ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠵᠤ ᠬᠢᠨᠠᠨ ᠬᠡᠮᠵᠢᠬᠦ ᠰᠤᠳᠤᠯᠤᠯ ᠤ᠋ᠨ ᠬᠦᠷᠢᠶᠡᠯᠡᠩ ᠤ᠋ᠨ ᠲᠤᠰᠬᠠᠢ ᠮᠡᠷᠬᠡᠵᠢᠯᠳᠡᠳ ᠡᠴᠡ ᠭᠤᠤᠯᠯᠠᠨ ᠲᠤᠭᠤᠷᠪᠢᠭᠰᠠᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠠᠵᠢᠯ ᠲᠦᠷᠦᠯ ᠤ᠋ᠨ ᠪᠠᠷᠢᠮᠵᠢᠶ᠎ᠠ YY/T 2006 - 2026 《ᠬᠢᠲᠠᠳ ᠡᠮᠨᠡᠯᠭᠡ ᠶ᠋ᠢᠨ ᠪᠠᠭᠠᠵᠢ ᠬᠡᠷᠡᠭᠰᠡᠯ ᠴᠠᠬᠢᠯᠭᠠᠨ ᠬᠦᠳᠡᠯᠭᠡᠭᠦᠷᠳᠦ ᠰᠤᠷᠤᠭᠤᠯ ᠲᠠᠯᠪᠢᠬᠤ ᠲᠦᠬᠦᠭᠡᠷᠦᠮᠵᠢ》 ᠤᠢᠷ᠎ᠠ ᠳ᠋ᠤ ᠬᠢᠨᠠᠯᠳᠠ ᠶ᠋ᠢ ᠦᠩᠭᠡᠷᠡᠵᠦ ᠵᠢᠩᠬᠢᠨᠢ ᠪᠡᠷ ᠨᠡᠢᠳᠡᠯᠡᠭᠳᠡᠪᠡ᠃
ᠡᠨᠡ ᠪᠤᠯ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠵᠤ ᠬᠢᠨᠠᠨ ᠬᠡᠮᠵᠢᠬᠦ ᠰᠤᠳᠤᠯᠤᠯ ᠤ᠋ᠨ ᠬᠦᠷᠢᠶᠡᠯᠡᠩ ᠠᠩᠬ᠎ᠠ ᠤᠳᠠᠭ᠎ᠠ ᠤᠯᠤᠰ ᠤ᠋ᠨ ᠳᠡᠰ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠠᠵᠢᠯ ᠲᠦᠷᠦᠯ ᠤ᠋ᠨ ᠪᠠᠷᠢᠮᠵᠢᠶ᠎ᠠ ᠶ᠋ᠢ ᠲᠤᠭᠤᠷᠪᠢᠨ ᠳᠤᠭᠳᠠᠭᠠᠬᠤ ᠠᠵᠢᠯ ᠳ᠋ᠤ ᠤᠷᠤᠯᠴᠠᠵᠤ᠂ ᠦᠪᠦᠷ ᠮᠤᠩᠭᠤᠯ ᠤ᠋ᠨ ᠤᠯᠤᠰ ᠤ᠋ᠨ ᠳᠡᠰ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠪᠠᠷᠢᠮᠵᠢᠶ᠎ᠠ ᠶ᠋ᠢ ᠳᠤᠭᠳᠠᠭᠠᠬᠤ ᠠᠵᠢᠯ ᠤ᠋ᠨ ᠬᠦᠷᠢᠶᠡᠨ ᠤ᠋ ᠬᠤᠭᠤᠰᠤᠨ ᠢ᠋ ᠨᠦᠬᠦᠪᠤᠷᠢᠯᠡᠵᠠᠢ᠃
ᠤᠢᠯᠠᠭᠠᠭᠰᠠᠨ ᠶ᠋ᠢᠡᠷ᠂ ᠤᠢᠷ᠎ᠠ ᠶ᠋ᠢᠨ ᠵᠢᠯ ᠳ᠋ᠤ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠰᠢᠯᠭᠠᠨ ᠪᠠᠢᠴᠠᠭᠠᠵᠤ ᠬᠢᠨᠠᠨ ᠬᠡᠮᠵᠢᠬᠦ ᠰᠤᠳᠤᠯᠤᠯ ᠤ᠋ᠨ ᠬᠦᠷᠢᠶᠡᠯᠡᠩ ᠤ᠋ᠨ ᠬᠢᠨ ᠰᠢᠯᠭᠠᠨ ᠪᠠᠢᠴᠠᠭᠠᠵᠤ ᠬᠢᠨᠠᠨ ᠬᠡᠮᠵᠢᠬᠦ ᠴᠢᠳᠠᠪᠤᠷᠢ ᠪᠡᠨ ᠢᠳᠡᠪᠬᠢᠳᠠᠢ ᠳᠡᠭᠡᠭᠰᠢᠯᠡᠭᠦᠯᠵᠦ᠂ ᠮᠡᠷᠭᠡᠵᠢᠯ ᠤ᠋ᠨ ᠰᠠᠭᠤᠷᠢ ᠪᠡᠨ ᠲᠠᠰᠤᠷᠠᠯᠳᠠ ᠦᠭᠡᠢ ᠪᠠᠳᠤᠳᠬᠠᠨ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠴᠢᠳᠠᠪᠤᠷᠢᠳᠠᠨ ᠤ᠋ ᠡᠩᠨᠡᠭᠡ ᠶ᠋ᠢᠨ ᠪᠠᠢᠭᠤᠯᠤᠯᠳᠠ ᠪᠡᠨ ᠲᠠᠰᠤᠷᠠᠯᠳᠠ ᠦᠭᠡᠢ ᠰᠢᠯᠢᠳᠡᠭᠵᠢᠭᠦᠯᠪᠡ᠃ ᠲᠤᠰ ᠤᠳᠠᠭ᠎ᠠ ᠶ᠋ᠢᠨ ᠤᠯᠤᠰ ᠤ᠋ᠨ ᠳᠡᠰ ᠤ᠋ᠨ ᠪᠠᠷᠢᠮᠵᠢᠶ᠎ᠠ ᠶ᠋ᠢ ᠳᠤᠭᠳᠠᠭᠠᠬᠤ ᠠᠵᠢᠯ ᠤ᠋ᠨ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠴᠡᠭᠡᠳᠦ ᠴᠢᠨᠠᠷ ᠢ᠋ ᠪᠠᠳᠤᠯᠠᠬᠤ ᠶ᠋ᠢᠨ ᠲᠦᠯᠦᠭᠡ᠂ ᠲᠤᠰ ᠰᠤᠳᠤᠯᠤᠯ ᠤ᠋ᠨ ᠬᠦᠷᠢᠶᠡᠯᠡᠩ ᠤ᠋ᠨ ᠬᠢᠨ ᠲᠤᠰᠬᠠᠢ ᠠᠵᠢᠯ ᠤ᠋ᠨ ᠲᠤᠭᠤᠢᠯᠠᠩ ᠪᠠᠢᠭᠤᠯᠵᠤ᠂ ᠪᠠᠷᠢᠮᠵᠢᠶ᠎ᠠ ᠶ᠋ᠢᠨ ᠡᠬᠡ ᠨᠤᠤᠷᠠᠭ ᠢ᠋ ᠲᠤᠭᠤᠷᠪᠢᠨ ᠳᠤᠭᠳᠠᠭᠠᠬᠤ᠂ ᠮᠡᠷᠭᠡᠵᠢᠯ ᠤ᠋ᠨ ᠭᠦᠢᠴᠡᠳᠭᠡᠯ ᠲᠤᠭ᠎ᠠ ᠶ᠋ᠢ ᠰᠤᠳᠤᠯᠤᠨ ᠶᠠᠷᠢᠯᠴᠠᠬᠤ᠂ ᠲᠤᠷᠰᠢᠯᠳᠠ ᠶ᠋ᠢᠨ ᠠᠷᠭ᠎ᠠ ᠬᠡᠮᠵᠢᠶ᠎ᠠ ᠶ᠋ᠢ ᠰᠢᠯᠭᠠᠨ ᠪᠠᠳᠤᠯᠠᠬᠤ ᠵᠡᠷᠭᠡ ᠭᠤᠤᠯᠯᠠᠬᠤ ᠠᠵᠢᠯ ᠳ᠋ᠤ ᠭᠦᠨᠵᠡᠭᠡᠢ ᠤᠷᠤᠯᠴᠠᠪᠠ᠃ ᠡᠭᠦᠨ ᠤ᠋ ᠳᠤᠮᠳᠠ ᠠᠵᠢᠯ ᠲᠦᠷᠦᠯ ᠤ᠋ᠨ ᠲᠤᠰᠬᠠᠢ ᠮᠡᠷᠭᠡᠵᠢᠯᠳᠡᠨ ᠢ᠋ ᠵᠤᠬᠢᠶᠠᠨ ᠪᠠᠢᠭᠤᠯᠤᠨ ᠤᠯᠠᠨ ᠤᠳᠠᠭ᠎ᠠ ᠶ᠋ᠢᠨ ᠮᠡᠷᠭᠡᠵᠢᠯ ᠤ᠋ᠨ ᠰᠤᠳᠤᠯᠤᠨ ᠶᠠᠷᠢᠯᠴᠠᠬᠤ ᠬᠤᠷᠠᠯ ᠬᠢᠵᠦ᠂ ᠪᠠᠷᠢᠮᠵᠢᠶ᠎ᠠ ᠶ᠋ᠢᠨ ᠠᠭᠤᠯᠭ᠎ᠠ ᠳ᠋ᠤ ᠴᠢᠭᠯᠡᠭᠦᠯᠦᠭᠰᠡᠨ ᠤᠯᠠᠨ ᠲᠠᠯ᠎ᠠ ᠶ᠋ᠢᠨ ᠰᠢᠯᠢᠳᠡᠭᠵᠢᠭᠦᠯᠵᠤ ᠵᠠᠰᠠᠪᠤᠷᠢ ᠤᠷᠤᠭᠤᠯᠬᠤ ᠰᠠᠨᠠᠯ ᠰᠠᠨᠠᠭᠤᠯᠭ᠎ᠠ ᠳᠡᠪᠰᠢᠭᠦᠯᠦᠭᠰᠡᠨ ᠪᠦᠭᠡᠳ 2 ᠬᠤᠪᠢ ᠲᠤᠰᠬᠠᠢ ᠮᠡᠷᠭᠡᠵᠢᠯ ᠤ᠋ᠨ ᠰᠢᠯᠭᠠᠨ ᠨᠤᠳᠠᠯᠠᠬᠤ ᠮᠡᠳᠡᠭᠦᠯᠦᠯᠳᠡ ᠶ᠋ᠢ ᠭᠦᠢᠴᠡᠳᠭᠡᠨ᠂ ᠰᠢᠯᠭᠠᠨ ᠪᠠᠢᠴᠠᠭᠠᠵᠤ ᠬᠢᠨᠠᠨ ᠬᠡᠮᠵᠢᠬᠦ ᠪᠦᠷᠢᠨ ᠲᠡᠭᠦᠯᠳᠡᠷ ᠰᠢᠰᠲᠧᠮ ᠪᠤᠯᠤᠨ ᠤᠷᠤᠨ ᠪᠦᠰᠡ ᠶ᠋ᠢᠨ ᠠᠵᠤ ᠦᠢᠯᠡᠰ ᠤ᠋ᠨ ᠲᠤᠬᠠᠢ ᠭᠦᠨᠵᠡᠭᠡᠢ ᠰᠤᠳᠤᠯᠭᠠᠨ ᠳ᠋ᠠᠭᠠᠨ ᠲᠦᠰᠢᠭᠯᠡᠵᠤ ᠂ ᠴᠢᠩᠭ᠎ᠠ ᠨᠢᠮᠪᠠᠢ ᠲᠤᠷᠰᠢᠯᠳᠠ ᠶ᠋ᠢᠨ ᠲᠤᠭ᠎ᠠ ᠪᠠᠷᠢᠮᠳᠠ ᠪᠠ ᠮᠡᠷᠭᠡᠵᠢᠯ ᠤ᠋ᠨ ᠨᠤᠳᠠᠯᠠᠯᠳᠠ ᠬᠢᠬᠦ ᠪᠡᠷ ᠳᠠᠮᠵᠢᠨ ᠪᠠᠷᠢᠮᠵᠢᠶ᠎ᠠ ᠶ᠋ᠢᠨ ᠰᠢᠨᠵᠢᠯᠡᠬᠦ ᠤᠬᠠᠭᠠᠨᠴᠢ ᠴᠢᠨᠠᠷ᠂ ᠳᠤᠬᠢᠷᠠᠬᠤ ᠴᠢᠨᠠᠷ ᠪᠠ ᠬᠡᠷᠡᠭᠵᠢᠭᠦᠯᠵᠦ ᠪᠤᠯᠬᠤ ᠴᠢᠨᠠᠷ ᠢ᠋ ᠪᠠᠳᠤᠯᠠᠪᠠ᠃