ᠦᠪᠦᠷ ᠮᠤᠩᠭᠤᠯ᠎ᠤᠨ ᠵᠡᠮᠳᠡᠭ᠌ᠴᠦᠳ᠎ᠦᠨ ᠬᠣᠯᠪᠣᠭ᠎ᠠ ᠵᠡᠮᠳᠡᠭ᠌ᠴᠦᠳ᠎ᠦᠨ ᠰᠤᠷᠳᠠᠯ ᠤᠬᠠᠭᠤᠯᠭ᠎ᠠ ᠰᠤᠶᠤᠯ ᠪᠡᠶ᠎ᠡ᠎ᠶ᠋ᠢᠨ ᠲᠠᠮᠢᠷ᠎ᠤᠨ ᠠᠵᠢᠯ᠎ᠤᠨ ᠪᠣᠯᠪᠠᠰᠤᠷᠠᠯ᠎ᠡᠷᠭᠢᠯᠡᠵᠡᠢ
2026-06-02 09:37:20
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠬᠦᠬᠡᠬᠤᠲᠠ᠎ᠳᠤ 2026 ᠤᠨ᠎ᠤ ᠵᠡᠮᠳᠡᠭᠴᠤᠳ᠎ᠤᠨ ᠰᠤᠷᠳᠠᠯ ᠤᠬᠠᠭᠤᠯᠭ᠎ᠠ ᠰᠤᠶᠤᠯ ᠪᠡᠶ᠎ᠠ᠎ᠶᠢᠨ ᠲᠠᠮᠢᠷ᠎ᠤᠨ ᠠᠵᠢᠯ᠎ᠤᠨ ᠪᠤᠯᠪᠠᠰᠤᠷᠠᠯ ᠡᠷᠬᠢᠯᠡᠵᠦ᠂ ᠪᠦᠬᠦ᠌ ᠣᠷᠣᠨ᠎ᠤ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠱᠢᠰᠲ᠋ᠧᠮ᠎ᠦᠨ ᠰᠤᠷᠳᠠᠯ ᠤᠬᠠᠭᠤᠯᠭ᠎ᠠ ᠰᠤᠶᠤᠯ ᠪᠡᠶ᠎ᠡ᠎ᠶ᠋ᠢᠨ ᠲᠠᠮᠢᠷ᠎ᠤᠨ ᠠᠵᠢᠯ᠎ᠤᠨ ᠲᠤᠬᠠᠢᠯᠠᠭ᠍ᠰᠠᠨ ᠠᠵᠢᠯ᠎ᠤᠨ ᠭᠣᠣᠯᠯᠠᠭ᠍ᠴᠢ ᠬᠦᠴᠦᠨ ᠤᠷᠤᠯᠴᠠᠪᠠ᠃

ᠪᠤᠯᠪᠠᠰᠤᠷᠠᠯ᠎ᠳᠤ᠂ ᠤᠯᠠᠭᠠᠨᠴᠠᠪ ᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ ᠪᠠ ᠲᠦᠩᠯᠢᠶᠣᠤ ᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ ᠵᠢᠨ ᠲᠥᠯᠥᠭᠡᠯᠡᠭ᠌ᠴᠢᠳ ᠲᠣᠰ ᠭᠠᠵᠠᠷ᠎ᠤᠨ᠎ᠢᠶᠠᠨ ᠵᠡᠮᠳᠡᠭ᠌ᠴᠦᠳ᠎ᠦᠨ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯ᠎ᠤᠨ ᠥᠪᠡᠷᠮᠢᠴᠡ ᠲᠤᠷᠱᠢᠯᠭ᠎ᠠ ᠪᠠ ᠦᠶ᠋ᠯᠡᠳᠦᠯᠭᠡ᠎ᠶ᠋ᠢᠨ ᠦᠷ᠎ᠡ ᠪᠦᠲᠦᠭᠡᠯ ᠵᠢᠡᠨ ᠲᠣᠰ ᠲᠣᠰ ᠬᠤᠪᠢᠶᠠᠯᠴᠠᠵᠤ᠂ ᠬᠤᠷᠠᠯ᠎ᠳᠤ ᠣᠷᠣᠯᠴᠠᠭ᠍ᠰᠠᠳ᠎ᠲᠤ ᠬᠠᠭᠤᠯᠪᠤᠷᠢᠯᠠᠵᠤ ᠪᠣᠯᠬᠤᠢᠴᠠ ᠠᠵᠢᠯ᠎ᠤᠨ ᠰᠡᠳᠭᠢᠴᠡ ᠬᠠᠩᠭᠠᠪᠠ᠃ ᠲᠣᠰ ᠤᠳᠠᠭᠠᠨ᠎ᠤ ᠪᠣᠯᠪᠠᠰᠤᠷᠠᠯ᠎ᠤᠨ ᠠᠩᠭᠢ᠎ᠨᠢ ᠠᠵᠢᠯ᠎ᠤᠨ ᠪᠣᠳᠠᠲᠠᠶ ᠬᠡᠷᠡᠭ᠌ᠴᠡᠭᠡ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠂ ᠲᠤᠬᠠᠢᠯᠠᠭ᠍ᠰᠠᠨ ᠠᠵᠢᠯ᠎ᠤᠨ ᠪᠣᠳᠠᠲᠠᠶ ᠦᠢᠯᠡᠳᠦᠯᠬᠡ᠂ ᠲᠤᠷᠱᠢᠯᠭ᠎ᠠ᠎ᠶ᠋ᠢᠨ ᠰᠣᠯᠢᠯᠴᠠᠭ᠎ᠠ ᠵᠡᠷᠭᠡ ᠣᠯᠠᠨ ᠡᠱᠢᠲᠦ ᠬᠢᠴᠢᠶᠡᠯ ᠲᠣᠬᠢᠷᠠᠭᠤᠯᠵᠤ᠂ ᠬᠠᠮ ᠵᠠᠭᠤᠴᠢᠯᠠᠭᠤᠷ᠎ᠤᠨ ᠡᠵᠡᠩᠨᠡᠯᠲᠡ᠂ ᠣᠨᠴᠠᠭᠠᠶ ᠤᠷᠠᠯᠢᠭ᠎ᠤᠨ ᠴᠢᠳᠠᠪᠤᠷᠢᠲᠠᠨ᠎ᠢ ᠬᠦᠮᠦᠵᠢᠬᠦᠯᠬᠦ᠂ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠵᠣᠬᠢᠶᠠᠨ ᠪᠠᠢᠭᠤᠯᠬᠤ᠂ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠠᠷᠭᠠᠴᠠᠭᠠᠬᠤ ᠵᠡᠷᠭᠡ ᠵᠠᠩᠭᠢᠯᠠᠭ᠎ᠠ᠎ᠶ᠋ᠢᠨ ᠬᠦᠷᠢᠶ᠎ᠡ ᠴᠠᠷᠠᠭ᠎ᠠ᠎ᠶ᠋ᠢ ᠬᠠᠮᠤᠷᠴᠤ᠌᠂ ᠲᠤᠰᠭᠠᠢᠯᠠᠨ ᠨᠠᠷᠠᠲᠤ ᠲᠥᠷᠥᠯ ᠲᠡᠮᠳᠡᠭ᠌᠎ᠤᠨ ᠪᠦᠲᠦᠭᠡᠨ ᠪᠠᠢᠭᠤᠯᠤᠯᠲᠠ᠎ᠶ᠋ᠢᠨ ᠲᠤᠰᠭᠠᠶ ᠰᠡᠳᠦᠪᠲᠦ ᠪᠣᠯᠪᠠᠰᠤᠷᠠᠯ᠎ᠢ ᠨᠠᠮᠠᠨ ᠪᠠᠢᠷᠢᠯᠠᠭᠤᠯᠵᠤ᠂ ᠦᠨᠳᠦᠰᠦᠨ ᠱᠠᠲᠤᠨ᠎ᠤ ᠪᠣᠳᠠᠲᠦ ᠦᠢᠯᠡᠳᠦᠯᠭᠡ᠎ᠵᠢᠨ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ᠂ ᠪᠣᠯᠪᠠᠰᠤᠷᠠᠯ᠎ᠳᠤ ᠣᠷᠣᠯᠴᠠᠭ᠍ᠰᠠᠨ ᠰᠤᠷᠤᠯᠭᠠᠳᠡᠳ᠎ᠤᠨ ᠴᠢᠳᠠᠪᠤᠷᠢ᠎ᠶ᠋ᠢᠨ ᠳᠤᠲᠠᠭᠤᠳᠠᠯ᠎ᠢ ᠨᠢ ᠨᠥᠬᠥᠪᠥᠷᠢᠯᠡᠵᠦ᠍᠂ ᠠᠵᠢᠯ᠎ᠤᠨ ᠬᠠᠷᠠᠭ᠎ᠠ᠎ᠶ᠋ᠢ᠎ᠥᠷᠭᠡᠳᠭᠡᠨ᠂ ᠠᠵᠢᠯ᠎ᠤᠨ ᠠᠷᠭ᠎ᠠ᠎ᠶ᠋ᠢᠨ ᠱᠢᠨ᠎ᠡ᠎ᠶ᠋ᠢ ᠡᠭᠦᠳᠬᠦ᠌᠎ᠵᠢ ᠵᠤᠷᠢᠪᠠ᠃

ᠪᠣᠯᠪᠠᠰᠤᠷᠠᠯ᠎ᠳᠤ ᠣᠷᠣᠯᠴᠠᠭ᠍ᠰᠠᠳ ᠡᠴᠡ᠂ ᠡᠨᠡ ᠤᠳᠠᠭ᠎ᠠ᠎ᠶ᠋ᠢᠨ ᠪᠣᠯᠪᠠᠰᠤᠷᠠᠯ᠎ᠤᠨ ᠠᠵᠠ ᠲᠣᠬᠢᠶᠠᠯ᠎ᠢ ᠨᠠᠨᠳᠢᠩᠨᠠᠵᠤ᠂ ᠨᠢᠭᠡ ᠰᠡᠳᠭᠢᠯ᠎ᠢᠶᠡᠷ ᠰᠤᠷᠤᠯᠴᠠᠵᠤ᠂ ᠭᠦᠨᠵᠡᠭᠡᠶ ᠰᠤᠳᠤᠯᠤᠨ ᠶᠠᠷᠢᠯᠴᠠᠵᠤ᠂ ᠰᠣᠷᠣᠭ᠍ᠰᠠᠨ ᠮᠡᠳᠡᠯᠭᠡ᠎ᠪᠡᠨ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠬᠦ᠌᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠭᠢᠯᠭᠡ᠂ ᠨᠠᠩ ᠪᠣᠳᠠᠲᠠᠶ᠎ᠶ᠋ᠢ ᠡᠷᠬᠢᠮᠯᠡᠬᠦ᠌ ᠰᠤᠷᠲᠠᠯ᠎ᠢᠶᠠᠷ ᠵᠡᠮᠳᠡᠭ᠌ᠴᠦᠳ᠎ᠦᠨ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯ᠎ᠳᠤ ᠣᠷᠣᠯᠴᠠᠵᠤ᠂ ᠵᠡᠮᠳᠡᠭ᠌ᠴᠦᠳ᠎ᠦᠨ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠪᠥᠬᠥ᠌ ᠣᠷᠣᠨ᠎ᠤ ᠵᠡᠮᠳᠡᠭ᠌ᠴᠦᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠦᠨ᠎ᠡ ᠭᠡᠵᠦ᠍ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号