ᠲᠥᠷᠥ᠎ᠶᠢᠨ ᠶᠠᠪᠤᠳᠠᠯ᠎ᠤᠨ ᠬᠣᠷᠢᠶ᠎ᠠ 《ᠠᠵᠢᠯ ᠣᠯᠭᠣᠯᠲᠠ᠎ᠶᠢ ᠤᠷᠢᠳ᠎ᠢᠶᠡᠷ ᠪᠤᠳᠤᠯᠬᠢᠯᠠᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ 〈ᠠᠷᠪᠠᠨ ᠲᠠᠪᠤᠳᠤᠭᠠᠷ ᠲᠠᠪᠤᠨ ᠵᠢᠯ〉 ᠦ᠋ᠨ ᠲᠥᠯᠦᠪᠵᠢᠭᠦᠯᠭᠡ》 ᠶ᠋ᠢ ᠳᠠᠷᠤᠮᠠᠯᠯᠠᠨ ᠲᠠᠷᠬᠠᠭᠠᠪᠠ
2026-06-22 10:15:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠲᠥᠷᠥ᠎ᠶᠢᠨ ᠶᠠᠪᠤᠳᠠᠯ᠎ᠤᠨ ᠬᠣᠷᠢᠶ᠎ᠠ 《ᠠᠵᠢᠯ ᠣᠯᠭᠣᠯᠲᠠ᠎ᠶᠢ ᠤᠷᠢᠳ᠎ᠢᠶᠡᠷ ᠪᠤᠳᠤᠯᠬᠢᠯᠠᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ〈ᠠᠷᠪᠠᠨ ᠲᠠᠪᠤᠳᠤᠭᠠᠷ ᠲᠠᠪᠤᠨ ᠵᠢᠯ〉 ᠦ᠋ᠨ ᠲᠥᠯᠦᠪᠵᠢᠭᠦᠯᠭᠡ》 (ᠳᠣᠷᠣᠭ᠍ᠰᠢ 《ᠲᠥᠯᠦᠪᠵᠢᠭᠦᠯᠭᠡ》ᠭᠡᠵᠦ ᠲᠣᠪᠴᠢᠯᠠᠨ᠎ᠠ)ᠶ᠋ᠢ ᠳᠠᠷᠤᠮᠠᠯᠯᠠᠨ ᠲᠠᠷᠬᠠᠭᠠᠵᠤ᠂《ᠠᠷᠪᠠᠨ ᠲᠠᠪᠤᠳᠤᠭᠠᠷ ᠲᠠᠪᠤᠨ ᠵᠢᠯ》ᠦ᠋ᠨ ᠬᠤᠭᠤᠴᠠᠭᠠᠨ᠎ᠳᠤ ᠠᠵᠢᠯ ᠣᠯᠭᠣᠯᠲᠠ᠎ᠶᠢ ᠤᠷᠢᠳ᠎ᠢᠶᠡᠷ ᠪᠤᠳᠤᠯᠬᠢᠯᠠᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠰᠡᠳᠬᠢᠮᠵᠢ ᠬᠠᠷᠠᠯᠲᠠ᠂ ᠭᠣᠣᠯᠳᠠᠯᠭ᠎ᠠ᠎ᠲᠠᠢ ᠡᠭᠦᠷᠭᠡ ᠪᠠ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠲᠣᠳᠣᠷᠬᠠᠢᠯᠠᠪᠠ᠃

《ᠲᠥᠯᠦᠪᠵᠢᠭᠦᠯᠭᠡ》 ᠳ᠋ᠦ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠵᠢᠯ ᠣᠯᠭᠣᠯᠲᠠ᠎ᠶᠢᠨ ᠬᠦᠷᠢᠶᠡᠨ᠎ᠳᠡᠬᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠬᠠᠩᠭᠠᠯᠭ᠎ᠠ ᠬᠡᠷᠡᠭᠴᠡᠭᠡ ᠲᠣᠬᠢᠷᠠᠯᠴᠠᠬᠤ ᠦᠭᠡᠢ ᠪᠠᠢᠭ᠎ᠠ ᠭᠣᠣᠯ ᠵᠥᠷᠢᠴᠡᠯ᠎ᠤᠨ ᠲᠤᠭᠤᠷᠢᠨ᠎ᠳᠦ᠂ ᠪᠣᠳᠠᠰ᠎ᠲᠤ ᠪᠡᠯᠡ ᠣᠷᠣᠭᠤᠯᠬᠤ ᠪᠠ ᠬᠥᠮᠥᠨ᠎ᠳᠦ ᠪᠡᠯᠡ ᠣᠷᠣᠭᠤᠯᠬᠤ᠎ᠶᠢ ᠨᠢᠭ᠍ᠲᠠ ᠤᠶᠠᠯᠳᠤᠭᠤᠯᠬᠤ᠎ᠶᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ᠎ᠪᠠᠷ ᠰᠠᠭᠤᠷᠢ ᠪᠣᠯᠭᠠᠵᠤ᠂ ᠠᠵᠢᠯ ᠣᠯᠭᠣᠯᠲᠠ᠎ᠶᠢ ᠤᠷᠢᠳ᠎ᠢᠶᠡᠷ ᠪᠤᠳᠤᠯᠬᠢᠯᠠᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠪᠡᠷ ᠵᠢᠯᠣᠭᠣᠳᠤᠮᠵᠢ ᠪᠣᠯᠭᠠᠵᠤ᠂ ᠠᠵᠢᠯ ᠣᠯᠭᠣᠯᠲᠠ᠎ᠶᠢ ᠤᠷᠢᠳ᠎ᠢᠶᠡᠷ ᠪᠤᠳᠤᠯᠬᠢᠯᠠᠬᠤ ᠲᠥᠷᠥ᠎ᠶᠢᠨ ᠪᠣᠳᠣᠯᠭ᠎ᠠ᠎ᠶᠢ ᠴᠢᠨᠭᠭᠠᠷᠠᠭᠤᠯᠬᠤ᠎ᠪᠠᠷ ᠭᠠᠷᠳᠠᠴᠠ ᠪᠣᠯᠭᠠᠵᠤ᠂ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠵᠥᠷᠢᠴᠡᠯ᠎ᠢ ᠰᠢᠢᠳᠪᠦᠷᠢᠯᠡᠬᠦ᠎ᠪᠡᠷ ᠬᠦᠴᠦᠯᠡᠬᠦ ᠴᠡᠭ ᠪᠣᠯᠭᠠᠵᠤ᠂ ᠠᠵᠢᠯ ᠣᠯᠭᠣᠯᠲᠠ᠎ᠶᠢᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠪᠡᠷ ᠬᠥᠳᠡᠯᠭᠡᠬᠦ ᠬᠦᠴᠦᠨ ᠪᠣᠯᠭᠠᠵᠤ᠂ ᠬᠡᠪᠴᠢᠶᠡᠵᠢᠯ᠎ᠦᠨ ᠴᠢᠨᠠᠷᠲᠠᠢ ᠠᠵᠢᠯ ᠠᠯᠳᠠᠯᠲᠠ᠎ᠶᠢᠨ ᠠᠶᠤᠯ ᠲᠦᠭᠰᠢᠭᠦᠷᠢ ᠦᠯᠦ ᠡᠭᠦᠰᠬᠦ᠎ᠪᠡᠷ ᠬᠤᠷᠢᠭ᠎ᠠ ᠱᠤᠭᠤᠮ ᠪᠣᠯᠭᠠᠵᠤ᠂ ᠠᠵᠢᠯ ᠣᠯᠭᠣᠯᠲᠠ᠎ᠶᠢ ᠠᠬᠢᠭᠤᠯᠬᠤ ᠲᠣᠭᠲᠠᠴᠠ᠎ᠶᠢ ᠪᠦᠷᠢᠨᠰᠢᠭᠦᠯᠵᠤ᠂ ᠠᠵᠢᠯ ᠣᠯᠭᠣᠯᠲᠠ ᠳ᠋ᠤ ᠨᠥᠬᠥᠷᠰᠡᠭ ᠬᠡᠯᠪᠡᠷᠢ᠎ᠶᠢᠨ ᠬᠥᠭᠵᠢᠯᠲᠡ᠎ᠶᠢᠨ ᠠᠷᠭ᠎ᠠ ᠮᠠᠶᠢᠭ᠋᠎ᠢ ᠪᠠᠢᠭᠤᠯᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠨᠡᠭᠡᠭᠡᠨ ᠠᠰᠢᠭ᠍ᠯᠠᠬᠤ᠎ᠶᠢ ᠴᠢᠩᠭᠠᠳᠬᠠᠵᠤ᠂ ᠠᠵᠢᠯ ᠰᠣᠩᠭᠣᠬᠤ ᠪᠠ ᠬᠥᠮᠥᠨ ᠬᠡᠷᠡᠭᠯᠡᠬᠦ ᠦᠵᠡᠯᠲᠡ᠎ᠵᠢ ᠬᠥᠲᠥᠯᠥᠨ ᠵᠢᠯᠤᠭᠣᠳᠬᠤ᠎ᠶᠢ ᠴᠢᠨᠭᠭᠠᠳᠬᠠᠵᠤ᠂ ᠠᠵᠢᠯ ᠣᠯᠭᠣᠯᠲᠠ᠎ᠶᠢᠨ ᠶᠠᠰᠤ ᠴᠢᠨᠠᠷ᠎ᠢ ᠪᠦᠲᠦᠮᠵᠢᠲᠡᠶ᠎ᠪᠡᠷ ᠳᠡᠭᠡᠭᠰᠢᠯᠡᠭᠦᠯᠬᠦ ᠪᠠ ᠲᠣᠭ᠎ᠠ ᠬᠡᠮᠵᠢᠶ᠎ᠡ᠎ᠶᠢ ᠵᠦᠢ ᠵᠣᠬᠢᠰᠲᠠᠢ ᠨᠡᠮᠡᠭᠳᠡᠭᠦᠯᠬᠦ᠎ᠶᠢ ᠦᠷᠭᠦᠯᠵᠢᠯᠡᠨ ᠠᠬᠢᠭᠤᠯᠵᠤ᠂ ᠥᠷᠭᠡᠨ ᠤᠯᠠᠨ ᠬᠥᠳᠡᠯᠮᠦᠷᠢᠴᠢᠳ᠎ᠦᠨ ᠬᠦᠷᠲᠡᠮᠵᠢ᠎ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠦᠨ᠎ᠡ ᠭᠡᠵᠤ ᠴᠢᠬᠤᠯᠠᠴᠢᠯᠠᠪᠠ᠃

《ᠲᠥᠯᠦᠪᠵᠢᠭᠦᠯᠭᠡ》ᠳ᠋ᠦ᠂《ᠠᠷᠪᠠᠨ ᠲᠠᠪᠤᠳᠤᠭᠠᠷ ᠲᠠᠪᠤᠨ ᠵᠢᠯ》ᠦ᠋ᠨ ᠬᠤᠭᠤᠴᠠᠭᠠᠨ᠎ᠳᠤ᠂ ᠠᠵᠢᠯ ᠣᠯᠭᠣᠯᠲᠠ ᠶᠡᠷᠦᠩᠬᠡᠢ᠎ᠳᠡᠭᠡᠨ ᠲᠣᠭᠲᠠᠭᠤᠨ ᠪᠠᠢᠬᠤ᠎ᠶᠢ ᠪᠠᠲᠤᠯᠠᠵᠤ᠂ ᠠᠵᠢᠯ ᠣᠯᠭᠣᠯᠲᠠ᠎ᠶᠢᠨ ᠲᠣᠬᠢᠶᠠᠯ ᠨᠡᠩ ᠭᠦᠢᠴᠡᠳ ᠪᠣᠯᠵᠤ᠂ ᠠᠵᠢᠯ ᠣᠯᠭᠣᠯᠲᠠ᠎ᠶᠢᠨ ᠣᠷᠴᠢᠨ ᠨᠥᠬᠥᠴᠡᠯ ᠨᠡᠩ ᠲᠦᠪ ᠭᠣᠣᠯᠴᠢ ᠪᠣᠯᠵᠤ᠂ ᠠᠵᠢᠯ ᠣᠯᠭᠣᠯᠲᠠ᠎ᠶᠢᠨ ᠪᠦᠲᠦᠴᠡ ᠨᠡᠩ ᠰᠢᠯᠢᠳᠡᠭᠵᠢᠵᠦ᠂ ᠬᠥᠮᠥᠨ ᠪᠠ ᠠᠵᠢᠯ᠎ᠤᠨ ᠪᠠᠢᠷᠢ᠎ᠶᠢᠨ ᠵᠣᠬᠢᠴᠠᠯ ᠨᠡᠩ ᠥᠨᠳᠥᠷ ᠪᠦᠲᠦᠮᠵᠢᠲᠡᠶ ᠪᠣᠯᠵᠤ᠂ ᠬᠥᠳᠡᠯᠮᠦᠷᠢ᠎ᠶᠢᠨ ᠬᠠᠷᠢᠴᠠᠭ᠎ᠠ ᠨᠡᠩ ᠡᠶ᠎ᠡ ᠵᠣᠬᠢᠴᠠᠯ᠎ᠲᠠᠢ ᠪᠣᠯᠵᠤ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ ᠰᠢᠨ᠎ᠡ ᠠᠬᠢᠴᠠ᠎ᠲᠠᠢ ᠪᠣᠯᠣᠨ᠎ᠠ ᠭᠡᠵᠦ ᠳᠤᠷᠠᠳᠪᠠ᠃

《ᠲᠥᠯᠦᠪᠵᠢᠭᠦᠯᠭᠡ》ᠳ᠋ᠤ᠌ 9 ᠲᠠᠯ᠎ᠠ᠎ᠶᠢᠨ ᠭᠣᠣᠯᠳᠠᠯᠭ᠎ᠠ᠎ᠲᠠᠢ ᠡᠭᠦᠷᠭᠡ᠎ᠶᠢ ᠪᠠᠢᠷᠢᠯᠠᠭᠤᠯᠪᠠ᠃ ᠨᠢᠭᠡ᠎ᠳᠦ ᠠᠵᠢᠯ ᠣᠯᠭᠣᠯᠲᠠ᠎ᠶᠢ ᠤᠷᠢᠳ᠎ᠢᠶᠡᠷ ᠪᠤᠳᠤᠯᠬᠢᠯᠠᠬᠤ ᠬᠣᠷᠸ᠎ᠠ ᠡᠵᠡᠮᠰᠢᠯ ᠲᠣᠬᠢᠷᠠᠭᠤᠯᠭ᠎ᠠ ᠵᠢᠨ ᠤᠳᠤᠷᠢᠳᠤᠮᠵᠢ ᠵᠢ ᠴᠢᠩᠭᠠᠳᠬᠠᠵᠤ᠂ ᠬᠣᠷᠸ᠎ᠠ ᠲᠦᠷᠦ᠎ᠶᠢᠨ ᠪᠣᠳᠣᠯᠭ᠎ᠠ ᠵᠢᠨ ᠠᠵᠢᠯ ᠣᠯᠭᠣᠯᠲᠠ ᠳ᠋ᠤ ᠬᠠᠮᠵᠢᠯᠴᠠᠬᠤ ᠴᠢᠨᠠᠷ᠎ᠢ ᠴᠢᠩᠭᠠᠳᠬᠠᠵᠤ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ ᠤᠯᠭᠤᠬᠤ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠳᠦ ᠵᠣᠬᠢᠴᠠᠭᠤᠯᠤᠨ ᠠᠵᠢᠯ ᠣᠯᠵᠤ ᠦᠢᠯᠡᠰ ᠪᠣᠰᠬᠠᠬᠤ᠎ᠶᠢ ᠠᠬᠢᠭᠤᠯᠤᠨ᠎ᠠ᠃ ᠬᠣᠶᠠᠷ᠎ᠲᠤ ᠠᠵᠤ ᠦᠢᠯᠡᠰ ᠪᠠ ᠠᠵᠢᠯ ᠣᠯᠭᠣᠯᠲᠠ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠬᠥᠳᠡᠯᠮᠦᠷᠢ ᠬᠤᠷᠠᠭᠰᠠᠨ ᠬᠡᠯᠪᠡᠷᠢ᠎ᠶᠢᠨ ᠠᠵᠢᠯ ᠲᠦᠷᠦᠯ᠎ᠦᠨ ᠠᠵᠢᠯ ᠣᠯᠭᠣᠯᠲᠠ᠎ᠶᠢᠨ ᠬᠡᠪᠴᠢᠶ᠎ᠡ᠎ᠶᠢ ᠲᠣᠭᠲᠠᠪᠤᠷᠢᠵᠢᠭᠤᠯᠤᠨ᠂ ᠦᠢᠯᠡᠴᠢᠯᠡᠭᠡᠨ᠎ᠦ ᠦᠢᠯᠡᠰ᠎ᠦᠨ ᠠᠵᠢᠯ ᠣᠯᠭᠣᠯᠲᠠ᠎ᠶᠢᠨ ᠪᠠᠭᠲᠠᠭᠠᠮᠵᠢ᠎ᠶᠢ ᠥᠷᠭᠡᠳᠬᠡᠵᠦ᠂ ᠰᠢᠨ᠎ᠡ᠎ᠪᠡᠷ ᠬᠥᠭᠵᠢᠭᠰᠡᠨ ᠬᠦᠷᠢᠶᠡᠨ᠎ᠦ ᠠᠵᠢᠯ ᠣᠯᠭᠣᠯᠲᠠ᠎ᠶᠢ ᠰᠢᠩᠭᠡᠬᠡᠨ ᠠᠪᠬᠤ ᠳᠠᠯᠳᠠ ᠬᠦᠴᠦᠨ᠎ᠢ ᠠᠭᠤᠳᠠᠯᠤᠨ᠎ᠠ᠃ ᠭᠤᠷᠪᠠ᠎ᠳᠤ ᠣᠳᠣᠬᠢᠴᠢᠯᠠᠭᠰᠠᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠢ ᠲᠦᠷᠭᠡᠳᠬᠡᠨ ᠪᠣᠶ ᠪᠣᠯᠭᠠᠵᠤ᠂ ᠰᠤᠷᠭᠠᠨ ᠬᠥᠮᠦᠵᠢᠯ᠎ᠦᠨ ᠬᠠᠩᠭᠠᠯᠭ᠎ᠠ ᠬᠢᠭᠡᠳ ᠴᠢᠳᠠᠪᠤᠷᠢᠲᠠᠨ᠎ᠤ ᠬᠡᠷᠡᠭᠴᠡᠭᠡ᠎ᠶᠢᠨ ᠵᠣᠬᠢᠴᠠᠯᠳᠤᠬᠤ ᠬᠡᠮᠵᠢᠶ᠎ᠡ᠎ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠢ ᠶᠡᠬᠡ ᠬᠡᠪᠴᠢᠶ᠎ᠡ᠎ᠪᠡᠷ ᠥᠷᠨᠢᠭᠦᠯᠦᠨ᠎ᠡ᠃ ᠳᠥᠷᠪᠡ᠎ᠳᠦ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠵᠤ ᠴᠢᠳᠠᠪᠤᠷᠢᠲᠠᠨ ᠪᠣᠯᠬᠤ ᠠᠷᠭ᠎ᠠ ᠵᠠᠮ᠎ᠢ ᠥᠷᠭᠡᠳᠬᠡᠵᠦ᠂ ᠲᠥᠷᠥ᠎ᠶᠢᠨ ᠪᠣᠳᠣᠯᠭ᠎ᠠ᠎ᠶᠢᠨ ᠤᠷᠮᠠᠰᠢᠭᠤᠯᠤᠯ᠂ ᠦᠢᠯᠡᠴᠢᠯᠡᠭᠡ ᠬᠢᠬᠡᠳ ᠪᠠᠲᠤᠯᠠᠭ᠎ᠠ᠂ ᠬᠦᠴᠢᠷᠳᠡᠯ᠎ᠦᠨ ᠦᠨᠳᠦᠰᠦᠨ ᠵᠦᠢᠯ᠎ᠢ ᠪᠠᠲᠤᠯᠠᠬᠤ᠂ ᠡᠷᠬᠡ ᠠᠰᠢᠭ᠋᠎ᠢ ᠬᠠᠮᠠᠭᠠᠯᠠᠬᠤ ᠵᠡᠷᠭᠡ ᠪᠥᠬᠥ ᠬᠡᠯᠬᠢᠶᠡᠨ᠎ᠦ ᠠᠵᠢᠯ ᠣᠯᠭᠣᠯᠲᠠ᠎ᠶᠢ ᠳᠡᠮᠵᠢᠬᠦ ᠰᠢᠰᠲᠧᠮ᠎ᠢ ᠪᠦᠷᠢᠨᠰᠢᠭᠦᠯᠦᠨ᠎ᠡ᠃ ᠲᠠᠪᠤ᠎ᠳᠤ ᠬᠥᠯᠥᠰᠦᠨ ᠠᠵᠢᠯᠴᠢᠨ᠂ ᠴᠡᠷᠢᠭ᠎ᠦᠨ ᠠᠯᠪᠠ ᠡᠴᠡ ᠬᠠᠯᠠᠭᠳᠠᠭᠰᠠᠳ ᠵᠡᠷᠭᠡ ᠭᠣᠣᠯᠳᠠᠯᠭ᠎ᠠ᠎ᠲᠠᠢ ᠬᠦᠮᠦᠰ ᠲᠤ᠌ ᠠᠵᠢᠯ ᠣᠯᠭᠣᠬᠤ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠠᠵᠢᠯ ᠣᠯᠬᠤ᠎ᠳᠤ ᠬᠦᠴᠢᠷᠲᠡᠢ ᠬᠥᠮᠥᠰ᠂ ᠠᠵᠢᠯ ᠠᠯᠳᠠᠭᠰᠠᠨ᠎ᠢᠶᠡᠷ ᠳᠠᠩᠰᠠᠯᠠᠭᠤᠯᠤᠭᠰᠠᠳ ᠵᠡᠷᠭᠡ ᠬᠦᠮᠦᠰ ᠲᠤ᠌ ᠠᠵᠢᠯ ᠣᠯᠭᠣᠵᠤ ᠬᠠᠪᠰᠤᠷᠤᠨ ᠲᠡᠳᠬᠦᠬᠦ᠎ᠶᠢ ᠴᠢᠩᠭᠠᠳᠬᠠᠨ᠎ᠠ᠃ ᠵᠢᠷᠭᠤᠭ᠎ᠠ᠎ᠳᠤ  ᠠᠮᠢᠳᠤᠯᠢᠭ᠋᠎ᠢᠶᠡᠷ ᠠᠵᠢᠯ ᠣᠯᠬᠤ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠡᠷᠡᠭᠦᠯ᠎ᠢᠶᠡᠷ  ᠬᠥᠭᠵᠢᠬᠦ᠎ᠶᠢ ᠠᠬᠢᠭᠤᠯᠵᠤ᠂ ᠬᠥᠭᠵᠢᠯᠲᠡ᠎ᠶᠢᠨ ᠠᠷᠭ᠎ᠠ ᠵᠠᠮ᠎ᠢ ᠥᠷᠭᠡᠳᠬᠡᠵᠦ᠂ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠴᠢᠩᠭᠠᠳᠬᠠᠵᠤ᠂ ᠬᠠᠤᠯᠢ ᠶᠣᠰᠣᠨ᠎ᠤ ᠡᠷᠬᠡ ᠠᠰᠢᠭ᠋᠎ᠢ ᠨᠢ ᠬᠠᠮᠠᠭᠠᠯᠠᠨ᠎ᠠ᠃ ᠲᠤᠯᠤᠭ᠎ᠠ᠎ᠳᠤ ᠠᠵᠢᠯ ᠣᠯᠭᠣᠬᠤ ᠦᠢᠯᠡᠰ ᠪᠣᠰᠬᠠᠬᠤ ᠦᠢᠯᠡᠴᠢᠯᠡᠭᠡᠨ᠎ᠦ ᠰᠢᠰᠲ᠋ᠸᠮ᠎ᠢ ᠲᠡᠭᠦᠯᠳᠡᠷᠵᠢᠭᠦᠯᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠭᠵᠢᠯᠲᠡ᠎ᠶᠢ ᠠᠬᠢᠭᠤᠯᠤᠨ᠎ᠠ᠃ ᠨᠠᠢ᠍ᠮᠠ᠎ᠳᠤ  ᠬᠥᠳᠡᠯᠮᠦᠷᠢᠴᠢᠳ᠎ᠦᠨ ᠠᠵᠢᠯ ᠣᠯᠬᠤ ᠡᠷᠬᠡ ᠠᠰᠢᠭ᠋᠎ᠤᠨ ᠪᠠᠲᠤᠯᠠᠭ᠎ᠠ᠎ᠶᠢ ᠴᠢᠩᠭᠠᠳᠬᠠᠵᠤ᠂ ᠬᠥᠳᠡᠯᠮᠦᠷᠢ᠎ᠶᠢᠨ ᠪᠠᠷᠢᠮᠵᠢᠶ᠎ᠠ᠎ᠶᠢᠨ ᠰᠢᠰᠲᠧᠮ ᠪᠠ ᠬᠥᠳᠡᠯᠮᠦᠷᠢ᠎ᠶᠢᠨ ᠬᠠᠷᠢᠴᠠᠭ᠎ᠠ᠎ᠶᠢ ᠵᠥᠪᠳᠡᠯᠴᠡᠨ ᠵᠣᠬᠢᠴᠠᠭᠤᠯᠬᠤ ᠲᠣᠭᠲᠠᠴᠠ᠎ᠶᠢ ᠲᠡᠭᠦᠯᠳᠡᠷᠵᠢᠭᠦᠯᠦᠨ᠂ ᠡᠷᠬᠡ ᠲᠡᠭᠰᠢ᠎ᠪᠡᠷ ᠠᠵᠢᠯ ᠣᠯᠬᠤ ᠡᠷᠬᠡ᠎ᠶᠢ ᠪᠠᠲᠤᠯᠠᠨ᠎ᠠ᠃ ᠶᠢᠰᠦ᠎ᠳᠦ ᠠᠵᠢᠯ ᠣᠯᠭᠣᠯᠲᠠ᠎ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠠᠶᠤᠯ ᠲᠦᠭᠰᠢᠭᠦᠷᠢ᠎ᠶᠢ ᠠᠷᠭᠠᠴᠠᠭᠠᠬᠤ᠎ᠶᠢ ᠴᠢᠩᠭᠠᠳᠬᠠᠵᠤ᠂ ᠠᠵᠢᠯ ᠣᠯᠭᠣᠯᠲᠠ᠎ᠶᠢᠨ ᠪᠠᠢᠳᠠᠯ᠎ᠢ ᠰᠢᠨᠵᠢᠯᠡᠬᠦ ᠤᠬᠠᠭᠠᠨᠴᠢ᠎ᠪᠠᠷ ᠰᠤᠳᠤᠯᠤᠨ ᠮᠠᠭᠠᠳᠯᠠᠵᠤ ᠵᠠᠳᠠᠯᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ᠃

《ᠲᠥᠯᠦᠪᠵᠢᠭᠦᠯᠭᠡ》ᠳ᠋ᠤ᠌᠂ ᠨᠠᠮ᠎ᠤᠨ ᠤᠳᠤᠷᠢᠳᠤᠯᠭ᠎ᠠ᠎ᠶᠢ ᠠᠵᠢᠯ ᠣᠯᠭᠣᠯᠲᠠ᠎ᠶᠢ ᠤᠷᠢᠳ᠎ᠢᠶᠡᠷ ᠪᠤᠳᠤᠯᠬᠢᠯᠠᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠬᠤ᠎ᠶᠢ ᠪᠠᠷᠢᠮᠲᠠᠯᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠬᠢᠨ ᠠᠵᠢᠯ ᠣᠯᠭᠣᠯᠲᠠ᠎ᠶᠢ ᠠᠷᠠᠳ᠎ᠤᠨ ᠠᠮᠢᠳᠤᠷᠠᠯ᠎ᠤᠨ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠠᠷᠭ᠎ᠠ ᠪᠣᠳᠣᠯᠭ᠎ᠠ ᠵᠢ ᠰᠢᠰᠲᠧᠮ᠎ᠲᠠᠢ ᠬᠡᠷᠡᠭᠵᠢᠭᠦᠯᠬᠦ᠎ᠶᠢ ᠴᠢᠬᠤᠯᠠᠴᠢᠯᠠᠨ᠂ ᠪᠣᠳᠠᠲᠠᠢ᠎ᠲᠠᠢ᠎ᠪᠠᠨ ᠤᠶᠠᠯᠳᠤᠭᠤᠯᠤᠨ《ᠲᠥᠯᠦᠪᠵᠢᠭᠦᠯᠭᠡ》᠎ᠶᠢᠨ ᠡᠭᠦᠷᠭᠡ᠎ᠶᠢᠨ ᠨᠠᠢᠳᠠᠪᠤᠷᠢᠵᠢᠭᠤᠯᠤᠯᠲᠠ᠎ᠶᠢ ᠰᠠᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠵᠠᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 6 ᠰᠠᠷ᠎ᠠ᠎ᠶᠢᠨ 17᠎ᠤ᠋ ᠴᠠᠬᠢᠯᠭᠠᠨ ᠮᠡᠳᠡᠭᠡ)  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号