ᠥᠪᠥᠷ ᠮᠣᠩᠭᠣᠯ ᠤ᠋ᠨ ᠠᠡᠭᠬᠠᠳᠠᠭᠴᠢ ᠬᠡᠦᠬᠡᠳ᠎ᠤ᠋ᠨ ᠠᠮᠤᠷ ᠲᠦᠪᠰᠢᠨ᠎ᠵᠢᠡᠷ ᠡᠮ ᠬᠡᠷᠡᠭᠯᠡᠬᠦ ᠣᠨᠴᠠᠯᠢᠭᠲᠤ ᠡᠭᠦᠳᠡᠨ ᠡᠮᠨᠡᠯᠭᠡ ᠡᠮᠴᠢᠯᠡᠭᠡ ᠬᠢᠵᠤ ᠡᠬᠢᠯᠡᠪᠠ
2026-06-02 09:41:58
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠥᠪᠥᠷ ᠮᠣᠩᠭᠣᠯ ᠤ᠋ᠨ ᠠᠩᠬᠠᠳᠠᠭᠴᠢ ᠬᠡᠦᠬᠡᠳ᠎ᠤ᠋ᠨ ᠠᠮᠤᠷ ᠲᠦᠪᠰᠢᠨ᠎ᠵᠢᠡᠷ ᠡᠮ ᠬᠡᠷᠡᠭᠯᠡᠬᠦ ᠣᠨᠴᠠᠯᠢᠭᠲᠤ ᠡᠭᠦᠳᠡᠨ ᠡᠮᠨᠡᠯᠭᠡ ᠬᠥᠬᠡᠬᠣᠲᠠ ᠵᠢᠨ ᠡᠬᠡ ᠨᠢᠯᠬᠠᠰ ᠤ᠋ᠨ ᠡᠷᠡᠭᠦᠯ ᠮᠡᠨᠳᠦ ᠵᠢᠨ ᠡᠮᠨᠡᠯᠭᠡ ᠵᠢᠨ ᠬᠣᠷᠢᠶ᠎ᠠ ᠳ᠋ᠤ᠌ ᠡᠮᠴᠢᠯᠡᠭᠡ ᠬᠢᠵᠤ ᠡᠬᠢᠯᠡᠪᠠ᠃

ᠳᠤᠰ ᠡᠭᠦᠳᠡᠨ ᠡᠮᠨᠡᠯᠭᠡ ᠨᠢ ᠲᠤᠰᠬᠠᠢ ᠬᠠᠷᠢᠶᠠᠳᠤ ᠡᠮ ᠤ᠋ᠨ ᠤᠬᠠᠭᠠᠨ ᠤ᠋ ᠦᠢᠯᠡᠴᠢᠯᠡᠭᠡᠨ ᠤ᠋ ᠵᠠᠭᠪᠤᠷ ᠲᠤ᠌ ᠲᠦᠰᠢᠭᠯᠡᠨ᠂ ᠪᠠᠢᠴᠠᠭᠠᠯᠳᠠ ᠵᠢᠨ ᠮᠡᠳᠡᠭᠦᠯᠦᠯᠲᠡ ᠳ᠋ᠤ ᠲᠤᠰᠬᠠᠢ ᠲᠠᠢᠯᠤᠮᠵᠢ ᠬᠢᠭᠦ᠂ ᠣᠨᠣᠴᠠᠲᠠᠢ ᠡᠮ ᠬᠡᠷᠡᠭᠯᠡᠬᠦ ᠲᠤᠬᠠᠢ ᠵᠢᠯᠣᠭᠣᠳᠤᠯᠭ᠎ᠠ ᠦᠭᠬᠦ᠂ ᠨᠢᠷᠠᠢ ᠬᠡᠦᠬᠡᠳ ᠢ᠋ ᠲᠤᠰᠬᠠᠢ ᠤᠨᠤᠰᠢᠯᠠᠨ ᠬᠠᠮᠢᠶᠠᠷᠬᠤ᠂ ᠨᠢᠷᠠᠢ ᠬᠡᠦᠬᠡᠳ ᠲᠦ᠍ ᠠᠮᠤᠷ ᠲᠦᠪᠰᠢᠨ᠎ᠵᠢᠡᠷ ᠡᠮ ᠬᠡᠷᠡᠭᠯᠡᠬᠦ ᠡᠷᠡᠭᠦᠯ ᠮᠡᠨᠳᠤ ᠵᠢᠨ ᠲᠤᠬᠠᠢ ᠤᠬᠠᠭᠤᠯᠤᠨ ᠳᠠᠢᠯᠪᠤᠷᠢᠯᠠᠬᠤ ᠵᠡᠷᠭᠡ ᠦᠢᠯᠡᠴᠢᠯᠡᠭᠡ ᠬᠠᠡᠭᠭᠠᠵᠤ ᠪᠤᠢ᠃ ᠲᠤᠰᠬᠠᠢ ᠡᠮᠴᠢᠯᠡᠭᠡᠨ ᠤ᠋ ᠡᠮ ᠨᠠᠢᠷᠠᠭᠴᠢ ᠡᠴᠡ ᠨᠢᠷᠠᠢ ᠬᠡᠦᠬᠡᠳ ᠲᠦ᠍ ᠡᠮ ᠬᠡᠷᠡᠭᠯᠡᠬᠦ ᠣᠨᠴᠠᠯᠢᠭ᠂ ᠨᠢᠷᠠᠢ ᠬᠡᠦᠬᠡᠳ ᠤ᠋ᠨ ᠭᠧᠨ ᠤ᠋ ᠰᠢᠯᠭᠠᠨ ᠪᠠᠢᠴᠠᠭᠠᠯᠳᠠ ᠵᠢᠨ ᠲᠣᠭ᠎ᠠ ᠪᠠᠷᠢᠮᠲᠠ ᠵᠢᠴᠢ ᠨᠢᠷᠠᠢ ᠭᠡᠤᠭᠡᠳ᠎ᠤᠨ ᠠᠳᠠᠯᠢ ᠪᠤᠰᠤ ᠪᠠᠢᠳᠠᠯ ᠲᠠᠢ ᠤᠶᠠᠯᠳᠤᠭᠤᠯᠤᠨ᠂ ᠡᠯ᠎ᠡ ᠲᠥᠷᠥᠯ ᠤ᠋ᠨ ᠪᠠᠢᠩᠭᠤ ᠬᠡᠷᠡᠭᠯᠡᠬᠦ ᠡᠮ ᠎ᠤ᠋ᠨ ᠠᠡᠭᠬᠠᠷᠬᠤ ᠵᠦᠢᠯ ᠪᠠ ᠡᠮ ᠭᠡᠷᠡᠭᠯᠡᠬᠦ ᠪᠠᠷᠢᠮᠵᠢᠶ᠎ᠠ ᠵᠡᠷᠭᠡ ᠵᠢ ᠨᠠᠷᠢᠨ ᠣᠨᠣᠴᠠᠲᠠᠢ ᠵᠠᠭᠠᠭᠯᠠᠨ ᠲᠣᠭᠲᠠᠭᠠᠬᠤ᠎ᠵᠢᠨ ᠬᠠᠮᠲᠤ ᠨᠡᠢᠲᠡ ᠵᠢᠨ ᠠᠰᠠᠷᠠᠮᠵᠢ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ᠋ ᠲᠦᠭᠡᠮᠡᠯᠵᠢᠭᠦᠯᠬᠦ ᠠᠵᠢᠯ ᠢ᠋ ᠪᠠᠢᠩᠭᠤᠵᠢᠭᠤᠯᠤᠨ ᠥᠷᠨᠢᠭᠦᠯᠵᠦ᠂ ᠭᠡᠷ ᠪᠦᠯᠢ ᠵᠢᠨ ᠲᠤᠷ᠎ᠠ ᠪᠠᠷ ᠡᠮ ᠬᠡᠷᠡᠭᠯᠡᠬᠦ ᠎ᠵᠢ ᠰᠡᠷᠡᠮᠵᠢᠯᠡᠬᠦᠯᠵᠤ᠂ ᠨᠢᠷᠠᠢ ᠬᠡᠦᠬᠡᠳ ᠲᠦ᠍ ᠡᠮ ᠬᠡᠷᠡᠭᠯᠡᠬᠦ ᠠᠮᠤᠷ ᠲᠦᠪᠰᠢᠨ ᠤ᠋ ᠪᠠᠲᠤᠯᠠᠭ᠎ᠠ ᠵᠢᠨ ᠪᠦᠷᠢᠨ ᠲᠥᠬᠥᠷ ᠰᠢᠰᠲ᠋ᠧᠮ ᠢ᠋ ᠪᠦᠷᠢᠯᠳᠦᠬᠦᠯᠪᠡ᠃ ᠳᠤᠰ ᠡᠭᠦᠳᠡᠨ ᠡᠮᠨᠡᠯᠭᠡ ᠨᠢ ᠭᠠᠷᠠᠭ ᠪᠦᠷᠢ ᠵᠢᠨ ᠨᠢᠭᠡᠨ᠂ ᠭᠤᠷᠪᠠᠨ᠂ ᠲᠠᠪᠤᠨ᠎ᠳ᠋ᠤ ᠪᠦᠬᠦᠯᠢ ᠡᠳᠦᠷ ᠵᠢᠡᠷ ᠡᠪᠡᠳᠴᠢᠳᠡᠨ ᠢ᠋ ᠬᠦᠯᠢᠶᠡᠨ ᠠᠪᠴᠤ ᠤᠨᠤᠰᠢᠯᠠᠨ ᠡᠮᠴᠢᠯᠡᠵᠤ᠂ ᠨᠢᠷᠠᠢ ᠬᠡᠦᠬᠡᠳ ᠲᠦ᠍ ᠡᠮ ᠬᠡᠷᠡᠭᠯᠡᠬᠦ ᠰᠢᠭᠰᠢᠨ ᠪᠠᠶ᠋ᠢᠴᠠᠭᠠᠯᠳᠠ ᠵᠢ ᠵᠦᠪᠭᠡᠨ ᠪᠠᠶ᠋ᠢᠴᠠᠭᠠᠯᠳᠠ ᠬᠢᠵᠤ ᠪᠠᠢᠭᠰᠠᠨ᠎ᠠ᠋ᠴᠠ ᠪᠥᠬᠥ ᠶᠠᠪᠤᠴᠠ ᠵᠢᠨ ᠡᠷᠡᠭᠦᠯ ᠮᠡᠨᠳᠦ ᠵᠢᠨ ᠬᠠᠮᠢᠶᠠᠷᠤᠯᠲᠠ ᠬᠢᠭᠦ ᠪᠣᠯᠭᠠᠵᠤ᠂ ᠪᠥᠬᠥ ᠬᠣᠲᠠ ᠵᠢᠨ ᠨᠢᠷᠠᠢ ᠬᠡᠦᠬᠡᠳ ᠤ᠋ᠨ ᠡᠷᠡᠭᠦᠯ ᠮᠡᠨᠳᠦ ᠵᠢᠨ ᠦᠢᠯᠡᠴᠢᠯᠡᠭᠡᠨ ᠤ᠋ ᠶᠠᠰᠤ ᠴᠢᠨᠠᠷ ᠢ᠋ ᠦᠷᠭᠦᠯᠵᠢᠯᠡᠨ ᠳᠡᠭᠡᠭᠰᠢᠯᠡᠭᠦᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号