ᠰᠤᠷᠤᠯᠴᠠᠯᠭ᠎ᠠ ᠵᠢᠨ ᠲᠤᠮᠳᠠ ᠥᠲᠡᠯᠦᠭᠡ ᠨᠠᠰᠤ ᠪᠠᠨ ᠪᠠᠶᠠᠷ ᠵᠢᠷᠭᠠᠯ ᠲᠠᠢ ᠦᠨᠭᠭᠡᠷᠡᠭᠦᠯᠦᠨ᠎ᠠ
2026-06-02 10:00:14
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

5 ᠰᠠᠷ᠎ᠠ ᠵᠢᠨ ᠴᠠᠬᠠᠷ ᠨᠤᠳᠤᠭ ᠤᠷᠭᠤᠬᠤ ᠨᠠᠷᠠᠨ ᠢ᠋ ᠤᠭᠳᠤᠵᠤ᠂ ᠤᠷᠠᠨ ᠪᠤᠯᠵᠤᠮᠦᠷ ᠤ᠋ᠨ ᠤᠶᠠᠬᠠᠨ ᠡᠭᠡᠰᠢᠭ ᠵᠢᠡᠷ ᠴᠤᠤᠷᠢᠶᠠᠳᠤᠨ᠂ ᠪᠠᠢᠭᠠᠯᠢ ᠲᠡᠯᠡᠭᠡᠢ ᠠᠮᠢᠵᠢᠷᠠᠯ ᠪᠢᠯᠬᠠᠨ᠎ᠠ᠃

ᠤᠢᠷ᠎ᠠ ᠳ᠋ᠤ᠂ ᠰᠤᠷᠪᠤᠯᠵᠢᠯᠠᠭ᠍ᠴᠢ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠪᠡᠶᠡᠴᠢᠯᠡᠨ ᠣᠢᠯᠠᠭᠠᠬᠤ ᠰᠠᠭᠤᠷᠢᠨ᠎ᠤ  ᠬᠢᠴᠢᠶᠡᠯ᠎ᠦᠨ ᠲᠠᠩᠬᠢᠮ ᠳ᠋ᠤ᠂ ᠪᠤᠭᠤᠷᠤᠯᠴᠤᠳ ᠴᠡᠭᠡᠵᠢ ᠲᠡᠨᠢᠢᠨ ᠵᠤᠭᠰᠤᠵᠤ᠂ ᠲᠠᠷᠢᠬᠦᠨ ᠲᠡᠭᠡᠷ᠎ᠠ ᠪᠠᠨ ᠨᠣᠮ ᠲᠡᠪᠳᠡᠷ ᠲᠠᠯᠪᠢᠵᠤ᠂ ᠭᠠᠷ᠎ᠲᠠᠭᠠᠨ ᠮᠣᠳᠣᠨ ᠪᠠᠭᠠᠨ᠎ᠠ ᠪᠠᠷᠢᠵᠤ᠂ ᠪᠠᠭ᠍ᠰᠢ᠎ᠶ᠋ᠢᠨ ᠵᠢᠯᠣᠭᠣᠳᠣᠯᠭ᠎ᠠ ᠳᠤᠤᠷ᠎ᠠ ᠵᠤᠭᠰᠤᠬᠤ ᠲᠦᠷᠢ ᠲᠦᠷᠭᠦ ᠪᠠ ᠪᠡᠶ᠎ᠡ ᠮᠠᠬᠠᠪᠣᠳ᠎ᠤᠨ ᠪᠠᠢᠳᠠᠯ᠎ᠢᠶᠠᠨ ᠪᠣᠯᠪᠠᠰᠤᠷᠠᠵᠤ᠂ ᠬᠥᠳᠡᠯᠭᠡᠭᠡᠨ ᠨᠢᠭᠡ ᠪᠦᠷᠢ᠎ᠨᠢ ᠴᠥᠮ ᠨᠠᠷᠢᠨ ᠬᠢᠨᠠᠮᠠᠭᠠᠶ ᠪᠥᠭᠡᠳ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠠᠢᠬᠤ᠎ᠶ᠋ᠢ ᠣᠯᠵᠤ ᠬᠠᠷᠠᠪᠠ᠃ ᠡᠨᠡ ᠪᠣᠯ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ 《ᠥᠲᠡᠯᠬᠦ ᠳ᠋ᠤ ᠰᠤᠷᠤᠯᠴᠠᠬᠤ ᠵᠤᠢᠯ ᠪᠠᠢᠬᠤ 》 ᠠᠵᠢᠯᠯᠠᠭ᠎ᠠ᠎ᠶ᠋ᠢ ᠠᠬᠢᠭᠤᠯᠵᠤ᠂ ᠨᠠᠰᠤᠲᠠᠢᠴᠤᠳ ᠲᠤ᠌ ᠰᠤᠷᠤᠯᠴᠠᠯᠭ᠎ᠠ ᠳᠤᠮᠳᠠ ᠡᠷᠡᠭᠦᠯ ᠮᠡᠨᠳᠦ ᠪᠠ ᠪᠠᠶᠠᠷ ᠪᠠᠶᠠᠰᠤᠯ ᠤᠯᠭᠤᠵᠤ ᠪᠠᠢᠬᠤ ᠵᠢᠨ ᠠᠮᠢᠳᠤᠯᠢᠭ ᠬᠤᠷᠢᠶᠠᠩᠭᠤᠢ ᠵᠢᠷᠤᠭᠯᠠᠯ ᠪᠣᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠴᠤᠭᠴᠠᠯᠠᠭᠰᠠᠨ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠵᠢᠱ᠌ᠢᠶ᠎ᠡ ᠦᠵᠡᠭᠦᠯᠬᠦ᠌ ᠴᠡᠭ ᠪᠣᠯᠤᠭ᠍ᠰᠠᠨ᠎ᠤ ᠬᠤᠪᠢ᠎ᠳᠤ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠰᠤᠷᠤᠯᠴᠠᠯᠭ᠎ᠠ᠎ᠶ᠋ᠢᠨ ᠲᠥᠪ᠎ᠦᠨ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠪᠡᠶᠡᠴᠢᠯᠡᠨ ᠣᠢᠯᠠᠭᠠᠬᠤ ᠰᠠᠭᠤᠷᠢᠨ ᠨᠢ 2025 ᠣᠨ᠎ᠤ 12 ᠰᠠᠷ᠎ᠠ᠎ᠳᠤ ᠫᠠᠢᠰᠠ ᠡᠯᠭᠦᠨ ᠪᠠᠢᠭᠤᠯᠤᠭ᠍ᠳᠠᠵᠤ᠂ 2026 ᠣᠨ᠎ᠤ 3 ᠰᠠᠷ᠎ᠠ᠎ᠳᠤ ᠵᠢᠩᠬᠢᠨᠢ᠎ᠪᠡᠷ ᠠᠱᠢᠭ᠍ᠯᠠᠯᠲᠠ᠎ᠳᠤ ᠣᠷᠣᠪᠠ᠃ 800 ᠭᠠᠷᠤᠶ ᠲᠡᠭ᠌ᠰᠢ ᠳᠥᠷᠪᠡᠯᠵᠢᠨ ᠮᠧᠲ᠋ᠷ᠎ᠦᠨ ᠶᠡᠷᠦᠩᠬᠡᠢᠯᠡᠭ᠌ᠰᠡᠨ ᠴᠢᠨᠠᠷᠲᠠᠶ ᠦᠶ᠋ᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠲᠤ ᠲᠦᠱᠢᠭ᠌ᠯᠡᠨ᠂ ᠰᠠᠭᠤᠷᠢᠨ᠎ᠨᠢ ᠬᠠᠷᠢᠶ᠎ᠠ ᠣᠷᠣᠨ᠎ᠤ ᠨᠠᠰᠤᠲᠠᠢᠴᠤᠳ᠎ᠤᠨ ᠣᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠣᠨᠣᠪᠴᠢᠲᠠᠶ᠎ᠪᠠᠷ ᠵᠣᠯᠭᠠᠭᠤᠯᠵᠤ᠂ ᠨᠠᠢᠷᠠᠯ ᠳᠠᠭᠤᠤ᠂ ᠪᠥᠵᠢᠭ᠂ ᠤᠷᠠᠨ ᠪᠢᠴᠢᠯᠭᠡ᠂ ᠴᠠᠭᠠᠰᠤᠨ ᠬᠠᠢᠴᠢᠯᠠᠮᠠᠯ᠂ ᠣᠶᠤᠨᠴᠢ ᠭᠠᠷ ᠤᠲᠠᠰᠤᠨ᠎ᠤ ᠬᠡᠷᠡᠭ᠌ᠯᠡᠭᠡ᠂ ᠪᠡᠶ᠎ᠡ ᠰᠤᠪᠢᠯᠠᠯᠲᠠ ᠡᠷᠡᠭᠦᠯᠵᠢᠯ᠂ ᠰᠡᠳᠭᠢᠴᠡ᠎ᠶ᠋ᠢᠨ ᠡᠷᠡᠭᠦᠯ ᠮᠡᠨᠳᠦ ᠵᠡᠷᠭᠡ ᠣᠨᠴᠠᠯᠢᠭ᠍ᠲᠤ ᠬᠢᠴᠢᠶᠡᠯ᠎ᠢ ᠠᠷᠤ ᠠᠷᠤ ᠡᠴᠡ ᠨᠢ ᠰᠦᠶ᠋ᠳᠭᠡᠯ ᠬᠤᠷᠢᠶᠠᠬᠤ ᠥᠬᠡᠶ᠎ᠪᠡᠷ ᠭᠠᠷᠭᠠᠵᠤ᠂ ᠪᠤᠭᠤᠷᠤᠯᠴᠤᠳ᠎ᠤᠨ ᠬᠠᠯᠠᠭᠤᠨ ᠳᠤᠯᠠᠭᠠᠨ ᠣᠶᠤᠨ ᠰᠠᠨᠠᠭᠠᠨ᠎ᠤ ᠬᠡᠷ ᠣᠷᠣᠨ᠎ᠢ ᠴᠣᠭ᠍ᠴᠠᠯᠠᠵᠤ ᠪᠤᠢ᠃

ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠰᠤᠷᠤᠯᠴᠠᠯᠭ᠎ᠠ᠎ᠶ᠋ᠢᠨ ᠲᠥᠪ᠎ᠦᠨ ᠡᠷᠬᠢᠯᠡᠭ᠌ᠴᠢ ᠶᠢᠨ ᠴᠢ᠄︽ᠰᠠᠭᠤᠷᠢᠨ᠎ᠨᠢ ᠤᠯᠠᠭᠠᠨᠴᠠᠪ ᠬᠣᠲᠠ᠎ᠶ᠋ᠢᠨ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ 〈ᠵᠢᠱ᠌ᠢᠶ᠎ᠡ ᠦᠵᠡᠭᠦᠯᠬᠦ᠌ ᠰᠠᠭᠤᠷᠢᠨ〉 ᠢ᠋ ᠪᠠᠢᠭᠤᠯᠬᠤ᠎ᠪᠠᠷ ᠬᠠᠷᠠᠯᠲᠠ ᠪᠣᠯᠭᠠᠵᠤ᠂ 〈ᠰᠤᠷᠤᠯᠴᠠᠬᠤ ᠳ᠋ᠤ ᠬᠢᠯᠪᠡᠷ᠂ ᠳᠤᠷ᠎ᠠ ᠰᠣᠨᠢᠷᠬᠠᠯ᠎ᠢ ᠴᠢᠬᠤᠯᠠᠴᠢᠯᠠᠬᠤ᠂ ᠪᠡᠶᠡᠴᠢᠯᠡᠨ ᠣᠢᠯᠠᠭᠠᠬᠤ᠎ᠶ᠋ᠢ ᠴᠢᠩᠭᠠᠳᠭᠠᠬᠤ〉 ᠵᠢᠭᠠᠨ ᠰᠤᠷᠭᠠᠯᠲᠠ᠎ᠶ᠋ᠢᠨ ᠤᠢᠯᠠᠭᠠᠭᠳᠠᠬᠤᠨ᠎ᠢ ᠪᠠᠷᠢᠮᠲᠠᠯᠠᠨ᠂ ᠪᠣᠶ ᠪᠥᠬᠥᠶ ᠬᠢᠴᠢᠶᠡᠯ ᠢ᠋ ᠴᠥᠮ ᠬᠠᠮᠤᠭ ᠤ᠋ᠨ ᠰᠠᠭᠤᠷᠢ ᠰᠤᠷᠭᠠᠨ ᠬᠦᠮᠦᠵᠢᠯ ᠡᠴᠡ ᠡᠬᠢᠯᠡᠭᠦᠯᠵᠤ᠂ ᠳᠤᠷ᠎ᠠ ᠰᠣᠨᠢᠷᠬᠠᠯ᠎ᠢ ᠬᠥᠮᠦᠵᠢᠭᠦᠯᠬᠦ᠌᠎ᠪᠡᠷ ᠭᠤᠤᠯ ᠪᠣᠯᠭᠠᠨ᠂ ᠨᠠᠰᠤᠲᠠᠢᠴᠤᠳ᠎ᠢ ᠠᠯᠬᠤᠮ ᠠᠯᠬᠤᠮ᠎ᠢᠶᠠᠷ ᠬᠥᠲᠥᠯᠦᠨ ᠵᠢᠯᠣᠭᠣᠳᠴᠤ᠌ ᠪᠠᠢᠭᠠᠳ ᠰᠤᠷᠤᠯᠴᠠᠯᠭ᠎ᠠ᠎ᠶ᠋ᠢᠨ ᠬᠠᠪᠤ ᠴᠡᠩᠭᠡᠯ᠎ᠢ ᠮᠡᠳᠡᠷᠡᠭᠦᠯᠦᠨ᠎ᠡ᠃ ᠣᠳᠣᠬᠠᠨ᠎ᠳᠤ᠂ ᠨᠠᠢᠷᠠᠯ ᠳᠠᠭᠤᠤ᠎ᠶ᠋ᠢᠨ ᠠᠩᠭᠢ᠂ ᠪᠡᠶ᠎ᠡ ᠴᠢᠭᠢᠷᠠᠭ᠍ᠵᠢᠭᠤᠯᠬᠤ ᠪᠥᠵᠢᠭ᠎ᠦᠨ ᠠᠩᠭᠢ ᠨᠢᠭᠡᠨᠲᠡ ᠤᠷᠢᠳ᠎ᠵᠢᠡᠷ ᠬᠢᠴᠢᠶᠡᠯ ᠡᠬᠢᠯᠡᠵᠦ᠍᠂ ᠤᠷᠠᠨ ᠪᠢᠴᠢᠯᠭᠡ᠂ ᠭᠠᠷ ᠤᠷᠠᠯᠠᠯ᠂ ᠴᠠᠭᠠᠰᠤᠨ ᠬᠠᠢᠴᠢᠯᠠᠮᠠᠯ ᠵᠡᠷᠭᠡ ᠬᠢᠴᠢᠶᠡᠯ᠎ᠢ ᠴᠦ᠍ ᠢᠳᠡᠪᠬᠢᠲᠡᠶ ᠪᠡᠯᠡᠳᠭᠡᠵᠦ᠍ ᠪᠠᠢᠨ᠎ᠠ᠃ ᠬᠣᠢᠱᠢᠳᠠ ᠬᠢᠴᠢᠶᠡᠯ᠎ᠦᠨ ᠱᠢᠰᠲ᠋ᠧᠮ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠨᠠᠰᠤᠲᠠᠢᠴᠤᠳ᠎ᠲᠤ ᠨᠠᠩ ᠪᠠᠶᠠᠯᠢᠭ ᠣᠯᠠᠨ ᠡᠱᠢᠲᠦ ᠰᠤᠷᠤᠯᠴᠠᠯᠭ᠎ᠠ᠎ᠶ᠋ᠢᠨ ᠰᠣᠩᠭᠣᠯᠲᠠ ᠬᠠᠩᠭᠠᠬᠤ ᠪᠣᠯᠤᠨ᠎ᠠ︾ᠬᠡᠵᠤ ᠢᠯᠠᠳᠭᠡᠵᠡᠢ᠃

ᠡᠨᠳᠡ᠂ ᠰᠤᠷᠤᠭ᠍ᠴᠢᠳ ᠮᠡᠳᠡᠯᠭᠡ ᠪᠠ ᠮᠡᠷᠭᠡᠵᠢᠯ ᠰᠤᠷᠴᠤ᠌ ᠴᠢᠳᠠᠬᠤ᠎ᠪᠠᠷ ᠪᠠᠷᠠᠬᠤ ᠥᠬᠡᠶ᠂ ᠨᠠᠩ ᠴᠤ᠌ ᠵᠣᠷᠢᠯᠲᠠ ᠨᠢᠭᠡᠲᠡᠶ ᠬᠠᠨᠢᠲᠠᠨ᠎ᠲᠠᠶ ᠪᠣᠯᠵᠠᠶ᠃ ᠰᠤᠷᠤᠭ᠍ᠴᠢ ᠵᠤᠤ ᠴᠦᠨ ᠯᠢᠶᠠᠨ᠎ᠤ ᠬᠤᠪᠢᠷᠠᠯᠲᠠ ᠪᠣᠯ ᠰᠠᠭᠤᠷᠢᠨ ᠤ᠋ ᠬᠢᠴᠢᠶᠡᠯ᠎ᠦᠨ ᠦᠷ᠎ᠡ ᠪᠦᠲᠦᠮᠵᠢ᠎ᠶ᠋ᠢᠨ ᠬᠠᠮᠤᠭ᠎ᠤᠨ ᠰᠠᠢ᠌ᠨ ᠵᠢᠱᠶ᠋ᠶ᠎ᠡ ᠪᠣᠯᠤᠨ᠎ᠠ᠃ ᠵᠤᠤ ᠴᠦᠨ ᠯᠢᠶᠠᠨ᠄ 《ᠪᠢ ᠤᠤᠯ ᠨᠢ ᠡᠪᠡᠳᠴᠢᠨ ᠡᠮᠬᠡᠭ ᠲᠤ᠌ ᠲᠠᠷᠤᠭᠳᠠᠵᠤ᠂ ᠴᠤᠭ ᠰᠦᠯᠳᠡ ᠦᠭᠡᠢ᠂ ᠲᠠᠮᠢᠷ ᠲᠡᠡᠭᠬᠡᠭᠡ ᠦᠭᠡᠢ᠂ ᠭᠠᠳᠠᠭ᠍ᠰᠢ ᠭᠠᠷᠬᠤ᠎ᠳᠤ ᠴᠤ᠌ ᠪᠡᠶ᠎ᠠ ᠶᠡᠬᠡ ᠰᠤᠯᠠ ᠲᠤᠷᠤᠢ ᠪᠠᠢᠵᠠᠢ᠃ ᠡᠨᠳᠡ ᠢᠷᠡᠵᠦ᠍ ᠰᠤᠷᠤᠯᠴᠠᠭ᠍ᠰᠠᠨ᠎ᠡᠴᠡ ᠨᠠᠭᠠᠰᠢ᠂ ᠮᠢᠨᠤ ᠤᠶᠤᠨ ᠰᠠᠨᠠᠭᠠᠨ᠎ᠤ ᠳᠦᠷᠰᠦ ᠪᠠᠢᠳᠠᠯ ᠶᠡᠬᠡ᠎ᠪᠡᠷ ᠬᠤᠪᠢᠷᠠᠵᠤ᠂ ᠪᠡᠶ᠎ᠡ ᠮᠠᠬᠠᠪᠣᠳ ᠴᠢᠭᠢᠷᠠᠭ᠍ᠵᠢᠵᠤ᠂ ᠰᠡᠳᠭᠢᠯ ᠰᠠᠨᠠᠭ᠎ᠠ ᠴᠤ᠌ ᠡᠳᠦᠷ᠎ᠡᠴᠡ ᠡᠳᠦᠷ ᠰᠠᠢᠵᠢᠷᠠᠭ᠍ᠰᠠᠨ ᠪᠠᠢᠨ᠎ᠠ! ᠡᠳᠦᠭᠡ᠂ ᠪᠢ ᠥᠷᠯᠥᠭᠡ ᠪᠦᠷᠢ ᠴᠠᠬᠢᠯᠭᠠᠨ ᠬᠥᠳᠡᠯᠭᠡᠭᠦᠷᠲᠦ ᠲᠡᠷᠭᠡ ᠤᠨᠤᠵᠤ ᠨᠠᠭᠠᠰᠢ ᠴᠠᠭᠠᠰᠢ ᠵᠠᠭᠤ ᠰᠢᠬᠠᠮ ᠺᠢᠯᠤᠮᠸᠲᠷ ᠠᠶᠠᠯᠠᠨ ᠬᠢᠴᠢᠶᠡᠯ ᠣᠷᠣᠵᠤ ᠪᠤᠢ︾ᠬᠡᠵᠤ ᠴᠢᠷᠠᠢ ᠲᠦᠭᠦᠷᠡᠡᠭ ᠢᠨᠢᠶᠠᠮᠰᠦᠭᠯᠡᠨ ᠶᠠᠷᠢᠨ᠎ᠠ᠃

ᠳᠤᠷ᠎ᠠ ᠰᠣᠨᠢᠷᠬᠠᠯ᠎ᠢ ᠪᠤᠢ ᠪᠣᠯᠭᠠᠬᠤ᠎ᠡᠴᠡ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌ ᠬᠦᠷᠲᠡᠯ᠎ᠡ᠂ ᠵᠢᠭ᠍ᠰᠠᠭᠠᠯ᠎ᠤᠨ ᠭᠠᠵᠠᠷ᠎ᠢ ᠪᠠᠢᠭᠤᠯᠬᠤ᠎ᠡᠴᠡ ᠲᠦᠷᠦᠯ ᠳᠡᠮᠳᠡᠭ᠎ᠢ ᠡᠭᠦᠳᠬᠦ᠌ ᠬᠦᠷᠲᠡᠯ᠎ᠡ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ ᠶᠠᠭ ᠨᠠᠰᠤᠲᠠᠢᠴᠤᠳ᠎ᠤᠨ ᠱᠢᠯᠢᠳᠡᠭ ᠰᠤᠷᠭᠠᠨ ᠬᠥᠮᠦᠵᠢᠯ᠎ᠦᠨ ᠬᠠᠩᠭᠠᠯᠭ᠎ᠠ᠎ᠪᠠᠷ 《ᠪᠤᠭᠤᠷᠤᠯᠴᠤᠳ᠎ᠤᠨ ᠴᠠᠭ ᠮᠥᠴᠡ》 ᠵᠢ ᠦᠩᠭᠡ ᠭᠡᠷᠡᠯ᠎ᠲᠡᠶ ᠪᠣᠯᠭᠠᠵᠤ᠂ ᠪᠤᠭᠤᠷᠤᠯᠴᠤᠳ ᠨᠢᠭᠡ ᠪᠦᠷᠢ᠎ᠶ᠋ᠢ 《ᠦᠳᠡᠯᠬᠦ ᠳ᠋ᠤ ᠰᠤᠷᠤᠯᠴᠠᠬᠤ ᠵᠤᠢᠯ ᠪᠠᠢᠬᠤ》 ᠠᠵᠢᠯᠯᠠᠭ᠎ᠠ ᠳᠤᠮᠳᠠ ᠪᠠᠶᠠᠷ᠎ᠲᠠᠶ᠂ ᠵᠣᠯ ᠵᠢᠷᠭᠠᠯ᠎ᠲᠠᠶ᠎ᠪᠠᠷ ᠥᠲᠡᠯᠦᠭᠡ ᠨᠠᠰᠤᠨ ᠤ᠋ ᠠᠮᠢᠳᠤᠷᠠᠯ ᠢ᠋ ᠡᠳ᠋ᠯᠡᠭᠦᠯᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号