ᠪᠠᠭᠠᠷᠢᠨ ᠵᠡᠭᠦᠨ ᠬᠣᠰᠢᠭᠤ ᠪᠣᠯ ᠯᠢᠶᠣᠣ ᠵᠢᠨ ᠰᠣᠶᠣᠯ᠎ᠤᠨ ᠡᠭᠦᠰᠦᠯ᠎ᠦᠨ ᠭᠠᠵᠠᠷ ᠪᠠᠢᠵᠤ᠂ ᠤᠯᠤᠰ᠎ᠤᠨ ᠳᠣᠲᠣᠭᠠᠳᠤ᠎ᠵᠢᠨ ᠴᠣᠷ᠎ᠤᠨ ᠭᠠᠭᠴᠠ ᠬᠢᠳᠠᠨ ᠯᠢᠶᠣᠣ᠎ᠵᠢᠨ ᠰᠣᠶᠣᠯ᠎ᠤᠨ ᠭᠣᠣᠯ ᠦᠯᠡᠳᠡᠭᠳᠡᠯ᠎ᠢ ᠬᠠᠳᠠᠭᠠᠯᠠᠵᠤ ᠪᠠᠢᠭ᠎ᠠ ᠭᠠᠵᠠᠷ ᠣᠷᠣᠨ ᠪᠣᠯᠬᠤ᠎ᠵᠢᠨ ᠬᠠᠮᠲᠤ ᠠᠭᠤᠯᠠᠷᠬᠠᠭ ᠭᠠᠵᠠᠷ᠂ ᠲᠠᠯ᠎ᠠ ᠨᠤᠲᠤᠭ᠂ ᠨᠤᠭᠤ ᠭᠠᠵᠠᠷ᠂ ᠬᠥᠳᠡᠭᠡ ᠲᠤᠰᠬᠤᠨ ᠵᠡᠷᠭᠡ ᠣᠯᠠᠨ ᠡᠰᠢᠵᠢᠭᠰᠡᠨ ᠠᠮᠢ ᠠᠬᠤᠢ᠎ᠵᠢᠨ ᠡᠬᠢ ᠪᠠᠶᠠᠯᠢᠭ᠋ ᠲᠠᠢ ᠲᠤᠯᠠ ᠳᠡᠦᠬᠡ ᠰᠣᠶᠣᠯ᠎ᠢ ᠤᠯᠠᠮᠵᠢᠯᠠᠬᠤ ᠪᠠ ᠳᠡᠯᠭᠡᠨ ᠦᠵᠡᠭᠦᠯᠬᠦ ᠵᠠᠩᠭᠢᠯᠠᠭ᠎ᠠ᠎ᠵᠢᠨ ᠴᠡᠭ ᠮᠥᠨ᠃
ᠰᠢᠨ᠎ᠡ ᠬᠥᠭᠵᠢᠯᠲᠡ᠎ᠵᠢᠨ ᠱᠠᠲᠤᠨ᠎ᠳᠤ ᠰᠠᠭᠤᠷᠢᠯᠠᠵᠤ᠂ ᠪᠠᠭᠠᠷᠢᠨ ᠵᠡᠭᠦᠨ ᠬᠣᠰᠢᠭᠤ ᠡᠬᠢ ᠪᠠᠶᠠᠯᠢᠭ᠋᠎ᠤᠨ ᠳᠠᠪᠠᠭᠤᠯᠢᠭ᠋ ᠲᠠᠭᠠᠨ ᠲᠦᠰᠢᠭᠯᠡᠨ᠂ ᠳᠤᠲᠠᠭᠳᠠᠯ ᠲᠠᠢ ᠲᠠᠯ᠎ᠠ ᠪᠠᠨ ᠨᠥᠬᠥᠪᠦᠷᠢᠯᠡᠵᠦ᠂ ᠠᠭᠤᠰᠤᠯᠴᠠᠨ ᠬᠥᠭᠵᠢᠬᠦ᠎ᠵᠢ ᠭᠦᠨᠵᠡᠭᠡᠢᠷᠡᠭᠦᠯᠵᠦ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠂ ᠦᠷ᠎ᠡ ᠠᠰᠢᠭ᠋᠎ᠢ ᠨᠡᠮᠡᠭᠳᠡᠭᠦᠯᠬᠦ᠂ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ᠎ᠵᠢ ᠪᠦᠬᠦ ᠬᠦᠴᠦᠨ᠎ᠢᠶᠠᠷ᠎ᠢᠶᠠᠨ ᠠᠬᠢᠭᠤᠯᠵᠤ᠂ ᠪᠦᠬᠦ ᠤᠯᠤᠰ᠎ᠲᠤ ᠠᠯᠳᠠᠷᠲᠠᠢ ᠯᠢᠶᠣᠤ᠎ᠵᠢᠨ ᠰᠣᠶᠣᠯ᠎ᠤᠨ ᠵᠢᠭᠤᠯᠴᠢᠯᠠᠯ᠎ᠤᠨ ᠵᠣᠷᠢᠯᠲᠠᠲᠤ ᠭᠠᠵᠠᠷ᠎ᠢ ᠴᠢᠷᠮᠠᠢᠨ ᠴᠣᠭᠴᠠᠯᠠᠬᠤ᠎ᠳᠤ ᠬᠦᠴᠦ ᠳᠠᠯᠪᠢᠭᠰᠠᠭᠠᠷ ᠪᠠᠢᠭ᠎ᠠ ᠶᠤᠮ᠃
ᠠᠵᠤ ᠦᠢᠯᠡᠰ᠎ᠦᠨ ᠬᠡᠯᠬᠢᠶ᠎ᠡ᠎ᠵᠢ ᠬᠦᠴᠦᠷᠬᠡᠭᠵᠢᠭᠦᠯᠦᠨ ᠪᠤᠵᠠᠭᠠᠢᠷᠠᠭᠤᠯᠤᠨ᠎ᠠ᠃ ᠰᠣᠶᠣᠯ᠂ ᠵᠢᠭᠤᠯᠴᠢᠯᠠᠯ᠂ ᠪᠡᠶ᠎ᠡ᠎ᠵᠢᠨ ᠲᠠᠮᠢᠷ᠂ ᠲᠠᠷᠢᠶᠠᠯᠠᠩ᠂ ᠬᠤᠳᠠᠯᠳᠤᠭ᠎ᠠ᠎ᠵᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ᠎ᠦᠨ ᠬᠣᠯᠪᠤᠭ᠎ᠠ᠎ᠳᠤ ᠲᠦᠰᠢᠭᠯᠡᠨ᠂ ᠢᠳᠡᠭᠡᠨ ᠤᠮᠳᠠᠭᠠᠨ᠂ ᠬᠣᠨᠣᠭ ᠪᠠᠭᠤᠳᠠᠯ᠂ ᠵᠠᠮ ᠬᠠᠷᠢᠯᠴᠠᠭ᠎ᠠ ᠵᠡᠷᠭᠡ ᠵᠤᠭ᠎ᠠ ᠴᠡᠩᠭᠡᠯ᠎ᠦᠨ ᠪᠦᠬᠦ ᠬᠡᠯᠬᠢᠶ᠎ᠡ ᠵᠢ ᠨᠠᠪᠲᠠᠷᠡᠭᠦᠯᠵᠦ᠂ ᠳᠠᠭᠠᠭᠤᠯᠤᠭᠴᠢ ᠰᠣᠶᠣᠯ ᠵᠢᠭᠤᠯᠴᠢᠯᠠᠯ᠎ᠤᠨ ᠠᠵᠤ ᠠᠬᠤᠢᠯᠠᠯ᠎ᠢ ᠪᠣᠢᠵᠢᠭᠤᠯᠤᠨ᠂ ᠨᠡᠢᠭᠡᠮ᠎ᠦᠨ ᠬᠥᠷᠥᠩᠭᠡ ᠵᠢ ᠲᠠᠲᠠᠨ ᠣᠷᠣᠭᠤᠯᠵᠤ᠂ ᠳᠡᠭᠡᠳᠦ ᠨᠡᠢᠰᠯᠡᠯ᠎ᠦᠨ ᠡᠷᠲᠡᠨ᠎ᠦ ᠪᠠᠯᠭᠠᠰᠤ ᠵᠡᠷᠭᠡ ᠲᠣᠮᠣ᠌ ᠬᠡᠯᠪᠡᠷᠢ᠎ᠵᠢᠨ ᠶᠡᠷᠦᠩᠬᠡᠢᠯᠡᠭᠰᠡᠨ ᠴᠣᠭᠴᠠ ᠵᠢ ᠨᠡᠭᠡᠭᠡᠨ ᠬᠥᠭᠵᠢᠭᠦᠯᠵᠦ᠂ ᠰᠣᠶᠣᠯ᠂ ᠵᠢᠭᠤᠯᠴᠢᠯᠠᠯ᠎ᠢ ᠬᠣᠰᠢᠭᠤᠨ᠎ᠤ ᠬᠡᠪᠴᠢᠶᠡᠨ᠎ᠦ ᠲᠤᠯᠭᠠᠭᠤᠷᠢ ᠠᠵᠤ ᠦᠢᠯᠡᠰ ᠪᠣᠯᠭᠠᠨ ᠬᠥᠭᠵᠢᠭᠦᠯᠦᠨ᠎ᠡ᠃
ᠣᠷᠣᠨ ᠪᠦᠰᠡ ᠠᠯᠤᠰᠯᠠᠭᠰᠠᠨ ᠵᠠᠮ ᠱᠤᠭᠤᠮ᠎ᠤᠨ ᠬᠣᠯᠪᠤᠭᠠᠯᠠᠨ ᠬᠥᠳᠡᠯᠦᠯᠴᠡᠬᠦ᠎ᠵᠢ ᠠᠬᠢᠭᠤᠯᠤᠨ᠎ᠠ᠃ ᠤᠯᠠᠭᠠᠨᠬᠠᠳᠠ᠎ᠵᠢᠨ ᠪᠦᠬᠦ ᠬᠣᠲᠠ᠎ᠵᠢᠨ ᠬᠡᠪᠴᠢᠶᠡᠨ᠎ᠦ ᠵᠢᠭᠤᠯᠴᠢᠯᠠᠯᠯᠤᠭᠠ ᠠᠭᠤᠰᠤᠯᠴᠠᠭᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ᠂ ᠪᠡᠭᠡᠵᠢᠩ᠂ ᠲᠢᠶᠠᠨᠵᠢᠨ᠂ ᠾᠧᠪᠧᠢ᠎ᠵᠢᠨ ᠠᠶᠠᠨᠴᠢᠳ᠎ᠤᠨ ᠢᠷᠡᠯᠲᠡ᠎ᠵᠢᠨ ᠵᠠᠬ᠎ᠠ ᠳᠡᠯᠭᠡᠭᠦᠷ ᠲᠠᠢ ᠵᠣᠯᠭᠠᠭᠤᠯᠵᠤ᠂ ᠯᠢᠶᠤᠤ᠎ᠵᠢᠨ ᠰᠣᠶᠣᠯ ᠲᠡᠦᠬᠡ᠎ᠵᠢᠨ ᠮᠤᠵᠢ ᠠᠯᠤᠰᠯᠠᠭᠰᠠᠨ ᠰᠣᠳᠣᠨ ᠵᠢᠭᠤᠯᠴᠢᠯᠡᠯ᠎ᠳᠤ ᠲᠦᠰᠢᠭᠯᠡᠨ᠂ ᠵᠢᠭᠤᠯᠴᠢᠯᠡᠯ᠎ᠤᠨ ᠵᠠᠮ ᠱᠤᠭᠤᠮ᠎ᠢ ᠪᠠᠢᠭᠤᠯᠤᠨ᠎ᠠ᠃
ᠯᠢᠶᠤᠤ᠎ᠵᠢᠨ ᠰᠣᠶᠣᠯ᠎ᠤᠨ IPᠵᠢᠨ ᠳᠡᠯᠡᠬᠡᠢᠵᠢᠭᠰᠡᠨ ᠡᠵᠡᠩᠨᠡᠯᠲᠡ᠎ᠵᠢ ᠰᠦᠪᠡᠭᠴᠢᠯᠡᠨ᠎ᠡ᠃ ᠳᠡᠭᠡᠳᠦ ᠰᠤᠷᠭᠠᠭᠤᠯᠢ ᠯᠤᠭ᠎ᠠ ᠬᠢᠳᠠᠨ ᠯᠢᠶᠤᠤ ᠵᠢᠨ ᠰᠣᠶᠣᠯ᠎ᠤᠨ ᠰᠤᠳᠤᠯᠭᠠᠨ᠎ᠤ ᠲᠥᠪ᠎ᠢ ᠬᠠᠮᠲᠤ᠎ᠪᠠᠷ ᠪᠠᠶ᠋ᠢᠭᠤᠯᠬᠤ᠎ᠵᠢ ᠭᠦᠨᠵᠡᠭᠡᠢᠷᠡᠭᠦᠯᠵᠦ᠂ ᠣᠯᠠᠨ ᠤᠯᠤᠰ᠎ᠤᠨ ᠡᠷᠳᠡᠮ ᠰᠢᠨᠵᠢᠯᠡᠭᠡᠨ᠎ᠦ ᠶᠠᠷᠢᠯᠴᠠᠭᠠᠨ᠎ᠤ ᠲᠠᠪᠴᠠᠩ᠎ᠢ ᠡᠷᠬᠢᠯᠡᠵᠦ᠂ ᠬᠤᠪᠴᠠᠰᠤ ᠵᠠᠰᠠᠯ᠂ ᠢᠳᠡᠭᠡᠨ ᠤᠮᠳᠠᠭᠠᠨ᠂ ᠣᠷᠣᠨ ᠰᠠᠭᠤᠴᠠ᠎ᠵᠢᠨ ᠲᠦᠷᠦᠯ᠎ᠦᠨ ᠯᠢᠶᠤᠤ᠎ᠵᠢᠨ ᠰᠣᠶᠣᠯ᠎ᠤᠨ ᠡᠭᠦᠳᠦᠯᠲᠡ᠎ᠵᠢᠨ ᠵᠢᠭ᠍ᠰᠠᠭᠠᠯ᠎ᠤᠨ ᠭᠠᠵᠠᠷ ᠭᠠᠷᠭᠠᠵᠤ᠂ ᠰᠦᠯᠵᠢᠶᠡᠨ ᠳᠡᠭᠡᠷᠡᠬᠢ ᠬᠢᠯᠢ ᠠᠯᠤᠰᠯᠠᠭᠰᠠᠨ ᠤᠬᠠᠭᠤᠯᠭ᠎ᠠ᠎ᠵᠢᠨ ᠠᠷᠭ᠎ᠠ ᠵᠠᠮ᠎ᠢ ᠥᠷᠭᠡᠳᠬᠡᠨ᠎ᠡ᠃
ᠪᠠᠭᠠᠷᠢᠨ ᠵᠡᠭᠦᠨ ᠬᠣᠰᠢᠭᠤᠨ᠎ᠤ ᠰᠣᠶᠣᠯ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ ᠨᠢ ᠯᠢᠶᠣᠣ᠎ᠵᠢᠨ ᠰᠣᠶᠣᠯ᠎ᠤᠨ ᠳᠠᠪᠠᠭᠤᠯᠢᠭ᠋ ᠲᠠᠭᠠᠨ ᠰᠠᠭᠤᠷᠢᠯᠠᠵᠤ᠂ ᠨᠢᠭᠡᠨ ᠵᠤᠷᠪᠤᠰ ᠰᠣᠶᠣᠯ᠎ᠤᠨ ᠲᠦᠷᠦᠯ ᠲᠡᠮᠳᠡᠭ᠎ᠢ ᠡᠭᠦᠳᠦᠭᠰᠡᠨ᠂ ᠠᠮᠢ ᠠᠬᠤᠢ ᠵᠢ ᠴᠢᠬᠤᠯᠠᠴᠢᠯᠠᠭᠰᠠᠨ᠂ ᠠᠵᠤ ᠦᠢᠯᠡᠰ ᠠᠭᠤᠰᠤᠯᠴᠠᠭᠰᠠᠨ᠂ ᠪᠦᠬᠦ ᠠᠷᠠᠳ ᠬᠠᠮᠲᠤ᠎ᠪᠠᠷ ᠠᠰᠢᠭ᠋ ᠬᠦᠷᠲᠡᠭᠰᠡᠨ ᠣᠨᠴᠠᠯᠢᠭ᠍ᠲᠤ ᠵᠠᠮ ᠱᠤᠭᠤᠮ᠎ᠢ ᠨᠡᠭᠡᠭᠡᠵᠦ᠂ ᠢᠷᠡᠭᠡᠳᠦᠢ᠎ᠳᠦ ᠲᠡᠦᠬᠡ᠎ᠵᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ᠎ᠵᠢ ᠦᠷᠭᠦᠯᠵᠢᠯᠡᠨ ᠪᠠᠷᠢᠮᠲᠠᠯᠠᠵᠤ᠂ ᠣᠯᠠᠨ ᠡᠵᠡᠩᠨᠡᠯᠲᠡ ᠵᠢᠨ ᠬᠡᠯᠪᠡᠷᠢ᠎ᠵᠢᠨ ᠠᠭᠤᠰᠤᠯᠴᠠᠯ᠎ᠢ ᠭᠦᠨᠵᠡᠭᠡᠢᠷᠡᠭᠦᠯᠵᠦ᠂ ᠳᠥᠷᠪᠡᠨ ᠤᠯᠠᠷᠢᠯ᠎ᠤᠨ ᠠᠵᠢᠯᠯᠠᠭᠠᠨ᠎ᠤ ᠲᠦᠷᠦᠯ ᠲᠡᠮᠳᠡᠭ᠎ᠢ ᠡᠭᠦᠳᠴᠦ᠂ ᠢᠵᠢ ᠪᠦᠷᠢᠳᠦᠭᠰᠡᠨ ᠦᠢᠯᠡᠴᠢᠯᠡᠭᠡᠨ᠎ᠦ ᠰᠢᠰᠲᠸᠮ᠎ᠢ ᠲᠡᠭᠦᠯᠳᠡᠷᠵᠢᠭᠦᠯᠬᠦ᠎ᠵᠢ ᠤᠯᠠᠮ ᠨᠢᠭᠡ ᠠᠯᠬᠤᠮ ᠰᠠᠢᠨ ᠬᠢᠪᠡᠯ ᠲᠡᠦᠬᠡ ᠰᠣᠶᠣᠯ᠎ᠤᠨ ᠳᠠᠪᠠᠭᠤᠯᠢᠭ ᠵᠢᠡᠨ ᠠᠵᠤ ᠠᠬᠤᠢ ᠵᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠮᠢᠩᠭᠠᠨ ᠣᠨ᠎ᠤ ᠬᠢᠳᠠᠨ ᠯᠢᠶᠣᠣ᠎ᠵᠢᠨ ᠰᠣᠶᠣᠯ᠎ᠤᠨ ᠡᠬᠢ ᠪᠠᠶᠠᠯᠢᠭ᠋᠎ᠢ ᠭᠦᠢᠴᠡᠳ ᠠᠭᠤᠳᠠᠯᠠᠠᠦ ᠪᠣᠯᠣᠨ᠎ᠠ᠃