ᠲᠥᠪ ᠎ᠦᠨ ᠨᠠᠮ ᠎ᠤᠨ ᠪᠠᠶ᠋ᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠶ᠋ᠢᠯᠠᠩ 《ᠰᠢ ᠵᠢᠨ ᠫᠢᠩ ᠎ᠦᠨ ᠨᠠᠮ ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠶ ᠮᠡᠳᠡᠭᠳᠡᠯ 》 ᠢ᠋ ᠳᠠᠷᠤᠮᠠᠯᠯᠠᠨ ᠲᠠᠷᠬᠠᠭᠠᠪᠠ
2026-06-21 11:29:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢ ᠵᠢᠨ ᠫᠢᠩ ᠎ᠦᠨ ᠨᠠᠮ ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠠᠵᠢᠯ ᠎ᠢ ᠭᠦᠨᠵᠡᠭᠡᠶ ᠰᠠᠶ᠋ᠢᠲᠤᠷ ᠠᠳᠬᠤᠬᠤ᠎ᠶᠢᠨ ᠲᠥᠯᠥᠭᠡ᠂ ᠲᠥᠪ᠎ᠦᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠶ᠋ᠢᠯᠠᠩ 《ᠰᠢ ᠵᠢᠨ ᠫᠢᠩ ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ᠍ ᠲᠤᠪᠴᠢᠯᠠᠨ᠎ᠠ)  ᠢ᠋ ᠳᠠᠷᠤᠮᠠᠯᠯᠠᠨ ᠲᠠᠷᠬᠠᠭᠠᠪᠠ᠃

《ᠮᠡᠳᠡᠭᠳᠡᠯ》 ᠳ᠋ᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ  ᠵᠢᠨ ᠫᠢᠩ ᠨᠥᠬᠥᠷ ᠎ᠢᠶᠡᠷ ᠭᠣᠣᠯ ᠪᠣᠯᠭᠠᠭᠰᠠᠨ ᠨᠠᠮ ᠎ᠤᠨ ᠲᠥᠪ ᠬᠣᠷᠢᠶ᠎ᠠ ᠶᠠᠮᠠᠷᠰᠢᠤ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ ᠎ᠤᠨ ᠦᠵᠡᠯ ᠎ᠦᠨ ᠲᠦᠷᠦ᠎ᠶᠢᠨ ᠨᠠᠮ᠎ᠢ ᠪᠠᠶ᠋ᠢᠭᠤᠯᠬᠤ᠂ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ ᠎ᠤᠨ ᠦᠵᠡᠯ ᠎ᠦᠨ ᠲᠦᠷᠦ᠎ᠶᠢᠨ ᠨᠠᠮ᠎ᠢ ᠬᠡᠷᠬᠢᠨ ᠪᠠᠶ᠋ᠢᠭᠤᠯᠬᠤ ᠴᠢᠬᠤᠯᠠ ᠶᠡᠬᠡ ᠴᠠᠭ ᠦᠶ᠎ᠡ᠎ᠶᠢᠨ ᠰᠡᠳᠦᠪ ᠎ᠦᠨ ᠲᠣᠭᠣᠷᠢᠨ᠎ᠳᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ ᠎ᠢᠶᠡᠨ ᠮᠠᠨᠳᠤᠭᠤᠯᠵᠤ ᠨᠠᠮ᠎ᠢᠶᠡᠨ ᠬᠦᠴᠦᠷᠬᠡᠭᠵᠢᠭᠦᠯᠬᠦ᠌ ᠠᠯᠢ ᠤᠯᠠᠨ ᠰᠢᠨ᠎ᠡ ᠤᠢ᠌ᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶ᠋ᠢᠯᠳᠤᠬᠤ ᠪᠤᠳᠤᠯᠭ᠎ᠠ᠎ᠶᠢ ᠳᠤᠷᠠᠳᠴᠤ᠌᠂ ᠰᠢ ᠵᠢᠨ ᠫᠢᠩ ᠎ᠦᠨ ᠨᠠᠮ ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠷᠢᠯᠳᠦᠭᠦᠯᠪᠠ ᠭᠡᠵᠤ ᠵᠢᠭᠠᠵᠤ ᠭᠠᠷᠭᠠᠵᠠᠢ᠃

《ᠮᠡᠳᠡᠭᠳᠡᠯ》 ᠳ᠋ᠤ᠂ ᠰᠢ ᠵᠢᠨ ᠫᠢᠩ ᠎ᠦᠨ ᠨᠠᠮ ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠨᠢ ᠮᠠᠷᠺᠰ᠎ᠤᠨ ᠦᠵᠡᠯ ᠎ᠦᠨ ᠨᠠᠮ ᠪᠠᠶ᠋ᠢᠭᠤᠯᠬᠤ ᠰᠤᠷᠭᠠᠯ᠎ᠢ ᠪᠠᠶᠠᠯᠢᠭᠵᠢᠭᠤᠯᠤᠨ ᠬᠥᠭᠵᠢᠭᠦᠯᠵᠦ᠍᠂ ᠮᠠᠷᠺᠰ᠎ᠤᠨ ᠦᠵᠡᠯ ᠎ᠦᠨ ᠦᠨᠳᠦᠰᠦᠨ ᠣᠭ ᠶᠣᠰᠣ᠎ᠶᠢ ᠳᠤᠮᠳᠠᠳᠤ ᠤᠯᠤᠰ᠎ᠤᠨ ᠪᠣᠳᠠᠲᠤ᠌ ᠪᠠᠶ᠋ᠢᠳᠠᠯ᠎ᠲᠠᠶ ᠤᠶᠠᠯᠳᠤᠭᠤᠯᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠲᠠᠶ ᠤᠶᠠᠯᠳᠤᠭᠤᠯᠬᠤ ᠵᠢ ᠪᠠᠷᠢᠮᠳᠠᠯᠠᠵᠤ ᠨᠠᠮ᠎ᠤᠨ ᠣᠨᠣᠯ᠎ᠤᠨ ᠰᠢᠨ᠎ᠡ ᠵᠢ ᠡᠭᠦᠳᠬᠦ᠎ᠶᠢ ᠠᠬᠢᠭᠤᠯᠤᠭᠰᠠᠨ ᠴᠢᠬᠤᠯᠠ ᠶᠡᠬᠡ ᠦᠷ᠎ᠡ ᠪᠦᠲᠦᠭᠡᠯ ᠮᠥᠨ᠂ ᠨᠠᠮ ᠪᠠ ᠠᠷᠠᠳ ᠲᠦᠮᠡᠨ᠎ᠦ ᠦᠢᠯᠡᠳᠤᠯᠭᠡ᠎ᠶᠢᠨ ᠲᠤᠷᠰᠢᠯᠭ᠎ᠠ ᠪᠠ ᠬᠠᠮᠲᠤ᠎ᠶᠢᠨ ᠣᠶᠤᠨ ᠤᠬᠠᠭᠠᠨ᠎ᠤ ᠣᠬᠢ ᠲᠡᠯᠡᠰᠳᠤ ᠮᠥᠨ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠶ ᠠᠬᠢᠭᠤᠯᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠬᠠᠩᠭᠠᠪᠠ᠃ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠨᠢ ᠪᠦᠬᠦ᠌ ᠨᠠᠮ᠎ᠤᠨ《ᠬᠣᠶᠠᠷ ᠎ᠢ ᠲᠣᠭᠲᠠᠭᠠᠬᠰᠡᠨ》 ᠤ᠋ ᠰᠢ᠌ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭᠠᠬᠤ᠂ 《ᠬᠣᠶᠠᠷ ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌᠎ᠳᠦ ᠠᠰᠢᠭᠲᠠᠢ ᠶᠤᠮ; ᠨᠠᠮ ᠎ᠤᠨ ᠰᠢᠨ᠎ᠡ᠎ᠡᠬᠦᠳᠤᠯᠳᠠ ᠵᠢᠨ ᠤᠨᠤᠯ᠎ᠢᠶᠠᠷ ᠵᠡᠪᠰᠡᠭᠯᠡᠬᠦ᠌᠎ᠶᠢ ᠭᠦᠨᠵᠡᠭᠡᠶ᠋ᠢᠷᠡᠭᠦᠯᠵᠦ᠍᠂ ᠪᠦᠬᠦ᠌ ᠨᠠᠮ ᠎ᠤᠨ ᠦᠵᠡᠯ ᠰᠠᠨᠠᠭ᠎ᠠ ᠤᠨᠤᠯ᠎ᠤᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ᠌᠎ᠶᠢ ᠠᠬᠢᠭᠤᠯᠬᠤ᠎ᠳᠤ ᠠᠰᠢᠭᠲᠠᠶ ᠶᠤᠮ; ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠎ᠶᠢ ᠴᠥᠬᠥᠷᠡᠰᠢ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠬᠤ᠎ᠳᠤ ᠠᠰᠢᠭᠲᠠᠢ ᠶᠤᠮ ᠭᠡᠵᠤ ᠲᠤᠳᠤᠷᠬᠠᠢᠯᠠᠪᠠ᠃

《ᠮᠡᠳᠡᠭᠳᠡᠯ》 ᠳ᠋ᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭᠠᠨ᠎ᠤ ᠰᠢᠨᠵᠢᠯᠡᠬᠦ᠌ ᠤᠬᠠᠭᠠᠨᠴᠢ ᠠᠭᠤᠯᠤᠭᠳᠠᠬᠤᠨ᠎ᠢ ᠭᠦᠨᠵᠡᠭᠡᠢ ᠰᠤᠷᠤᠯᠴᠠᠨ ᠣᠶ᠋ᠢᠯᠠᠭᠠᠬᠤ ᠬᠡᠷᠡᠭᠲᠡᠢ᠃ 《ᠨᠠᠮ᠎ᠤᠨ ᠤᠳᠤᠷᠢᠳᠤᠯᠭ᠎ᠠ ᠵᠢ  ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠮᠤᠭ ᠎ᠤᠨ ᠮᠥᠨ ᠴᠢᠨᠠᠷ᠎ᠤᠨ ᠣᠨᠴᠠᠯᠢᠭ ᠮᠥᠨ》ᠪᠤᠯᠬᠤ ᠵᠢ ᠭᠦᠨᠵᠡᠭᠡᠶ ᠣᠶ᠋ᠢᠯᠠᠭᠠᠬᠤ ᠬᠡᠷᠡᠭᠲᠡᠶ; 《ᠨᠠᠮ ᠎ᠤᠨ ᠲᠥᠪ ᠬᠣᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶᠢ ᠪᠠᠷᠢᠮᠲᠠᠯᠠᠬᠤ》 ᠪᠣᠯ ᠨᠠᠮ ᠎ᠤᠨ ᠤᠳᠤᠷᠢᠳᠤᠯᠭ᠎ᠠ ᠎ᠶᠢᠨ ᠬᠠᠮᠤᠭ ᠎ᠤᠨ ᠳᠡᠭᠡᠳᠦ ᠵᠠᠷᠴᠢᠮ ᠪᠤᠯᠬᠤ ᠵᠢ ᠭᠦᠨᠵᠡᠭᠡᠶ ᠣᠶ᠋ᠢᠯᠠᠭᠠᠬᠤ ᠬᠡᠷᠡᠭᠲᠡᠶ; 《ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠬᠤ》 ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ ᠎ᠶᠢᠨ ᠪᠠᠶ᠋ᠢᠯᠳᠤᠬᠤ ᠪᠤᠳᠤᠯᠭ᠎ᠠ᠎ᠶᠢᠨ ᠴᠢᠭᠯᠡᠯᠲᠡ ᠪᠣᠯᠬᠤ᠎ᠶᠢ ᠭᠦᠨᠵᠡᠭᠡᠢ ᠣᠶ᠋ᠢᠯᠠᠭᠠᠬᠤ ᠬᠡᠷᠡᠭᠲᠡᠢ; 《ᠤᠭ ᠰᠠᠨᠠᠭ᠎ᠠ᠎ᠪᠠᠨ ᠦᠯᠦ᠍ ᠮᠠᠷᠲᠠᠵᠤ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠬᠦ᠌》 ᠪᠣᠯ ᠨᠠᠮ ᠎ᠤᠨ ᠵᠣᠷᠢᠯᠲᠠ ᠵᠣᠭᠰᠣᠯᠲᠠ ᠪᠠ ᠥᠷᠲᠡᠭ᠎ᠦᠨ ᠬᠠᠨᠳᠤᠰᠢ ᠪᠤᠯᠬᠤ᠎ᠶᠢ ᠭᠦᠨᠵᠡᠭᠡᠶ ᠣᠶ᠋ᠢᠯᠠᠭᠠᠬᠤ ᠬᠡᠷᠡᠭᠲᠡᠶ; 《ᠨᠠᠮ᠎ᠤᠨ ᠤᠯᠤᠰ ᠲᠥᠷᠥ᠎ᠶᠢᠨ ᠪᠠᠶ᠋ᠢᠭᠤᠯᠤᠯᠲᠠ ᠎ᠪᠠᠷ ᠶᠡᠷᠦᠩᠬᠡᠶ᠋ᠢᠯᠡᠨ ᠵᠢᠯᠣᠭᠣᠳᠣᠭᠤᠯᠬᠤ᠎ᠶᠢ ᠪᠠᠷᠢᠮᠲᠠᠯᠠᠬᠤ》ᠪᠣᠯ ᠰᠢᠨ᠎ᠡ ᠴᠠᠭ ᠦᠶ᠎ᠡ᠎ᠶᠢᠨ ᠨᠠᠮ ᠎ᠤᠨ ᠪᠠᠶ᠋ᠢᠭᠤᠯᠤᠯᠲᠠ᠎ᠶᠢᠨ ᠦᠨᠳᠦᠰᠦᠨ ᠱᠠᠭᠠᠷᠳᠠᠯᠭ᠎ᠠ ᠪᠣᠯᠬᠤ᠎ᠶᠢ ᠭᠦᠨᠵᠡᠭᠡᠶ ᠣᠶ᠋ᠢᠯᠠᠭᠠᠬᠤ ᠬᠡᠷᠡᠭᠲᠡᠶ; 《ᠨᠠᠮ ᠎ᠤᠨ ᠰᠢᠨ᠎ᠡ ᠡᠬᠦᠳᠤᠯᠳᠠ ᠵᠢᠨ ᠤᠨᠤᠯ᠎ᠢᠶᠠᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ᠎ᠶᠢ ᠱᠤᠭᠤᠬᠤ᠎ᠶᠢ ᠪᠠᠷᠢᠮᠲᠠᠯᠠᠬᠤ》 ᠪᠣᠯ ᠨᠠᠮ᠎ᠤᠨ ᠦᠵᠡᠯ ᠰᠠᠨᠠᠭᠠᠨ᠎ᠤ ᠪᠠᠶ᠋ᠢᠭᠤᠯᠤᠯᠲᠠ᠎ᠶᠢᠨ ᠦᠨᠳᠦᠰᠦᠨ ᠡᠭᠦᠷᠭᠡ ᠪᠣᠯᠬᠤ ᠵᠢ  ᠭᠦᠨᠵᠡᠭᠡᠢ ᠣᠶ᠋ᠢᠯᠠᠭᠠᠬᠤ ᠬᠡᠷᠡᠭᠲᠡᠢ; 《ᠪᠠᠳᠤ ᠴᠢᠩᠭ᠎ᠠ ᠨᠠᠮᠴᠢ ᠴᠢᠨᠠᠷ ᠎ᠢ ᠳᠠᠪᠲᠠᠨ ᠪᠣᠯᠪᠠᠰᠤᠷᠠᠭᠤᠯᠬᠤ᠎ᠶᠢ ᠪᠠᠷᠢᠮᠲᠠᠯᠠᠬᠤ》 ᠪᠣᠯ ᠨᠠᠮ᠎ᠤᠨ ᠭᠡᠰᠢᠭᠦᠨ᠂ ᠺᠠᠳ᠋ᠷᠴᠤᠳ ᠎ᠤᠨ ᠨᠠᠰᠤᠨ ᠲᠤᠷᠰᠢᠳᠠ᠎ᠶᠢᠨ ᠰᠡᠳᠦᠪ ᠪᠣᠯᠬᠤ᠎ᠶᠢ ᠭᠦᠨᠵᠡᠭᠡᠶ ᠣᠶ᠋ᠢᠯᠠᠭᠠᠬᠤ ᠬᠡᠷᠡᠭᠲᠡᠶ; 《ᠳᠡᠭᠡᠷ᠎ᠠ ᠳᠣᠣᠷ᠎ᠠ ᠱᠠᠲᠤ᠌ ᠪᠡᠷ᠎ᠢᠶᠡᠨ  ᠨᠡᠪᠲᠡᠷᠡᠯᠴᠡᠭᠰᠡᠨ᠂ ᠬᠡᠷᠡᠭᠵᠢᠭᠦᠯᠦᠯᠲᠡ ᠬᠦᠴᠦᠲᠡᠶ ᠵᠣᠬᠢᠶᠠᠨ ᠪᠠᠶ᠋ᠢᠭᠤᠯᠤᠯᠲᠠ᠎ᠶᠢᠨ ᠰᠢᠰᠲ᠋ᠧᠮ᠎ᠢ ᠪᠦᠷᠢᠨᠰᠢᠭᠦᠯᠬᠦ᠌᠎ᠶᠢ ᠪᠠᠷᠢᠮᠲᠠᠯᠠᠬᠤ》 ᠪᠣᠯ ᠨᠠᠮ᠎ᠤᠨ ᠳᠠᠪᠠᠭᠤᠯᠢᠭ᠂ ᠬᠦᠴᠦᠨ ᠴᠢᠳᠠᠯ ᠪᠤᠯᠬᠤ ᠵᠢ ᠭᠦᠨᠵᠡᠭᠡᠶ ᠣᠶ᠋ᠢᠯᠠᠭᠠᠬᠤ ᠬᠡᠷᠡᠭᠲᠡᠶ; 《ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠵᠦ᠍ ᠳᠡᠶ᠋ᠢᠯᠬᠦ᠌ ᠥᠨᠳᠥᠷ ᠬᠡᠪ ᠪᠣᠯᠪᠠᠰᠤᠷᠠᠯ᠎ᠪᠦᠬᠦᠢ ᠺᠠᠳ᠋ᠷ ᠎ᠤᠨ ᠡᠩᠨᠡᠭᠡ᠎ᠶᠢ ᠪᠠᠶ᠋ᠢᠭᠤᠯᠬᠤ᠎ᠶᠢ ᠪᠠᠷᠢᠮᠲᠠᠯᠠᠬᠤ》ᠪᠣᠯ ᠨᠠᠮ ᠪᠣᠯᠤᠨ ᠤᠯᠤᠰ ᠎ᠤᠨ ᠠᠵᠢᠯ ᠦᠢᠯᠡᠰ᠎ᠲᠦ᠍ ᠬᠣᠯᠪᠣᠭᠳᠠᠬᠤ ᠵᠠᠩᠭᠢᠯᠠᠭ᠎ᠠ᠎ᠶᠢᠨ ᠴᠢᠨᠠᠷᠲᠠᠢ ᠠᠰᠠᠭᠤᠳᠠᠯ ᠪᠣᠯᠬᠤ᠎ᠶᠢ ᠭᠦᠨᠵᠡᠭᠡᠢ ᠣᠶ᠋ᠢᠯᠠᠭᠠᠬᠤ ᠬᠡᠷᠡᠭᠲᠡᠢ; 《ᠰᠤᠷᠲᠠᠯ ᠎ᠤᠨ ᠪᠠᠶ᠋ᠢᠭᠤᠯᠤᠯᠲᠠ᠎ᠶᠢ ᠪᠠᠶ᠋ᠢᠩᠭᠤᠵᠢᠭᠤᠯᠤᠨ ᠤᠷᠲᠤ᠌ ᠬᠤᠭᠤᠴᠠᠭ᠎ᠠ ᠪᠦᠲᠦᠮᠵᠢᠲᠡᠶ ᠪᠠᠢᠯᠭᠠᠬᠤ ᠎ᠶᠢ ᠪᠠᠷᠢᠮᠲᠠᠯᠠᠬᠤ》 ᠪᠣᠯ ᠨᠠᠮ ᠪᠣᠯᠤᠨ ᠠᠷᠠᠳ ᠣᠯᠠᠨ᠎ᠤ ᠴᠢᠰᠤ ᠮᠢᠬᠠᠨ᠎ᠤ ᠬᠠᠷᠢᠴᠠᠭ᠎ᠠ ᠎ᠶᠢ ᠪᠠᠲᠤᠯᠠᠬᠤ ᠪᠦᠲᠦᠮᠵᠢᠲᠡᠶ ᠠᠷᠭ᠎ᠠ ᠵᠠᠮ ᠪᠤᠯᠬᠤ ᠵᠢ ᠭᠦᠨᠵᠡᠭᠡᠶ ᠣᠶ᠋ᠢᠯᠠᠭᠠᠬᠤ ᠬᠡᠷᠡᠭᠲᠡᠶ; 《ᠲᠦᠪ ᠴᠢᠩᠭ᠎ᠠ ᠲᠣᠳᠣᠷᠬᠠᠢ ᠰᠠᠬᠢᠯᠭ᠎ᠠ ᠪᠠᠲᠤ᠎ᠪᠠᠷ ᠪᠦᠬᠦ ᠨᠠᠮ᠎ᠢ ᠬᠠᠮᠢᠶᠠᠷᠴᠤ ᠪᠦᠬᠦ ᠨᠠᠮ᠎ᠢ ᠵᠠᠰᠠᠬᠤ ᠵᠢ ᠪᠠᠷᠢᠮᠳᠠᠯᠠᠬᠤ》 ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠦᠨᠳᠦᠰᠦᠨ ᠡᠴᠡ ᠨᠢ ᠵᠠᠰᠠᠬᠤ ᠠᠷᠭ᠎ᠠ ᠪᠣᠳᠣᠯᠭ᠎ᠠ ᠪᠣᠯᠬᠤ᠎ᠶᠢ ᠭᠦᠨᠵᠡᠭᠡᠢ ᠣᠢᠯᠠᠭᠠᠬᠤ ᠬᠡᠷᠡᠭᠲᠡᠢ; 《ᠢᠯᠵᠢᠷᠡᠬᠦ ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠦ ᠵᠢ ᠪᠤᠳᠤᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠬᠤ》ᠪᠣᠯ ᠪᠦᠬᠦ ᠲᠠᠯ᠎ᠠ᠎ᠪᠠᠷ ᠨᠠᠮ ᠎ᠢ ᠴᠢᠩᠭ᠎ᠠ ᠵᠠᠰᠠᠬᠤ᠎ᠶᠢᠨ ᠴᠢᠬᠤᠯᠠ ᠠᠷᠭ᠎ᠠ ᠪᠣᠳᠣᠯᠭ᠎ᠠ ᠪᠠ ᠢᠯᠵᠢᠷᠠᠯ᠎ᠢ ᠡᠰᠡᠷᠭᠦᠴᠡᠬᠦ ᠲᠡᠮᠡᠴᠡᠯ ᠎ᠦᠨ ᠦᠨᠳᠦᠰᠦᠨ ᠴᠢᠭᠯᠡᠯᠲᠡ ᠮᠥᠨ ᠭᠡᠳᠡᠭ᠎ᠢ ᠭᠦᠨᠵᠡᠭᠡᠢ ᠣᠢᠯᠠᠭᠠᠬᠤ ᠬᠡᠷᠡᠭᠲᠡᠢ; 《ᠲᠦᠷᠢᠮ᠎ᠢᠶᠡᠷ ᠨᠠᠮ ᠎ᠢ ᠵᠠᠰᠠᠬᠤ᠂ ᠲᠤᠬᠳᠠᠭᠠᠯ ᠶᠤᠰᠤᠭᠠᠷ ᠨᠠᠮ᠎ᠢ ᠵᠠᠰᠠᠬᠤ᠎ᠶᠢ ᠪᠠᠷᠢᠮᠲᠠᠯᠠᠬᠤ》 ᠪᠣᠯ ᠪᠦᠬᠦ ᠲᠠᠯ᠎ᠠ ᠎ᠪᠠᠷ ᠨᠠᠮ᠎ᠢ ᠴᠢᠩᠭ᠎ᠠ ᠵᠠᠰᠠᠬᠤ᠎ᠶᠢᠨ ᠠᠯᠤᠰ ᠬᠡᠳᠤ᠎ᠶᠢᠨ ᠪᠠ ᠦᠨᠳᠦᠰᠦᠨ ᠠᠷᠭ᠎ᠠ ᠪᠣᠳᠣᠯᠭ᠎ᠠ ᠪᠣᠯᠬᠤ᠎ᠶᠢ ᠭᠦᠨᠵᠡᠭᠡᠢ ᠣᠢᠯᠠᠭᠠᠬᠤ ᠬᠡᠷᠡᠭᠲᠡᠢ; 《ᠨᠠᠮ᠎ᠢ ᠬᠠᠮᠢᠶᠠᠷᠴᠤ ᠨᠠᠮ ᠎ᠢ ᠵᠠᠰᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠪᠠᠷᠢᠮᠲᠠᠯᠠᠬᠤ》 ᠪᠣᠯ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠴᠢᠩᠭ᠎ᠠ ᠡᠴᠡ ᠴᠢᠩᠭ᠎ᠠ ᠠᠳᠬᠤᠬᠤ ᠴᠢᠬᠤᠯᠠᠲᠠᠢ 《ᠵᠠᠩᠭᠢᠯᠠᠭ᠎ᠠ》ᠮᠥᠨ ᠭᠡᠳᠡᠭ᠎ᠢ ᠭᠦᠨᠵᠡᠭᠡᠢ ᠣᠢᠯᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃

《ᠮᠡᠳᠡᠭᠳᠡᠯ》 ᠳ᠋ᠤ᠌᠂ ᠰᠢ ᠵᠢᠨ ᠫᠢᠩ ᠎ᠦᠨ ᠨᠠᠮ ᠎ᠤᠨ ᠪᠠᠢᠭᠤᠯᠤᠯᠲᠠ ᠎ᠶᠢᠨ ᠦᠵᠡᠯ ᠰᠠᠨᠠᠭᠠᠨ᠎ᠤ ᠤᠨᠤᠯ᠎ᠤᠨ ᠬᠡᠪ ᠴᠢᠨᠠᠷ᠎ᠢ ᠭᠦᠨᠵᠡᠭᠡᠢ ᠰᠤᠷᠤᠯᠴᠠᠨ ᠣᠢᠯᠠᠭᠠᠬᠤ ᠬᠡᠷᠡᠭᠲᠡᠢ᠃ ᠰᠢ ᠵᠢᠨ ᠫᠢᠩ ᠎ᠦᠨ ᠨᠠᠮ ᠎ᠤᠨ ᠪᠠᠢᠭᠤᠯᠤᠯᠲᠠ ᠎ᠶᠢᠨ ᠦᠵᠡᠯ ᠰᠠᠨᠠᠭ᠎ᠠ ᠎ᠳᠤ ᠠᠭᠤᠯᠤᠭᠳᠠᠵᠤ ᠪᠠᠢᠭ᠎ᠠ ᠪᠠᠲᠤ ᠴᠢᠩᠭ᠎ᠠ ᠬᠦᠰᠡᠯᠡᠩ ᠢᠲᠡᠭᠡᠯ ᠪᠢᠰᠢᠷᠡᠯ ᠎ᠢ ᠭᠦᠨᠵᠡᠭᠡᠢ  ᠣᠢᠯᠠᠭᠠᠬᠤ ᠬᠡᠷᠡᠭᠲᠡᠢ ;   ᠰᠢ ᠵᠢᠨ ᠫᠢᠩ᠎ᠦᠨ ᠨᠠᠮ ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠎ᠳᠤ ᠠᠭᠤᠯᠤᠭᠳᠠᠵᠤ ᠪᠠᠢᠭ᠎ᠠ ᠳᠡᠭᠡᠳᠦ ᠬᠡᠮᠵᠢᠶᠡᠨ ᠎ᠦ ᠲᠡᠦᠬᠡ ᠎ᠶᠢᠨ ᠰᠠᠨᠠᠭᠠᠴᠢᠯᠠᠭᠠᠳᠤ ᠤᠬᠠᠮᠰᠠᠷ ᠎ᠢ ᠭᠦᠨᠵᠡᠭᠡᠢ ᠣᠢᠯᠠᠭᠠᠬᠤ ᠬᠡᠷᠡᠭᠲᠡᠢ ; ᠰᠢ ᠵᠢᠨ ᠫᠢᠩ ᠎ᠦᠨ ᠨᠠᠮ ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠳᠤ ᠠᠭᠤᠯᠤᠭᠳᠠᠵᠤ ᠪᠠᠢᠭ᠎ᠠ ᠢᠯᠡ ᠲᠣᠳᠣ᠌ ᠠᠰᠠᠭᠤᠳᠠᠯ ᠎ᠢᠶᠡᠷ ᠤᠳᠤᠷᠢᠳᠤᠮᠵᠢ ᠪᠤᠯᠭᠠᠬᠤ᠎ᠶᠢ ᠭᠦᠨᠵᠡᠭᠡᠢ ᠣᠢᠯᠠᠭᠠᠬᠤ ᠬᠡᠷᠡᠭᠲᠡᠢ;  ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠳᠤ ᠠᠭᠤᠯᠤᠭᠳᠠᠵᠤ ᠪᠠᠢᠭ᠎ᠠ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢ ᠭᠦᠨᠵᠡᠭᠡᠢ ᠣᠢᠯᠠᠭᠠᠬᠤ ᠬᠡᠷᠡᠭᠲᠡᠢ; ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠳᠤ ᠠᠭᠤᠯᠤᠭᠳᠠᠵᠤ ᠪᠠᠢᠭ᠎ᠠ ᠠᠷᠠᠳ᠎ᠤᠨ ᠲᠥᠯᠥᠭᠡ ᠭᠡᠬᠦ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠭᠦᠨᠵᠡᠭᠡᠢ ᠣᠢᠯᠠᠭᠠᠬᠤ ᠬᠡᠷᠡᠭᠲᠡᠢ; ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠳᠤ ᠠᠭᠤᠯᠤᠭᠳᠠᠵᠤ ᠪᠠᠢᠭ᠎ᠠ ᠰᠢᠨᠵᠢᠯᠡᠬᠦ ᠤᠬᠠᠭᠠᠨᠴᠢ ᠦᠵᠡᠯ ᠰᠠᠨᠠᠭᠠᠨ᠎ᠤ ᠠᠷᠭ᠎ᠠ᠎ᠶᠢ ᠭᠦᠨᠵᠡᠭᠡᠢ ᠣᠢᠯᠠᠭᠠᠬᠤ ᠬᠡᠷᠡᠭᠲᠡᠢ᠃ ᠲᠡᠭᠦᠨ᠎ᠦ ᠳᠤᠮᠳᠠ ᠡᠴᠡ ᠤᠬᠠᠮᠰᠠᠷ ᠡᠴᠡ᠎ᠪᠠᠨ ᠦᠨᠡᠨ ᠶᠣᠰᠣᠨ᠎ᠤ ᠬᠦᠴᠦᠨ ᠴᠢᠳᠠᠯ ᠪᠠ ᠬᠥᠮᠥᠨ ᠮᠦᠰᠦ ᠵᠢᠨ ᠬᠦᠴᠦᠨ ᠴᠢᠳᠠᠯ᠎ᠢ ᠣᠢᠯᠠᠭᠠᠨ ᠤᠬᠠᠭᠠᠷᠠᠵᠤ᠂ ᠤᠯᠤᠰ ᠲᠦᠷᠦ ᠎ᠶᠢᠨ ᠬᠠᠮᠲᠤ ᠎ᠶᠢᠨ ᠲᠠᠨᠢᠯᠲᠠ᠂ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠂ ᠤᠨᠤᠯ᠎ᠤᠨ ᠬᠠᠮᠲᠤ᠎ᠶᠢᠨ ᠲᠠᠨᠢᠯᠲᠠ᠂ ᠬᠠᠢᠷ᠎ᠠ ᠰᠡᠳᠬᠢᠯᠭᠡ᠎ᠶᠢᠨ ᠬᠠᠮᠲᠤ᠎ᠶᠢᠨ ᠲᠠᠨᠢᠯᠲᠠ᠎ᠪᠠᠨ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

《ᠮᠡᠳᠡᠭᠳᠡᠯ》 ᠳ᠋ᠤ᠌᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠦᠢᠯᠡᠳᠦᠯᠭᠡ᠎ᠶᠢᠨ ᠰᠠᠭᠤᠷᠢ ᠪᠣᠯᠣᠨ ᠤᠨᠤᠯ᠎ᠤᠨ ᠡᠬᠢ ᠰᠤᠷᠪᠤᠯᠵᠢ᠎ᠶᠢ ᠭᠦᠨᠵᠡᠭᠡᠢ ᠰᠤᠷᠤᠯᠴᠠᠨ ᠣᠢᠯᠠᠭᠠᠬᠤ ᠬᠡᠷᠡᠭᠲᠡᠢ᠃ ᠰᠢ ᠵᠢᠨ ᠫᠢᠩ ᠎ᠦᠨ ᠨᠠᠮ ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠤᠯ ᠰᠢᠨ᠎ᠡ ᠴᠠᠭ ᠦᠶ᠎ᠡ᠎ᠶᠢᠨ ᠪᠥᠬᠥ ᠲᠠᠯ᠎ᠠ᠎ᠪᠠᠷ ᠨᠠᠮ ᠎ᠢ ᠴᠢᠩᠭ᠎ᠠ ᠵᠠᠰᠠᠬᠤ ᠦᠢᠯᠡᠳᠦᠯᠭᠡ᠎ᠶᠢᠨ ᠲᠤᠷᠰᠢᠯᠭ᠎ᠠ᠎ᠶᠢᠨ ᠬᠤᠷᠢᠶᠠᠩᠭᠤᠢᠯᠠᠯ ᠪᠠ ᠰᠢᠷᠭᠠᠭᠠᠯᠳᠠ ᠮᠥᠨ ᠭᠡᠳᠡᠭ᠎ᠢ ᠭᠦᠨᠵᠡᠭᠡᠢ ᠣᠢᠯᠠᠭᠠᠬᠤ ᠬᠡᠷᠡᠭᠳᠡᠢ;  ᠰᠢ ᠵᠢᠨ ᠫᠢᠩ ᠎ᠦᠨ ᠨᠠᠮ ᠎ᠤᠨ ᠪᠠᠢᠭᠤᠯᠤᠯᠲᠠ ᠎ᠶᠢᠨ  ᠦᠵᠡᠯ  ᠰᠠᠨᠠᠭ᠎ᠠ  ᠪᠣᠯ  ᠮᠠᠷᠺᠰ ᠎ᠤᠨ ᠦᠵᠡᠯ ᠎ᠦᠨ ᠨᠠᠮ ᠎ᠤᠨ ᠪᠠᠢᠭᠤᠯᠤᠯᠲᠠ ᠎ᠶᠢᠨ ᠰᠤᠷᠭᠠᠯ ᠎ᠤᠨ ᠵᠠᠯᠭᠠᠮᠵᠢᠯᠠᠯ ᠪᠠ ᠬᠥᠭᠵᠢᠭᠦᠯᠦᠯᠲᠡ ᠮᠥᠨ ᠭᠡᠳᠡᠭ ᠎ᠢ ᠭᠦᠨᠵᠡᠭᠡᠢ ᠣᠢᠯᠠᠭᠠᠬᠤ ᠬᠡᠷᠡᠭᠲᠡᠢ; ᠰᠢ ᠵᠢᠨ ᠫᠢᠩ ᠎ᠦᠨ ᠨᠠᠮ ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠣᠯ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠯᠠᠮᠵᠢᠯᠠᠯ ᠪᠠ ᠤᠨᠳᠤᠤᠰᠢᠭᠤᠯᠤᠯ ᠮᠥᠨ ᠭᠡᠳᠡᠭ᠎ᠢ ᠭᠦᠨᠵᠡᠭᠡᠢ ᠣᠢᠯᠠᠭᠠᠬᠤ ᠬᠡᠷᠡᠭᠲᠡᠢ; ᠰᠢ ᠵᠢᠨ ᠫᠢᠩ᠎ᠦᠨ ᠨᠠᠮ ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠤᠯ ᠮᠠᠷᠺᠰ᠎ᠤᠨ ᠦᠵᠡᠯ᠎ᠦᠨ ᠲᠥᠷᠥ᠎ᠶᠢᠨ ᠨᠠᠮ ᠎ᠤᠨ ᠲᠤᠷᠰᠢᠯᠭ᠎ᠠ ᠰᠤᠷᠭᠠᠮᠵᠢ᠎ᠶᠢᠨ ᠳ᠋ᠦᠩᠨᠡᠯᠲᠡ ᠪᠠ ᠲᠤᠯᠢ ᠮᠥᠨ ᠭᠡᠳᠡᠭ᠎ᠢ ᠭᠦᠨᠵᠡᠭᠡᠢ ᠣᠢᠯᠠᠭᠠᠬᠤ ᠭᠡᠷᠡᠭᠳᠡᠢ ᠭᠡᠵᠦ ᠴᠢᠬᠤᠯᠠᠴᠯᠠᠪᠠ᠃

《ᠮᠡᠳᠡᠭᠳᠡᠯ》 ᠳ᠋ᠤ᠌᠂ ᠡᠯ᠎ᠡ ᠱᠠᠲᠤᠨ ᠎ᠤ ᠨᠠᠮ ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠰᠢ ᠵᠢᠨ ᠫᠢᠩ ᠎ᠦᠨ ᠨᠠᠮ ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠥᠷᠥ᠎ᠶᠢᠨ ᠡᠭᠦᠷᠭᠡ ᠪᠣᠯᠭᠠᠵᠤ᠂ ᠰᠤᠷᠤᠯᠴᠠᠯᠭ᠎ᠠ ᠪᠣᠯᠪᠠᠰᠤᠷᠠᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠤᠬᠠᠭᠤᠯᠤᠨ ᠲᠠᠢᠯᠪᠤᠷᠢᠯᠠᠬᠤ ᠠᠵᠢᠯ᠎ᠢ ᠨᠠᠷᠢᠨ ᠨᠢᠮᠪᠠᠢ ᠵᠣᠬᠢᠶᠠᠨ ᠪᠠᠢᠭᠤᠯᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠪᠥᠬᠥ ᠲᠠᠯ᠎ᠠ᠎ᠪᠠᠷ ᠰᠠᠢᠲᠤᠷ ᠠᠳᠬᠤᠵᠤ᠂ ᠬᠡᠯᠪᠡᠷᠢᠴᠢ ᠦᠵᠡᠯ᠎ᠢ ᠡᠷᠡᠰ ᠰᠡᠷᠭᠡᠢᠯᠡᠵᠦ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠠᠬᠢᠭᠤᠯᠬᠤ ᠠᠮᠢᠳᠤᠯᠢᠭ᠋ ᠦᠢᠯᠡᠳᠦᠯᠭᠡ ᠪᠣᠯᠭᠠᠨ ᠤᠨᠳᠤᠤᠰᠢᠭᠤᠯᠬᠤ ᠬᠡᠷᠡᠭᠲᠡᠢ ᠭᠡᠵᠦ ᠱᠠᠭᠠᠷᠳᠠᠪᠠ᠃

(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 6 ᠰᠠᠷ᠎ᠠ ᠵᠢᠨ 18 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号