— ᠰᠢ ᠵᠢᠨ ᠫᠢᠩ ᠦᠨ ᠨᠠᠮ ᠤᠨ ᠪᠠᠢᠭᠤᠯᠤᠯᠲᠠ ᠶᠢᠨ ᠦᠵᠡᠯ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤᠬᠠᠢ ᠰᠢᠷᠢᠰ ᠬᠦᠦᠷᠨᠢᠯ ᠰᠢᠬᠦᠮᠵᠢ (ᠨᠢᠭᠡ)
ᠲᠤᠭ ᠥᠨᠳᠥᠷ ᠲᠤ᠌ ᠮᠠᠨᠳᠤᠵᠤ᠂ ᠤᠷᠤᠭᠰᠢᠯᠠᠯᠲᠠ᠎ᠶᠢᠨ ᠴᠢᠭᠯᠡᠯ᠎ᠢ ᠵᠢᠭᠠᠨ᠎ᠠ; ᠲᠡᠮᠡᠴᠡᠯ᠎ᠤᠨ ᠵᠠᠮ ᠰᠠᠷᠠᠭᠤᠯ ᠳᠠᠷᠳᠠᠩ᠂ ᠠᠶᠠᠯᠠᠯ᠎ᠢ ᠵᠠᠯᠠᠬᠤ ᠬᠦᠴᠦᠨ᠎ᠢ ᠤᠷᠢᠶᠠᠯᠠᠨ᠎ᠠ᠃
ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠵᠢᠨ《ᠠᠷᠪᠠᠨ ᠲᠦᠷᠪᠡ ᠵᠢ ᠪᠠᠷᠢᠮᠳᠠᠯᠠᠬᠤ》᠎ᠶ᠋ᠢᠨ ᠲᠡᠷᠢᠭᠦᠨ᠎ᠳᠦ ᠵᠢᠭ᠍ᠰᠠᠭᠠᠭᠳᠠᠵᠤ ᠪᠠᠢᠭ᠎ᠠ ᠨᠢ᠄ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ᠋ ᠪᠣᠯᠣᠨ᠎ᠠ᠃
ᠶᠡᠷᠦᠩᠬᠡᠢ ᠱᠦᠵᠢ ᠰᠢ ᠵᠢᠨ ᠫᠢᠩ᠄ 《ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ ᠨᠢ ᠨᠠᠮ ᠪᠠ ᠤᠯᠤᠰ᠎ᠤᠨ ᠢᠷᠡᠭᠡᠳᠦᠢ ᠬᠤᠪᠢ ᠵᠠᠶᠠᠭ᠎ᠠ᠎ᠲᠠᠢ ᠬᠣᠯᠪᠣᠭᠳᠠᠵᠤ᠂ ᠮᠠᠨ᠎ᠤ ᠠᠯᠢᠪᠠ ᠠᠵᠢᠯ ᠦᠢᠯᠡᠰ ᠴᠥᠮ ᠡᠨᠡ ᠬᠦ᠌ ᠰᠠᠭᠤᠷᠢᠨ ᠳᠡᠭᠡᠷ᠎ᠡ ᠪᠠᠢᠭᠤᠯᠤᠭᠳᠠᠭᠰᠠᠨ ᠶᠤᠮ᠂ ᠴᠥᠮ ᠡᠨᠡ ᠬᠦ᠌ ᠬᠠᠮᠤᠭ᠎ᠤᠨ ᠮᠥᠨ ᠴᠢᠨᠠᠷ᠎ᠤᠨ ᠣᠨᠴᠠᠯᠢᠭ᠋ ᠪᠠ ᠬᠠᠮᠤᠭ᠎ᠤᠨ ᠶᠡᠬᠡ ᠳᠠᠪᠠᠭᠤᠯᠢᠭ᠋᠎ᠲᠤ ᠦᠨᠳᠦᠰᠦᠯᠡᠭᠰᠡᠨ ᠶᠤᠮ》 ᠭᠡᠵᠦ ᠬᠦᠨᠵᠡᠭᠡᠢ ᠵᠢᠭᠠᠵᠤ ᠭᠠᠷᠭᠠᠪᠠ᠃
ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ᠋ ᠪᠣᠯᠬᠤ᠎ᠶᠢ ᠪᠠᠲᠤ ᠡᠵᠡᠮᠳᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠬᠠᠮᠤᠭ᠎ᠤᠨ ᠳᠡᠭᠡᠳᠦ ᠤᠯᠤᠰ ᠲᠦᠷᠦ᠎ᠶᠢᠨ ᠤᠳᠤᠷᠢᠳᠬᠤ ᠬᠦᠴᠦᠨ ᠪᠣᠯᠬᠤ᠎ᠶᠢ ᠢᠮᠠᠭᠲᠠ ᠭᠤᠢᠪᠢᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠰᠢᠨ᠎ᠡ ᠢᠯᠠᠯᠲᠠ᠎ᠶᠢ ᠲᠡᠮᠡᠴᠡᠨ ᠣᠯᠬᠤ ᠬᠡᠷᠡᠭᠲᠡᠢ᠃
《ᠨᠠᠮ ᠵᠠᠰᠠᠭ ᠴᠡᠷᠢᠭ ᠠᠷᠠᠳ ᠰᠤᠶᠤᠯ ᠰᠤᠷᠭᠠᠨ ᠬᠦᠮᠦᠵᠢᠯ᠂ ᠪᠦᠬᠦ ᠬᠦᠷᠢᠶ᠎ᠠ ᠴᠠᠷᠠᠭ᠎ᠠ ᠡᠯ᠎ᠡ ᠲᠠᠯ᠎ᠠ ᠡᠯ᠎ᠠ ᠭᠤᠬᠴᠤᠭ᠎ᠠ ᠳ᠋ᠤ ᠨᠠᠮ ᠠᠯᠢᠪᠠ᠎ᠶᠢ ᠤᠳᠤᠷᠢᠳᠤᠨ᠎ᠠ》
ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠠᠢᠵᠤ ᠴᠢᠳᠠᠬᠤ ᠦᠭᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠬᠤ ᠪᠠᠢᠷᠢ ᠰᠠᠭᠤᠷᠢ ᠪᠣᠯ ᠳᠤᠮᠳᠠᠳᠤ ᠤᠯᠤᠰ᠎ᠤᠨ ᠬᠤᠪᠢᠰᠬᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ᠎ᠶᠢᠨ ᠦᠢᠯᠡᠳᠦᠯᠭᠡ᠎ᠶᠢᠨ ᠳᠤᠮᠳᠠ ᠪᠦᠷᠢᠯᠳᠦᠭᠰᠡᠨ ᠪᠥᠭᠡᠳ ᠲᠠᠰᠤᠷᠠᠯᠲᠠ ᠦᠭᠡᠢ ᠪᠡᠬᠢᠵᠢᠭᠰᠡᠨ ᠶᠤᠮ᠂ ᠲᠡᠦᠬᠡ᠎ᠶᠢᠨ ᠰᠣᠩᠭᠣᠯᠲᠠ᠂ ᠠᠷᠠᠳ ᠲᠦᠮᠡᠨ᠎ᠦ ᠰᠣᠩᠭᠣᠯᠲᠠ ᠮᠥᠨ᠃
ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠦᠢᠯᠡᠳᠦᠯᠭᠡ ᠳᠤᠮᠳᠠ᠂ ᠶᠡᠷᠦᠩᠬᠡᠢ ᠱᠦᠵᠢ ᠰᠢ ᠵᠢᠨ ᠫᠢᠩ ᠠᠯᠢ ᠤᠯᠠᠨ ᠵᠠᠷᠴᠢᠮ᠎ᠤᠨ ᠴᠢᠨᠠᠷᠳᠠᠢ ᠦᠨᠳᠦᠰᠦᠨ ᠴᠢᠨᠠᠷᠳᠠᠢ ᠵᠥᠪ ᠪᠤᠷᠤᠭᠤ᠎ᠶᠢᠨ ᠠᠰᠠᠭᠤᠳᠠᠯ᠎ᠢ ᠢᠯᠭᠠᠨ ᠲᠣᠳᠣᠷᠬᠠᠢᠯᠠᠵᠤ ᠦᠭᠬᠦᠨ᠂ ᠠᠩᠬ᠎ᠠ ᠤᠳᠠᠭ᠎ᠠ ᠨᠠᠮ᠎ᠤᠨ ᠤᠳᠤᠷᠢᠳᠤᠯᠭ᠎ᠠ᠎ᠶᠢᠨ ᠡᠭᠦᠳᠡᠨ᠎ᠡᠴᠡ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠮᠦᠨ ᠴᠢᠨᠠᠷ᠎ᠤᠨ ᠲᠣᠭᠲᠠᠭᠠᠯᠲᠤ ᠴᠢᠨᠠᠷ᠎ᠢ ᠲᠣᠳᠣᠷᠬᠠᠢᠯᠠᠨ ᠥᠭᠦᠯᠡᠪᠡ᠄《ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ ᠮᠠᠰᠢ ᠤᠯᠠᠨ ᠦᠪᠡᠷᠮᠢᠴᠡ ᠰᠢᠨᠵᠢ ᠪᠠ ᠣᠨᠴᠠᠯᠢᠭ᠋ ᠲᠠᠢ᠂ ᠭᠡᠪᠡᠴᠦ ᠬᠠᠮᠤᠭ᠎ᠤᠨ ᠮᠥᠨ ᠴᠢᠨᠠᠷ᠎ᠤᠨ ᠣᠨᠴᠠᠯᠢᠭ᠋ ᠪᠤᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠶᠠᠪᠤᠳᠠᠯ ᠪᠣᠯᠣᠨ᠎ᠠ》 ᠃
ᠡᠨᠡ ᠬᠦ᠌ ᠴᠢᠬᠤᠯᠠ ᠶᠡᠬᠡ ᠨᠤᠲᠠᠯᠠᠯᠲᠠ᠎ᠶᠢᠨ ᠬᠣᠯᠪᠣᠭᠳᠠᠯ ᠪᠦᠬᠦᠢ ᠦᠬᠦᠯᠡᠨ ᠲᠤᠭᠠᠴᠢᠯᠳᠠ᠎ᠶᠢ 2017 ᠣᠨ᠎ᠳᠤ ᠨᠠᠮ᠎ᠤᠨ ᠳᠦᠷᠢᠮ᠎ᠳᠦ ᠪᠢᠴᠢᠨ ᠣᠷᠣᠭᠤᠯᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠠᠯᠤᠰ ᠭᠡᠳᠤ᠎ᠶᠢᠨ ᠬᠥᠭᠵᠢᠯᠲᠡ᠎ᠳᠦ ᠰᠠᠭᠤᠷᠢ᠎ᠶᠢ ᠪᠠᠲᠤᠳᠬᠠᠪᠠ; 2018 ᠣᠨ᠎ᠳᠤ ᠦᠨᠳᠦᠰᠦᠨ ᠬᠠᠤᠯᠢ᠎ᠶᠢᠨ ᠶᠡᠷᠦᠩᠬᠡᠢ ᠬᠥᠲᠥᠯᠪᠦᠷᠢ᠎ᠶᠢᠨ ᠨᠢᠭᠡᠳᠦᠭᠡᠷ ᠵᠦᠢᠯ᠎ᠳᠦ ᠪᠢᠴᠢᠨ ᠣᠷᠣᠭᠤᠯᠵᠤ᠂ ᠲᠡᠭᠦᠨ᠎ᠳᠦ ᠬᠠᠮᠤᠭ᠎ᠤᠨ ᠳᠡᠭᠡᠳᠦ ᠬᠠᠤᠯᠢ ᠴᠠᠭᠠᠵᠠ᠎ᠶᠢᠨ ᠪᠠᠢᠷᠢ ᠰᠠᠭᠤᠷᠢ᠎ᠶᠢ ᠣᠯᠭᠣᠪᠠ᠃
ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ᠋ ᠮᠥᠨ ᠬᠡᠳᠡᠭ᠎ᠤᠨ ᠲᠤᠭᠤᠷᠢᠨ ᠳ᠋ᠤ᠂ ᠶᠡᠷᠦᠩᠬᠡᠢ ᠱᠦᠵᠢ ᠰᠢ ᠵᠢᠨ ᠫᠢᠩ ᠠᠯᠢ ᠤᠯᠠᠨ ᠴᠢᠬᠤᠯᠠ ᠥᠭᠦᠯᠡᠯᠲᠡ ᠵᠢ ᠨᠡᠢᠳᠡᠯᠡᠪᠡ —
《ᠨᠠᠮ ᠵᠠᠰᠠᠭ ᠴᠡᠷᠢᠭ ᠠᠷᠠᠳ ᠰᠤᠶᠤᠯ ᠰᠤᠷᠭᠠᠨ ᠬᠦᠮᠦᠵᠢᠯ᠂ ᠪᠦᠬᠦ ᠬᠦᠷᠢᠶ᠎ᠠ ᠴᠠᠷᠠᠭ᠎ᠠ ᠡᠯ᠎ᠡ ᠲᠠᠯ᠎ᠠ ᠡᠯ᠎ᠠ ᠭᠤᠬᠴᠤᠭ᠎ᠠ ᠳ᠋ᠤ ᠨᠠᠮ ᠠᠯᠢᠪᠠ᠎ᠶᠢ ᠤᠳᠤᠷᠢᠳᠤᠨ᠎ᠠ᠂ ᠬᠠᠮᠤᠭ᠎ᠤᠨ ᠳᠡᠭᠡᠳᠦ ᠤᠯᠤᠰ ᠲᠦᠷᠦ᠎ᠶᠢᠨ ᠤᠳᠤᠷᠢᠳᠬᠤ ᠬᠦᠴᠦᠨ ᠪᠣᠯᠣᠨ᠎ᠠ 》;
《ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠎ᠶᠢᠨ ᠵᠠᠢᠯᠠᠰᠢ ᠦᠭᠡᠢ ᠶᠠᠪᠤᠬᠤ ᠵᠠᠮ ᠮᠥᠨ 》;
《ᠨᠠᠮ᠎ᠤᠨ ᠤᠳᠤᠷᠢᠳᠤᠯᠭ᠎ᠠ ᠪᠣᠯ ᠪᠦᠬᠦ ᠲᠠᠯ᠎ᠠ᠎ᠶᠢᠨ᠂ ᠰᠢᠰᠲᠧᠮ᠎ᠲᠠᠢ᠂ ᠪᠦᠬᠦᠯᠢ ᠴᠣᠭᠴᠠ᠎ᠶᠢᠨ ᠶᠤᠮ᠂ ᠡᠷᠬᠡᠪᠰᠢ ᠪᠦᠬᠦ ᠲᠠᠯ᠎ᠠ᠎ᠪᠠᠷ᠂ ᠰᠢᠰᠲᠧᠮ᠎ᠲᠠᠢ᠂ ᠪᠦᠬᠦᠯᠢ ᠴᠣᠭᠴᠠ᠎ᠪᠠᠷ ᠨᠠᠢᠳᠠᠪᠤᠷᠢᠵᠢᠭᠤᠯᠬᠤ ᠬᠡᠷᠡᠭᠲᠡᠢ》;
᠁
ᠡᠳᠡᠭᠡᠷ ᠴᠢᠬᠤᠯᠠ ᠨᠤᠲᠠᠯᠠᠯᠲᠠ ᠪᠠ ᠱᠠᠭᠠᠷᠳᠠᠯᠭ᠎ᠠ ᠨᠢ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠤᠳᠤᠷᠢᠳᠬᠤ ᠤᠨᠤᠯ᠎ᠢ ᠪᠠᠶᠠᠯᠢᠭ᠍ᠵᠢᠭᠤᠯᠤᠨ ᠬᠥᠭᠵᠢᠭᠦᠯᠵᠦ᠂ ᠰᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ᠎ᠶᠢᠨ ᠤᠯᠤᠰ ᠲᠦᠷᠦ᠎ᠶᠢᠨ ᠦᠨᠳᠦᠰᠦᠨ ᠪᠠᠲᠤᠯᠠᠭ᠎ᠠ᠎ᠶᠢ ᠲᠣᠳᠣᠷᠬᠠᠢᠯᠠᠪᠠ᠃
ᠨᠠᠮ᠎ᠤᠨ ᠤᠳᠤᠷᠢᠳᠬᠤ ᠳᠦᠷᠢᠮ᠎ᠢ ᠲᠣᠭᠲᠠᠭᠠᠬᠤ ᠪᠣᠯ ᠮᠠᠨ᠎ᠤ ᠤᠯᠤᠰ᠎ᠤᠨ ᠦᠨᠳᠦᠰᠦᠨ ᠤᠳᠤᠷᠢᠳᠬᠤ ᠳᠦᠷᠢᠮ ᠮᠥᠨ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠲᠦᠷᠦ᠎ᠶᠢ ᠵᠠᠰᠠᠬᠤ ᠪᠦᠬᠦ ᠶᠠᠪᠤᠴᠠ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ;
ᠨᠠᠮ ᠪᠣᠯᠣᠨ ᠲᠦᠷᠦ᠎ᠶᠢᠨ ᠪᠠᠢᠭᠤᠯᠤᠮᠵᠢ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠨᠠᠮ᠎ᠤᠨ ᠡᠭᠦᠷᠭᠡ ᠲᠤᠰᠢᠶᠠᠯ᠎ᠳᠤ ᠰᠠᠯᠠᠭ᠎ᠠ ᠮᠥᠴᠢᠷ᠎ᠦᠨ ᠨᠢᠭᠡᠳᠦᠯᠲᠡᠢ ᠰᠢᠰᠲᠧᠮᠵᠢᠭᠦᠯᠦᠨ ᠵᠣᠬᠢᠴᠠᠭᠤᠯᠤᠨ ᠬᠠᠮᠢᠶᠠᠷᠬᠤ ᠡᠭᠦᠷᠭᠡ ᠴᠢᠳᠠᠪᠬᠢ᠎ᠶᠢ ᠰᠠᠢᠲᠤᠷ ᠪᠠᠳᠠᠷᠠᠭᠤᠯᠵᠤ᠂ ᠴᠢᠬᠤᠯᠠ ᠬᠦᠷᠢᠶ᠎ᠠ ᠴᠠᠷᠠᠭ᠎ᠠ᠎ᠳᠦ ᠨᠠᠮ᠎ᠤᠨ ᠲᠥᠪ ᠬᠤᠷᠢᠶ᠎ᠠ᠎ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠮᠵᠢ᠎ᠶᠢ ᠪᠠᠢᠭᠤᠯᠤᠨ᠎ᠠ;
ᠵᠢᠭᠠᠪᠤᠷᠢ ᠠᠪᠴᠤ ᠮᠡᠳᠡᠭᠦᠯᠬᠦ᠂ ᠤᠯᠤᠰ ᠲᠦᠷᠦ᠎ᠶᠢᠨ ᠬᠢᠨᠠᠯᠲᠠ ᠲᠠᠯᠪᠢᠬᠤ᠂ ᠤᠯᠤᠰ ᠲᠦᠷᠦ᠎ᠶᠢᠨ ᠲᠣᠭᠣᠷᠢᠨ ᠪᠠᠢᠴᠠᠭᠠᠯᠲᠠ ᠵᠡᠷᠭᠡ ᠳᠦᠷᠢᠮ᠎ᠢ ᠴᠢᠩᠭᠠᠳᠬᠠᠵᠤ᠂ ᠪᠦᠬᠦ ᠨᠠᠮ᠎ᠤᠨ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ᠎ᠶᠢᠨ ᠬᠡᠷᠡᠭᠵᠢᠭᠦᠯᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠶᠢ ᠠᠬᠢᠭᠤᠯᠬᠤ ᠬᠡᠷᠡᠭᠲᠡᠢ;
ᠵᠣᠬᠢᠶᠠᠨ ᠪᠠᠢᠭᠤᠯᠤᠯᠲᠠ᠎ᠶᠢᠨ ᠰᠢᠰᠲᠸᠮ᠎ᠢ ᠲᠠᠰᠤᠷᠠᠯᠲᠠ ᠦᠭᠡᠢ ᠪᠦᠷᠢᠨᠰᠢᠭᠦᠯᠵᠦ᠂ ᠨᠠᠮ᠎ᠤᠨ ᠲᠥᠪ᠎ᠦᠨ ᠵᠣᠬᠢᠶᠠᠨ ᠪᠠᠢᠭᠤᠯᠤᠯᠲᠠ᠂ ᠣᠷᠣᠨ ᠨᠤᠲᠤᠭ᠎ᠤᠨ ᠵᠣᠬᠢᠶᠠᠨ ᠪᠠᠢᠭᠤᠯᠤᠯᠲᠠ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠳᠡᠭᠡᠷ᠎ᠡ ᠳᠤᠤᠷ᠎ᠠ ᠱᠠᠲᠤ ᠪᠡᠷ᠎ᠢᠶᠡᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠲᠡᠢ ᠨᠢᠭ᠍ᠲᠠ ᠴᠢᠩᠭ᠎ᠠ ᠰᠢᠰᠲᠸᠮ᠎ᠢ ᠪᠦᠷᠢᠯᠳᠦᠬᠦᠯᠬᠦ ᠬᠡᠷᠡᠭᠲᠡᠢ ᠁
ᠰᠢᠨ᠎ᠡ ᠴᠠᠭ ᠦᠶ᠎ᠡ ᠳ᠋ᠤ ᠤᠷᠤᠬᠰᠠᠨ᠎ᠡᠴᠡ ᠨᠠᠭᠠᠰᠢ᠂ ᠨᠠᠮ᠎ᠤᠨ ᠲᠥᠪ ᠬᠤᠷᠢᠶ᠎ᠠ᠎ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠬᠦᠴᠦᠲᠡᠢ ᠪᠠᠲᠤᠯᠠᠭ᠎ᠠ᠎ᠲᠠᠢ ᠪᠣᠯᠵᠤ᠂ ᠨᠠᠮ᠎ᠤᠨ ᠤᠳᠤᠷᠢᠳᠬᠤ ᠳᠦᠷᠢᠮ᠎ᠦᠨ ᠰᠢᠰᠲᠧᠮ ᠲᠠᠰᠤᠷᠠᠯᠳᠠ ᠦᠭᠡᠢ ᠲᠡᠭᠦᠯᠳᠡᠷᠵᠢᠵᠦ᠂ ᠨᠠᠮ᠎ᠤᠨ ᠤᠳᠤᠷᠢᠳᠬᠤ ᠠᠷᠭ᠎ᠠ ᠬᠡᠯᠪᠡᠷᠢ ᠨᠡᠩ ᠰᠢᠨᠵᠢᠯᠡᠬᠦ ᠤᠬᠠᠭᠠᠨᠴᠢ ᠪᠣᠯᠵᠤ᠂ ᠪᠦᠬᠦ ᠨᠠᠮ᠎ᠢᠶᠡᠷ᠎ᠢᠶᠡᠨ ᠦᠵᠡᠯ ᠰᠠᠨᠠᠭᠠᠨ᠎ᠤ ᠳᠠᠯ᠎ᠠ ᠪᠡᠷ ᠨᠡᠩ ᠨᠢᠭᠡᠳᠦᠯᠲᠡᠢ ᠪᠣᠯᠵᠤ᠂ ᠤᠯᠤᠰ ᠲᠦᠷᠦ᠎ᠶᠢᠨ ᠲᠠᠯ᠎ᠠ᠎ᠪᠠᠷ ᠨᠡᠩ ᠪᠦᠯᠬᠦᠮᠳᠡᠯ᠎ᠲᠠᠢ ᠪᠣᠯᠵᠤ᠂ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠨᠡᠩ ᠨᠢᠭᠡᠳᠦᠯᠲᠡᠢ ᠪᠣᠯᠵᠠᠢ᠃
《ᠨᠠᠮ᠎ᠤᠨ ᠤᠳᠤᠷᠢᠳᠤᠯᠭ᠎ᠠ ᠪᠣᠯ ᠨᠠᠮ ᠪᠣᠯᠣᠨ ᠤᠯᠤᠰ᠎ᠤᠨ ᠦᠨᠳᠦᠰᠦ᠂ ᠠᠮᠢᠨ ᠰᠤᠳᠠᠰᠤ ᠮᠥᠨ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠰᠢᠭ᠋ ᠲᠤᠰᠠ᠂ ᠬᠤᠪᠢ ᠵᠠᠶᠠᠭ᠎ᠠ᠎ᠲᠠᠢ ᠬᠣᠯᠪᠣᠭᠳᠠᠵᠤ ᠪᠠᠢᠳᠠᠭ》
《ᠨᠠᠮ ᠪᠣᠯᠣᠨ ᠵᠠᠰᠠᠭ᠎ᠤᠨ ᠣᠷᠳᠣᠨ ᠪᠣᠯ ᠳᠠᠷᠤᠢ ᠤᠯᠠᠨ᠎ᠤ ᠬᠦᠴᠦᠷᠬᠡᠭ ᠶᠡᠬᠡ ᠲᠦᠰᠢᠭ ᠮᠥᠨ》 ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠦᠷᠭᠦᠯᠵᠢᠯᠡᠨ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠰᠢᠨ᠎ᠡ ᠨᠢᠭᠡ ᠵᠢᠯ᠎ᠳᠦ᠂ ᠪᠢᠳᠡ ᠪᠠᠰᠠ ᠰᠠᠢᠨ ᠬᠢᠷᠢ ᠪᠦᠲᠦᠮᠵᠢ ᠣᠯᠬᠤ᠎ᠶᠢ ᠢᠲᠡᠭᠡᠵᠦ ᠪᠠᠢᠨ᠎ᠠ》᠁ ᠶᠡᠷᠦᠩᠬᠡᠢ ᠱᠦᠵᠢ ᠰᠢ ᠵᠢᠨ ᠫᠢᠩ᠎ᠦᠨ ᠳᠣᠲᠣᠨᠣ᠌ ᠬᠠᠯᠠᠮᠵᠢᠯᠠᠯ ᠨᠢ ᠤᠯᠠᠨ᠎ᠢ ᠶᠡᠬᠡᠳᠡ ᠵᠣᠷᠢᠭ᠍ᠵᠢᠭᠤᠯᠪᠠ᠃
ᠤᠳᠠᠭ᠎ᠠ ᠪᠦᠷᠢ᠎ᠶᠢᠨ ᠶᠡᠬᠡ ᠲᠠᠢ᠍ᠢᠯᠠᠯᠳᠤᠭᠠᠨ ᠶᠡᠬᠡ ᠰᠢᠯᠭᠠᠯᠲᠠ ᠨᠢ ᠳᠤᠮᠳᠠᠳᠤ ᠤᠯᠤᠰ᠎ᠤᠨ ᠡᠪ ᠬᠠᠮᠲᠤ ᠨᠠᠮ ᠬᠢᠵᠠᠭᠠᠯᠠᠰᠢ ᠦᠭᠡᠢ ᠪᠠᠲᠤ ᠴᠢᠩᠭ᠎ᠠ ᠤᠳᠤᠷᠢᠳᠬᠤ ᠬᠦᠴᠦᠨ᠂ ᠵᠣᠬᠢᠶᠠᠨ ᠪᠠᠶ᠋ᠢᠭᠤᠯᠬᠤ ᠬᠦᠴᠦᠨ᠂ ᠬᠡᠷᠡᠭᠵᠢᠭᠦᠯᠬᠦ ᠬᠦᠴᠦᠨ᠎ᠲᠠᠢ᠂ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠵᠠᠮ ᠨᠡᠭᠡᠭᠡᠨ ᠤᠷᠤᠭᠰᠢᠯᠠᠬᠤ ᠬᠠᠮᠤᠭ᠎ᠤᠨ ᠨᠠᠢᠳᠠᠪᠤᠷᠢᠲᠠᠢ ᠤᠳᠤᠷᠢᠳᠬᠤ ᠬᠦᠴᠦᠨ ᠪᠣᠯᠬᠤ᠎ᠶᠢ ᠠᠷᠠᠳ ᠤᠯᠠᠨ᠎ᠳᠤ ᠦᠨᠡᠨ ᠬᠦ᠌ ᠮᠡᠳᠡᠷᠡᠭᠦᠯᠪᠡ᠃
ᠲᠣᠭ᠎ᠢ ᠡᠷᠭᠦᠨ ᠴᠢᠭᠯᠡᠯ᠎ᠢ ᠲᠣᠭᠲᠠᠭᠠᠵᠤ᠂ ᠵᠠᠯᠠᠭᠤᠷ᠎ᠢ ᠡᠵᠡᠮᠳᠡᠨ ᠠᠶᠠᠯᠠᠯ᠎ᠢ ᠤᠳᠤᠷᠢᠳᠴᠤ᠂ ᠳᠤᠮᠳᠠᠳᠤ ᠤᠯᠤᠰ ᠨᠡᠷᠡᠮᠵᠢᠲᠦ ᠲᠣᠮᠣ᠌ ᠬᠥᠯᠭᠡ ᠣᠩᠭᠣᠴᠠ᠎ᠶᠢᠨ ᠤᠷᠤᠭᠰᠢᠯᠠᠬᠤ ᠴᠢᠭᠯᠡᠯ᠎ᠢ ᠵᠢᠯᠣᠭᠣᠳᠤᠨ᠎ᠠ —
2024 ᠣᠨ᠎ᠤ 7 ᠰᠠᠷ᠎ᠠ᠎ᠶᠢᠨ 18 ᠤ᠋ ᠦᠳᠡ᠎ᠶᠢᠨ ᠬᠣᠢᠨ᠎ᠠ ᠂ ᠨᠢᠵᠢᠭᠢᠨᠡᠭᠰᠡᠨ ᠠᠯᠠᠭ᠎ᠠ ᠲᠡᠰᠢᠯᠲᠡ᠎ᠶᠢᠨ ᠳᠤᠮᠳᠠ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠭᠤᠷᠪᠠᠳᠤᠭᠠᠷ ᠪᠦᠬᠦᠳᠡ ᠬᠤᠷᠠᠯ ᠡᠴᠡ《ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠳᠠᠯ᠎ᠠ ᠪᠡᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠲᠣᠭᠲᠠᠭᠠᠯ》 ᠢ᠋ ᠵᠢᠩᠬᠢᠨᠢ᠎ᠪᠡᠷ ᠪᠠᠲᠤᠯᠠᠪᠠ᠃
ᠡᠨᠡ ᠪᠣᠯ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠭᠤᠷᠪᠠᠳᠤᠭᠠᠷ ᠪᠦᠬᠦᠳᠡ ᠬᠤᠷᠠᠯ ᠡᠴᠡ ᠨᠠᠭᠠᠰᠢᠬᠢ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠦᠭᠰᠡᠨ ᠦᠢᠯᠡᠳᠦᠯᠭᠡ᠎ᠶᠢᠨ ᠦᠷᠭᠦᠯᠵᠢᠯᠡᠯ ᠮᠥᠨ᠂ ᠪᠠᠰᠠ ᠴᠤ᠌ ᠰᠢᠨ᠎ᠡ ᠠᠶᠠᠨ᠎ᠳᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠴᠠᠭ ᠦᠶ᠎ᠡ᠎ᠶᠢᠨ ᠰᠢᠨ᠎ᠡ ᠬᠠᠭᠤᠳᠠᠰᠤ ᠮᠥᠨ᠃
ᠶᠡᠷᠦᠩᠬᠡᠢ ᠱᠦᠵᠢ ᠰᠢ ᠵᠢᠨ ᠫᠢᠩ᠎ᠦᠨ ᠵᠢᠯᠣᠭᠣᠳᠤᠯᠭ᠎ᠠ ᠳᠣᠣᠷ᠎ᠠ᠂ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ ᠠᠵᠢᠯ ᠢᠮᠠᠭᠲᠠ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠴᠢᠭᠯᠡᠯ᠎ᠢᠶᠡᠷ ᠤᠷᠤᠭᠰᠢᠯᠠᠵᠤ᠂ ᠬᠥᠭᠵᠢᠯᠲᠡ ᠲᠠᠪᠰᠢᠯᠳᠠ᠎ᠶᠢᠨ ᠬᠤᠪᠢ ᠵᠠᠶᠠᠭ᠎ᠠ᠎ᠶᠢ ᠥᠪᠡᠷ᠎ᠦᠨ ᠭᠠᠷ᠎ᠲᠠᠭᠠᠨ ᠪᠠᠲᠤ ᠡᠵᠡᠮᠳᠡᠪᠡ᠃
ᠪᠦᠬᠦ ᠲᠠᠯ᠎ᠠ᠎ᠶᠢ ᠡᠵᠡᠮᠳᠡᠵᠦ᠂ ᠡᠯ᠎ᠡ ᠲᠠᠯ᠎ᠠ᠎ᠶᠢ ᠵᠣᠬᠢᠴᠠᠭᠤᠯᠵᠤ᠂ ᠲᠦᠭ ᠲᠦᠮᠡᠨ ᠠᠷᠠᠳ ᠲᠦᠮᠡᠨ᠎ᠢ ᠳᠠᠭᠠᠭᠤᠯᠤᠨ ᠪᠦᠯᠬᠦᠮᠳᠡᠨ ᠲᠡᠮᠡᠴᠡᠪᠡ —
ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠦᠷ ᠳᠠᠯᠠᠢᠴᠠᠲᠠᠢ ᠳᠠᠢᠯᠠᠯᠳᠤᠭᠠᠨ᠎ᠤ ᠲᠠᠯᠠᠪᠤᠷ᠎ᠢ ᠡᠷᠭᠢᠴᠡᠭᠦᠯᠬᠦᠶ᠎ᠡ᠂ ᠨᠠᠮ᠎ᠤᠨ ᠲᠥᠪ ᠬᠣᠷᠢᠶ᠎ᠠ ᠵᠠᠷᠯᠢᠭ᠋ ᠪᠠᠭᠤᠯᠭᠠᠵᠤ᠂ ᠲᠣᠰᠬᠣᠨ᠎ᠳᠤ ᠰᠠᠭᠤᠭ᠎ᠠ 25.5 ᠲᠦᠮᠡᠨ ᠠᠵᠢᠯᠯᠠᠬᠤ ᠠᠩᠭᠢ᠂ 300 ᠭᠠᠷᠤᠢ ᠲᠦᠮᠡᠨ ᠨᠢᠭᠡᠳᠦᠭᠡᠷ ᠱᠦᠵᠢ ᠪᠣᠯᠣᠨ ᠲᠣᠰᠬᠣᠨ᠎ᠳᠤ ᠰᠠᠭᠤᠭ᠎ᠠ ᠺᠠᠳ᠋ᠷ ᠥᠷᠭᠡᠨ ᠤᠯᠠᠨ ᠬᠥᠳᠡᠭᠡ ᠲᠣᠰᠬᠣᠨ᠎ᠤ ᠺᠠᠳ᠋ᠷ᠎ᠲᠠᠢ ᠬᠠᠮᠲᠤ ᠪᠡᠷ ᠭᠠᠪᠰᠢᠭᠠᠢᠯᠠᠨ ᠲᠡᠮᠡᠴᠡᠵᠦ᠂ ᠬᠥᠮᠥᠨ ᠲᠥᠷᠥᠯᠬᠢᠲᠡᠨ᠎ᠦ ᠶᠠᠳᠠᠭᠤ ᠬᠦᠴᠢᠷᠳᠡᠯ᠎ᠢ ᠡᠰᠡᠷᠭᠦᠴᠡᠬᠦ ᠲᠡᠮᠡᠴᠡᠯ᠎ᠦᠨ ᠠᠭᠤᠤ ᠶᠡᠬᠡ ᠲᠤᠤᠯᠢᠰ᠎ᠢ ᠪᠢᠴᠢᠭᠯᠡᠪᠡ᠃
ᠨᠠᠮ᠎ᠤᠨ ᠬᠦᠴᠦᠨ ᠵᠣᠬᠢᠶᠠᠨ ᠪᠠᠢᠭᠤᠯᠤᠯᠲᠠ ᠡᠴᠡ ᠢᠷᠡᠨ᠎ᠠ᠃ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠂ ᠨᠠᠮ᠎ᠤᠨ ᠠᠯᠢᠪᠠ ᠠᠵᠢᠯ᠎ᠢ ᠨᠠᠮ᠎ᠤᠨ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠳᠦ ᠲᠦᠰᠢᠭᠯᠡᠨ ᠪᠡᠶᠡᠯᠡᠭᠦᠯᠬᠦ ᠬᠡᠷᠡᠭᠲᠡᠢ᠃
ᠪᠦᠬᠦ ᠨᠠᠮ ᠪᠦᠬᠦ ᠤᠯᠤᠰ ᠪᠦᠬᠦ ᠨᠡᠢᠭᠡᠮ᠎ᠦᠨ ᠬᠦᠴᠦᠨ᠎ᠢ ᠲᠠᠢ᠍ᠢᠴᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠎ᠲᠠᠢ ᠲᠡᠮᠡᠴᠡᠬᠰᠡᠨᠡᠴᠡ ᠠᠪᠤᠭᠠᠳ ᠲᠣᠮᠣ᠌ ᠤᠯᠤᠰ᠎ᠤᠨ ᠠᠮᠠᠯᠠᠯᠲᠠ᠎ᠪᠠᠨ ᠦᠢᠯᠡᠳᠦᠯᠭᠡᠵᠢᠭᠦᠯᠵᠦ ᠲᠣᠭᠲᠠᠭᠰᠠᠨ ᠬᠤᠭᠤᠴᠠᠭᠠᠨ᠎ᠳᠤ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠂ ᠡᠪᠦᠯ᠎ᠦᠨ ᠤᠯᠠᠷᠢᠯ᠎ᠤᠨ ᠵᠡᠮᠳᠡᠭᠴᠦᠳ᠎ᠦᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠡᠷᠬᠢᠯᠡᠬᠰᠡᠨ ᠬᠦᠷᠲᠡᠯ᠎ᠡ᠂ ᠲᠠᠬᠢᠭᠠᠳ ᠲᠦᠮᠡᠨ ᠤᠯᠠᠨ᠎ᠢᠶᠠᠷ᠎ᠢᠶᠠᠨ ᠲᠡᠮᠦᠷ ᠬᠡᠷᠡᠮ ᠪᠣᠯᠵᠤ ᠭᠠᠵᠠᠷ ᠬᠥᠳᠡᠯᠦᠯᠲᠡ᠎ᠶᠢᠨ ᠭᠠᠮᠰᠢᠭ᠋᠂ ᠦᠶᠡᠷ᠎ᠦᠨ ᠭᠠᠮᠰᠢᠭ᠋᠎ᠲᠠᠢ ᠲᠡᠮᠡᠴᠡᠬᠰᠡᠨ ᠬᠦᠷᠲᠡᠯ᠎ᠡ ᠁
ᠵᠠᠩᠭᠢᠯᠠᠭ᠎ᠠ᠎ᠶᠢᠨ ᠴᠠᠭ ᠮᠥᠴᠡ᠂ ᠴᠢᠬᠤᠯᠠ ᠵᠠᠩᠭᠢᠯᠠᠭ᠎ᠠ᠎ᠶᠢᠨ ᠦᠶ᠎ᠡ ᠪᠣᠯᠬᠤ ᠪᠦᠷᠢ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠲᠥᠪ ᠬᠤᠷᠢᠶ᠎ᠠ᠎ᠶᠢᠨ ᠤᠷᠢᠶᠠᠯᠠᠭ᠎ᠠ᠎ᠶᠢ ᠡᠷᠡᠰ ᠴᠤᠤᠷᠢᠶᠠᠲᠤᠨ ᠲᠠᠭᠠᠵᠥ᠂ ᠲᠠᠢ᠍ᠢᠴᠢᠨ ᠪᠡᠬᠢᠯᠡᠯᠲᠡ᠎ᠶᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠦᠴᠦᠬᠡᠨ ᠴᠤ᠌ ᠲᠠᠳᠠᠭᠠᠯᠵᠠᠬᠤ ᠦᠭᠡᠢ᠎ᠪᠡᠷ ᠴᠡᠭᠡᠵᠢ ᠲᠦᠷᠢᠨ ᠭᠠᠷᠴᠤ᠂ ᠳᠤᠮᠳᠠᠳᠤ ᠤᠯᠤᠰ᠎ᠤᠨ ᠭᠠᠢᠬᠠᠮᠰᠢᠭ᠋ᠤᠳᠢ ᠲᠠᠰᠤᠷᠠᠯᠳᠠ ᠦᠭᠡᠢ ᠡᠭᠦᠳᠦᠨ ᠪᠦᠲᠦᠭᠡᠪᠡ᠃
ᠵᠡᠭᠦᠨ ᠬᠣᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ᠎ᠶᠢ ᠪᠢᠴᠢᠭᠯᠡᠵᠦ᠂ ᠰᠢᠶᠦ᠋ᠩ ᠠᠨ ᠰᠢᠨ᠎ᠡ ᠲᠣᠭᠣᠷᠢᠭ᠋ ᠢᠳᠡᠷᠡᠬᠦᠨ᠎ᠢᠶᠡᠷ ᠦᠰᠦᠨ ᠪᠣᠢᠵᠢᠵᠤ᠂ ᠬᠥᠬᠡᠮᠥ᠋ᠷᠡᠨ᠎ᠦ ᠠᠵᠤ ᠠᠬᠤᠢ᠎ᠶᠢᠨ ᠪᠦᠰᠡ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ ᠵᠣᠷᠢᠭ᠍ᠲᠠᠢ᠎ᠪᠠᠷ ᠤᠷᠤᠰᠬᠠᠯ᠎ᠤᠨ ᠡᠮᠦᠨ᠎ᠡ ᠬᠤᠰᠢᠭᠤᠷᠠᠨ᠎ᠠ ᠁ ᠳᠤᠮᠳᠠᠳᠤ ᠤᠯᠤᠰ᠎ᠤᠨ ᠡᠪ ᠬᠠᠮᠲᠤ ᠨᠠᠮ ᠴᠢᠯᠠᠭᠤᠨ ᠳᠡᠭᠡᠷ᠎ᠡ ᠭᠢᠰᠬᠢᠪᠡᠯ ᠮᠥᠷ᠎ᠲᠠᠢ᠂ ᠲᠡᠮᠦᠷ ᠪᠠᠷᠢᠪᠠᠯ ᠤᠷᠤᠮ᠎ᠲᠠᠢ᠂ ᠴᠠᠭ ᠦᠶ᠎ᠡ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ᠂ ᠲᠡᠮᠡᠴᠡᠯ᠎ᠦᠨ ᠢᠷᠠᠭᠤ ᠬᠠᠭᠤᠳᠠᠰᠤ᠎ᠵᠢ ᠪᠢᠴᠢᠭᠯᠡᠵᠤ᠂ ᠠᠯᠬᠤᠮ ᠠᠯᠬᠤᠮ᠎ᠢᠶᠡᠷ ᠠᠤᠭ᠎ᠠ ᠵᠢᠷᠤᠭ ᠲᠥᠰᠥᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠪᠠ᠃
《ᠨᠠᠮ᠎ᠤᠨ ᠤᠳᠤᠷᠢᠳᠤᠯᠭ᠎ᠠ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠲᠠᠯ᠎ᠠ ᠪᠦᠬᠦ ᠶᠠᠪᠤᠴᠠ᠎ᠳᠤ ᠨᠠᠢᠳᠠᠪᠤᠷᠢᠵᠢᠭᠤᠯᠬᠤ ᠬᠡᠷᠡᠭᠲᠡᠢ》
2026 ᠣᠨ᠎ᠤ 1 ᠰᠠᠷ᠎ᠠ᠎ᠶᠢᠨ 20 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠮᠤᠵᠢ ᠶᠠᠮᠤᠨ᠎ᠤ ᠲᠠᠰ᠎ᠤᠨ ᠭᠣᠣᠯ ᠤᠳᠤᠷᠢᠳᠬᠤ ᠺᠠᠳ᠋ᠷᠴᠤᠳ᠎ᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠶᠢᠨ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
《ᠵᠠᠩᠭᠢᠯᠠᠭ᠎ᠠ᠎ᠶᠢᠨ ᠴᠥᠭᠡᠨ ᠲᠣᠭᠠᠲᠠᠨ》᠎ᠳ᠋ᠤ᠌ ᠬᠠᠨᠳᠤᠨ᠂ ᠶᠡᠷᠦᠩᠬᠡᠢ ᠱᠦᠵᠢ᠄ 《ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠨ ᠬᠡᠷᠡᠭᠵᠢᠭᠦᠯᠬᠦ᠎ᠪᠡᠷ ᠳᠠᠮᠵᠢᠨ᠂ ᠨᠠᠮ᠎ᠤᠨ ᠵᠣᠷᠢᠯᠲᠠ᠎ᠶᠢ ᠤᠯᠤᠰ᠎ᠤᠨ ᠵᠣᠷᠢᠭ᠋ ᠰᠠᠨᠠᠭ᠎ᠠ ᠪᠣᠯᠭᠠᠨ ᠤᠨᠳᠤᠤᠰᠢᠭᠤᠯᠵᠤ᠂ ᠪᠦᠬᠦ ᠨᠡᠢᠭᠡᠮ᠎ᠦᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠪᠦᠬᠦ ᠠᠷᠠᠳ᠎ᠤᠨ ᠲᠡᠮᠡᠴᠡᠯ᠎ᠦᠨ ᠬᠦᠴᠦᠨ᠎ᠢ ᠬᠥᠭᠵᠢᠭᠡᠵᠦ᠂ ᠨᠠᠮ᠎ᠤᠨ ᠤᠳᠤᠷᠢᠳᠤᠯᠭ᠎ᠠ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠡᠯ᠎ᠡ ᠲᠠᠯ᠎ᠠ ᠪᠦᠬᠦ ᠶᠠᠪᠤᠴᠠ᠎ᠳᠤ ᠨᠠᠢᠳᠠᠪᠤᠷᠢᠵᠢᠭᠤᠯᠬᠤ ᠬᠡᠷᠡᠭᠳᠡᠢ》ᠭᠡᠵᠦ ᠦᠭᠡ ᠦᠨᠡᠨᠴᠢ ᠰᠡᠳᠬᠢᠯᠭᠡ ᠬᠦᠨ ᠬᠡᠯᠡᠪᠡ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠶᠢᠨ ᠰᠠᠭᠤᠷᠢ᠎ᠶᠢ ᠪᠡᠬᠢᠵᠢᠭᠦᠯᠬᠦ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭ᠎ᠠ ᠮᠥᠨ᠃ ᠡᠭᠦᠷᠭᠡ ᠬᠡᠳᠦᠢ ᠬᠦᠨᠳᠦ ᠪᠣᠯᠬᠤ ᠲᠤᠳᠤᠮ ᠨᠠᠮ᠎ᠤᠨ ᠤᠳᠤᠷᠢᠳᠤᠯᠭ᠎ᠠ᠎ᠶᠢ ᠤᠯᠠᠮ ᠴᠢᠩᠭᠠᠳᠬᠠᠵᠤ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ᠎ᠳᠤ ᠡᠩ ᠲᠡᠷᠢᠭᠦᠨ᠎ᠳᠦ ᠨᠠᠮ᠎ᠤᠨ ᠲᠥᠪ ᠬᠤᠷᠢᠶ᠎ᠠ᠎ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠬᠡᠷᠡᠭᠲᠡᠢ᠂ ᠡᠨᠡ ᠪᠣᠯ ᠨᠠᠮ᠎ᠤᠨ ᠤᠳᠤᠷᠢᠳᠤᠯᠭ᠎ᠠ᠎ᠶᠢᠨ ᠬᠠᠮᠤᠭ᠎ᠤᠨ ᠳᠡᠭᠡᠳᠦ ᠵᠠᠷᠴᠢᠮ ᠮᠥᠨ᠂ ᠶᠠᠮᠠᠷᠪᠠ ᠦᠶ᠎ᠡ ᠶᠠᠮᠠᠷᠪᠠ ᠪᠠᠢᠳᠠᠯ ᠳᠣᠣᠷ᠎ᠠ ᠭᠡᠰᠡᠨ ᠴᠤ᠌ ᠴᠥᠮ ᠬᠠᠰᠢ ᠶᠠᠰᠢ ᠪᠠᠢᠵᠤ ᠪᠣᠯᠬᠤ ᠦᠭᠡᠢ᠂ ᠭᠤᠢᠪᠢᠯᠵᠠᠵᠤ ᠪᠣᠯᠬᠤ ᠦᠭᠡᠢ᠃
ᠨᠠᠮ᠎ᠤᠨ ᠲᠥᠷᠥ ᠪᠠᠷᠢᠬᠤ ᠴᠢᠳᠠᠪᠤᠷᠢ ᠪᠠ ᠤᠳᠤᠷᠢᠳᠬᠤ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠬᠦ ᠬᠡᠷᠡᠭᠳᠡᠢ —
《〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠬᠤᠭᠤᠴᠠᠭᠠᠨ᠎ᠤ ᠬᠠᠷᠠᠯᠲᠠ ᠡᠭᠦᠷᠭᠡ᠎ᠶᠢ ᠤᠷᠤᠭᠰᠢᠲᠠᠢ ᠪᠡᠶᠡᠯᠡᠭᠦᠯᠵᠦ ᠳᠡᠶ᠋ᠢᠯᠬᠦ ᠡᠰᠡᠬᠦ᠎ᠳᠦ ᠨᠠᠮ ᠡᠴᠡ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠤᠳᠤᠷᠢᠳᠬᠤ ᠴᠢᠳᠠᠪᠤᠷᠢ ᠪᠣᠯᠣᠨ ᠲᠦᠪᠰᠢᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠦᠵᠡᠭᠦᠯᠦᠨ᠎ᠠ᠂ ᠪᠦᠬᠦ ᠨᠠᠮ᠎ᠢᠶᠠᠷ᠎ᠢᠶᠠᠨ ᠡᠨᠡ ᠲᠠᠯ᠎ᠠ᠎ᠪᠠᠷ ᠶᠡᠬᠡ ᠬᠦᠴᠦ ᠣᠷᠣᠭᠤᠯᠬᠤ ᠬᠡᠷᠡᠭᠲᠡᠢ》᠃ ᠶᠡᠷᠦᠩᠬᠡᠢ ᠱᠦᠵᠢ ᠰᠢ ᠵᠢᠨ ᠫᠢᠩ᠎ᠦᠨ ᠦᠭᠡ ᠳᠤᠪᠴᠢ ᠠᠪᠰᠠᠷᠬᠠᠨ ᠠᠳᠠᠯ᠎ᠠ ᠤᠳᠬ᠎ᠠ ᠬᠦᠨᠵᠡᠬᠡᠢ ᠪᠠᠢᠵᠤ ᠠᠯᠤᠰ ᠬᠡᠳᠤ ᠵᠢᠨ ᠠᠴᠢ ᠬᠤᠯᠪᠤᠬᠳᠠᠯ ᠲᠠᠢ ᠪᠢᠯᠡ᠃
ᠰᠢᠨ᠎ᠡ ᠠᠶᠠᠨ᠎ᠳᠤ᠂ ᠨᠠᠮ᠎ᠤᠨ ᠭᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠳᠠᠪᠤᠷᠢ᠂ ᠤᠯᠠᠨ ᠲᠦᠮᠡᠨ᠎ᠳᠦ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠴᠢᠳᠠᠪᠤᠷᠢ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠮᠡᠴᠡᠯ᠎ᠦᠨ ᠵᠣᠷᠢᠭ᠋ ᠰᠠᠨᠠᠭ᠎ᠠ ᠪᠣᠯᠣᠨ ᠲᠡᠮᠡᠴᠡᠯ᠎ᠦᠨ ᠴᠢᠳᠠᠪᠤᠷᠢ᠎ᠶᠢ ᠪᠤᠢ ᠪᠣᠯᠭᠠᠬᠤ᠎ᠶᠢ ᠴᠢᠩᠭᠠᠳᠬᠠᠵᠤ᠂ ᠵᠣᠷᠢᠭ᠍ᠲᠠᠢ᠎ᠪᠠᠷ ᠤᠷᠤᠭᠰᠢᠯᠠᠨ ᠲᠠᠪᠰᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠴᠤᠭ ᠵᠣᠷᠢᠭ᠋᠎ᠢᠶᠠᠨ ᠪᠠᠳᠠᠷᠠᠭᠤᠯᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ ᠳᠤᠮᠳᠠ ᠠᠵᠢᠯ ᠦᠢᠯᠡᠰ᠎ᠦᠨ ᠬᠥᠭᠵᠢᠯᠲᠡ᠎ᠶᠢᠨ ᠰᠢᠨ᠎ᠡ ᠣᠷᠣᠨ ᠵᠠᠢ᠎ᠶᠢ ᠨᠡᠭᠡᠭᠡᠬᠦ ᠬᠡᠷᠡᠭᠲᠡᠢ᠃
ᠥᠪᠡᠷ ᠪᠡᠶ᠎ᠡ᠎ᠶᠢᠨ ᠬᠤᠪᠢᠰᠬᠠᠯ ᠬᠢᠬᠦ ᠵᠣᠷᠢᠭ᠋ ᠰᠠᠨᠠᠭ᠎ᠠ᠎ᠪᠠᠷ ᠨᠡᠩ ᠪᠠᠲᠤ ᠴᠢᠩᠭ᠎ᠠ ᠬᠦᠴᠦᠨ᠎ᠲᠠᠢ ᠨᠠᠮ ᠢ᠋ ᠳᠠᠪᠲᠠᠨ ᠪᠣᠯᠪᠠᠰᠤᠷᠠᠭᠤᠯᠤᠨ᠎ᠠ —
ᠣᠳᠣᠬᠠᠨ᠎ᠳᠤ᠂ ᠪᠦᠬᠦ ᠨᠠᠮ᠎ᠢᠶᠠᠷ᠎ᠢᠶᠠᠨ ᠶᠠᠭ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ᠄《ᠪᠣᠳᠠᠲᠠᠢ ᠡᠴᠡ ᠡᠭᠦᠰᠬᠦ᠎ᠶᠢ ᠪᠠᠷᠢᠮᠲᠠᠯᠠᠵᠤ᠂ ᠵᠢᠮ᠎ᠡ ᠶᠣᠰᠣ᠌᠎ᠪᠠᠷ ᠠᠵᠢᠯᠯᠠᠵᠤ᠂ ᠤᠬᠠᠮᠰᠠᠷ ᠡᠴᠡ᠎ᠪᠠᠨ ᠠᠷᠠᠳ ᠲᠦᠮᠡᠨ ᠤ᠋ ᠲᠦᠯᠦᠭᠡ ᠵᠠᠰᠠᠭ᠎ᠤᠨ ᠠᠵᠢᠯ᠎ᠤᠨ ᠪᠦᠳᠦᠮᠵᠢ ᠭᠠᠷᠭᠠᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ ᠬᠡᠷᠡᠭᠲᠡᠢ》ᠭᠡᠵᠦ ᠴᠢᠩ ᠰᠡᠳᠬᠢᠯ᠎ᠤᠨ ᠬᠦᠰᠡᠯ ᠨᠠᠢᠳᠠᠯᠭ᠎ᠠ ᠳᠠᠯᠪᠢᠪᠠ᠃
ᠬᠠᠮᠤᠭ᠎ᠤᠨ ᠬᠠᠲᠠᠭᠤ ᠲᠡᠮᠦᠷ᠎ᠢ ᠳᠠᠪᠳᠠᠬᠤ᠎ᠳᠦ ᠦᠪᠡᠷ᠎ᠢᠶᠡᠨ ᠲᠡᠮᠦᠷ ᠰᠢᠭ ᠪᠦᠭᠡ ᠪᠠᠢᠬᠤ ᠬᠡᠷᠡᠭᠳᠡᠢ᠃ ᠭᠠᠭᠴᠠ ᠬᠦ᠌ ᠨᠠᠮ᠎ᠢᠶᠠᠨ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠨ ᠪᠠᠢᠭᠤᠯᠪᠠᠯ ᠰᠠᠶᠢ ᠨᠠᠮ᠎ᠤᠨ ᠤᠳᠤᠷᠢᠳᠬᠤ ᠭᠣᠣᠯᠯᠠᠭ᠍ᠴᠢ᠎ᠶᠢᠨ ᠪᠠᠢᠷᠢ ᠰᠠᠭᠤᠷᠢ᠎ᠶᠢ ᠪᠡᠬᠢᠵᠢᠭᠦᠯᠵᠦ᠂ ᠰᠢᠨ᠎ᠡ ᠰᠢᠯᠭᠠᠯᠲᠠ᠎ᠶᠢᠨ ᠵᠠᠮ ᠳᠡᠭᠡᠷ᠎ᠡ ᠲᠡᠦᠬᠡ ᠪᠣᠯᠣᠨ ᠠᠷᠠᠳ ᠲᠦᠮᠡᠨ᠎ᠳᠦ ᠰᠢᠯᠢᠳᠡᠭ ᠬᠠᠷᠢᠭᠤᠯᠲᠠ᠎ᠶᠢᠨ ᠬᠠᠭᠤᠳᠠᠰᠤ ᠵᠢ ᠲᠤᠰᠢᠶᠠᠵᠤ ᠴᠢᠳᠠᠨ᠎ᠠ᠃
ᠢᠷᠠᠭᠤ ᠠᠯᠳᠠᠷ ᠪᠠ ᠬᠦᠰᠡᠯ ᠵᠡᠭᠦᠳᠦ ᠪᠢᠯᠬᠠᠭᠰᠠᠨ ᠠᠶᠠᠨ᠎ᠳᠦ ᠮᠣᠷᠳᠠᠵᠤ᠂ ᠨᠠᠮ᠎ᠤᠨ ᠤᠳᠤᠷᠢᠳᠤᠯᠭ᠎ᠠ ᠭᠡᠬᠦ ᠡᠨᠡ ᠬᠦ᠌ ᠬᠠᠮᠤᠭ᠎ᠤᠨ ᠮᠥᠨ ᠴᠢᠨᠠᠷ᠎ᠤᠨ ᠣᠨᠴᠠᠯᠢᠭ᠋᠎ᠢ ᠰᠠᠢᠲᠤᠷ ᠪᠠᠷᠢᠮᠲᠠᠯᠠᠵᠤ᠂ ᠡᠨᠡ ᠬᠦ᠌ ᠬᠠᠮᠤᠭ᠎ᠤᠨ ᠶᠡᠬᠡ ᠳᠠᠪᠠᠭᠤᠯᠢᠭ᠋᠎ᠢ ᠰᠠᠢᠲᠤᠷ ᠪᠠᠳᠠᠷᠠᠭᠤᠯᠪᠠᠯ᠂ ᠯᠠᠪᠲᠠᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠵᠠᠮ ᠳᠡᠭᠡᠷ᠎ᠡ ᠰᠢᠨ᠎ᠡ ᠲᠡᠦᠬᠡ᠎ᠶᠢᠨ ᠠᠭᠤᠤ ᠦᠢᠯᠡᠰ᠎ᠢ ᠪᠦᠳᠦᠬᠡᠵᠤ᠂ ᠨᠡᠩ ᠶᠡᠬᠡ ᠰᠢᠨ᠎ᠡ ᠢᠯᠠᠯᠲᠠ᠎ᠶᠢ ᠣᠯᠵᠤ ᠴᠢᠳᠠᠨ᠎ᠠ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 6 ᠰᠠᠷ᠎ᠠ᠎ᠶᠢᠨ 16 ᠤ᠋ ᠴᠠᠬᠢᠯᠭᠠᠨ ᠮᠡᠳᠡᠭᠡ ᠡᠴᠡ)