︱ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠴᠦᠯᠯᠡᠷᠭᠡᠭᠵᠢᠯ᠎ᠢ ᠵᠠᠰᠠᠬᠤ ᠠᠵᠢᠯ᠎ᠢ ᠬᠥᠲᠥᠯᠥᠨ ᠳᠠᠭᠠᠭᠤᠯᠤᠨ᠎ᠠ
6 ᠰᠠᠷ᠎ᠠ᠎ᠶᠢᠨ 17᠎ᠤ᠋ ᠡᠳᠦᠷ ᠪᠣᠯ ᠳᠡᠯᠡᠬᠡᠢ᠎ᠶᠢᠨ ᠴᠦᠯᠯᠡᠷᠬᠡᠭᠵᠢᠯ ᠪᠠ ᠭᠠᠩ ᠬᠠᠭᠰᠠᠷᠠᠭᠠᠨ᠎ᠢ ᠰᠡᠷᠭᠡᠢᠯᠡᠨ ᠵᠠᠰᠠᠬᠤ ᠡᠳᠦᠷ ᠪᠣᠯᠣᠨ᠎ᠠ᠃
ᠶᠡᠷᠦᠩᠬᠡᠢ ᠱᠦᠵᠢ ᠰᠢ᠎ᠶᠢᠨ ᠫᠢᠩ᠂ ᠬᠥᠮᠥᠨ ᠲᠥᠷᠥᠯᠬᠢᠲᠡᠨ ᠨᠡᠩ ᠰᠠᠢᠲᠤᠷ ᠣᠷᠣᠰᠢᠨ ᠲᠣᠭᠲᠠᠨᠢᠵᠤ ᠬᠥᠭᠵᠢᠶ᠎ᠡ ᠭᠡᠪᠡᠯ ᠡᠷᠬᠡᠪᠰᠢ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ 2023 ᠣᠨ᠎ᠳᠤ᠂ ᠶᠡᠷᠦᠩᠬᠡᠢ ᠱᠦᠵᠢ ᠰᠢ᠎ᠶᠢᠨ ᠫᠢᠩ ᠴᠦᠯᠯᠡᠷᠬᠡᠭᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶᠢ ᠴᠢᠩᠭᠠᠳᠬᠠᠬᠤ ᠪᠠ《ᠤᠮᠠᠷᠠᠲᠤ᠎ᠶᠢᠨ ᠭᠤᠷᠪᠠᠨ ᠣᠷᠣᠨ》ᠵᠡᠷᠭᠡ ᠭᠣᠣᠯᠳᠠᠯᠭ᠎ᠠ᠎ᠲᠠᠢ ᠠᠮᠢ ᠠᠬᠤᠢ᠎ᠶᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ 10 ᠵᠢᠯ ᠰᠢᠬᠠᠮ᠎ᠤᠨ ᠬᠤᠭᠤᠴᠠᠭ᠎ᠠ᠎ᠶᠢ ᠬᠡᠷᠡᠭᠯᠡᠵᠤ 《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠬᠢᠵᠦ᠂《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠪᠦᠷᠢᠨ ᠴᠢᠳᠠᠮᠵᠢ᠎ᠲᠠᠢ᠂ ᠡᠪᠳᠡᠷᠡᠰᠢ ᠦᠭᠡᠢ ᠪᠠᠲᠤ ᠪᠡᠬᠢ ᠤᠮᠠᠷᠠᠲᠤ ᠬᠢᠯᠢ᠎ᠶᠢᠨ ᠨᠤᠮᠢᠨ ᠨᠤᠭᠤᠭᠠᠨ ᠤᠷᠳᠤ ᠴᠠᠭᠠᠨ ᠬᠡᠷᠡᠮ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠣᠯᠭᠠᠬᠤ᠎ᠪᠠᠷ ᠴᠢᠷᠮᠠᠢᠬᠤ ᠬᠡᠷᠡᠭᠲᠡᠢ ᠭᠡᠵᠦ ᠴᠢᠬᠤᠯᠠᠴᠢᠯᠠᠪᠠ᠃
《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ ᠡᠬᠢᠯᠡᠭᠰᠡᠨ᠎ᠡᠴᠡ ᠨᠠᠭᠠᠰᠢ᠂ ᠨᠡᠢ᠍ᠢᠳᠡ 544 ᠭᠣᠣᠯᠳᠠᠯᠭ᠎ᠠ᠎ᠲᠠᠢ ᠲᠦᠷᠦᠯ ᠵᠦᠢᠯ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ᠂ 2.44 ᠳ᠋ᠦᠩᠰᠢᠭᠤᠷ ᠮᠦ᠍ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠪᠡᠶᠡᠯᠡᠭᠦᠯᠵᠦ᠂《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠲᠡᠦᠬᠡᠨ ᠳᠡᠭᠡᠷᠡᠬᠢ ᠠᠬᠢᠭᠤᠯᠬᠤ ᠡᠷᠴᠢᠮ᠎ᠢᠶᠡᠷ ᠬᠠᠮᠤᠭ᠎ᠤᠨ ᠶᠡᠬᠡ ᠴᠠᠭ ᠬᠤᠭᠤᠴᠠᠭ᠎ᠠ ᠪᠣᠯᠵᠠᠢ᠃ ᠣᠳᠣᠬᠠᠨ᠎ᠳᠤ᠂ ᠬᠣᠷᠴᠢᠨ᠎ᠤ ᠡᠯᠡᠰᠦᠷᠬᠡᠭ ᠭᠠᠵᠠᠷ᠎ᠲᠤ ᠡᠪᠡᠰᠦᠯᠢᠭ ᠤᠷᠭᠤᠮᠠᠯ᠎ᠢᠶᠡᠷ ᠭᠤᠤᠯ ᠪᠤᠯᠭᠠᠵᠤ ᠲᠤᠷᠤᠭ ᠮᠣᠳᠣ ᠡᠨᠳᠡ ᠲᠡᠨᠳᠡ ᠤᠷᠭᠤᠭᠰᠠᠨ ᠲᠠᠯ᠎ᠠ ᠨᠤᠲᠤᠭ᠎ᠤᠨ ᠥᠩᠭᠡ ᠦᠵᠡᠮᠵᠢ ᠲᠠᠬᠢᠨ ᠢᠯᠡᠷᠡᠵᠦ᠂ ᠳᠤᠮᠳᠠ ᠬᠡᠰᠡᠭ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠣᠷᠣᠨ᠎ᠤ ᠬᠠᠳᠤᠨ ᠭᠣᠣᠯ᠎ᠤᠨ ᠡᠷᠭᠢ᠎ᠶᠢᠨ ᠱᠤᠭᠤᠮᠲᠠᠭᠠᠤ ᠨᠡᠭᠦᠳᠡᠯ ᠡᠯᠡᠰᠦ᠎ᠶᠢ ᠵᠠᠰᠠᠬᠤ ᠠᠵᠢᠯ ᠪᠦᠬᠦ ᠲᠠᠯ᠎ᠠ᠎ᠪᠠᠷ ᠠᠬᠢᠵᠤ᠂ ᠪᠠᠷᠠᠭᠤᠨ ᠬᠡᠰᠡᠭ᠎ᠦᠨ ᠭᠠᠵᠠᠷ ᠣᠷᠣᠨ᠎ᠤ ᠬᠥᠪᠡᠭᠡ ᠵᠠᠬ᠎ᠠ ᠵᠢ ᠡᠮᠵᠢᠶᠡᠷᠢᠯᠡᠨ ᠲᠤᠬᠳᠠᠭᠠᠬᠤ 《ᠨᠣᠭᠣᠭᠠᠨ ᠬᠦᠵᠦᠭᠦᠪᠴᠢ》 ᠲᠠᠰᠤᠷᠠᠯᠳᠡ ᠦᠭᠡᠢ ᠨᠢᠭ᠍ᠲᠠ ᠵᠤᠵᠠᠭᠠᠨ ᠪᠣᠯᠪᠠ ᠁
《ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ ᠪᠣᠯ ᠨᠢᠭᠡᠨ ᠤᠷᠲᠤ ᠬᠤᠭᠤᠴᠠᠭᠠᠨ᠎ᠤ ᠲᠡᠦᠬᠡᠲᠦ ᠡᠭᠦᠷᠭᠡ ᠮᠥᠨ》
ᠨᠢᠩᠰᠢᠶᠠ᠎ᠶᠢᠨ ᠵᠦᠩ ᠸᠧᠢ ᠬᠤᠳᠠ᠎ᠶᠢᠨ ᠡᠯᠡᠰᠦ᠎ᠶᠢ ᠲᠣᠭᠲᠠᠪᠤᠷᠢᠵᠢᠭᠤᠯᠵᠤ ᠬᠦᠪᠡᠭᠡ᠎ᠶᠢ ᠡᠮᠵᠢᠶᠡᠷᠢᠯᠡᠨ ᠲᠤᠭᠲᠠᠭᠠᠬᠤ ᠢᠨᠵᠧᠨᠧᠷᠢᠩ᠎ᠦᠨ ᠲᠣᠭᠣᠷᠢᠭ᠋᠎ᠲᠤ ᠣᠷᠣᠬᠤ᠎ᠳᠤ᠂ ᠬᠡᠰᠡᠭ ᠬᠡᠰᠡᠭ ᠡᠪᠡᠰᠦᠨ ᠳᠥᠷᠪᠡᠯᠵᠢᠬᠡᠰᠦ ᠵᠢᠨ ᠳᠣᠲᠣᠷ᠎ᠠ᠂ ᠬᠠᠷᠭᠠᠨ᠎ᠠ᠂ ᠳᠠᠯᠠᠨ ᠬᠠᠯᠢᠰᠦ᠂ ᠲᠤᠷᠯᠤᠭ ᠵᠡᠷᠭᠡ ᠡᠯᠡᠰᠦᠨ᠎ᠦ ᠤᠷᠭᠤᠮᠠᠯ ᠮᠠᠰᠢ ᠰᠠᠢᠨ ᠤᠷᠭᠤᠵᠠᠢ᠃
ᠥᠨᠳᠥᠷ ᠣᠭᠲᠠᠷᠭᠤᠢ᠎ᠡᠴᠡ ᠥᠩᠭᠡᠢᠨ ᠬᠠᠷᠠᠬᠤ᠎ᠳᠤ᠂ ᠴᠢ ᠯᠢᠶᠠᠨ ᠱᠠᠨ ᠠᠭᠤᠯᠠ ᠪᠣᠯᠣᠨ ᠾᠧ ᠯᠠᠨ ᠱᠠᠨ《ᠬᠣᠶᠠᠷ ᠠᠭᠤᠯᠠ ᠡᠯᠡᠰᠦ ᠵᠢ ᠬᠠᠪᠴᠢᠭᠰᠠᠨ》 ᠵᠠᠩᠭᠢᠯᠠᠭ᠎ᠠ᠎ᠶᠢᠨ ᠴᠡᠭ᠎ᠢ ᠪᠠᠲᠤ ᠰᠠᠬᠢᠵᠤ ᠪᠠᠢᠭ᠎ᠠ ᠵᠦᠩ ᠸᠸᠢ ᠬᠤᠳᠠ ᠪᠣᠯ ᠲᠡᠭᠷᠢ ᠡᠯᠡᠰᠦᠨ᠎ᠤ ᠵᠡᠭᠦᠨᠰᠢ ᠪᠠᠨ ᠥᠷᠭᠡᠵᠢᠨ ᠲᠡᠯᠡᠷᠡᠬᠦ ᠴᠣᠷ᠎ᠤᠨ ᠭᠠᠭᠴᠠ ᠭᠠᠷᠬᠤ ᠡᠭᠦᠳᠡ ᠪᠣᠯᠣᠨ᠎ᠠ᠃ ᠨᠢᠳᠤᠨᠤᠨ᠂ ᠨᠢᠩᠰᠢᠶᠠ᠎ᠶᠢᠨ ᠬᠢᠯᠢ ᠳᠣᠲᠣᠷᠠᠬᠢ ᠲᠡᠭᠷᠢ ᠡᠯᠡᠰᠦᠨ᠎ᠤ ᠡᠯᠡᠰᠦ᠎ᠶᠢ ᠲᠣᠭᠲᠠᠪᠤᠷᠢᠵᠢᠭᠤᠯᠵᠤ ᠬᠦᠪᠡᠭᠡ᠎ᠶᠢ ᠡᠮᠵᠢᠶᠡᠷᠢᠯᠡᠨ ᠲᠤᠭᠲᠠᠭᠠᠬᠤ ᠢᠨᠵᠧᠨᠧᠷᠢᠩ᠎ᠢ ᠪᠦᠬᠦ ᠱᠤᠭᠤᠮ᠎ᠢᠶᠠᠷ ᠨᠠᠪᠲᠠᠷᠡᠭᠦᠯᠵᠦ᠂ ᠤᠷᠳᠦ ᠪᠡᠷ᠎ᠢᠶᠡᠨ153 ᠺᠢᠯᠤᠮᠸᠲᠷ᠂ ᠥᠷᠭᠡᠨ᠎ᠢᠶᠡᠷ᠎ᠢᠶᠡᠨ 10 ᠡᠴᠡ 38 ᠺᠢᠯᠤᠮᠸᠲᠷ᠎ᠤᠨ ᠡᠯᠡᠰᠦ᠎ᠶᠢ ᠲᠣᠭᠲᠠᠪᠤᠷᠢᠵᠢᠭᠤᠯᠵᠤ ᠬᠦᠪᠡᠭᠡ᠎ᠶᠢ ᠡᠮᠵᠢᠶᠡᠷᠢᠯᠡᠨ ᠲᠤᠭᠲᠠᠭᠠᠬᠤ ᠪᠦᠰᠡ᠎ᠶᠢ ᠪᠦᠷᠢᠯᠳᠦᠭᠦᠯᠪᠡ᠃
《ᠣᠢᠵᠢᠭᠤᠯᠤᠯᠲᠠᠳ᠋ᠤ 〈ᠭᠤᠷᠪᠠᠨ ᠬᠤᠪᠢ᠎ᠨᠢ ᠳᠠᠷᠢᠵᠤ᠂ ᠲᠤᠯᠤᠭᠠᠨ ᠬᠤᠪᠢ ᠨᠢ ᠬᠠᠮᠢᠶᠠᠷᠬᠤ ᠳ᠋ᠤ ᠪᠤᠢ〉᠂ ᠡᠯᠡᠰᠦ ᠵᠢ ᠵᠠᠰᠠᠬᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠬᠤᠭᠤᠴᠠᠭ᠎ᠠ ᠨᠢ 4 ᠵᠢᠯ ᠪᠣᠯᠣᠨ᠎ᠠ᠂ ᠨᠢᠳᠤᠨᠤᠨ ᠵᠠᠰᠠᠵᠤ ᠳᠠᠭᠤᠰᠬᠠᠭᠠᠳ ᠪᠠᠰᠠ 3 ᠵᠢᠯ᠎ᠦᠨ ᠬᠠᠮᠢᠶᠠᠷᠤᠨ ᠬᠠᠮᠠᠭᠠᠯᠠᠬᠤ ᠬᠤᠭᠤᠴᠠᠭ᠎ᠠ ᠪᠠᠢᠨ᠎ᠠ᠂ ᠪᠣᠳᠠ ᠮᠣᠳᠣᠨ᠎ᠤ ᠡᠳᠡᠭᠡᠷᠡᠯᠲᠡ᠎ᠶᠢᠨ ᠨᠣᠷᠮ᠎ᠠ ᠨᠢ 75% ᠶ᠋ᠢ ᠳᠠᠪᠠᠵᠤ᠂ ᠡᠪᠡᠰᠦᠨ ᠲᠦᠷᠪᠡᠯᠵᠢᠬᠡᠰᠦ ᠵᠢᠨ ᠬᠠᠳᠠᠭᠠᠯᠠᠯᠲᠠ᠎ᠶᠢᠨ ᠨᠣᠷᠮ᠎ᠠ ᠨᠢ 70% ᠶ᠋ᠢ ᠳᠠᠪᠠᠪᠠᠯ ᠰᠠᠶᠢ ᠰᠢᠯᠭᠠᠨ ᠪᠠᠢᠴᠠᠭᠠᠯᠲᠠ᠎ᠳᠤ ᠬᠢᠷᠢ ᠲᠡᠩᠴᠡᠵᠦ ᠴᠢᠳᠠᠨ᠎ᠠ》᠃ ᠵᠥᠩ ᠸᠧᠢ ᠬᠣᠲᠠ᠎ᠶᠢᠨ ᠤᠯᠤᠰ᠎ᠤᠨ ᠥᠮᠴᠢᠯᠡᠯ᠎ᠦᠨ ᠣᠶ ᠰᠢᠭᠤᠢ᠎ᠶᠢᠨ ᠶᠡᠷᠦᠩᠬᠡᠢ ᠲᠠᠯᠠᠪᠠᠶ᠎ᠶᠢᠨ ᠳᠡᠳ᠋ ᠳᠠᠷᠤᠭ᠎ᠠ ᠪᠠᠢ ᠱᠣᠸ᠋ ᠠᠨ ᠰᠤᠷᠪᠤᠯᠵᠢᠯᠠᠭ᠍ᠴᠢ᠎ᠳᠤ᠂《ᠵᠠᠰᠠᠯᠲᠠ᠎ᠶᠢᠨ ᠦᠷ᠎ᠡ ᠪᠦᠲᠦᠮᠵᠢ᠎ᠶᠢ ᠪᠡᠬᠢᠵᠢᠭᠦᠯᠦᠨ ᠳᠡᠭᠡᠭᠰᠢᠯᠡᠭᠦᠯᠬᠦ᠎ᠶᠢᠨ ᠲᠥᠯᠥᠭᠡ᠂ ᠡᠨᠡ ᠵᠢᠯ᠎ᠦᠨ ᠬᠠᠪᠤᠷ᠎ᠤᠨ ᠤᠯᠠᠷᠢᠯ᠎ᠳᠤ ᠪᠢᠳᠡ ᠵᠠᠰᠠᠯᠲᠠ᠎ᠶᠢᠨ ᠣᠷᠣᠨ᠎ᠳᠤ ᠨᠥᠬᠥᠵᠦ ᠳᠠᠷᠢᠭ᠍ᠰᠠᠨ ᠪᠣᠯᠬᠣᠷ ᠤᠷᠭᠤᠮᠠᠯ᠎ᠤᠨ ᠬᠤᠴᠢᠯᠭ᠎ᠠ᠎ᠶᠢᠨ ᠤᠷᠭᠤᠴᠠ᠎ᠶᠢᠨ ᠪᠠᠢᠳᠠᠯ ᠮᠠᠰᠢ ᠰᠠᠢᠨ ᠪᠠᠢᠨ᠎ᠠ》ᠭᠡᠪᠡ᠃
ᠮᠠᠨ᠎ᠤ ᠤᠯᠤᠰ ᠪᠣᠯ ᠳᠡᠯᠡᠬᠡᠢ ᠳᠡᠭᠡᠷᠡᠬᠢ ᠴᠦᠯᠯᠡᠷᠬᠡᠭᠵᠢᠯ᠎ᠢᠶᠡᠷ ᠬᠠᠮᠤᠭ᠎ᠤᠨ ᠬᠦᠨᠳᠦ ᠨᠣᠴᠢᠲᠠᠢ ᠤᠯᠤᠰ᠎ᠤᠨ ᠨᠢᠭᠡ ᠮᠥᠨ᠃ ᠴᠦᠯᠯᠡᠷᠭᠡᠭᠵᠢᠭᠰᠡᠨ ᠭᠠᠵᠠᠷ ᠰᠢᠷᠣᠢ ᠨᠢ ᠭᠣᠣᠯᠳᠠᠭᠤ ᠤᠮᠠᠷᠠᠲᠦ ᠵᠢᠨ ᠭᠤᠷᠪᠠᠨ ᠤᠷᠤᠨ ᠵᠢᠡᠷ ᠲᠠᠷᠬᠠᠵᠤ ᠪᠠᠢᠬᠤ ᠪᠥᠭᠡᠳ ᠴᠦᠯᠯᠡᠷᠭᠡᠭᠵᠢᠭᠰᠡᠨ ᠭᠠᠵᠠᠷ ᠣᠷᠣᠨ ᠨᠢ ᠶᠠᠭ ᠰᠠᠢᠬᠠᠨ ᠠᠵᠤ ᠠᠬᠤᠢ ᠬᠥᠭᠵᠢᠭᠡᠳᠦᠢ ᠣᠷᠣᠨ᠂ ᠴᠥᠭᠡᠨ ᠲᠣᠭᠠᠲᠤ ᠦᠨᠳᠦᠰᠦᠲᠡᠨ᠎ᠦ ᠲᠥᠪᠯᠡᠷᠡᠨ ᠰᠠᠭᠤᠭᠰᠠᠨ ᠣᠷᠣᠨ ᠪᠤᠯᠬᠤ ᠵᠡᠷᠭᠡᠤᠨᠴᠠᠯᠢᠭ ᠲᠠᠢ᠃
《ᠤᠮᠠᠷᠠᠲᠤ᠎ᠶᠢᠨ ᠭᠤᠷᠪᠠᠨ ᠣᠷᠣᠨ᠎ᠤ ᠠᠮᠢ ᠠᠬᠤᠢ ᠲᠤᠢᠯ᠎ᠤᠨ ᠬᠡᠪᠡᠷᠡᠭ᠂ ᠡᠯᠡᠰᠦᠷᠬᠡᠭᠵᠢᠯ᠎ᠢ ᠰᠡᠷᠭᠡᠢᠯᠡᠵᠤ ᠡᠯᠡᠰᠦ᠎ᠶᠢ ᠵᠠᠰᠠᠬᠤ ᠪᠣᠯ ᠨᠢᠭᠡᠨ ᠣᠷᠳᠣ᠌ ᠬᠤᠭᠤᠴᠠᠭᠠᠨ᠎ᠤ ᠲᠡᠦᠬᠡᠲᠦ ᠡᠭᠦᠷᠭᠡ ᠮᠥᠨ᠂ ᠪᠢᠳᠡ ᠡᠷᠬᠡᠪᠰᠢ ᠡᠨᠡ ᠬᠦ᠌ ᠠᠵᠢᠯ᠎ᠢ ᠦᠷᠭᠦᠯᠵᠢᠯᠡᠨ ᠰᠠᠢᠲᠤᠷ ᠠᠳᠬᠤᠵᠤ᠂ ᠮᠠᠨ᠎ᠤ ᠡᠪᠦᠭᠡ ᠳᠡᠭᠡᠳᠦᠰ ᠪᠠ ᠬᠣᠢᠴᠢ ᠦᠶ᠎ᠡ᠎ᠳᠡᠭᠡᠨ ᠣᠰᠣᠯᠳᠠᠬᠤ ᠦᠭᠡᠢ ᠪᠠᠢᠬᠤ ᠬᠡᠷᠡᠭᠲᠡᠢ》᠂《ᠡᠨᠡ ᠪᠣᠯ ᠴᠢᠯᠠᠭᠤ ᠵᠢ ᠥᠩᠬᠥᠷᠢᠭᠦᠯᠦᠨ ᠠᠭᠤᠯᠠᠨ᠎ᠳᠤ ᠭᠠᠷᠭᠠᠬᠤ ᠶᠠᠪᠤᠴᠠ ᠮᠥᠨ᠂ ᠵᠢᠭᠠᠬᠠᠨ ᠰᠤᠯᠠᠷᠡᠪᠠᠯ ᠳᠠᠬᠢᠨ ᠳᠠᠪᠲᠠᠬᠤ ᠶᠠᠪᠤᠳᠠᠯ ᠭᠠᠷᠤᠨ᠎ᠠ》᠂ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ ᠠᠵᠢᠯ᠎ᠤᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠲᠠᠬᠢᠨ ᠳᠠᠪᠲᠠᠬᠤ ᠴᠢᠨᠠᠷ ᠪᠠ ᠲᠣᠭᠲᠠᠪᠤᠷᠢ ᠦᠭᠡᠢ ᠴᠢᠨᠠᠷ᠎ᠢ ᠭᠦᠢᠴᠡᠳ ᠲᠠᠨᠢᠬᠤ ᠲᠤᠬᠠᠢ ᠶᠡᠷᠦᠩᠬᠡᠢ ᠱᠦᠵᠢ ᠰᠢ᠎ᠶᠢᠨ ᠫᠢᠩ ᠴᠠᠭ ᠢᠮᠠᠭᠲᠠ ᠪᠤᠳᠤᠭᠰᠠᠭᠠᠷ ᠪᠠᠢᠯ᠎ᠠ᠃
2024 ᠣᠨ᠎ᠤ 11 ᠰᠠᠷ᠎ᠠ᠎ᠳᠤ᠂ ᠪᠦᠬᠦ ᠤᠷᠳᠤ ᠨᠢ 3046 ᠺᠢᠯᠦᠮᠸᠲᠷ ᠪᠦᠬᠦᠢ ᠲᠠᠺᠯᠠᠮᠠᠺᠠᠨ ᠡᠯᠡᠰᠦᠨ ᠴᠦᠯ᠎ᠦᠨ ᠡᠯᠡᠰᠦ᠎ᠶᠢ ᠬᠣᠷᠢᠭ᠍ᠯᠠᠬᠤ ᠬᠠᠮᠠᠭᠠᠯᠠᠯᠲᠠ᠎ᠶᠢᠨ ᠨᠤᠭᠤᠭᠠᠨ ᠪᠦᠰᠡ᠎ᠶᠢᠨ ᠬᠥᠪᠡᠭᠡ ᠵᠠᠬ᠎ᠠ᠎ᠶᠢ 《ᠨᠡᠢᠯᠡᠭᠦᠯᠬᠦ》 ᠶ᠋ᠢ ᠪᠡᠶᠡᠯᠡᠭᠦᠯᠪᠡ᠃ ᠣᠳᠣᠬᠠᠨ᠎ᠳᠤ᠂ ᠡᠯᠡᠰᠦ᠎ᠶᠢ ᠵᠠᠰᠠᠬᠤ ᠭᠣᠣᠯᠳᠠᠯᠭ᠎ᠠ᠎ᠶᠢ ᠬᠦᠪᠡᠭᠡ ᠵᠠᠬ᠎ᠠ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠲᠡᠢᠰᠢ ᠰᠢᠯᠵᠢᠭᠦᠯᠵᠦ᠂ ᠡᠨᠡ ᠬᠦ᠌ 《ᠨᠣᠭᠣᠭᠠᠨ ᠬᠦᠵᠦᠭᠦᠪᠴᠢ》 ᠶ᠋ᠢ ᠲᠠᠰᠤᠷᠠᠯᠲᠠ ᠦᠭᠡᠢ ᠵᠤᠵᠠᠭᠠᠳᠬᠠᠪᠠ᠃
ᠰᠢᠨᠵᠢᠶᠠᠩ᠎ᠤᠨ ᠾᠸ ᠲᠢᠶᠠᠨ ᠰᠢᠶᠠᠨ᠎ᠤ ᠠᠷᠠᠯ ᠬᠤᠳᠠ — ᠡᠾᠸ ᠲᠢᠶᠠᠨ ᠬᠦᠷᠬᠦ ᠵᠠᠰᠠᠮᠠᠯ ᠵᠠᠮ᠎ᠤᠨ ᠤᠯᠠᠨ ᠲᠦᠮᠡᠨ᠎ᠦ ᠡᠯᠡᠰᠦ᠎ᠶᠢ ᠵᠠᠰᠠᠬᠤ ᠴᠡᠭ᠎ᠲᠦ᠂ ᠰᠢᠨ᠎ᠡ᠎ᠪᠡᠷ ᠰᠠᠭᠤᠯᠭᠠᠬᠰᠠᠨ ᠵᠤᠯᠵᠠᠭ᠎ᠠ ᠴᠢᠪᠠᠭ᠎ᠠ ᠮᠣᠳᠣ᠌ ᠲᠡᠷᠢ ᠲᠡᠭᠰᠢ ᠵᠢᠭ᠍ᠰᠠᠵᠤ᠂ ᠤᠷᠭᠤᠴᠠ ᠮᠠᠰᠢ ᠰᠠᠢᠨ ᠪᠠᠢᠯ᠎ᠠ᠃
ᠾᠸ ᠲᠢᠶᠠᠨ ᠰᠢᠶᠠᠨ᠎ᠤ ᠪᠦᠵᠠᠺ ᠰᠢᠶᠠᠩ᠎ᠤᠨ ᠪᠦᠵᠠᠺ ᠲᠣᠰᠬᠣᠨ᠎ᠤ ᠠᠷᠠᠳ ᠠᠪᠤᠢ᠍ᠯᠢᠽ·ᠷᠸᠾᠢᠳᠢᠨᠤ ᠪᠠᠢᠭ᠎ᠠ ᠬᠤᠷᠰᠢᠶ᠎ᠠ 300 ᠮᠦ᠍ ᠡᠯᠡᠰᠦᠷᠬᠡᠭ ᠭᠠᠵᠠᠷ᠎ᠢ ᠳᠠᠭᠠᠭᠠᠴᠢᠯᠠᠨ ᠴᠢᠪᠠᠭ᠎ᠠ ᠮᠤᠳᠤᠨ᠎ᠤ ᠴᠢᠬᠢ ᠳᠠᠷᠢᠵᠠᠢ᠃ 《ᠵᠣᠨ᠎ᠤ ᠤᠯᠠᠷᠢᠯ᠎ᠳᠤ ᠬᠠᠭᠤᠷᠠᠢ ᠪᠦᠬᠡᠳ ᠬᠠᠯᠠᠭᠤᠨ ᠰᠠᠯᠬᠢᠨ᠎ᠡᠴᠡ ᠬᠠᠮᠤᠭ᠎ᠡᠴᠡ ᠠᠶᠤᠳᠠᠭ᠂ ᠪᠢᠳᠡ ᠳᠥᠷᠪᠡᠨ ᠲᠠᠯ᠎ᠠ᠎ᠪᠠᠷ ᠨᠢ ᠤᠷᠢᠳ᠎ᠢᠶᠠᠷ 3 ᠮᠥᠷ ᠤᠯᠢᠶᠠᠰᠤᠨ ᠮᠣᠳᠣ᠌ ᠳᠠᠷᠢᠵᠤ᠂ ᠰᠠᠯᠬᠢᠨ᠎ᠢ ᠬᠠᠯᠬᠠᠯᠠᠬᠤ ᠪᠦᠰᠡ᠎ᠶᠢ ᠪᠦᠷᠢᠯᠳᠦᠬᠦᠯᠪᠡ᠂ ᠣᠲᠣ᠌ ᠰᠠᠯᠬᠢ ᠰᠠᠯᠬᠢᠯᠠᠬᠰᠠᠨ ᠴᠤ᠌ ᠡᠯᠡᠰᠦ ᠬᠡᠢᠰᠬᠦ ᠪᠡᠨ ᠪᠣᠯᠢᠪᠠ》᠃ ᠠᠪᠤᠢ᠍ᠯᠢᠽ·ᠷᠸᠾᠢᠳᠢᠨ᠂ 《ᠠᠮᠢ ᠠᠬᠤᠢ᠎ᠶᠢ ᠬᠠᠮᠠᠭᠠᠯᠠᠬᠤ + ᠭᠠᠵᠠᠷ ᠰᠢᠷᠦᠢ ᠵᠢ ᠬᠠᠮᠠᠭᠠᠯᠠᠬᠤ》᠎ᠪᠡᠷ ᠳᠠᠮᠵᠢᠨ ᠤᠷᠢᠳ᠎ᠢᠶᠠᠷ ᠡᠯᠡᠰᠦᠨ᠎ᠦ ᠭᠠᠳᠠᠷᠭᠤ᠎ᠶᠢ ᠲᠣᠭᠲᠠᠪᠤᠷᠢᠵᠢᠭᠤᠯᠵᠤ᠂ ᠭᠠᠵᠠᠷ᠎ᠤᠨ ᠰᠢᠮ᠎ᠡ᠎ᠶᠢ ᠳᠡᠭᠡᠭᠰᠢᠯᠡᠭᠦᠯᠦᠨ᠂ ᠳᠠᠷᠠᠭ᠎ᠠ ᠨᠢ ᠡᠯᠡᠰᠦᠨ᠎ᠦ ᠤᠷᠭᠤᠮᠠᠯᠲᠠᠷᠢᠵᠤ᠂ ᠨᠣᠭᠣᠭᠠᠷᠠᠭᠤᠯᠤᠯᠳᠠ ᠵᠢ ᠤᠯᠠᠮ᠎ᠡᠴᠡ ᠤᠯᠠᠮ ᠵᠤᠵᠠᠭᠠᠳᠬᠠᠨ᠎ᠠ ᠭᠡᠵᠡᠢ᠃
2021 ᠣᠨ᠎ᠡᠴᠡ 2030 ᠣᠨ ᠪᠣᠯᠲᠠᠯᠠᠬᠢ ᠬᠤᠭᠤᠴᠠᠭ᠎ᠠ ᠪᠣᠯ 《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠬᠤᠭᠤᠴᠠᠭ᠎ᠠ ᠪᠣᠯᠣᠨ᠎ᠠ᠂ ᠮᠥᠨ ᠴᠦ᠍ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠃ ᠤᠯᠤᠰ᠎ᠤᠨ ᠣᠶ ᠰᠢᠭᠤᠢ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠂ 《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠨᠢᠭᠡᠨᠲᠡ 4.63 ᠳ᠋ᠦᠩᠰᠢᠭᠤᠷ ᠮᠦ᠍ ᠲᠣᠬᠢᠷᠠᠭᠤᠯᠵᠤ᠂ 3.55 ᠳ᠋ᠦᠩᠰᠢᠭᠤᠷ ᠮᠦ᠍᠎ᠶᠢ ᠪᠡᠶᠡᠯᠡᠭᠦᠯᠵᠦ᠂ ᠬᠤᠭᠤᠴᠠᠭ᠎ᠠ ᠨᠢ ᠬᠠᠭᠠᠰ᠎ᠢ ᠬᠡᠲᠦᠷᠡᠬᠦ᠂ ᠡᠭᠦᠷᠭᠡ᠎ᠵᠢᠨ ᠬᠠᠭᠠᠰ᠎ᠢ ᠪᠡᠶᠡᠯᠡᠭᠦᠯᠬᠦ ᠱᠠᠲᠤ ᠦᠶ᠎ᠡ᠎ᠶᠢᠨ ᠬᠠᠷᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠪᠡ᠃ ᠢᠨᠵᠧᠨᠧᠷᠢᠩ᠎ᠦᠨ ᠣᠷᠣᠨ᠎ᠤ ᠣᠶ ᠰᠢᠭᠤᠢ ᠡᠪᠡᠰᠦ ᠪᠡᠯᠴᠢᠭᠡᠷ᠎ᠦᠨ ᠪᠦᠷᠬᠦᠴᠡ᠎ᠶᠢᠨ ᠨᠣᠷᠮ᠎ᠠ 40.76%᠎ᠳᠤ ᠬᠦᠷᠴᠦ᠂ 67.82%᠎ᠤᠨ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠢ᠎ᠶᠢ ᠪᠦᠲᠦᠮᠵᠢᠲᠡᠶ ᠵᠠᠰᠠᠪᠠ᠃
《ᠠᠭᠤᠯᠠ ᠤᠰᠤ ᠣᠶ ᠮᠤᠳᠤ ᠭᠠᠵᠠᠷ ᠲᠠᠷᠢᠶ᠎ᠡ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ ᠵᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲᠧᠮ᠎ᠲᠠᠢ ᠵᠠᠰᠠᠬᠤ᠎ᠶᠢ ᠯᠠᠪᠳᠠᠭᠤᠨ ᠪᠠᠲᠤᠲᠠᠢ ᠠᠬᠢᠭᠤᠯᠤᠨ᠎ᠠ》
2021 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠳᠤ᠂ ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ᠄ 《ᠠᠭᠤᠯᠠ ᠤᠰᠤ ᠣᠶ ᠮᠤᠳᠤ ᠭᠠᠵᠠᠷ ᠲᠠᠷᠢᠶ᠎ᠡ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠵᠢ ᠨᠢᠭᠡᠳᠦᠯᠲᠡᠢ ᠲᠥᠯᠥᠪᠵᠢᠭᠦᠯᠦᠭᠰᠡᠨ ᠰᠢᠰᠲ᠋ᠸᠮ᠎ᠲᠦ ᠵᠠᠰᠠᠯᠲᠠ᠂ ᠡᠨᠳᠡ 〈ᠡᠯᠡᠰᠦ ᠮᠠᠨᠭᠬ᠎ᠠ〉 ᠭᠡᠰᠡᠨ ᠦᠭᠡ᠎ᠶᠢ ᠨᠡᠮᠡᠵᠤ ᠤᠷᠤᠭᠤᠯᠬᠤ ᠬᠡᠷᠡᠭᠳᠡᠢ》 ᠭᠡᠵᠦ ᠵᠢᠭᠠᠵᠤ ᠭᠠᠷᠭᠠᠪᠠ᠃
ᠨᠢᠬᠡ ᠦᠬᠡ ᠵᠢ ᠨᠡᠮᠡᠭᠰᠡᠨ ᠨᠢ ᠳᠠᠷᠤᠢ ᠰᠢᠰᠲᠧᠮ᠎ᠤᠨ ᠣᠢᠯᠠᠭᠠᠭᠳᠠᠬᠤᠨ᠎ᠤ ᠭᠦᠨᠵᠡᠭᠡᠢ ᠲᠠᠢᠯᠪᠤᠷᠢᠯᠠᠯᠲᠠ ᠪᠣᠯᠣᠨ᠎ᠠ᠃
ᠬᠠᠲᠤᠨ ᠭᠣᠣᠯ᠎ᠤᠨ 《ᠶᠡᠬᠡ ᠲᠤᠬᠤᠢ ᠤᠷᠤᠨ》᠎ᠤ᠋ ᠡᠮᠦᠨ᠎ᠡ ᠡᠷᠭᠢ᠎ᠳᠦ ᠪᠠᠢᠷᠢᠯᠠᠭ᠎ᠠ ᠥᠪᠥᠷ ᠮᠣᠩᠭᠣᠯ᠎ᠤᠨ ᠣᠷᠳᠣᠰ ᠬᠣᠲᠠ᠎ᠶᠢᠨ ᠳᠠᠯᠠᠳ ᠬᠣᠰᠢᠭᠤᠨ᠎ᠤ ᠬᠢᠯᠢ ᠳᠣᠲᠣᠷᠠᠬᠢ ᠠᠷᠪᠠᠨ ᠲᠣᠮᠣ ᠬᠦᠨᠳᠡᠢ (ᠮᠣᠩᠭᠣᠯ ᠦᠭᠡ᠂ 《ᠠᠭᠤᠯᠠᠨ ᠦᠶᠡᠷ᠎ᠦᠨ ᠭᠣᠸ᠋》 ᠭᠡᠰᠡᠨ ᠤᠳᠬ᠎ᠠ᠎ᠲᠠᠢ) ᠨᠢ ᠬᠠᠲᠤᠨ ᠭᠣᠣᠯ᠎ᠤᠨ ᠨᠢᠭᠡᠳᠦᠭᠡᠷ ᠳᠡᠰ᠎ᠤᠨ ᠴᠢᠳᠬᠤᠯᠠᠩ ᠪᠣᠯᠤᠭᠰᠠᠨ᠎ᠤ ᠬᠤᠪᠢ᠎ᠳᠤ᠂ ᠥᠩᠭᠡᠷᠡᠭᠰᠡᠨ᠎ᠳᠦ ᠦᠶᠡᠷ᠎ᠦᠨ ᠬᠤᠭᠤᠴᠠᠭᠠᠨ᠎ᠳᠤ ᠶᠡᠬᠡ ᠬᠡᠮᠵᠢᠶᠡᠨ᠎ᠦ ᠡᠯᠡᠰᠦ ᠰᠢᠷᠤᠢ ᠵᠢ ᠠᠪᠴᠢᠷᠠᠭᠰᠠᠨ ᠡᠴᠡ ᠪᠣᠯᠵᠤ᠂ ᠭᠣᠣᠯ᠎ᠤᠨ ᠬᠡᠪᠡᠯᠢ ᠪᠠᠢᠨ ᠳᠠᠬᠢᠨ ᠪᠥᠭᠯᠡᠷᠡᠵᠦ ᠪᠠᠢᠪᠠ᠃ ᠬᠠᠷᠠᠢ ᠭᠤᠤ ᠨᠢ ᠲᠡᠭᠦᠨ᠎ᠦ ᠳᠣᠲᠣᠷᠠᠬᠢ ᠬᠡᠪᠴᠢᠶ᠎ᠡ᠎ᠪᠡᠷ ᠨᠡᠯᠢᠶᠡᠳ ᠶᠡᠬᠡ ᠬᠦᠨᠳᠡᠢ ᠪᠣᠯᠤᠭᠰᠠᠨ᠎ᠤ ᠬᠤᠪᠢ᠎ᠳᠤ᠂ ᠡᠯᠡᠰᠦᠷᠬᠡᠭᠵᠢᠬᠦ ᠠᠰᠠᠭᠤᠳᠠᠯ ᠨᠡᠩ ᠴᠤ᠌ ᠲᠣᠪᠣᠢᠮ᠎ᠠ ᠪᠠᠢᠳᠠᠭ᠃ ᠡᠯᠡᠰᠦᠷᠬᠡᠭᠵᠢᠬᠦ ᠵᠢ ᠦᠨᠳᠦᠰᠦᠨ᠎ᠡᠴᠡ ᠨᠢ ᠵᠠᠰᠠᠬᠤ᠎ᠶᠢᠨ ᠲᠥᠯᠥᠭᠡ᠂ ᠲᠤᠬᠠᠢ᠎ᠶᠢᠨ ᠭᠠᠵᠠᠷ᠎ᠤᠨ ᠬᠢᠨ ᠠᠭᠤᠯᠠᠨ ᠣᠷᠣᠢ᠎ᠳᠤ ᠣᠢᠵᠢᠭᠤᠯᠵᠤ᠂ ᠠᠭᠤᠯᠠᠨ ᠬᠥᠲᠥᠯ᠎ᠳᠦ ᠡᠪᠡᠰᠦ ᠲᠠᠷᠢᠵᠤ᠂ ᠠᠭᠤᠯᠠᠨ ᠪᠡᠯ᠎ᠳᠤ ᠱᠠᠲᠤ ᠵᠠᠰᠠᠵᠤ᠂ ᠭᠤᠤ ᠵᠢᠨ ᠢᠷᠤᠭᠠᠷ᠎ᠲᠤ ᠬᠠᠰᠢᠯᠭ᠎ᠠ ᠪᠠᠢᠭᠤᠯᠵᠤ᠂ ᠪᠦᠬᠦ ᠰᠠᠪᠠ ᠭᠠᠵᠠᠷ᠎ᠤᠨ ᠠᠮᠢ ᠠᠬᠤᠢ᠎ᠶᠢᠨ ᠬᠠᠯᠬᠠᠪᠴᠢ᠎ᠶᠢ ᠪᠠᠢᠭᠤᠯᠪᠡ᠃
《ᠪᠢᠳᠠ ᠡᠯᠡᠰᠦᠨ ᠲᠤᠪᠤ᠎ᠳᠤ ᠪᠤᠷᠭᠠᠰᠤ ᠲᠠᠷᠢᠵᠤ ᠬᠠᠯᠬᠠᠪᠴᠢ ᠭᠠᠷᠭᠠᠵᠤ᠂ ᠭᠠᠩ ᠬᠠᠭᠰᠠᠷᠠᠭᠠᠨ᠎ᠳᠤ ᠲᠡᠰᠪᠦᠷᠢ ᠲᠡᠢ ᠤᠢ ᠮᠣᠳᠣ᠌ ᠡᠪᠡᠰᠦ ᠲᠠᠷᠢᠵᠦ ᠨᠡᠭᠦᠳᠡᠯ ᠡᠯᠡᠰᠦ᠎ᠶᠢ ᠲᠤᠭᠲᠠᠭᠠᠵᠤ᠂ ᠭᠣᠣᠯ᠎ᠤᠨ ᠬᠥᠪᠡᠭᠡᠨ᠎ᠳᠦ ᠴᠢᠯᠠᠭᠤ ᠪᠡᠷ ᠬᠦᠪᠡᠭᠡ᠎ᠶᠢ ᠪᠡᠬᠢᠵᠢᠭᠦᠯᠬᠦ᠎ᠶᠢᠨ ᠬᠠᠮᠲᠤ ᠬᠥᠷᠥᠰᠥ ᠰᠢᠷᠣᠢ᠎ᠶᠢ ᠰᠠᠢᠵᠢᠷᠠᠭᠤᠯᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠡ》᠃ ᠲᠠᠯᠠᠳ ᠬᠣᠰᠢᠭᠤᠨ᠎ᠤ ᠤᠢ ᠰᠢᠭᠤᠢ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠳᠡᠭᠡᠳᠦ ᠵᠡᠷᠭᠡ᠎ᠶᠢᠨ ᠢᠨᠵᠧᠨᠧᠷ ᠸᠠᠩ ᠱᠤᠸᠠᠩ ᠰᠢ᠂ ᠰᠢᠰᠲ᠋ᠸᠮ᠎ᠲᠦ ᠵᠠᠰᠠᠯᠲᠠ ᠨᠢ ᠰᠠᠯᠬᠢ ᠰᠢᠭᠤᠷᠭ᠎ᠠ᠎ᠶᠢ ᠵᠣᠭᠰᠤᠭᠠᠬᠤ᠎ᠪᠠᠷ ᠪᠠᠷᠠᠬᠤ ᠦᠭᠡᠢ᠂ ᠬᠠᠷᠠᠢ ᠭᠤᠤ ᠨᠢ ᠨᠡᠩ ᠴᠤ᠌ ᠰᠠᠯᠬᠢ᠎ᠵᠢ ᠬᠠᠯᠬᠠᠯᠠᠵᠤ ᠡᠯᠡᠰᠦ᠎ᠶᠢ ᠲᠣᠭᠲᠠᠪᠤᠷᠢᠵᠢᠭᠤᠯᠬᠤ᠂ ᠦᠵᠡᠮᠵᠢᠵᠢᠭᠤᠯᠴᠢᠯᠠᠯᠢ ᠨᠢᠭᠡ ᠴᠣᠭᠴᠠᠵᠢᠭᠤᠯᠤᠭᠰᠠᠨ ᠠᠮᠢ ᠠᠬᠤᠢ᠎ᠶᠢᠨ ᠬᠣᠩᠭᠢᠯ ᠪᠣᠯᠤᠭᠰᠠᠨ ᠪᠠᠢᠨ᠎ᠠ ᠭᠡᠪᠡ᠃
《ᠰᠢᠰᠲ᠋ᠸᠮ᠎ᠤᠨ ᠦᠵᠡᠯᠲᠡ᠎ᠶᠢ ᠪᠠᠷᠢᠮᠲᠠᠯᠠᠵᠤ᠂ ᠠᠭᠤᠯᠠ ᠤᠰᠤ ᠣᠶ ᠮᠤᠳᠤ ᠭᠠᠵᠠᠷ ᠲᠠᠷᠢᠶ᠎ᠡ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠸᠮ᠎ᠳᠦ ᠵᠠᠰᠠᠯᠲᠠ᠎ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ》᠂ 《ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠦᠯ᠎ᠦᠨ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠎ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ》᠂ 《ᠡᠯᠡᠰᠦ᠎ᠶᠢ ᠵᠠᠰᠠᠬᠤ᠂ ᠤᠰᠤ᠎ᠶᠢ ᠵᠠᠰᠠᠬᠤ᠂ ᠠᠭᠤᠯᠠ᠎ᠶᠢ ᠵᠠᠰᠠᠬᠤ ᠪᠦᠬᠦ ᠬᠦᠴᠦᠨ ᠵᠦᠢᠯ᠎ᠤᠨ ᠵᠣᠬᠢᠴᠠᠭᠤᠯᠭ᠎ᠠ ᠪᠠ ᠬᠠᠮᠢᠶᠠᠷᠤᠯᠲᠠ᠎ᠶᠢ ᠴᠢᠩᠭᠠᠳᠬᠠᠬᠤ ᠬᠡᠷᠡᠭᠲᠡᠢ》᠂ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠨᠢ ᠰᠢᠨᠵᠢᠯᠡᠬᠦ ᠤᠬᠠᠭᠠᠨᠴᠢ᠎ᠪᠠᠷ ᠡᠯᠡᠰᠦ᠎ᠶᠢ ᠵᠠᠰᠠᠬᠤ᠎ᠳᠤ ᠴᠢᠭᠯᠡᠯ᠎ᠢ ᠲᠣᠳᠣᠷᠬᠠᠢ ᠵᠢᠭᠠᠵᠤ ᠥᠭᠴᠡᠢ᠃
ᠠᠳᠠᠯᠢ ᠪᠤᠰᠤ ᠬᠡᠮᠵᠢᠶ᠎ᠡ᠂ ᠠᠳᠠᠯᠢ ᠪᠤᠰᠤ ᠭᠠᠵᠠᠷ᠎ᠤᠨ ᠪᠠᠢᠴᠠ᠎ᠶᠢᠨ ᠡᠯᠡᠰᠦᠷᠬᠡᠭᠵᠢᠯ᠎ᠦᠨ ᠠᠰᠠᠭᠤᠳᠠᠯ᠎ᠳᠤ ᠴᠢᠭᠯᠡᠭᠦᠯᠵᠤ᠂ ᠭᠠᠨᠰᠤ᠎ᠶᠢᠨ ᠮᠠ ᠴᠢᠤᠢ ᠰᠢᠶᠠᠨ᠎ᠤ ᠬᠢᠨ ᠲᠦᠷᠦᠯ ᠬᠤᠪᠢᠶᠠᠨ ᠤᠨᠢᠨ ᠳᠡᠭᠡᠷ᠎ᠡ ᠨᠢ ᠵᠠᠰᠠᠵᠤ᠂ ᠲᠤᠰ ᠭᠠᠵᠠᠷ᠎ᠤᠨ ᠠᠮᠢ ᠠᠬᠤᠢ᠎ᠶᠢᠨ ᠨᠥᠬᠥᠴᠡᠯ᠎ᠳᠦ ᠲᠣᠬᠢᠷᠠᠬᠤ ᠵᠠᠰᠠᠨ ᠰᠡᠷᠭᠦᠭᠡᠬᠦ ᠮᠡᠷᠭᠡᠵᠢᠯ ᠪᠣᠯᠣᠨ ᠵᠠᠭᠪᠤᠷ᠎ᠢ ᠠᠯᠬᠤᠮ ᠠᠯᠬᠤᠮ᠎ᠢᠶᠠᠷ ᠰᠦᠪᠡᠭᠴᠢᠯᠡᠵᠦ ᠭᠠᠷᠭᠠᠪᠠ᠃ ᠬᠠᠲᠤᠨ ᠭᠣᠣᠯ᠎ᠤᠨ ᠱᠠᠲᠤᠯᠢᠭ᠋ ᠭᠠᠵᠠᠷ᠎ᠤᠨ ᠬᠦᠨᠳᠦ ᠨᠤᠴᠢᠳᠠᠢ ᠡᠯᠡᠰᠦᠷᠬᠡᠭᠵᠢᠭᠰᠡᠨ ᠣᠷᠣᠨ᠎ᠳᠤ᠂ ᠳᠥᠷᠪᠡᠯᠵᠢᠨ ᠡᠯᠡᠰᠦᠨ ᠬᠠᠯᠬᠠᠪᠴᠢ᠎ᠶᠢ ᠪᠡᠬᠢᠯᠡᠨ ᠨᠡᠭᠦᠳᠡᠯ ᠡᠯᠡᠰᠦ᠎ᠶᠢ ᠲᠣᠭᠲᠠᠭᠠᠵᠤ᠂ ᠳᠠᠬᠢᠨ ᠤᠷᠭᠤᠬᠤ᠎ᠳᠤ ᠲᠣᠬᠢᠷᠠᠮᠵᠢᠲᠠᠢ ᠠᠭᠤᠯᠠᠨ᠎ᠤ ᠪᠤᠷᠭᠠᠰᠤ ᠪᠠ ᠤᠷᠠᠯᠠᠭ ᠳᠠᠷᠢᠪᠠ; ᠨᠡᠭᠦᠳᠡᠯ ᠡᠯᠡᠰᠦᠨ ᠳᠣᠪᠣ ᠪᠠ ᠨᠠᠯᠠᠤ ᠭᠠᠵᠠᠷ᠎ᠲᠤ 《ᠡᠪᠡᠰᠤᠨ ᠳᠥᠷᠪᠡᠯᠵᠢᠬᠡᠰᠦ》 ᠵᠢ ᠬᠡᠷᠡᠭᠯᠡᠨ ᠤᠷᠢᠳ᠎ᠢᠶᠠᠷ ᠡᠯᠡᠰᠦ᠎ᠶᠢ ᠲᠣᠭᠲᠠᠪᠤᠷᠢᠵᠢᠭᠤᠯᠵᠤ᠂ ᠳᠠᠬᠢᠨ ᠬᠠᠳᠠᠵᠤ ᠰᠢᠷᠭᠢᠭᠰᠡᠨ ᠭᠣᠣᠯ᠎ᠤᠨ ᠬᠡᠪᠡᠯᠢ᠎ᠳᠦ ᠨᠤᠭᠤᠭᠠᠷᠠᠭᠤᠯᠵᠤ᠂ ᠬᠣᠯᠢᠮᠠᠭ ᠣᠶ᠎ᠶᠢᠨ ᠪᠦᠰᠡ᠎ᠶᠢ ᠪᠦᠲᠦᠭᠡᠨ ᠪᠠᠢᠭᠤᠯᠪᠡ᠃
ᠬᠥᠬᠡᠨᠠᠭᠤᠷ᠎ᠤᠨ ᠤᠯᠠᠭᠠᠨ ᠰᠢᠶᠠᠨ᠎ᠳᠤ᠂ ᠲᠤᠬᠠᠢ᠎ᠶᠢᠨ ᠭᠠᠵᠠᠷ᠎ᠤᠨ ᠬᠢᠨ ᠬᠤᠷ᠎ᠠ ᠲᠤᠨᠳᠠᠰᠤᠨ᠎ᠤ ᠬᠡᠮᠵᠢᠶ᠎ᠡ ᠪᠠᠭ᠎ᠠ᠂ ᠠᠭᠤᠷᠰᠢᠯᠲᠠ᠎ᠶᠢᠨ ᠬᠡᠮᠵᠢᠶ᠎ᠡ ᠶᠡᠬᠡ᠂ ᠬᠥᠷᠥᠰᠥᠨ᠎ᠦ ᠳᠠᠪᠤᠰᠤᠨ᠎ᠤ ᠠᠭᠤᠯᠤᠭᠳᠡᠴᠡ ᠥᠨᠳᠥᠷ᠂ ᠣᠷᠭᠠᠨᠢᠭ᠋ ᠪᠣᠳᠠᠰ ᠳᠤᠲᠠᠮᠠᠭ ᠵᠡᠷᠭᠡ ᠪᠣᠳᠠᠲᠤ ᠪᠠᠢᠳᠠᠯ᠎ᠳᠤ ᠰᠠᠭᠤᠷᠢᠯᠠᠵᠤ᠂ ᠲᠤᠰ ᠭᠠᠵᠠᠷ᠎ᠤᠨ ᠮᠣᠳᠣᠨ᠎ᠤ ᠲᠦᠷᠦᠯ᠎ᠢ ᠤᠷᠢᠳ ᠵᠢᠡᠷ ᠰᠣᠩᠭᠣᠵᠤ᠂ ᠡᠪᠡᠰᠦᠨ ᠳᠥᠷᠪᠡᠯᠵᠢᠬᠡᠰᠦ ᠵᠢᠨ ᠳᠣᠲᠣᠷ᠎ᠠ ᠰᠢᠪᠠᠭ᠂ ᠬᠠᠷᠭᠠᠨ᠎ᠠ᠂ ᠵᠠᠭᠤᠨ ᠴᠢᠬᠢ ᠵᠡᠷᠭᠡ ᠡᠯᠡᠰᠦᠨ᠎ᠳᠦ ᠤᠷᠭᠤᠬᠤ ᠡᠪᠡᠰᠦ ᠮᠤᠳᠤᠨ᠎ᠤ ᠴᠢᠬᠢ᠎ᠶᠢ ᠰᠠᠭᠤᠯᠭᠠᠵᠤ᠂ ᠠᠮᠢᠳᠤ ᠪᠣᠳᠠᠰ᠎ᠢᠶᠠᠷ ᠡᠯᠡᠰᠦ᠎ᠶᠢ ᠲᠣᠭᠲᠠᠪᠤᠷᠢᠵᠢᠭᠤᠯᠬᠤ᠎ᠶᠢ ᠪᠡᠶᠡᠯᠡᠭᠦᠯᠪᠡ᠃ ᠤᠯᠠᠭᠠᠨ ᠰᠢᠶᠠᠨ᠎ᠤ ᠪᠠᠢᠭᠠᠯᠢ᠎ᠶᠢᠨ ᠡᠬᠢ ᠪᠠᠶᠠᠯᠢᠭ᠋ ᠪᠠ ᠣᠶ ᠰᠢᠭᠤᠢ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠸᠨ᠋ᠸᠷᠢᠩ᠎ᠤᠨ ᠵᠢᠷᠭᠤᠳᠤᠭᠠᠷ ᠬᠤᠭᠤᠴᠠᠭᠠᠨ᠎ᠤ ᠲᠥᠷᠥᠯ ᠵᠦᠢᠯ᠎ᠦᠨ ᠠᠯᠪᠠᠨ ᠭᠡᠷ᠎ᠦᠨ ᠠᠵᠢᠯᠲᠠᠨ ᠸᠠᠩ ᠬᠦᠶ ᠯᠠᠨ᠂ ᠴᠢᠬᠢ ᠮᠣᠳᠣᠨ᠎ᠤ ᠡᠳᠡᠭᠡᠷᠡᠯᠲᠡ᠎ᠶᠢᠨ ᠨᠣᠷᠮ᠎ᠠ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠶᠢᠨ ᠲᠥᠯᠥᠭᠡ ᠲᠠᠳᠠ《ᠤᠰᠤᠨ ᠥᠷᠥᠮᠳᠡᠯ》 ᠤ᠋ᠨ ᠣᠢᠵᠢᠭᠤᠯᠤᠯᠲᠠ᠎ᠶᠢᠨ ᠮᠡᠷᠭᠡᠵᠢᠯ᠎ᠢ ᠡᠯᠡᠰᠦ᠎ᠶᠢ ᠵᠠᠰᠠᠬᠤ ᠶᠠᠪᠤᠴᠠ᠎ᠳᠤ ᠬᠡᠷᠡᠭᠯᠡᠵᠦ᠂ ᠡᠯᠡᠰᠦᠨ ᠳᠠᠪᠬᠤᠷᠭ᠎ᠠ᠎ᠶᠢ ᠨᠡᠪᠲᠡᠯᠵᠤ᠂ ᠤᠰᠤ᠎ᠶᠢ ᠰᠢᠭᠤᠳ ᠤᠷᠭᠤᠮᠠᠯ᠎ᠤᠨ ᠦᠨᠳᠦᠰᠦ᠎ᠶᠢᠨ ᠰᠢᠰᠲᠧᠮ᠎ᠳᠦ ᠬᠦᠷᠭᠡᠵᠦ ᠪᠠᠢᠨ᠎ᠠ ᠭᠡᠪᠡ᠃
ᠡᠭᠦᠨ᠎ᠦ ᠬᠠᠮᠲᠤ᠂ ᠡᠯ᠎ᠡ ᠭᠠᠵᠠᠷ᠎ᠤᠨ ᠬᠢᠨ ᠵᠠᠰᠠᠭ ᠵᠠᠬᠢᠷᠭᠠᠨ᠎ᠤ ᠣᠷᠣᠨ᠎ᠤ ᠵᠠᠭᠠᠭ ᠬᠢᠵᠠᠭᠠᠷ᠎ᠢ ᠡᠪᠳᠡᠵᠦ᠂ ᠡᠯᠡᠰᠦᠨ ᠴᠦᠯ᠎ᠦᠨ ᠵᠠᠬ᠎ᠠ ᠬᠦᠪᠡᠭᠡ ᠪᠠ ᠭᠤᠤᠯ ᠬᠡᠰᠡᠭ᠂ ᠰᠠᠯᠬᠢᠨ᠎ᠤ ᠲᠡᠬᠡᠷ᠎ᠡ ᠠᠮᠠ ᠪᠠ ᠰᠠᠯᠬᠢᠨ᠎ᠤ ᠲᠤᠤᠷ᠎ᠠ ᠠᠮᠠ᠂ ᠡᠯᠡᠰᠦᠨ᠎ᠦ ᠡᠬᠢ ᠣᠷᠣᠨ ᠪᠠ ᠵᠠᠮ ᠱᠤᠭᠤᠮ᠎ᠤᠨ ᠣᠷᠣᠨ᠎ᠤ ᠡᠯᠡᠰᠦ᠎ᠶᠢ ᠵᠠᠰᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠲᠦᠰᠦᠪᠯᠡᠵᠤ᠂ ᠴᠡᠭ ᠱᠤᠭᠤᠮ ᠤᠷᠤᠨ᠎ᠢ ᠤᠶᠠᠯᠳᠤᠭᠤᠯᠤᠭᠰᠠᠨ ᠠᠮᠢ ᠠᠬᠤᠢ᠎ᠶᠢᠨ ᠬᠠᠮᠠᠭᠠᠯᠠᠯᠲᠠ᠎ᠶᠢᠨ ᠲᠣᠣᠷ᠎ᠢ ᠬᠦᠴᠦᠯᠡᠨ ᠪᠠᠢᠭᠤᠯᠪᠡ᠃
ᠰᠢᠨᠵᠢᠶᠠᠩ᠂ ᠬᠥᠬᠡᠨᠠᠭᠤᠷ᠂ ᠭᠠᠨᠰᠤ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ᠎ᠶᠢ ᠭᠦᠨᠵᠡᠭᠡᠢᠷᠡᠭᠦᠯᠵᠦ᠂ ᠳᠦᠷᠪᠡᠨ ᠳᠡᠰ᠎ᠤᠨ ᠲᠤᠰᠬᠠᠢ ᠮᠡᠷᠭᠡᠵᠢᠯᠲᠡᠨ᠎ᠦ ᠪᠦᠯᠬᠦᠮ᠎ᠢ ᠵᠣᠬᠢᠶᠠᠨ ᠪᠠᠢᠭᠤᠯᠵᠤ᠂ ᠥᠨᠳᠥᠷᠯᠢᠭ᠎ᠦᠨ ᠥᠨᠳᠥᠷ ᠬᠦᠢᠲᠡᠨ᠎ᠳᠦ ᠡᠯᠡᠰᠦ᠎ᠶᠢ ᠵᠠᠰᠠᠬᠤ ᠮᠡᠷᠭᠡᠵᠢᠯ᠎ᠦᠨ ᠵᠢᠯᠣᠭᠣᠳᠤᠯᠭ᠎ᠠ᠎ᠶᠢ ᠴᠢᠩᠭᠠᠳᠬᠠᠵᠤ᠂ ᠡᠯᠡᠰᠦᠷᠬᠡᠭᠵᠢᠯ᠂ ᠤᠰᠤᠨ ᠭᠠᠮᠰᠢᠭ᠋᠂ ᠬᠤᠵᠢᠷᠰᠢᠯᠢ ᠵᠠᠰᠠᠬᠤ ᠵᠢᠴᠢ ᠭᠣᠣᠯ ᠨᠠᠭᠤᠷ ᠨᠤᠭᠤ ᠭᠠᠵᠠᠷ᠎ᠤᠨ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ; ᠵᠡᠭᠦᠨ ᠬᠡᠰᠡᠭ᠎ᠦᠨ ᠯᠢᠶᠣᠤᠨᠢᠩ ᠥᠪᠥᠷ ᠮᠣᠩᠭᠣᠯ᠎ᠤᠨ ᠬᠢᠨ ᠮᠢᠩᠭᠠᠨ ᠭᠠᠵᠠᠷ᠎ᠤᠨ ᠡᠯᠡᠰᠦ᠎ᠶᠢ ᠬᠣᠷᠢᠭ᠍ᠯᠠᠬᠤ ᠪᠦᠰᠡ᠎ᠶᠢ ᠬᠠᠮᠲᠤ ᠪᠠᠷ ᠪᠠᠢᠭᠤᠯᠪᠠ; ᠳᠤᠮᠳᠠ ᠬᠡᠰᠡᠭ᠎ᠦᠨ ᠥᠪᠥᠷ ᠮᠣᠩᠭᠣᠯ ᠱᠠᠨᠰᠢ ᠭᠠᠨᠰᠤ ᠨᠢᠩᠰᠢᠶᠠ ᠭᠠᠷ ᠬᠣᠯᠪᠣᠯᠴᠠᠨ ᠮᠤᠤᠠᠤᠰᠤ ᠵᠢᠨ ᠡᠯᠡᠰᠦᠷᠬᠡᠭ ᠭᠠᠵᠠᠷ᠎ᠢ ᠵᠠᠰᠠᠪᠠ ᠁
《ᠶᠠᠰᠤ ᠴᠢᠨᠠᠷ᠎ᠢ ᠳᠡᠭᠡᠭᠰᠢᠯᠡᠭᠦᠯᠬᠦ᠂ ᠠᠵᠤ ᠦᠢᠯᠡᠰ᠎ᠢ ᠬᠥᠭᠵᠢᠭᠦᠯᠬᠦ᠂ ᠠᠷᠠᠳ᠎ᠲᠤ ᠠᠰᠢᠭ᠋ ᠬᠦᠷᠲᠡᠭᠡᠬᠦ᠎ᠶᠢ ᠨᠡᠩ ᠴᠢᠬᠤᠯᠠᠴᠢᠯᠠᠬᠤ ᠬᠡᠷᠡᠭᠲᠡᠢ》
6 ᠰᠠᠷ᠎ᠠ᠎ᠳᠤ᠂ ᠮᠤᠤᠠᠤᠰᠤ ᠵᠢᠨ ᠡᠯᠡᠰᠦᠷᠬᠡᠭ ᠭᠠᠵᠠᠷ᠎ᠤᠨ ᠡᠮᠦᠨ᠎ᠡ ᠵᠠᠬ᠎ᠠ ᠳ᠋ᠤ ᠬᠠᠯᠠᠭᠤᠨ ᠠᠭᠤᠷ ᠰᠠᠪᠰᠠᠨ᠎ᠠ᠃ ᠱᠠᠨᠰᠢ᠎ᠶᠢᠨ ᠵᠢᠩᠪᠢᠶᠠᠨ ᠰᠢᠶᠠᠨ᠎ᠤ ᠬᠣᠩ ᠳ᠋ᠦᠨ ᠵᠢᠶᠸ ᠪᠠᠯᠭᠠᠰᠤᠨ᠎ᠤ ᠯᠢᠶᠠᠨ ᠾᠸ ᠲᠣᠰᠬᠣᠨ᠎ᠤ ᠢᠩᠲᠣᠣᠷ᠎ᠤᠨ ᠬᠦᠷᠢᠶᠡᠯᠡᠩ᠎ᠳᠦ᠂ ᠪᠠᠷᠠᠭᠤᠨ ᠬᠣᠢᠲᠤ᠎ᠶᠢᠨ ᠲᠠᠷᠢᠶᠠᠯᠠᠩ ᠤᠢ ᠰᠢᠭᠤᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠫᠷᠤᠹᠸᠰᠰᠤᠷ ᠼᠠᠢ ᠢᠦᠢ ᠯᠢᠶᠠᠩ ᠨᠢᠷᠤᠭᠤ ᠪᠦᠬᠦᠢᠵᠤ᠂ ᠢᠩᠳᠤᠤᠷ᠎ᠤᠨ ᠨᠠᠪᠴᠢ᠎ᠶᠢ ᠴᠢᠮᠬᠢᠵᠦ᠂ ᠤᠷᠭᠤᠯᠲᠠ᠎ᠶᠢᠨ ᠪᠠᠢᠳᠠᠯ᠎ᠢ ᠪᠠᠢᠴᠠᠭᠠᠨ ᠦᠵᠡᠨ᠎ᠡ᠃
ᠡᠨᠡ ᠬᠦ᠌ ᠢᠩᠲᠣᠣᠷ᠎ᠤᠨ ᠬᠦᠷᠢᠶᠡᠯᠡᠩ᠎ᠨᠢ ᠥᠩᠭᠡᠷᠡᠭᠰᠡᠨ᠎ᠳᠦ ᠡᠯᠡᠰᠦ ᠰᠢᠷᠣᠢ᠎ᠪᠠᠷ ᠳᠦᠭᠦᠷᠦᠭᠰᠡᠨ ᠡᠵᠡᠭᠦᠢ ᠲᠠᠩ ᠪᠠᠢᠭᠰᠠᠨ ᠶᠤᠮ᠃ ᠼᠠᠢ ᠢᠦᠢ ᠯᠢᠶᠠᠩ᠎ᠤᠨ ᠪᠦᠯᠬᠦᠮ᠎ᠦᠨ ᠬᠢᠨ ᠡᠯᠡᠰᠦᠷᠬᠡᠭ ᠭᠠᠵᠠᠷ᠎ᠤᠨ ᠠᠭᠠᠷ ᠨᠡᠪᠲᠡᠷᠡᠬᠦ ᠨᠢ ᠰᠠᠢᠨ᠂ ᠳᠤᠯᠠᠭᠠᠨ᠎ᠤ ᠬᠡᠮᠵᠢᠶ᠎ᠡ ᠵᠢᠨ ᠵᠥᠷᠢᠶ᠎ᠡ ᠨᠢ ᠶᠡᠬᠡ ᠤᠨᠴᠠᠯᠢᠭ ᠨᠢ ᠢᠩᠳᠤᠤᠷ ᠲᠠᠷᠢᠬᠤ ᠳ᠋ᠤ ᠲᠤᠬᠢᠷᠠᠮᠵᠢᠳᠠᠢ ᠪᠠᠢᠳᠠᠭ᠎ᠢ ᠮᠡᠳᠡᠨ᠎ᠡ᠃ 2010 ᠣᠨ᠎ᠡᠴᠡ ᠡᠬᠢᠯᠡᠨ᠂ ᠲᠡᠳᠡ ᠮᠤᠤᠠᠤᠰᠤ ᠵᠢᠨ ᠡᠯᠡᠰᠦᠷᠭᠡᠭ ᠭᠠᠵᠠᠷ ᠲᠤ᠌ ᠣᠷᠣᠵᠤ᠂ ᠭᠠᠩ ᠬᠠᠭᠰᠠᠷᠠᠭᠠᠨ᠎ᠲᠠᠢ ᠲᠡᠮᠡᠴᠡᠵᠦ ᠬᠦᠢᠲᠡᠨ᠎ᠲᠠᠢ ᠲᠡᠮᠡᠴᠡᠬᠦ ᠣᠳᠤᠢ ᠵᠠᠭᠠᠭᠠᠳᠠᠰᠦ ᠮᠤᠳᠤ᠎ᠶᠢ ᠲᠠᠬᠢᠨ ᠳᠠᠪᠲᠠᠨ ᠰᠢᠯᠢᠨ ᠰᠣᠩᠭᠣᠵᠤ᠂ ᠢᠩᠲᠣᠣᠷ᠎ᠢ ᠡᠯᠡᠰᠦᠨ᠎ᠳᠦ ᠦᠨᠳᠦᠰᠦ ᠬᠠᠳᠬᠤᠭᠤᠯᠪᠠ᠃ ᠥᠩᠭᠡᠷᠡᠭᠰᠡᠨ᠎ᠳᠦ ᠡᠯᠡᠰᠦ ᠮᠠᠩᠬ᠎ᠠ ᠵᠢᠨ ᠡᠵᠡᠬᠦᠢ ᠤᠷᠤᠨ ᠪᠠᠢᠭᠰᠠᠨ ᠪᠤᠯ ᠡᠳᠦᠭᠡ ᠢᠩᠲᠣᠣᠷ ᠤᠨ ᠮᠣᠳᠣ᠌᠎ᠪᠠᠷ ᠳᠦᠭᠦᠷᠴᠦ᠂ ᠲᠠᠷᠢᠶᠠᠴᠢᠨ ᠡᠷᠦᠬᠡ᠎ᠶᠢᠨ ᠣᠷᠣᠯᠭ᠎ᠠ᠎ᠶᠢ ᠨᠡᠮᠡᠭᠳᠡᠭᠦᠯᠦᠭᠰᠡᠨ᠎ᠢᠶᠡᠷ ᠪᠠᠷᠠᠬᠤ ᠦᠭᠡᠢ ᠲᠣᠰᠬᠣᠨ᠎ᠳᠤ ᠴᠤ᠌ ᠰᠢᠨ᠎ᠡ ᠳᠦᠷᠰᠦ ᠪᠠᠢᠳᠠᠯᠢᠯᠡᠷᠡᠪᠡ᠃
ᠠᠳᠠᠯᠢᠬᠠᠨ ᠨᠢᠭᠡ ᠬᠡᠰᠡᠭ ᠡᠯᠡᠰᠦᠷᠬᠡᠭ ᠭᠠᠵᠠᠷ᠎ᠲᠤ᠂ ᠤᠢᠲᠤᠳᠤᠷᠠᠬᠢ ᠠᠵᠤ ᠠᠬᠤᠢ ᠴᠤ᠌ ᠠᠰᠠᠭᠤᠳᠠᠯ᠎ᠢ ᠰᠢᠢᠳᠪᠦᠷᠢᠯᠡᠵᠦ ᠪᠤᠯᠤᠨ᠎ᠠ᠃ ᠱᠸᠨ ᠮᠦ᠍ ᠬᠤᠲᠠ᠎ᠶᠢᠨ ᠮᠤᠤᠠᠤᠰᠤ ᠵᠢᠨ ᠡᠯᠡᠰᠦ᠎ᠶᠢ ᠵᠠᠰᠠᠵᠤ ᠣᠢᠵᠢᠭᠤᠯᠬᠤ ᠰᠠᠭᠤᠷᠢᠨ᠎ᠳᠤ᠂ ᠨᠠᠷᠠᠰᠤᠨ ᠤᠢᠳᠦ ᠤᠯᠠᠭᠠᠨ ᠨᠠᠷᠠᠰᠤᠨ ᠮᠦᠭᠦ ᠳᠠᠷᠢᠵᠠᠢ᠃ ᠮᠦᠬᠦ᠎ᠶᠢᠨ ᠰᠢᠷᠬᠡᠭ ᠨᠢ ᠵᠤᠯᠭᠠᠷᠠᠭᠰᠠᠨ ᠨᠠᠪᠴᠢᠨ᠎ᠤ ᠳᠠᠪᠬᠤᠷᠭ᠎ᠠ᠎ᠶᠢᠨ ᠳᠣᠣᠷ᠎ᠠ ᠲᠠᠷᠬᠠᠵᠤ᠂ ᠮᠦᠬᠦ ᠤᠷᠭᠤᠬᠤ᠎ᠪᠠᠷ ᠪᠠᠷᠠᠬᠤ ᠦᠭᠡᠢ ᠪᠠᠰᠠ ᠬᠤᠪᠠᠬᠠᠢᠷᠠᠭᠰᠠᠨ ᠰᠠᠯᠠᠭ᠎ᠠ ᠨᠠᠮᠠᠭ᠎ᠠ᠎ᠶᠢ ᠬᠥᠷᠥᠰᠥᠨ᠎ᠦ ᠰᠢᠮ᠎ᠡ ᠲᠡᠵᠢᠭᠡᠯ ᠪᠣᠯᠭᠠᠨ ᠬᠤᠪᠢᠷᠠᠭᠤᠯᠳᠠᠭ᠃ ᠨᠢᠭᠡ ᠮᠦ᠍ ᠭᠠᠵᠠᠷ ᠡᠴᠡᠬᠣᠶᠠᠷ ᠭᠤᠷᠪᠠᠨ ᠮᠢᠩᠭᠠᠨ ᠵᠢᠩ ᠮᠥᠭᠥ ᠭᠠᠷᠴᠦ᠂ ᠵᠠᠬ᠎ᠠ ᠳᠡᠯᠭᠡᠭᠦᠷ᠎ᠦᠨ ᠦᠨ᠎ᠡ᠎ᠪᠡᠷ ᠨᠤᠭᠤᠯᠤᠨ ᠪᠤᠳᠤᠪᠠᠯ ᠲᠠᠪᠤ ᠵᠢᠷᠭᠤᠭᠠᠨ ᠲᠦᠮᠡᠨ ᠲᠥᠭᠥᠷᠢᠭ ᠬᠤᠳᠠᠯᠳᠤᠨ᠎ᠠ᠃
ᠬᠡᠳᠦᠨ ᠠᠷᠪᠠᠨ ᠵᠢᠯ᠎ᠦᠨ ᠴᠢᠷᠮᠠᠢᠯᠭ᠎ᠠ᠎ᠪᠠᠷ ᠳᠠᠮᠵᠢᠨ᠂ 《ᠤᠮᠠᠷᠠᠲᠤ᠎ᠶᠢᠨ ᠭᠤᠷᠪᠠᠨ ᠣᠷᠣᠨ》᠎ᠤ᠋ ᠢᠨᠵᠧᠨᠧᠷᠢᠩ ᠯᠤᠲᠤ ᠶᠡᠬᠡ ᠠᠮᠢ ᠠᠬᠤᠢ᠂ ᠠᠵᠤ ᠠᠬᠤᠢ ᠪᠠ ᠨᠡᠢᠭᠡᠮ᠎ᠦᠨ ᠦᠷ᠎ᠡ ᠠᠰᠢᠭ᠋ ᠣᠯᠵᠤ᠂ ᠪᠦᠬᠦ ᠪᠥᠮᠪᠥᠷᠴᠡᠭ᠎ᠦᠨ ᠠᠮᠢ ᠠᠬᠤᠢ᠎ᠶᠢᠨ ᠵᠠᠰᠠᠯᠲᠠ᠎ᠶᠢᠨ ᠠᠮᠵᠢᠯᠲᠠ᠎ᠲᠠᠢ ᠬᠡᠪ ᠳᠠᠭᠤᠷᠢᠶᠠᠯ ᠪᠣᠯᠤᠭᠰᠠᠨ ᠪᠠᠢᠨ᠎ᠠ᠃
ᠶᠡᠷᠦᠩᠬᠡᠢ ᠱᠦᠵᠢ ᠰᠢ᠎ᠶᠢᠨ ᠫᠢᠩ᠂ ᠰᠢᠨ᠎ᠡ ᠪᠠᠢᠳᠠᠯ᠎ᠤᠨ ᠳᠣᠣᠷ᠎ᠠ ᠤᠯᠤᠰ᠎ᠤᠨ ᠨᠤᠲᠤᠭ ᠳᠡᠪᠢᠰᠬᠡᠷ᠎ᠦᠨ ᠨᠣᠭᠣᠭᠠᠷᠠᠭᠤᠯᠤᠯᠲᠠ᠎ᠶᠢ ᠠᠬᠢᠭᠤᠯᠬᠤ᠎ᠳᠤ ᠶᠠᠰᠤ ᠴᠢᠨᠠᠷ᠎ᠢ ᠳᠡᠭᠡᠭᠰᠢᠯᠡᠭᠦᠯᠬᠦ᠂ ᠠᠵᠤ ᠦᠢᠯᠡᠰ᠎ᠢ ᠬᠥᠭᠵᠢᠭᠦᠯᠬᠦ᠂ ᠠᠷᠠᠳ᠎ᠲᠤ ᠠᠰᠢᠭ᠋ ᠬᠦᠷᠲᠡᠭᠡᠬᠦ᠎ᠶᠢ ᠨᠠᠩ ᠢᠯᠡᠭᠦᠦ ᠴᠢᠬᠤᠯᠠᠴᠢᠯᠠᠵᠤ᠂ ᠳᠠᠷᠢᠬᠤ ᠪᠠ ᠬᠠᠮᠢᠶᠠᠷᠬᠤ᠎ᠶᠢ ᠬᠠᠮᠲᠤ᠎ᠪᠠᠷ ᠠᠳᠬᠤᠬᠤ᠂ ᠠᠮᠢ ᠠᠬᠤᠢ ᠪᠠ ᠠᠵᠤ ᠦᠢᠯᠡᠰ᠎ᠢ ᠬᠠᠮᠲᠤ᠎ᠪᠠᠷ ᠠᠬᠢᠭᠤᠯᠬᠤ᠂ ᠬᠥᠮᠥᠨ ᠬᠢᠭᠡᠳ ᠪᠠᠢᠭᠠᠯᠢ ᠬᠠᠮᠲᠤ᠎ᠪᠠᠷ ᠣᠷᠣᠰᠢᠬᠤ᠎ᠶᠢ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃
ᠲᠠᠩ ᠭᠠᠭᠴᠠ ᠰᠠᠯᠬᠢ ᠵᠢ ᠬᠠᠯᠬᠠᠯᠠᠨ ᠡᠯᠡᠰᠦ᠎ᠶᠢ ᠲᠣᠭᠲᠠᠪᠤᠷᠢᠵᠢᠭᠤᠯᠬᠤ᠎ᠡᠴᠡ ᠤᠯᠠᠨ ᠡᠰᠢᠲᠦ ᠠᠵᠤ ᠦᠢᠯᠡᠰ᠎ᠢ ᠪᠣᠢᠵᠢᠭᠤᠯᠤᠬᠰᠠᠨ ᠬᠦᠷᠲᠡᠯ᠎ᠡ᠂ ᠡᠳᠦᠭᠡ ᠡᠯᠡᠰᠦ᠎ᠶᠢ ᠵᠠᠰᠠᠬᠤ ᠰᠡᠳᠬᠢᠮᠵᠢ ᠰᠢᠨᠡᠳᠦᠨ ᠬᠤᠪᠢᠷᠠᠵᠤ ᠪᠤᠢ᠄ ᠡᠯᠡᠰᠦᠷᠬᠡᠭ ᠭᠠᠵᠠᠷ᠎ᠢ ᠨᠣᠭᠣᠭᠠᠨ ᠪᠦᠷᠢ᠎ᠳᠤ ᠪᠤᠯᠭᠠᠨ ᠬᠤᠪᠢᠷᠠᠭᠤᠯᠬᠤ᠎ᠪᠠᠷ ᠪᠠᠷᠠᠬᠤ ᠦᠭᠡᠢ᠂ ᠪᠠᠰᠠ ᠬᠥᠮᠥᠨ᠎ᠢ ᠲᠡᠵᠢᠭᠡᠵᠦ ᠳᠡᠶ᠋ᠢᠯᠬᠦ ᠬᠡᠷᠡᠭᠲᠡᠢ᠃
ᠰᠢᠨᠵᠢᠶᠠᠩ᠎ᠳᠤ᠂ ᠡᠯᠡᠰᠦᠨ᠎ᠦ ᠠᠵᠤ ᠠᠬᠤᠢ᠎ᠶᠢᠨ ᠲᠠᠷᠢᠮᠠᠯ᠎ᠤᠨ ᠲᠠᠯᠠᠪᠠᠶ 1083 ᠲᠦᠮᠡᠨ ᠮᠦ᠍᠎ᠳᠦ ᠬᠦᠷᠴᠦ᠂ ᠦᠢᠯᠡᠳᠬᠦᠨ᠎ᠦ ᠥᠷᠲᠡᠭ ᠨᠢ 290 ᠳ᠋ᠦᠩᠰᠢᠭᠤᠷ ᠲᠥᠭᠥᠷᠢᠭ᠎ᠲᠦ ᠬᠦᠷᠴᠦ᠂ ᠡᠯᠡᠰᠦᠨ ᠴᠥᠯ᠎ᠦᠨ ᠵᠢᠭᠤᠯᠴᠢᠯᠠᠯ᠂ ᠡᠯᠡᠰᠦᠷᠬᠡᠭ ᠣᠷᠣᠨ᠎ᠤ ᠡᠷᠡᠭᠦᠯᠵᠢᠯ ᠰᠤᠪᠢᠯᠠᠯᠲᠠ᠂ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠵᠡᠷᠭᠡ ᠰᠢᠨ᠎ᠡ ᠡᠵᠡᠩᠨᠡᠯᠲᠡ᠎ᠶᠢᠨ ᠬᠡᠯᠪᠡᠷᠢ ᠥᠷᠨᠢᠩᠭᠦᠢ ᠬᠥᠭᠵᠢᠵᠦ᠂ 30 ᠲᠦᠮᠡᠨ ᠬᠥᠮᠥᠨ ᠳ᠋ᠤ ᠠᠵᠢᠯ ᠣᠯᠭᠣᠬᠤ᠎ᠶᠢ ᠳᠠᠶ᠋ᠢᠴᠢᠯᠠᠵᠤ᠂ ᠬᠥᠮᠥᠨ ᠳᠤᠮᠳᠠᠴᠢ᠎ᠶᠢᠨ ᠵᠢᠯ᠎ᠦᠨ ᠣᠷᠣᠯᠭ᠎ᠠ᠎ᠶᠢᠨ ᠨᠡᠮᠡᠭᠳᠡᠯ 3000 ᠲᠥᠭᠥᠷᠢᠭ᠎ᠢ ᠳᠠᠪᠠᠪᠠ᠃
ᠨᠢᠳᠤᠨᠤᠨ᠂ ᠥᠪᠥᠷ ᠮᠣᠩᠭᠣᠯ᠎ᠤᠨ ᠣᠶ ᠰᠢᠭᠤᠢ ᠡᠪᠡᠰᠦᠨ᠎ᠦ ᠠᠵᠤ ᠦᠢᠯᠡᠰ᠎ᠦᠨ ᠦᠢᠯᠡᠳᠬᠦᠨ᠎ᠦ ᠥᠷᠲᠡᠭ 1120 ᠳ᠋ᠦᠩᠰᠢᠭᠤᠷ ᠲᠥᠭᠥᠷᠢᠭ᠎ᠲᠦ ᠬᠦᠷᠴᠦ᠂ ᠬᠠᠳᠤᠯᠠᠩ ᠪᠡᠯᠴᠢᠭᠡᠷ᠎ᠦᠨ ᠡᠷᠦᠬᠡ ᠬᠣᠯᠪᠤᠭᠠᠯᠠᠨ ᠡᠵᠡᠩᠨᠡᠵᠦ ᠨᠢᠭᠡᠳᠦᠯᠲᠡᠢ ᠲᠡᠵᠢᠭᠡᠵᠦ ᠬᠠᠮᠲᠤ᠎ᠪᠠᠷ ᠪᠠᠶᠠᠵᠢᠬᠤ᠂ ᠲᠣᠮᠣ᠌ ᠠᠵᠤ ᠠᠬᠤᠢᠯᠠᠯ + ᠵᠢᠵᠢᠭ ᠲᠠᠷᠢᠶᠠᠴᠢᠨ ᠡᠷᠦᠬᠡ᠎ᠶᠢᠨ ᠠᠰᠢᠭ᠋ ᠲᠤᠰᠠ᠎ᠶᠢ ᠬᠣᠯᠪᠣᠬᠳᠠᠭᠤᠯᠬᠤ ᠵᠡᠷᠭᠡ ᠮᠠᠯ ᠪᠡᠯᠴᠢᠭᠡᠷ᠎ᠢ ᠬᠠᠷᠢᠯᠴᠠᠨ ᠠᠬᠢᠭᠤᠯᠬᠤ᠂ ᠬᠠᠮᠲᠤ᠎ᠪᠠᠷ ᠵᠠᠰᠠᠬᠤ ᠰᠢᠨ᠎ᠡ ᠵᠠᠭᠪᠤᠷ᠎ᠢ ᠰᠦᠪᠡᠭᠴᠢᠯᠡᠨ ᠪᠦᠷᠢᠯᠳᠦᠭᠦᠯᠪᠡ᠃
ᠡᠯ᠎ᠡ ᠭᠠᠵᠠᠷ᠎ᠤᠨ ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠠᠭᠠᠨ ᠭᠣᠶᠣᠣ᠂ ᠯᠣᠪ ᠣᠯᠣᠰᠤ᠂ ᠡᠯᠡᠰᠦᠨ ᠴᠦᠯ᠎ᠦᠨ ᠰᠠᠷᠭᠠᠢ ᠵᠡᠷᠭᠡ ᠣᠨᠴᠠᠯᠢᠭ᠍ᠲᠤ ᠡᠯᠡᠰᠦᠨ᠎ᠦ ᠠᠵᠤ ᠦᠢᠯᠡᠰ᠎ᠢ ᠬᠥᠭᠵᠢᠭᠦᠯᠬᠦ᠎ᠶᠢᠨ ᠬᠠᠮᠲᠤ 《ᠬᠦᠳᠡᠯᠮᠦᠷᠢᠯᠡᠬᠦ ᠪᠡᠷ ᠲᠡᠳᠬᠦᠮᠵᠢ᠎ᠶᠢ ᠣᠷᠣᠯᠠᠭᠤᠯᠬᠤ》 ᠪᠠᠷ ᠳᠠᠮᠵᠢᠨ ᠮᠠᠯᠴᠢᠨ ᠲᠠᠷᠢᠶᠠᠴᠢᠨ᠎ᠢ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠳᠤ ᠣᠷᠣᠯᠴᠠᠭᠤᠯᠵᠤ᠂ ᠠᠷᠠᠳ ᠤᠯᠠᠨ᠎ᠢ ᠭᠡᠷ᠎ᠦᠨ ᠡᠭᠦᠳᠡᠨ ᠳ᠋ᠦ᠍ᠨᠢ ᠠᠵᠢᠯ ᠣᠯᠭᠣᠵᠤ ᠣᠷᠣᠯᠭ᠎ᠠ᠎ᠶᠢ ᠨᠢ ᠨᠡᠮᠡᠭᠳᠡᠭᠦᠯᠪᠡ᠃
《ᠠᠷᠪᠠᠨ ᠲᠠᠪᠤᠳᠤᠭᠠᠷ ᠲᠠᠪᠤᠨ ᠵᠢᠯ》 ᠪᠣᠯ 《ᠤᠮᠠᠷᠠᠲᠦ ᠵᠢᠨ ᠭᠤᠷᠪᠠᠨ ᠤᠷᠤᠨ》᠎ᠤ᠋ ᠢᠨᠵᠧᠨᠧᠷᠢᠩ᠎ᠦᠨ ᠳᠠᠪᠠᠭ᠎ᠠ ᠳᠠᠪᠠᠵᠤ᠂ ᠪᠤᠭᠤᠮᠳᠠ ᠰᠢᠪᠲᠤᠯᠤᠨ ᠪᠡᠷᠬᠡ᠎ᠶᠢ ᠲᠤᠭᠤᠯᠬᠤ ᠵᠠᠩᠭᠢᠯᠠᠭ᠎ᠠ᠎ᠶᠢᠨ ᠱᠠᠲᠤ ᠦᠶ᠎ᠡ ᠮᠥᠨ᠃
《〈 ᠤᠮᠠᠷᠠᠲᠤ᠎ᠶᠢᠨ ᠭᠤᠷᠪᠠᠨ ᠣᠷᠣᠨ〉 ᠵᠡᠷᠭᠡ ᠭᠣᠣᠯᠳᠠᠯᠭ᠎ᠠ᠎ᠲᠠᠢ ᠢᠨᠵᠧᠨᠧᠷᠢᠩ ᠦᠨ ᠪᠦᠲᠦᠭᠡᠨ ᠪᠠᠢᠭᠤᠯᠤᠯᠲᠠ᠎ᠶᠢ ᠴᠦᠬᠦᠷᠡᠰᠢ ᠦᠭᠡᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠨ᠎ᠠ》᠃ ᠤᠷᠤᠭᠰᠢᠯᠠᠯᠲᠠ ᠵᠢᠨ ᠪᠦᠷᠢᠶ᠎ᠡ ᠬᠠᠨᠭᠭᠢᠨᠠᠯᠠ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ ᠵᠢᠨ ᠳᠠᠭᠠᠭᠤᠯᠭ᠎ᠠ ᠳᠣᠣᠷ᠎ᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠤᠨ ᠬᠢᠨ ᠬᠦᠰᠡᠯ ᠨᠠᠶ᠋ᠢᠳᠠᠯᠭ᠎ᠠ᠎ᠶᠢ ᠬᠥᠰᠡᠷᠳᠡᠭᠦᠯᠬᠦ ᠦᠭᠡᠢ᠎ᠪᠡᠷ ᠴᠥᠬᠥᠷᠡᠰᠢ ᠦᠭᠡᠢ ᠴᠢᠷᠮᠠᠢᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ ᠰᠢᠨ᠎ᠡ ᠭᠠᠢᠬᠠᠮᠰᠢᠭ᠋᠎ᠢ ᠴᠢᠷᠮᠠᠢᠨ ᠡᠭᠦᠳᠬᠦ ᠨᠢ ᠯᠠᠪᠲᠠᠢ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 6 ᠰᠠᠷ᠎ᠠ᠎ᠶᠢᠨ 16᠎ᠤ᠋ ᠴᠠᠬᠢᠯᠭᠠᠨ ᠮᠡᠳᠡᠭᠡ )