ᠥᠪᠥᠷ ᠮᠣᠩᠭᠣᠯ᠎ᠤᠨ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠰᠦᠯᠵᠢᠶ᠎ᠡ ᠨᠡᠪᠳᠡᠷᠡᠵᠡᠢ
2026-06-22 17:27:35
ᠵᠣᠬᠢᠶᠠᠭ᠍ᠴᠢ᠄
​ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠥᠪᠥᠷ ᠮᠣᠩᠭᠣᠯ᠎ᠤᠨ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠰᠦᠯᠵᠢᠶ᠎ᠡ ᠵᠢᠩᠬᠢᠨᠢ᠎ᠪᠡᠷ ᠠᠰᠢᠭ᠍ᠯᠠᠯᠲᠠ᠎ᠳᠤ ᠣᠷᠣᠭᠰᠠᠨ ᠨᠢ ᠥᠪᠥᠷ ᠮᠣᠩᠭᠣᠯ᠎ᠤᠨ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠲᠣᠭᠠᠴᠢᠯᠠᠭᠰᠠᠨ ᠡᠬᠢ ᠪᠠᠶᠠᠯᠢᠭ᠋᠎ᠤᠨ ᠪᠠᠢᠭᠤᠯᠤᠯᠲᠠ ᠪᠠ ᠰᠤᠷᠤᠯᠴᠠᠯᠭ᠎ᠠ ᠦᠢᠯᠡᠴᠢᠯᠡᠭᠡᠨ᠎ᠦ ᠰᠢᠰᠲᠧᠮ᠎ᠦᠨ ᠪᠠᠢᠭᠤᠯᠤᠯᠲᠠ ᠰᠢᠨ᠎ᠡ ᠠᠯᠬᠤᠮ᠎ᠢ ᠡᠬᠢᠯᠡᠬᠦᠯᠦᠭᠰᠡᠨ ᠢ᠋ ᠬᠠᠷᠠᠭᠤᠯᠵᠤ ᠪᠠᠢᠭ᠎ᠠ ᠶᠤᠮ᠃

ᠥᠪᠥᠷ ᠮᠣᠩᠭᠣᠯ᠎ᠤᠨ ᠨᠠᠰᠤᠨ ᠲᠤᠷᠰᠢᠳᠠ᠎ᠶᠢᠨ ᠰᠤᠷᠭᠠᠨ ᠬᠥᠮᠦᠵᠢᠯ᠎ᠦᠨ ᠰᠦᠯᠵᠢᠶ᠎ᠡ ᠪᠣᠯ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠵᠢᠯᠤᠭᠤᠳᠤᠯᠭ᠎ᠠ ᠳᠤᠤᠷ᠎ᠠ᠂ ᠥᠪᠥᠷ ᠮᠣᠩᠭᠣᠯ᠎ᠤᠨ ᠨᠡᠭᠡᠭᠡᠯᠲᠡᠲᠤ ᠶᠡᠬᠡ ᠰᠤᠷᠭᠠᠭᠤᠯᠢ᠎ᠡᠴᠡ ᠪᠠᠢᠭᠤᠯᠤᠭᠰᠠᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠪᠴᠠᠩ ᠪᠤᠯᠤᠨ᠎ᠠ᠃  ᠥᠪᠥᠷ ᠮᠣᠩᠭᠣᠯ᠎ᠤᠨ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠲᠣᠭᠠᠴᠢᠯᠠᠭᠰᠠᠨ ᠪᠠᠢᠭᠤᠯᠤᠯᠲᠠ᠎ᠶᠢ ᠠᠬᠢᠭᠤᠯᠬᠤ᠂ ᠰᠢᠯᠢᠳᠡᠭ ᠰᠤᠷᠤᠯᠴᠠᠯᠭ᠎ᠠ᠎ᠶᠢᠨ ᠡᠬᠢ ᠪᠠᠶᠠᠯᠢᠭ᠋᠎ᠢ ᠨᠡᠢᠳᠬᠡᠬᠦ᠂ ᠪᠦᠬᠦ ᠠᠷᠠᠳ᠎ᠤᠨ ᠨᠠᠰᠤᠨ ᠲᠤᠷᠰᠢᠲᠠ᠎ᠶᠢᠨ ᠰᠤᠷᠤᠯᠴᠠᠯᠭ᠎ᠠ᠎ᠳᠤ ᠦᠢᠯᠡᠴᠢᠯᠡᠬᠦ ᠴᠢᠬᠤᠯᠠ ᠲᠠᠪᠴᠠᠩ ᠪᠣᠯᠣᠨ᠎ᠠ᠂ ᠥᠪᠥᠷ ᠮᠣᠩᠭᠣᠯ᠎ᠤᠨ ᠬᠤᠳᠠ ᠬᠥᠳᠡᠭᠡ᠎ᠶᠢ ᠬᠠᠮᠤᠷᠤᠭᠰᠠᠨ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠦᠢᠯᠡᠴᠢᠯᠡᠭᠡᠨ᠎ᠦ ᠰᠢᠰᠲ᠋ᠧᠮ᠎ᠢ ᠪᠠᠶ᠋ᠢᠭᠤᠯᠬᠤ᠎ᠳᠤ ᠴᠢᠬᠤᠯᠠ ᠦᠢᠯᠡᠳᠦᠯ ᠦᠵᠡᠭᠦᠯᠬᠦ ᠪᠣᠯᠣᠨ᠎ᠠ᠃

ᠡᠨᠡ ᠬᠦ᠌ ᠬᠤᠭᠤᠴᠠᠭᠠᠨ ᠳ᠋ᠤ 2026 ᠣᠨ᠎ᠳᠤ ᠥᠪᠡᠷᠲᠡᠭᠡᠨ ᠵᠠᠰᠠᠬᠤ ᠣᠷᠣᠨ᠎ᠤ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠠᠩᠭᠢ ᠡᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠢᠩᠬᠢᠮ ᠲᠣᠪᠴᠢᠶ᠎ᠠ᠂ ᠡᠯ᠎ᠡ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠨᠠᠰᠤᠲᠠᠢᠴᠤᠳ᠎ᠤᠨ ᠰᠤᠷᠭᠠᠨ ᠬᠥᠮᠦᠵᠢᠯ ᠪᠠ ᠨᠡᠢᠭᠡᠮ ᠲᠣᠭᠣᠷᠢᠭ᠋᠎ᠤᠨ ᠰᠤᠷᠭᠠᠨ ᠬᠥᠮᠦᠵᠢᠯ᠎ᠦᠨ ᠲᠤᠷᠰᠢᠯᠲᠠ᠎ᠶᠢᠨ ᠴᠡᠭ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠡᠷᠭᠡ ᠬᠠᠮᠢᠶ᠎ᠠ ᠪᠦᠬᠦᠢ ᠨᠢᠭᠡᠴᠢ᠎ᠶᠢᠨ 300 ᠬᠥᠮᠥᠨ ᠪᠣᠯᠪᠠᠰᠤᠷᠠᠯ᠎ᠳᠤ ᠣᠷᠣᠯᠴᠠᠵᠠᠢ᠃ ᠪᠣᠯᠪᠠᠰᠤᠷᠠᠯ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠳᠤ ᠴᠤᠭᠴᠠᠯᠠᠬᠤ ᠪᠡᠷ ᠭᠣᠣᠯ ᠰᠢᠵᠢᠮ ᠪᠣᠯᠭᠠᠵᠤ᠂ ᠨᠠᠰᠤᠨ ᠲᠤᠷᠰᠢᠳᠠ᠎ᠶᠢᠨ ᠰᠤᠷᠭᠠᠨ ᠬᠥᠮᠦᠵᠢᠯ᠎ᠦᠨ ᠰᠢᠰᠲᠧᠮ ᠢ᠋ ᠪᠦᠷᠢᠨᠰᠢᠭᠦᠯᠬᠦ᠂ ᠪᠥᠬᠥ ᠠᠷᠠᠳ᠎ᠤᠨ ᠨᠠᠰᠤᠨ ᠲᠤᠷᠰᠢᠲᠠ᠎ᠶᠢᠨ ᠰᠤᠷᠤᠯᠴᠠᠯᠭ᠎ᠠ᠎ᠳᠤ ᠦᠢᠯᠡᠴᠢᠯᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠬᠢᠬᠦ᠂ ᠲᠤᠰᠬᠠᠢ ᠰᠡᠳᠦᠪ᠎ᠢᠶᠡᠷ ᠬᠠᠪᠰᠤᠷᠤᠨ ᠵᠢᠯᠤᠭᠣᠳᠬᠤ᠂ ᠲᠤᠷᠰᠢᠯᠭ᠎ᠠ ᠰᠣᠯᠢᠯᠴᠠᠬᠤ ᠪᠠ ᠦᠢᠯᠡᠳᠦᠯᠭᠡ᠎ᠶᠢᠨ ᠰᠤᠳᠤᠯᠤᠨ ᠶᠠᠷᠢᠯᠴᠠᠬᠤ᠎ᠵᠡᠷᠬᠡ ᠵᠢ ᠥᠷᠨᠢᠭᠦᠯᠵᠦ᠂ ᠪᠥᠬᠥ ᠣᠷᠣᠨ᠎ᠤ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠠᠵᠢᠯᠲᠠᠨ᠎ᠤ ᠲᠥᠷᠥ᠎ᠶᠢᠨ ᠪᠣᠳᠣᠯᠭ᠎ᠠ᠎ᠶᠢᠨ ᠬᠢᠷᠢ ᠲᠦᠪᠰᠢᠨ᠂ ᠲᠤᠰᠬᠠᠢ ᠮᠡᠷᠭᠡᠵᠢᠯ᠎ᠦᠨ ᠴᠢᠳᠠᠪᠤᠷᠢ ᠪᠠ ᠦᠢᠯᠡᠳᠦᠯᠭᠡ᠎ᠶᠢᠨ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠰᠤᠨ ᠲᠤᠷᠰᠢᠲᠠ᠎ᠶᠢᠨ ᠰᠤᠷᠭᠠᠨ ᠬᠥᠮᠦᠵᠢᠯ᠎ᠦᠨ ᠰᠢᠰᠲᠧᠮ᠎ᠢ ᠪᠠᠶ᠋ᠢᠭᠤᠯᠬᠤ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号