠠᠵᠢᠭ᠍ᠯᠠᠪᠠᠯ᠂ ᠡᠯ᠎ᠡ ᠭᠠᠵᠠᠷ᠎ᠤᠨ ᠬᠢᠨ ᠳ᠋ᠤ ᠠᠷᠭ᠎ᠠ ᠬᠢᠳᠠᠯ ᠳ᠋ᠤ ᠤᠯᠠᠨ ᠬᠢᠯᠠᠰ ᠴᠡᠭ ᠢᠯᠡᠷᠡᠪᠡ᠄ ᠵᠢᠶᠠᠩᠰᠢ᠎ᠶ᠋ᠢᠨ ᠵᠢᠩ ᠳ᠋ᠸ ᠵᠧᠨ ᠬᠣᠲᠠ᠎ᠶ᠋ᠢᠨ ᠱᠢᠨᠡᠴᠢᠯᠡᠯᠲᠡ ᠨᠢ ᠠᠵᠤ ᠦᠶ᠋ᠯᠡᠰ᠎ᠦᠨ ᠱᠢᠨ᠎ᠡ ᠠᠮᠢ ᠠᠬᠤᠶ᠎ᠶ᠋ᠢ ᠪᠣᠶ ᠪᠣᠯᠭᠠᠪᠠ; ᠶᠦᠨᠨᠠᠨ᠎ᠤ ᠮᠢ ᠯᠧ ᠵᠢᠭᠤᠯᠴᠢᠯᠠᠯ᠎ᠤᠨ ᠠᠵᠤ ᠦᠶ᠋ᠯᠡᠰ ᠨᠢ ᠲᠤᠬᠠᠶ᠎ᠶ᠋ᠢᠨ ᠭᠠᠵᠠᠷ ᠤᠨ ᠠᠵᠢᠯ ᠣᠯᠭᠣᠯᠲᠠ ᠶ᠋ᠢᠨ ᠠᠷᠭ᠎ᠠ ᠵᠠᠮ᠎ᠢ ᠥᠷᠭᠡᠳᠭᠡᠪᠡ; ᠴᠧᠩᠳᠦ᠋ ᠵᠢᠨ ᠬᠢᠨ ᠭᠠᠵᠠᠷ ᠳᠤᠤᠷᠠᠬᠢ ᠬᠣᠭᠣᠯᠠᠶ ᠵᠢᠨ ᠲᠤᠤᠷ᠎ᠢ ᠱᠢᠨᠡᠳᠭᠡᠨ ᠥᠭᠡᠷᠡᠴᠢᠯᠡᠵᠦ᠍᠂ ᠣᠷᠣᠱᠢᠨ ᠰᠠᠭᠤᠬᠤ᠎ᠳᠤ ᠲᠣᠬᠢᠷᠠᠮᠵᠢᠲᠠᠶ ᠣᠷᠴᠢᠨ ᠨᠥᠬᠥᠴᠡᠯ᠎ᠢ ᠱᠢᠯᠢᠳᠡᠭ᠌ᠵᠢᠭᠦᠯᠪᠠ᠃
ᠣᠳᠣᠬᠠᠨ᠎ᠤ ᠠᠷᠠᠳ᠎ᠤᠨ ᠠᠮᠢᠳᠤᠷᠠᠯ ᠤᠨ ᠪᠠᠲᠤᠯᠠᠭ᠎ᠠ ᠬᠢᠭᠡᠳ ᠠᠯᠤᠰ ᠬᠡᠳᠦ᠍᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠬᠠᠮᠲᠤᠳᠤᠨᠢ ᠬᠠᠷᠠᠭᠠᠯᠵᠠᠭ᠍ᠰᠠᠨ ᠲᠦᠷᠦᠯ ᠵᠦᠢᠯ ᠨᠢ ᠬᠠᠲᠠᠭᠤ ᠲᠤᠨᠤᠭ᠎ᠤᠨ ᠶᠠᠰᠤ ᠴᠢᠨᠠᠷ ᠢ ᠳᠡᠭᠡᠭ᠌ᠰᠢᠯᠡᠭᠦᠯᠬᠦ᠌ ᠬᠢᠭᠡᠳ ᠠᠷᠠᠳ᠎ᠲᠤ ᠠᠱᠢᠭ᠍ᠲᠠᠢ ᠠᠷᠠᠳ᠎ᠲᠤ ᠠᠱᠢᠭ ᠬᠦᠷᠲᠡᠭᠡᠬᠦ᠌᠎ᠶ᠋ᠢ ᠭᠦᠨᠵᠡᠭᠡᠢ ᠠᠭᠤᠰᠤᠯᠴᠠᠭᠤᠯᠵᠤ᠂ ᠬᠥᠭ᠌ᠵᠢᠯᠲᠡ᠎ᠶ᠋ᠢᠨ ᠬᠠᠯᠠᠭᠤᠨ ᠳᠤᠯᠠᠭᠠᠨ᠎ᠢ ᠲᠠᠰᠤᠷᠠᠯᠳᠠ ᠦᠭᠡᠢ ᠢᠯᠡᠷᠡᠭᠦᠯᠪᠡ᠃
ᠪᠤᠳᠠᠰ ᠢ᠋ ᠴᠢᠬᠤᠯᠠᠴᠢᠯᠠᠬᠤ ᠪᠦᠭᠡᠳ ᠬᠦᠮᠦᠨ ᠢ᠋ ᠨᠡᠩ ᠴᠢᠬᠤᠯᠠᠴᠢᠯᠠᠵᠤ ᠨᠡᠮᠡᠭ᠌ᠳᠡᠯ᠎ᠦᠨ ᠬᠥᠳᠡᠯᠭᠡᠬᠦ ᠡᠨᠧᠷᠭᠢ᠎ᠶ᠋ᠢ ᠦᠷᠭᠦᠯᠵᠢᠯᠡᠨ ᠬᠥᠭ᠌ᠵᠢᠭᠡᠨ᠎ᠠ
ᠠᠵᠤ ᠦᠢᠯᠡᠰ ᠦᠨ ᠲᠦᠷᠦᠯ ᠵᠦᠢᠯ ᠪᠣᠯᠤᠨ ᠴᠢᠳᠠᠪᠤᠷᠢᠲᠠᠨ᠎ᠢ ᠬᠥᠮᠦᠵᠢᠭᠦᠯᠬᠦ᠌ ᠲᠠᠯ᠎ᠠ᠎ᠪᠠᠷ ᠬᠠᠮᠵᠢᠯᠴᠠᠨ ᠬᠦᠴᠦᠯᠡᠬᠦ᠌ ᠨᠢ ᠶᠠᠭ 《ᠪᠤᠳᠠᠰ ᠲᠤ᠌ ᠪᠡᠯᠡ ᠤᠷᠤᠭᠤᠯᠬᠤ》 ᠪᠣᠯᠤᠨ 《ᠬᠦᠮᠦᠨ ᠳ᠋ᠤ ᠪᠡᠯᠡ ᠤᠷᠤᠭᠤᠯᠬᠤ》 ᠵᠢᠨ ᠬᠠᠷᠢᠯᠴᠠᠨ ᠠᠬᠢᠭᠤᠯᠬᠤ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃
ᠴᠢᠳᠠᠪᠤᠷᠢᠲᠠᠨ ᠪᠣᠯ ᠴᠢᠨᠠᠷ ᠰᠠᠢᠲᠠᠶ ᠬᠥᠭ᠌ᠵᠢᠯᠲᠡ᠎ᠶ᠋ᠢᠨ ᠨᠢᠭᠡᠳᠦᠭᠡᠷ ᠡᠬᠢ ᠪᠠᠶᠠᠯᠢᠭ ᠮᠥᠨ᠃ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ《ᠤᠷ᠎ᠠ ᠴᠢᠳᠠᠪᠤᠷᠢ ᠪᠡᠷ ᠢᠷᠡᠭᠡᠳᠦᠶ᠎ᠶ᠋ᠢ ᠭᠡᠢᠭᠦᠯᠬᠦ᠌ 》 ᠪᠣᠯᠪᠠᠰᠤᠷᠠᠯ᠎ᠤᠨ ᠠᠵᠢᠯᠯᠠᠭ᠎ᠠ᠎ᠶ᠋ᠢᠨ ᠳᠠᠭᠠᠭᠤᠯᠭ᠎ᠠ ᠳᠤᠤᠷ᠎ᠠ᠂ ᠤᠢᠷ᠎ᠠ ᠤᠬᠳᠠᠷᠭᠤᠢ ᠵᠢᠨ ᠠᠵᠤ ᠠᠬᠤᠶ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ᠂ ᠵᠣᠬᠢᠶᠠᠮᠠᠯ ᠣᠶᠤᠨ ᠴᠢᠳᠠᠪᠤᠷᠢ᠂ ᠡᠷᠡᠭᠦᠯᠵᠢᠯ ᠰᠤᠪᠢᠯᠠᠯᠲᠠ᠎ᠶ᠋ᠢᠨ ᠦᠶ᠋ᠯᠡᠴᠢᠯᠡᠭᠡ ᠵᠡᠷᠭᠡ ᠬᠦᠷᠢᠶᠡᠨ᠎ᠳᠡᠬᠢ ᠪᠣᠯᠪᠠᠰᠤᠷᠠᠯ᠎ᠤᠨ ᠠᠵᠢᠯ᠎ᠢ ᠪᠥᠬᠥ᠌ ᠲᠠᠯ᠎ᠠ᠎ᠪᠠᠷ ᠥᠷᠨᠢᠭᠦᠯᠵᠦ᠍᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠳᠦ ᠳᠣᠭᠢᠷᠠᠬᠤ ᠴᠢᠳᠠᠪᠤᠷᠢᠲᠠᠨ᠎ᠤ ᠡᠩᠨᠡᠭᠡ᠎ᠶ᠋ᠢ ᠶᠠᠭ ᠲᠦᠷᠭᠡᠳᠭᠡᠨ ᠪᠤᠵᠠᠭᠠᠢᠷᠠᠭᠤᠯᠵᠤ ᠪᠤᠢ᠃
《ᠡᠨᠡ ᠨᠢ ᠪᠢᠳᠡᠨ᠎ᠦ 〈ᠬᠥᠮᠦᠨ᠎ᠳᠦ ᠪᠡᠯᠡ ᠤᠷᠤᠭᠤᠯᠬᠤ 〉 ᠵᠢ ᠪᠣᠳᠠᠲᠠᠢ ᠨᠠᠢᠳᠠᠪᠤᠷᠢᠵᠢᠭᠤᠯᠤᠭ᠍ᠰᠠᠨ᠎ᠡᠴᠡ ᠪᠣᠯᠤᠭ᠍ᠰᠠᠨ ᠶᠤᠮ》᠃ ᠪᠡᠭᠡᠵᠢᠩ᠎ᠤᠨ ᠮᠠᠰᠢᠨ ᠲᠡᠷᠭᠡᠨ᠎ᠤ ᠪᠦᠯᠦᠭ᠌ᠯᠡᠯᠬᠢᠵᠠᠭᠠᠷᠳᠤ ᠺᠤᠮᠫᠠᠨᠢ ᠵᠢᠨ ᠨᠠᠮ᠎ᠤᠨ ᠬᠤᠷᠢᠶ᠎ᠠ ᠵᠢᠨ ᠳᠡᠳ᠋ ᠱᠦᠵᠢ ᠬᠤ᠌ ᠬᠠᠨ ᠵᠢᠶᠦ᠋ᠨ᠂ ᠮᠠᠨ᠎ᠤ ᠺᠣᠮᠫᠠᠨᠢ ᠣᠶᠤᠨᠴᠢ ᠰᠦᠯᠵᠢᠶ᠎ᠡ ᠬᠣᠯᠪᠣᠭᠠᠨ᠎ᠤ ᠠᠵᠤ ᠦᠢᠯᠡᠰ᠎ᠦᠨ ᠠᠵᠠ ᠲᠣᠬᠢᠶᠠᠯ᠎ᠢ ᠠᠮᠵᠢᠵᠤ ᠲᠦᠮᠡᠨ ᠬᠥᠮᠦᠨ ᠦ ᠰᠤᠳᠤᠯᠤᠨ ᠨᠡᠭᠡᠭᠡᠬᠦ᠌ ᠱᠠᠲᠤᠯᠵᠢᠨ ᠡᠩᠨᠡᠭᠡ᠎ᠶ᠋ᠢ ᠪᠠᠢᠭᠤᠯᠵᠤ᠂ ᠲᠡᠷᠢᠬᠦᠨ ᠱᠢᠨᠵᠢᠯᠡᠬᠦ᠌ ᠤᠬᠠᠭᠠᠨᠲᠠᠨ᠎ᠤ ᠳᠠᠭᠠᠭᠤᠯᠤᠭ᠍ᠴᠢ᠂ ᠮᠡᠷᠭᠡᠵᠢᠯ᠎ᠦᠨ ᠳᠠᠭᠠᠭᠤᠯᠤᠭ᠍ᠴᠢ ᠭᠣᠣᠯᠯᠠᠨ ᠠᠳᠭᠤᠬᠤ᠂ ᠵᠠᠯᠠᠭᠤᠴᠤᠳ᠎ᠤᠨ ᠭᠣᠣᠯᠯᠠᠭ᠍ᠴᠢ ᠬᠦᠴᠦᠨ᠎ᠦ ᠪᠣᠭᠣᠮᠲᠠ ᠱᠢᠪᠲᠤᠯᠬᠤ ᠶ᠋ᠢ ᠵᠣᠷᠢᠭ᠍ᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠤᠢᠷ᠎ᠡ᠎ᠶ᠋ᠢᠨ ᠭᠤᠷᠪᠠᠨ ᠵᠢᠯ ᠳᠦ ᠰᠤᠳᠤᠯᠤᠨ ᠨᠡᠭᠡᠭᠡᠬᠦ᠌ ᠪᠡᠯᠡ ᠣᠷᠣᠭᠤᠯᠤᠯᠲᠠ 400 ᠳ᠋ᠦᠩᠱᠢᠭᠤᠷ ᠲᠥᠭᠥᠷᠢᠭ ᠢ ᠳᠠᠪᠠᠵᠤ᠂ ᠠᠷᠪᠠᠨ᠎ᠤ ᠭᠤᠷᠪᠠᠨ ᠬᠤᠪᠢ᠎ᠶ᠋ᠢᠨ ᠪᠡᠯᠡ ᠮᠥᠩᠭᠥ᠎ᠶ᠋ᠢ ᠴᠢᠳᠠᠪᠤᠷᠢᠲᠠᠨ᠎ᠤ ᠪᠦᠲᠦᠭᠡᠨ ᠪᠠᠢᠭᠤᠯᠤᠯᠲᠠ ᠪᠣᠯᠤᠨ ᠮᠡᠷᠭᠡᠵᠢᠯ᠎ᠦᠨ ᠥᠪᠡᠷ ᠲᠡᠭᠡᠨ ᠰᠤᠳᠤᠯᠬᠤ᠎ᠳᠤ ᠵᠠᠷᠤᠴᠠᠭᠤᠯᠪᠠ ᠭᠡᠪᠡ᠃
《ᠠᠷᠪᠠᠨ ᠲᠠᠪᠤᠳᠤᠭᠠᠷ ᠲᠠᠪᠤᠨ ᠵᠢᠯ 》 ᠦ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠎ᠳᠤ ᠴᠢᠳᠠᠪᠤᠷᠢᠲᠠᠨ᠎ᠢ ᠪᠦᠬᠦ᠌ ᠲᠠᠯ᠎ᠠ᠎ᠪᠠᠷ ᠬᠥᠮᠦᠵᠢᠭᠦᠯᠬᠦ᠌᠂ ᠣᠷᠣᠭᠤᠯᠵᠤ ᠠᠪᠴᠢᠷᠠᠬᠤ᠂ ᠰᠠᠢᠲᠤᠷ ᠬᠡᠷᠡᠭ᠌ᠯᠡᠬᠦ᠌᠎ᠪᠡᠷ ᠭᠣᠣᠯᠯᠠᠭᠤᠯᠤᠨ ᠪᠠᠢᠷᠢᠯᠠᠭᠤᠯᠤᠯᠲᠠ ᠬᠢᠪᠡ᠃ ᠣᠯᠠᠨ ᠭᠠᠵᠠᠷ ᠤᠷᠤᠨ᠎ᠤ ᠬᠢᠨ ᠴᠢᠳᠠᠪᠤᠷᠢᠲᠠᠨ᠎ᠢ ᠬᠥᠮᠦᠵᠢᠭᠦᠯᠬᠦ᠌᠂ ᠦᠶ᠋ᠯᠡᠴᠢᠯᠡᠬᠦ᠌᠂ ᠣᠷᠣᠭᠤᠯᠤᠨ ᠠᠪᠴᠢᠷᠠᠬᠤ᠎ᠪᠠᠷ ᠭᠠᠷᠳᠠᠴᠠ ᠪᠣᠯᠭᠠᠵᠤ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠨᠡᠢᠲᠡᠯᠡᠪᠡ ᠄
ᠡᠨᠡ ᠵᠢᠯ᠂ ᠵᠢᠶᠠᠩᠰᠦ᠎ᠶ᠋ᠢᠨ ᠱᠢᠤᠢ᠍ᠢᠵᠸᠤ ᠱᠢᠨ᠎ᠡ 《ᠱᠢᠤᠢ ᠼᠠᠢ ᠵᠢᠭᠡᠯᠡᠯᠭᠡ 》 ᠵᠢ ᠲᠡᠰ ᠳᠡᠪᠱᠢᠭᠦᠯᠵᠦ᠍᠂ ᠮᠥᠩᠭᠥᠨ ᠭᠦᠢᠯᠭᠡᠭᠡ ᠪᠡᠷ ᠬᠦᠴᠦᠨ ᠣᠯᠭᠣᠵᠤ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ; ᠱᠠᠨᠳᠦ᠋ᠩ ᠮᠤᠵᠢ ᠶ᠋ᠢᠨ ᠬᠢᠨ 67 ᠨᠠᠷᠢᠨ ᠬᠤᠪᠢᠶᠠᠭ᠍ᠰᠠᠨ ᠠᠵᠢᠯ ᠲᠥᠷᠥᠯ᠎ᠦᠨ ᠲᠣᠭᠣᠷᠢᠨ᠎ᠳᠤ ᠤᠯᠤᠰ ᠤᠨ ᠳᠣᠲᠣᠭᠠᠳᠤ᠎ᠶ᠋ᠢᠨ ᠨᠠᠷᠠᠲᠤ 《ᠲᠡᠷᠢᠬᠦᠨ ᠲᠤᠰᠭᠠᠶ ᠮᠡᠷᠭᠡᠵᠢᠯᠲᠡᠨ》 ᠢ᠋ ᠲᠤᠬᠢᠷᠠᠭᠤᠯᠵᠤ᠂ ᠠᠵᠢᠯ ᠮᠡᠷᠭᠡᠵᠢᠯ ᠳ᠋ᠡᠭᠡᠨ ᠴᠠᠭᠠᠷᠠᠭᠰᠠᠨ ᠬᠥᠮᠦᠨ᠎ᠢᠶᠡᠷ ᠠᠵᠤ ᠦᠶ᠋ᠯᠡᠰ᠎ᠦᠨ ᠬᠡᠯᠬᠢᠶ᠎ᠡ ᠵᠢᠨ ᠬᠦᠭᠵᠢᠯᠲᠡ ᠳ᠋ᠦ᠍ ᠦᠢᠯᠡᠴᠢᠯᠡᠭᠦᠯᠪᠡ᠃
《ᠬᠦᠮᠦᠨ》 ᠤ᠋ ᠴᠤᠭ᠍ᠯᠠᠷᠠᠯ ᠨᠢ ᠮᠡᠷᠭᠡᠵᠢᠯ᠂ ᠲᠦᠷᠦᠯ ᠵᠦᠢᠯ᠂ ᠪᠡᠯᠡ ᠮᠥᠩᠭᠥ᠌ ᠵᠡᠷᠭᠡ 《ᠡᠳ᠋ ᠪᠣᠳᠠᠰ》 ᠤ᠋ᠨ ᠲᠡᠰ ᠳᠡᠪᠱᠢᠬᠦ᠌᠎ᠶ᠋ᠢ ᠲᠠᠢ᠌ᠴᠢᠯᠠᠵᠤ᠂ ᠪᠡᠯᠡ ᠣᠷᠣᠭᠤᠯᠤᠯᠲᠠ᠎ᠶ᠋ᠢᠨ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠂ ᠬᠠᠩᠭᠠᠯᠭ᠎ᠠ᠎ᠶ᠋ᠢ ᠱᠢᠯᠢᠳᠡᠭ᠌ᠵᠢᠭᠦᠯᠬᠦ᠌᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠵᠠᠩᠭᠢᠯᠠᠭ᠎ᠠ᠎ᠶ᠋ᠢᠨ ᠦᠢᠯᠡᠳᠦᠯ᠎ᠢ ᠲᠠᠰᠤᠷᠠᠯᠳᠠ ᠦᠭᠡᠢ ᠪᠠᠳᠠᠷᠠᠭᠤᠯᠪᠠ᠃
ᠬᠠᠢᠳ᠋ᠢᠶᠠᠨ ᠲᠣᠭᠣᠷᠢᠭ ᠤᠨ ᠨᠠᠰᠤᠵᠢᠯ ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ ᠵᠢᠯᠣᠭᠣᠳᠭᠤ ᠲᠥᠪ᠎ᠦᠨ ᠬᠠᠷᠢᠭᠤᠴᠠᠯᠭᠠᠲᠠᠨ ᠵᠤᠤ ᠵᠧᠨ ᠵᠧᠩ᠂ ᠡᠳ᠋᠎ᠦᠨ ᠵᠠᠰᠠᠭ᠎ᠤᠨ ᠨᠥᠬᠥᠪᠥᠷᠢ ᠨᠢ ᠨᠡᠢᠭᠡᠮ᠎ᠦᠨ ᠬᠡᠷᠡᠭ᠌ᠯᠡᠭᠡ ᠪᠣᠯᠤᠨ ᠵᠠᠬ᠎ᠠ ᠳᠡᠯᠭᠡᠭᠦᠷ᠎ᠦᠨ ᠤᠷᠤᠯᠴᠠᠯᠭ᠎ᠠ ᠵᠢ ᠪᠦᠲᠦᠮᠵᠢᠲᠡᠢ ᠲᠠᠢ᠌ᠴᠢᠯᠠᠪᠠ᠃ ᠣᠳᠣᠬᠠᠨ᠎ᠳᠤ᠂ ᠪᠥᠬᠥ᠌ ᠲᠤᠭᠤᠷᠢᠭ ᠲᠤ᠌ ᠨᠢᠭᠡᠨᠲᠡ 200 ᠭᠠᠷᠤᠶ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠪᠠᠢᠭᠤᠯᠤᠮᠵᠢ ᠶ᠋ᠢ ᠲᠣᠭ᠍ᠲᠠᠭᠠᠯ᠎ᠳᠤ ᠨᠡᠢᠴᠡᠭᠦᠯᠦᠨ ᠪᠦᠷᠢᠳᠭᠡᠨ ᠳᠠᠩᠰᠠᠯᠠᠬᠤ᠎ᠶ᠋ᠢ ᠪᠡᠶᠡᠯᠡᠭᠦᠯᠵᠦ᠍᠂ ᠨᠠᠰᠤᠵᠢᠯ᠎ᠤᠨ ᠠᠰᠠᠷᠠᠮᠵᠢ ᠵᠢᠨ ᠦᠶ᠋ᠯᠡᠴᠢᠯᠡᠭᠡᠨ᠎ᠦ ᠬᠡᠷᠡᠭ᠌ᠯᠡᠭᠡ᠎ᠶ᠋ᠢᠨ ᠨᠥᠬᠥᠪᠥᠷᠢ᠎ᠶ᠋ᠢᠨ ᠲᠦᠷᠦᠭᠦᠦ ᠪᠦᠯᠦᠭ᠎ᠦᠨ ᠦᠶ᠋ᠯᠡᠴᠢᠯᠡᠭᠡᠨ᠎ᠦ ᠭᠤᠤᠯ ᠴᠣᠭ᠍ᠴᠠ ᠪᠣᠯᠤᠭ᠍ᠰᠠᠨ ᠪᠠᠢᠨ᠎ᠠ ᠭᠡᠪᠡ᠃
《ᠬᠦᠮᠦᠨ᠎ᠳᠦ ᠪᠡᠯᠡ ᠤᠷᠤᠭᠤᠯᠬᠤ》 ᠨᠢ ᠲᠠᠩ ᠭᠠᠭ᠍ᠴᠠ ᠠᠷᠠᠳ᠎ᠤᠨ ᠠᠮᠢᠳᠤᠷᠠᠯ᠎ᠤᠨ ᠵᠠᠷᠤᠯᠭ᠎ᠠ ᠪᠢᠰᠢ᠂ 《ᠪᠣᠳᠠᠰ᠎ᠲᠦ ᠪᠡᠯᠡ ᠤᠷᠤᠭᠤᠯᠬᠤ》 ᠨᠢ ᠴᠦ᠍ ᠵᠦᠪᠬᠡᠨ ᠠᠵᠤ ᠦᠢᠯᠡᠰ᠎ᠦᠨ ᠪᠦᠳᠦᠭᠡᠨ ᠪᠠᠢᠭᠤᠯᠤᠯᠲᠠ ᠪᠢᠰᠢ ᠶᠤᠮ᠃ ᠡᠯ᠎ᠡ ᠭᠠᠵᠠᠷ ᠤᠨ ᠬᠢᠨ ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠭᠤ ᠪᠠᠨ ᠴᠢᠩᠭᠠᠳᠭᠠᠵᠤ᠂ 《ᠪᠣᠳᠠᠰ᠎ᠲᠦ ᠪᠡᠯᠡ ᠤᠷᠤᠭᠤᠯᠬᠤ》 ᠪᠠ 《ᠬᠦᠮᠦᠨ᠎ᠳᠦ ᠪᠡᠯᠡ ᠤᠷᠤᠭᠤᠯᠬᠤ》 ᠶ᠋ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠳᠣᠲᠣᠭᠠᠳᠤ ᠬᠥᠳᠡᠯᠭᠡᠬᠦ᠌ ᠬᠦᠴᠦᠨ ᠢ ᠴᠢᠩᠭᠠᠷᠠᠭᠤᠯᠬᠤ ᠰᠦᠪᠡᠭ᠌ᠴᠢᠯᠡᠯᠳᠠ ᠬᠢᠵᠤ ᠦᠶ᠋ᠯᠡᠳᠦᠯᠭᠡᠵᠢᠬᠦᠯᠬᠦ ᠣᠯᠠᠨ ᠲᠠᠯ᠎ᠠ᠎ᠪᠠᠷ ᠬᠦᠭᠵᠢᠪᠡ᠄
ᠱᠠᠩᠬᠠᠶ 《ᠱᠧᠦ ᠹᠠ ᠱᠠᠩᠬᠠᠶ》 ᠲᠥᠷᠥ᠎ᠶ᠋ᠢᠨ ᠪᠣᠳᠣᠯᠭ᠎ᠠ᠎ᠶ᠋ᠢᠨ 4.0 ᠬᠡᠪᠯᠡᠯ᠎ᠢ ᠲᠠᠰ ᠳᠡᠪᠱᠢᠭᠦᠯᠦᠨ ᠨᠡᠢᠲᠡᠯᠡᠵᠦ᠍᠂ ᠬᠤᠳᠠᠯᠳᠤᠭᠠᠨ ᠤ ᠲᠠᠯᠠᠪᠤᠷ᠂ ᠬᠤᠳᠠᠯᠳᠤᠭᠠᠨ᠎ᠤ ᠵᠡᠭᠡᠯᠢ᠂ ᠬᠤᠳᠠᠯᠳᠤᠭᠠᠨ᠎ᠤ ᠲᠣᠭᠣᠷᠢᠭ᠂ ᠰᠣᠶᠣᠯ ᠤᠨ ᠱᠢᠨ᠎ᠡ᠎ᠶ᠋ᠢ ᠡᠭᠦᠳᠬᠦ᠌ ᠬᠦᠷᠢᠶᠡᠯᠡᠩ ᠲᠣᠭᠣᠷᠢᠭ ᠵᠡᠷᠭᠡ᠎ᠶ᠋ᠢᠨ ᠠᠩᠬ᠎ᠠ ᠲᠠᠷᠬᠠᠭᠠᠬᠤ ᠠᠵᠤ ᠠᠬᠤᠢ ᠠᠩᠬᠠᠨ᠎ᠤ ᠦᠵᠡᠰᠭᠦᠯᠡᠩ᠎ᠦᠨ ᠠᠵᠢᠯᠯᠠᠭ᠎ᠠ᠎ᠶ᠋ᠢ ᠳᠡᠮᠵᠢᠵᠦ ᠪᠣᠶ ᠁
《 ᠪᠣᠳᠠᠰ 》 ᠤ᠋ᠨ ᠪᠥᠲᠥᠭᠡᠨ ᠪᠠᠢᠭᠤᠯᠤᠯᠲᠠ᠎ᠨᠢ 《ᠬᠦᠮᠦᠨ》 ᠤ᠋ ᠳᠠᠪᠱᠢᠯᠲᠠ᠎ᠳᠤ ᠨᠠᠷᠢᠯᠢᠭ ᠣᠨᠣᠪᠴᠢᠲᠠᠶ ᠦᠶ᠋ᠯᠡᠴᠢᠯᠡᠵᠦ᠍᠂ 《ᠬᠦᠮᠦᠨ》 ᠤ᠋ ᠬᠥᠭ᠌ᠵᠢᠯᠲᠡ᠎ᠨᠢ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠦᠷᠭᠦᠯᠵᠢᠯᠡᠨ ᠬᠥᠲᠥᠯᠥᠨ ᠳᠠᠭᠠᠭᠤᠯᠵᠤ᠂ ᠬᠤᠤᠰ ᠴᠢᠭ᠌ᠯᠡᠯ᠎ᠢᠶᠡᠷ ᠬᠠᠷᠢᠯᠴᠠᠨ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠨᠢ ᠡᠭᠦᠨ᠎ᠡᠴᠡ ᠪᠣᠯᠵᠣ ᠨᠠᠩ ᠢᠯᠡᠭᠦᠦ ᠠᠮᠢᠵᠢᠷᠠᠯ᠎ᠤᠨ ᠬᠦᠴᠦᠨ ᠪᠠ ᠤᠶᠠᠨ ᠬᠠᠲᠠᠨ ᠴᠢᠨᠠᠷᠲᠠᠶ ᠪᠣᠯᠵᠠᠶ᠃
ᠨᠡᠩ ᠤᠯᠠᠨ ᠬᠡᠷᠡᠭᠴᠡᠭᠡ ᠳᠦ ᠬᠠᠨᠳᠤᠭᠤᠯᠵᠤ ᠬᠥᠮᠦᠨ ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠰᠠᠢᠳᠤᠷ ᠠᠬᠢᠭᠤᠯᠤᠨ᠎ᠠ
ᠥᠩᠭᠡᠷᠡᠭ᠌ᠰᠡᠨ᠎ᠳᠦ ᠬᠦᠬᠦᠷ᠎ᠦᠨ ᠲᠣᠭᠣᠰᠣᠨ᠎ᠳᠤ ᠳᠠᠷᠤᠭ᠍ᠳᠠᠵᠤ ᠪᠠᠢᠭ᠍ᠰᠠᠨ ᠭᠠᠷᠠᠮ᠎ᠤᠨ ᠬᠠᠶᠠᠬᠳᠠᠮᠠᠯ ᠣᠪᠣᠭᠠᠯᠠᠬᠤ ᠲᠠᠯᠠᠪᠤᠷ᠎ᠨᠢ ᠣᠲᠣ 《ᠬᠥᠬᠡᠮᠥ᠋ᠷᠡᠨ᠎ᠦ ᠬᠠᠮᠤᠭ᠎ᠤᠨ ᠭᠣᠶᠣ ᠬᠥᠯ ᠪᠥᠮᠪᠥᠭᠡ᠎ᠶ᠋ᠢᠨ ᠲᠠᠯᠠᠪᠤᠷ》 ᠪᠣᠯᠵᠣ ᠬᠤᠪᠢᠷᠠᠪᠠ᠃ 《ᠵᠢᠶᠠᠨᠭᠰᠤ ᠮᠤᠵᠢ ᠵᠢᠨ ᠬᠤᠳᠠ ᠵᠢᠨ ᠬᠦᠯ ᠪᠦᠮᠪᠦᠭᠡ ᠵᠢᠨ ᠬᠤᠯᠪᠤᠭᠠᠳᠤ ᠤᠷᠤᠯᠳᠤᠭᠠᠨ》 ᠤ᠋ ᠬᠥᠭ᠌ᠵᠢᠯᠲᠡ᠎ᠶ᠋ᠢᠨ ᠠᠵᠠ ᠲᠣᠬᠢᠶᠠᠯ᠎ᠢᠶᠠᠷ᠂ ᠡᠨᠳᠡ ᠬᠦᠯ ᠪᠥᠮᠪᠥᠭᠡ᠎ᠶ᠋ᠢᠨ ᠵᠠᠯᠠᠭᠤᠴᠤᠳ᠎ᠤᠨ ᠪᠣᠯᠪᠠᠰᠤᠷᠠᠯ᠎ᠤᠨ ᠴᠢᠬᠤᠯᠠ ᠲᠠᠯᠠᠪᠤᠷ ᠪᠤᠯᠵᠤ᠂ ᠵᠠᠯᠠᠭᠤᠴᠤᠳ ᠪᠠᠭᠠᠴᠤᠳ᠎ᠤᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠎ᠳᠦ ᠬᠦᠴᠦᠨ ᠨᠡᠮᠡᠷᠢᠯᠡᠵᠦ᠍ ᠪᠠᠢᠨ᠎ᠠ᠃
ᠣᠳᠣᠬᠠᠨ᠎ᠳᠤ᠂ 《ᠪᠣᠳᠠᠰ ᠲᠦ᠍ ᠪᠡᠯᠡ ᠤᠷᠤᠭᠤᠯᠬᠤ》 ᠪᠠ 《ᠬᠦᠮᠦᠨ᠎ᠳᠦ ᠪᠡᠯᠡ ᠤᠷᠤᠭᠤᠯᠬᠤ》 ᠵᠢ ᠬᠠᠷᠢᠯᠴᠠᠨ ᠠᠬᠢᠭᠤᠯᠵᠤ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢ᠌ᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ ᠪᠠᠢᠨ᠎ᠠ᠃
《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢᠨ ᠬᠦᠳᠦᠯᠪᠦᠷᠢ᠎ᠳᠤ 《ᠪᠦᠬᠦ᠌ ᠬᠥᠮᠦᠰ᠎ᠢ ᠬᠠᠮᠤᠷᠤᠭ᠍ᠰᠠᠨ᠂ ᠪᠦᠬᠦ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠳᠠᠬᠢ ᠬᠥᠮᠦᠨ ᠠᠮᠠ᠎ᠶ᠋ᠢᠨ ᠦᠢᠯᠡᠴᠢᠯᠡᠭᠡᠨ᠎ᠦ ᠱᠢᠰᠲ᠋ᠧᠮ ᠢ ᠲᠡᠭᠦᠯᠳᠡᠷᠵᠢᠭᠦᠯᠦᠨ᠎ᠡ》ᠭᠡᠵᠦ᠍ ᠳᠤᠷᠠᠳᠤᠨ ᠭᠠᠷᠭᠠᠵᠠᠢ᠃ ᠲᠥᠪ᠎ᠡᠴᠡ ᠣᠷᠣᠨ ᠨᠤᠲᠤᠭ ᠬᠦᠷᠲᠡᠯ᠎ᠡ᠂ ᠦᠢᠯᠡᠴᠢᠯᠡᠭᠡᠨ ᠦ ᠲᠣᠣᠷ ᠢ ᠲᠠᠰᠤᠷᠠᠯᠳᠠ ᠦᠭᠡᠢ ᠨᠢᠭ᠍ᠲᠠ ᠰᠦᠯᠵᠢᠵᠦ᠍ ᠪᠠᠢᠨ᠎ᠠ᠄
ᠵᠧᠵᠢᠶᠠᠩ᠎ᠤᠨ ᠬᠠᠶ ᠨᠢᠩ ᠤᠨ ᠬᠢᠨ 17 ᠰᠤᠷᠭᠠᠭᠤᠯᠢ (ᠰᠤᠷᠭᠠᠭᠤᠯᠢ᠎ᠶ᠋ᠢᠨ ᠲᠣᠭᠣᠷᠢᠭ) ᠵᠢᠨ ᠪᠠᠷᠢᠮᠵᠢᠶᠠᠵᠢᠭ᠍ᠰᠠᠨ ᠰᠡᠳᠭᠢᠴᠡ᠎ᠶ᠋ᠢᠨ ᠬᠠᠪᠰᠤᠷᠤᠨ ᠵᠢᠯᠣᠭᠣᠳᠭᠤ ᠲᠠᠰᠤᠭ᠎ᠢ ᠥᠭᠡᠷᠡᠴᠢᠯᠡᠨ ᠳᠡᠭᠡᠭ᠌ᠰᠢᠯᠡᠭᠦᠯᠬᠦ᠌᠎ᠪᠡᠷ ᠲᠥᠯᠥᠪᠯᠡᠵᠦ᠍ ᠪᠠᠢᠨ᠎ᠠ ᠁
ᠣᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ᠎ᠶ᠋ᠢ ᠥᠷᠭᠡᠳᠭᠡᠵᠦ᠍᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠨᠢᠳᠦᠨ᠎ᠳᠦ ᠦᠵᠡᠭᠳᠡᠮ᠎ᠡ ᠭᠠᠷ ᠲᠦ᠍ ᠪᠠᠷᠢᠭᠳᠠᠮ᠎ᠠ ᠪᠣᠯᠭᠠᠨ᠎ᠠ᠃
ᠵᠢᠶᠠᠩᠰᠢ ᠮᠤᠵᠢ᠎ᠶ᠋ᠢᠨ ᠨᠠᠨᠴᠠᠩ ᠬᠣᠲᠠ᠎ᠶ᠋ᠢᠨ ᠨᠠᠨᠴᠠᠩ ᠱᠢᠶᠠᠨ᠎ᠤ ᠹᠦ᠋ ᠱᠠᠨ ᠱᠢᠶᠠᠩ᠎ᠤᠨ ᠲᠠᠨ ᠱᠠᠩ ᠲᠣᠰᠭᠣᠨ ᠤ ᠲᠠᠷᠢᠶᠠᠴᠢᠨ ᠠᠢᠯ᠎ᠤᠨ ᠨᠣᠮ᠎ᠤᠨ ᠥᠷᠥᠭᠡ᠎ᠳᠦ᠂ ᠲᠠᠷᠢᠶᠠᠴᠢᠨ ᠡᠷᠦᠬᠡ ᠤᠰᠤᠨ ᠲᠤᠲᠤᠷᠭ᠎ᠠ᠎ᠶ᠋ᠢᠨ ᠥᠨᠳᠥᠷ ᠤᠨᠠᠯᠲᠠ᠎ᠲᠠᠶ ᠲᠠᠷᠢᠮᠠᠯ᠎ᠤᠨ ᠮᠡᠷᠭᠡᠵᠢᠯ᠎ᠦᠨ ᠤᠩᠱᠢᠬᠤ ᠪᠢᠴᠢᠭ ᠢ ᠨᠢᠭᠡ ᠯᠡ ᠰᠡᠳᠭᠢᠯ᠎ᠢᠶᠡᠷ ᠰᠤᠳᠤᠯᠤᠨ ᠤᠩᠱᠢᠵᠤ᠂ ᠬᠡᠦᠬᠡᠳ ᠪᠠᠭᠠᠴᠤᠳ ᠰᠣᠨᠢᠷᠬᠠᠯᠲᠠᠶ ᠰᠠᠢᠬᠠᠨ ᠵᠢᠷᠤᠭ᠍ᠲᠤ ᠳᠡᠪᠲᠡᠷ᠎ᠢ ᠤᠩᠱᠢᠵᠤ ᠰᠠᠭᠤᠨ᠎ᠠ᠃ ᠡᠢᠮᠦᠷᠬᠦᠦ ᠪᠢᠴᠢᠭ᠎ᠦᠨ ᠦᠨᠦᠷ ᠪᠠ ᠠᠮᠢᠳᠤᠷᠠᠯ᠎ᠤᠨ ᠠᠭᠤᠷ ᠠᠮᠢᠰᠬᠤᠯ ᠠᠭᠤᠰᠤᠯᠴᠠᠭ᠍ᠰᠠᠨ ᠪᠠᠢᠳᠠᠯ ᠨᠢ ᠡᠳᠦᠭᠡ ᠨᠠᠨᠴᠠᠩ ᠱᠢᠶᠠᠨ᠎ᠤ ᠮᠠᠰᠢ ᠤᠯᠠᠨ ᠲᠣᠰᠭᠣᠨ ᠤ ᠡᠳᠦᠷ ᠲᠤᠳᠤᠮ᠎ᠤᠨ ᠠᠮᠢᠳᠤᠷᠠᠯ᠎ᠤᠨ ᠲᠠᠳᠬᠠᠯ ᠪᠣᠯᠵᠠᠢ᠃
《ᠪᠣᠳᠠᠰ》 ᠲᠦ᠍ ᠤᠷᠤᠭᠤᠯᠵᠤ ᠪᠠᠢᠬᠰᠠᠨ ᠪᠠᠯᠠ ᠮᠦᠩᠬᠦ 《ᠬᠦᠮᠦᠨ》 ᠤ᠋ ᠬᠡᠷᠡᠭᠴᠡᠬᠡ ᠵᠢ ᠨᠠᠩ ᠰᠠᠢᠲᠤᠷ ᠬᠠᠩᠭᠠᠬᠤ ᠪᠤᠯᠤᠬᠰᠠᠨ ᠨᠢ ᠨᠢᠭᠡᠨᠲᠡ ᠡᠯ᠎ᠡ ᠭᠠᠵᠠᠷ ᠤᠷᠤᠨᠤᠠᠷᠠᠳᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠬᠥᠭ᠌ᠵᠢᠯᠲᠡ᠎ᠶ᠋ᠢ ᠠᠬᠢᠭᠤᠯᠬᠤ ᠪᠣᠳᠠᠲᠤ ᠠᠵᠢᠯᠯᠠᠭ᠎ᠠ ᠪᠤᠯᠪᠠ᠄
ᠪᠣᠳᠠᠰ ᠲᠦ ᠪᠡᠯᠡ ᠤᠷᠤᠭᠤᠯᠬᠤ ᠪᠡᠷ ᠲᠡᠮᠵᠢᠨ ᠬᠠᠮᠢᠶ᠎ᠠ ᠪᠦᠬᠦᠢ ᠢᠵᠢ ᠪᠦᠷᠢᠳᠦᠭᠦᠯᠦᠭᠰᠡᠨ ᠲᠤᠨᠤᠭ ᠲᠦᠬᠦᠬᠡᠷᠦᠮᠵᠢ ᠶ᠋ᠢ ᠲᠡᠭᠦᠯᠳᠡᠷᠵᠢᠭᠦᠯᠵᠦ᠍᠂ ᠬᠥᠮᠦᠨ᠎ᠳᠦ ᠪᠡᠯᠡ ᠤᠷᠤᠭᠤᠯᠬᠤ ᠪᠡᠷ ᠣᠶᠤᠨ ᠰᠠᠨᠠᠭᠠᠨ᠎ᠤ ᠶᠢᠷᠲᠢᠨᠴᠦ᠍ ᠵᠢ ᠪᠠᠶᠠᠯᠢᠭᠵᠢᠭᠤᠯᠵᠤ᠂ ᠬᠤᠤᠰ ᠴᠢᠭ᠌ᠯᠡᠯ᠎ᠢᠶᠡᠷ ᠬᠦᠴᠦᠯᠡᠵᠦ᠍ ᠣᠯᠠᠨ ᠲᠦᠮᠡᠨ᠎ᠦ ᠰᠠᠢᠨ ᠰᠠᠢᠬᠠᠨ ᠠᠮᠢᠳᠤᠷᠠᠯ᠎ᠢ ᠭᠡᠷᠡᠯᠲᠦᠭᠦᠯᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠪᠦᠲᠦᠮᠵᠢᠲᠡᠶ ᠳᠡᠭᠡᠭ᠌ᠰᠢᠯᠡᠭᠦᠯᠬᠦ᠌᠎ᠪᠡᠷ ᠪᠠᠷᠠᠬᠤ ᠥᠬᠡᠶ ᠠᠵᠤ ᠠᠬᠤᠶ᠎ᠶ᠋ᠢᠨ ᠣᠷᠳᠣ ᠬᠤᠭᠤᠴᠠᠭᠠᠨ᠎ᠤ ᠬᠥᠭ᠌ᠵᠢᠯᠲᠡ᠎ᠶ᠋ᠢᠨ ᠰᠠᠭᠤᠷᠢ᠎ᠶ᠋ᠢ ᠨᠠᠩ ᠪᠡᠬᠢᠵᠢᠭᠦᠯᠦᠨ᠎ᠡ᠃
ᠪᠤᠳᠠᠰ ᠲᠦ᠍ ᠪᠡᠯᠡ ᠤᠷᠤᠭᠤᠯᠬᠤ ᠪᠠ ᠬᠦᠮᠦᠨ᠎ᠳᠦ ᠪᠡᠯᠡ ᠤᠷᠤᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠪᠤᠳᠠᠰ ᠲᠦ᠍ ᠪᠡᠯᠡ ᠤᠷᠤᠭᠤᠯᠬᠤ ᠪᠡᠷ ᠬᠥᠮᠦᠨ᠎ᠤ ᠬᠦᠭᠵᠢᠯᠲᠡ ᠵᠢ ᠪᠦᠲᠦᠮᠵᠢᠲᠡᠢᠲᠡᠮᠵᠢᠵᠦ᠂ ᠬᠥᠮᠦᠨ᠎ᠤ ᠲᠠᠪᠰᠢᠯᠳᠠ ᠪᠡᠷ ᠪᠤᠳᠠᠰ᠎ᠤᠨ ᠲᠡᠰ ᠲᠡᠪᠰᠢᠬᠦ ᠵᠢ ᠦᠷᠭᠦᠯᠵᠢᠯᠡᠨ ᠬᠦᠳᠦᠯᠦᠨ ᠲᠠᠭᠠᠭᠤᠯᠵᠤ᠂ ᠬᠠᠷᠢᠯᠴᠠᠨ ᠠᠬᠢᠭᠤᠯᠬᠤ ᠰᠠᠢ᠌ᠨ ᠣᠷᠴᠢᠯ᠎ᠢ ᠪᠦᠷᠢᠯᠳᠦᠭᠦᠯᠵᠦ᠍᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠪᠡᠬᠢ ᠲᠤᠯᠭᠠᠭᠤᠷᠢᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌ ᠬᠡᠷᠡᠭᠳᠡᠢ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 5 ᠰᠠᠷ᠎ᠠ ᠵᠢᠨ 26 ᠤ᠋ ᠴᠠᠬᠢᠯᠭᠠᠨ ᠮᠡᠳᠡᠭᠡ ᠡᠴᠡ)