ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠋᠎ᠤᠨ ᠠᠭᠤᠰᠤᠯᠴᠠᠨ ᠬᠥᠭᠵᠢᠬᠦ ᠵᠠᠭᠪᠤᠷ᠎ᠢ ᠪᠦᠷᠢᠯᠳᠦᠬᠦᠯᠦᠨ᠎ᠠ
2026-06-22 16:33:05
ᠵᠣᠬᠢᠶᠠᠭ᠍ᠴᠢ᠄
ᠬᠠᠢᠷᠬᠠᠨ ᠰᠣᠳᠣ᠌ ᠰᠠᠷᠠᠨᠬᠦᠦ ᠨᠠᠮᠤᠷ
ᠣᠩᠱᠢᠭ᠍ᠰᠠᠨ ᠣᠳᠠᠭ᠎ᠠ᠄
★★★☆☆

ᠵᠢᠭᠤᠯᠴᠢᠯᠠᠯ᠎ᠤᠨ ᠦᠢᠯᠡᠰ ᠪᠣᠯ ᠪᠣᠬᠢᠷᠲᠤᠯ ᠦᠭᠡᠢ ᠠᠵᠤ ᠦᠢᠯᠡᠰ᠂ ᠠᠷᠠᠳ᠎ᠢ ᠪᠠᠶᠠᠵᠢᠭᠤᠯᠬᠤ ᠠᠵᠤ ᠦᠢᠯᠡᠰ᠂ᠬᠦᠳᠦᠯᠦᠨ ᠳᠠᠭᠠᠭᠤᠯᠬᠤ ᠠᠵᠦ ᠦᠢᠯᠡᠰ ᠪᠤᠯᠤᠨ᠎ᠠ᠃ ᠠᠵᠤ ᠠᠬᠤᠢ᠎ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ᠎ᠵᠢ ᠠᠬᠢᠭᠤᠯᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠂ ᠣᠷᠣᠨ ᠪᠦᠰᠡ᠎ᠵᠢᠨ ᠰᠣᠶᠣᠯ᠎ᠤᠨ ᠣᠨᠴᠠᠯᠢᠭ᠋᠎ᠢ ᠬᠠᠷᠠᠭᠤᠯᠬᠤ ᠴᠢᠬᠤᠯᠠ ᠬᠦᠴᠦᠨ ᠵᠦᠢᠯ ᠪᠣᠯᠣᠨ᠎ᠠ᠃


aa80bf10-9143-4dd9-88c6-75dfc7afeb14.png


ᠣᠢᠷ᠎ᠠ᠎ᠵᠢᠨ ᠵᠢᠯ᠎ᠡᠴᠡ᠂ ᠪᠠᠭᠠᠷᠢᠨ ᠵᠡᠭᠦᠨ ᠬᠣᠰᠢᠭᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠨᠢ ᠬᠢᠳᠠᠨ ᠯᠢᠶᠣᠣ᠎ᠵᠢᠨ ᠰᠣᠶᠣᠯ᠎ᠢ ᠪᠡᠶᠡᠴᠢᠯᠡᠨ ᠣᠢᠯᠠᠭᠠᠬᠤ ᠣᠷᠣᠨ ᠪᠦᠰᠡ᠎ᠵᠢᠨ ᠵᠢᠭᠤᠯᠴᠢᠯᠠᠯ᠎ᠤᠨ ᠬᠠᠷᠠᠯᠲᠠ ᠵᠢ ᠪᠣᠢ ᠪᠣᠯᠭᠠᠵᠤ᠂ 《2352》 ᠪᠦᠬᠦ ᠬᠦᠷᠢᠶ᠎ᠠ ᠴᠠᠷᠠᠭᠠᠨ᠎ᠤ ᠵᠢᠭᠤᠯᠴᠢᠯᠠᠯ᠎ᠤᠨ ᠬᠥᠭᠵᠢᠯᠲᠡ᠎ᠵᠢᠨ ᠰᠡᠳᠬᠢᠴᠡ᠎ᠵᠢ ᠬᠡᠷᠡᠭᠵᠢᠭᠦᠯᠦᠨ᠂ ᠰᠣᠶᠣᠯ᠂ ᠵᠢᠭᠤᠯᠴᠢᠯᠠᠯ᠂ ᠪᠡᠶ᠎ᠡ᠎ᠵᠢᠨ ᠲᠠᠮᠢᠷ᠂ ᠲᠠᠷᠢᠶᠠᠯᠠᠩ᠂ ᠠᠷᠠᠯᠵᠢᠶ᠎ᠠ᠎ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠣᠷᠣᠨ ᠵᠠᠢ ᠵᠢᠨ ᠪᠠᠢᠷᠢᠰᠢᠭᠤᠯᠤᠯᠲᠠ ᠲᠣᠳᠣᠷᠬᠠᠢ᠂ ᠡᠵᠡᠩᠨᠡᠯᠲᠡ᠎ᠵᠢᠨ ᠬᠡᠯᠪᠡᠷᠢ ᠪᠠᠢᠳᠠᠯ᠎ᠤᠨ ᠰᠢᠰᠲᠸᠮ ᠲᠡᠭᠦᠯᠳᠡᠷ᠂ ᠬᠣᠲᠠ ᠬᠥᠳᠡᠭᠡ ᠬᠣᠯᠪᠤᠭᠠᠯᠠᠨ ᠬᠥᠳᠡᠯᠦᠯᠴᠡᠵᠦ᠂ ᠬᠠᠮᠲᠤ᠎ᠪᠠᠷ ᠤᠷᠤᠭᠰᠢᠯᠠᠭᠰᠠᠨ ᠬᠥᠭᠵᠢᠯᠲᠡ ᠵᠢᠨ ᠰᠢᠨ᠎ᠡ ᠪᠠᠢᠷᠢᠰᠢᠯ᠎ᠢ ᠪᠤᠢ ᠪᠣᠯᠭᠠᠵᠤ᠂ ᠵᠢᠭᠤᠯᠴᠢᠯᠠᠯ᠎ᠤᠨ ᠦᠢᠯᠡᠰ᠎ᠢ ᠬᠣᠰᠢᠭᠤᠨ ᠬᠡᠪᠴᠢᠶᠡᠨ᠎ᠦ ᠠᠵᠤ ᠠᠬᠤᠢ᠎ᠵᠢᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠭᠦᠯᠬᠦ᠂ ᠬᠥᠳᠡᠭᠡ ᠲᠣᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠲᠤᠯᠭᠠᠭᠤᠷᠢ ᠴᠢᠨᠠᠷᠲᠠᠢ ᠠᠵᠤ ᠦᠢᠯᠡᠰ ᠪᠣᠯᠭᠠᠨ ᠪᠣᠢᠵᠢᠭᠤᠯᠵᠠᠢ᠃


f16ae6b2-b214-4f9d-9950-5055a80dcb54.png


ᠪᠠᠭᠠᠷᠢᠨ ᠵᠡᠭᠦᠨ ᠬᠣᠰᠢᠭᠤᠨ᠎ᠤ ᠵᠢᠭᠤᠯᠴᠢᠯᠠᠯ᠎ᠤᠨ ᠦᠢᠯᠡᠰ᠎ᠦᠨ ᠭᠣᠣᠯ ᠴᠢᠮᠦᠭᠡ ᠪᠣᠯ ᠬᠢᠳᠠᠨ ᠯᠢᠶᠣᠣ᠎ᠵᠢᠨ ᠰᠣᠶᠣᠯ᠎ᠢᠶᠠᠷ ᠳᠠᠭᠠᠭᠤᠯᠤᠭ᠍ᠴᠢ ᠪᠣᠯᠭᠠᠵᠤ᠂ ᠠᠮᠢ ᠠᠬᠤᠢ᠂ ᠭᠠᠵᠠᠷ ᠵᠦᠢ᠎ᠵᠢᠨ ᠭᠠᠢᠬᠠᠮᠰᠢᠭ᠍ᠲᠤ ᠦᠵᠡᠮᠵᠢ᠂ ᠠᠷᠠᠳ᠎ᠤᠨ ᠵᠠᠩ ᠦᠢᠯᠡ ᠲᠠᠢ ᠬᠣᠯᠪᠣᠭᠳᠠᠭᠤᠯᠤᠨ᠂ 《ᠰᠣᠶᠣᠯ᠂ ᠵᠢᠭᠤᠯᠴᠢᠯᠠᠯ᠂ ᠪᠡᠶ᠎ᠡ ᠵᠢᠨ ᠲᠠᠮᠢᠷ᠂ ᠲᠠᠷᠢᠶᠠᠯᠠᠩ᠂ ᠬᠤᠳᠠᠯᠳᠤᠭ᠎ᠠ》 ᠵᠢ ᠠᠭᠤᠰᠤᠯᠴᠠᠭᠤᠯᠤᠨ ᠬᠥᠭᠵᠢᠭᠦᠯᠵᠦ᠂ ᠯᠢᠶᠤᠤ᠎ᠵᠢᠨ ᠰᠣᠶᠣᠯ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠬᠠᠷᠠᠯᠲᠠᠲᠤ ᠣᠷᠣᠨ᠎ᠢ ᠪᠦᠲᠦᠭᠡᠨ ᠪᠠᠶ᠋ᠢᠭᠤᠯᠬᠤ ᠳᠠᠢᠰᠢ ᠬᠦᠴᠦᠯᠡᠵᠦ᠂ ᠪᠦᠬᠦ ᠣᠷᠣᠨ ᠪᠦᠰᠡ᠎ᠪᠡᠷ ᠨᠢᠭᠡᠳᠦᠯᠲᠡᠢ ᠲᠥᠯᠥᠪᠯᠡᠨ᠂ ᠬᠣᠰᠢᠭᠤᠨ᠎ᠤ ᠬᠡᠪᠴᠢᠶᠡᠨ᠎ᠳᠦ ᠭᠤᠷᠪᠠᠨ ᠶᠡᠬᠡ ᠬᠥᠭᠵᠢᠯᠲᠡ᠎ᠵᠢᠨ ᠪᠠᠢᠷᠢᠰᠢᠯ᠎ᠢ ᠪᠠᠢᠭᠤᠯᠤᠭᠰᠠᠨ ᠪᠠᠢᠨ᠎ᠠ᠃ ᠡᠮᠦᠨᠡᠲᠦ ᠬᠡᠰᠡᠭ᠎ᠦᠨ ᠬᠢᠳᠠᠨ ᠯᠢᠶᠤᠤ᠎ᠵᠢᠨ ᠰᠣᠶᠣᠯ᠎ᠤᠨ ᠭᠣᠣᠯ ᠵᠢᠭᠤᠯᠴᠢᠯᠡᠯ᠎ᠤᠨ ᠣᠷᠣᠨ ᠨᠢ ᠳᠠᠷᠤᠢ ᠳᠣᠯᠤᠭᠠᠨ ᠲᠣᠭᠣᠭᠠᠲᠤ ᠠᠭᠤᠯᠠ᠂ ᠦᠨᠡᠨᠴᠢ ᠲᠠᠭᠠᠯᠠᠭ᠍ᠴᠢ ᠰᠦᠮ᠎ᠡ᠂ ᠯᠢᠶᠣᠣ᠎ᠵᠢᠨ ᠳᠡᠭᠡᠳᠦ ᠨᠡᠢᠰᠯᠡᠯ᠎ᠦᠨ ᠪᠠᠭᠤᠷᠢ᠂ ᠯᠢᠶᠤᠤ᠎ᠵᠢᠨ ᠳᠡᠭᠡᠳᠦᠰ᠎ᠦᠨ ᠣᠩᠭᠣᠨ᠂ ᠯᠢᠶᠤᠤ᠎ᠵᠢᠨ ᠳᠡᠭᠡᠳᠦ ᠨᠡᠢᠰᠯᠡᠯ᠎ᠦᠨ ᠮᠦᠽᠧᠢ᠂ ᠬᠢᠳᠠᠨ ᠶᠡᠬᠡ ᠲᠢᠶᠠᠲᠷ ᠵᠡᠷᠭᠡ ᠪᠣᠯᠣᠨ᠎ᠠ᠃ ᠳᠤᠮᠳᠠ ᠬᠡᠰᠡᠭ᠎ᠦᠨ ᠬᠥᠳᠡᠭᠡ ᠲᠤᠰᠬᠤᠨ᠎ᠤ ᠠᠮᠠᠷᠠᠯᠲᠠ ᠰᠡᠯᠡᠭᠦᠴᠡᠯ᠎ᠦᠨ ᠵᠢᠭᠤᠯᠴᠢᠯᠠᠯ᠎ᠤᠨ ᠣᠷᠣᠨ ᠨᠢ ᠥᠯᠵᠡᠢᠮᠦ᠋ᠷᠡᠨ ᠭᠣᠣᠯ᠎ᠤᠨ ᠨᠤᠭᠤ ᠭᠠᠵᠠᠷ᠎ᠤᠨ ᠴᠡᠴᠡᠷᠯᠢᠭ᠂ ᠳᠠᠯᠠᠩ᠎ᠤᠨ ᠭᠤᠤ᠎ᠵᠢᠨ ᠵᠢᠭᠤᠯᠴᠢᠯᠡᠯ᠎ᠢᠶᠠᠷ ᠭᠣᠣᠯ ᠪᠣᠯᠭᠠᠭᠰᠠᠨ 《ᠨᠢᠭᠡ ᠬᠦᠷᠢᠶᠡᠯᠡᠩ᠂ ᠳᠥᠷᠪᠡᠨ ᠲᠣᠰᠬᠤᠨ᠂ ᠨᠢᠭᠡ ᠰᠢᠰᠲᠸᠮ》᠎ᠦᠨ ᠬᠥᠳᠡᠭᠡ ᠲᠤᠰᠬᠤᠨ᠎ᠤ ᠵᠢᠭᠤᠯᠴᠢᠯᠠᠯ᠎ᠤᠨ ᠰᠢᠰᠲᠧᠮ ᠪᠣᠯᠣᠨ᠎ᠠ᠃ ᠤᠮᠠᠷᠠᠲᠤ ᠬᠡᠰᠡᠭ᠎ᠦᠨ ᠪᠠᠢᠭᠠᠯᠢ᠎ᠵᠢᠨ ᠥᠩᠭᠡ ᠦᠵᠡᠮᠵᠢ᠎ᠵᠢᠨ ᠠᠮᠢ ᠠᠬᠤᠢ᠎ᠵᠢᠨ ᠵᠢᠭᠤᠯᠴᠢᠯᠠᠯ ᠨᠢ ᠲᠢᠶᠠᠨ ᠯᠦᠩ ᠱᠠᠨ᠂ ᠱᠸᠩ ᠰᠢᠶᠠᠩ ᠱᠠᠨ᠎ᠤ ᠭᠠᠢᠬᠠᠮᠰᠢᠭ᠍ᠲᠤ ᠠᠭᠤᠯᠠ ᠤᠰᠤᠨ᠎ᠤ ᠥᠩᠭᠡ ᠦᠵᠡᠮᠵᠢ᠎ᠳᠦ ᠲᠦᠰᠢᠭᠯᠡᠭᠰᠡᠨ ᠭᠠᠵᠠᠷ ᠰᠢᠨᠵᠢᠯᠡᠭᠡᠨ᠎ᠦ ᠰᠤᠳᠤᠯᠭᠠᠨ᠂ ᠲᠠᠯ᠎ᠠ ᠨᠤᠲᠤᠭ᠎ᠤᠨ ᠬᠡᠭᠡᠷᠡᠯᠡᠨ ᠨᠠᠭᠠᠳᠬᠤ ᠰᠠᠭᠤᠷᠢᠨ ᠪᠣᠯᠣᠨ᠎ᠠ᠃

ᠪᠠᠭᠠᠷᠢᠨ ᠵᠡᠭᠦᠨ ᠬᠣᠰᠢᠭᠤᠨ᠎ᠳᠤ ᠤᠯᠤᠰ᠎ᠤᠨ ᠳᠣᠲᠣᠭᠠᠳᠤ ᠳ᠋ᠤ᠌ ᠬᠡᠪᠴᠢᠶ᠎ᠡ᠎ᠪᠠᠷ ᠬᠠᠮᠤᠭ᠎ᠤᠨ ᠶᠡᠬᠡ᠂ ᠬᠠᠮᠤᠭ ᠪᠦᠷᠢᠨ ᠪᠦᠲᠦᠨ ᠬᠠᠳᠠᠭᠠᠯᠠᠭᠳᠠᠵᠤ ᠪᠠᠢᠭ᠎ᠠ ᠯᠢᠶᠣᠤ ᠤᠯᠤᠰ᠎ᠤᠨ ᠦᠶ᠎ᠡ᠎ᠵᠢᠨ ᠨᠡᠢᠰᠯᠡᠯ ᠪᠠ ᠬᠤᠲᠠ᠎ᠵᠢᠨ ᠪᠠᠭᠤᠷᠢ᠎ᠨᠤᠭᠤᠳ ᠳᠠᠢ᠃ ᠯᠢᠶᠣᠤ᠎ᠵᠢᠨ ᠳᠡᠭᠡᠳᠦ ᠨᠡᠢᠰᠯᠡᠯ᠎ᠤᠨ ᠪᠠᠭᠤᠷᠢ᠂ ᠯᠢᠶᠣᠤ᠎ᠵᠢᠨ ᠳᠡᠭᠡᠳᠦᠰ᠎ᠤᠨ ᠣᠩᠭᠤᠨ᠂ ᠬᠢᠯᠦᠪᠡᠷ ᠵᠤᠤ ᠵᠡᠷᠭᠡ ᠤᠯᠤᠰ᠎ᠪᠠ ᠣᠷᠣᠨ᠎ᠤ ᠲᠠᠰ᠎ᠤᠨ ᠰᠣᠶᠣᠯ᠎ᠤᠨ ᠦᠯᠡᠳᠡᠭᠳᠡᠯ ᠥᠪ ᠵᠡᠷᠬᠡ ᠬᠣᠪᠣᠷ ᠴᠤᠬᠠᠭ ᠡᠬᠢ ᠪᠠᠶᠠᠯᠢᠭ ᠲᠤ᠌ ᠲᠦᠰᠢᠭᠯᠡᠨ᠂ ᠳᠤᠰ ᠬᠤᠰᠢᠭᠤ ᠬᠢᠳᠠᠨ ᠯᠢᠶᠤᠤ᠎ᠵᠢᠨ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠢ ᠠᠭᠤᠳᠠᠯᠵᠤ᠂ ᠯᠢᠶᠣᠤ᠎ᠵᠢᠨ ᠳᠡᠭᠡᠳᠦ ᠨᠡᠢᠰᠯᠡᠯ᠎ᠤᠨ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ᠎ᠵᠢᠨ ᠴᠡᠴᠡᠷᠯᠢᠭ᠂ ᠯᠢᠶᠣᠤ ᠵᠢᠨ ᠳᠡᠭᠡᠳᠦ ᠨᠡᠢᠰᠯᠡᠯ᠎ᠤᠨ ᠮᠦᠽᠧᠢ ᠵᠡᠷᠭᠡ ᠭᠣᠣᠯ ᠪᠣᠯᠬᠤ ᠰᠣᠶᠣᠯ ᠵᠢᠭᠤᠯᠴᠢᠯᠠᠯ᠎ᠤᠨ ᠠᠴᠢᠶᠠᠯᠠᠪᠤᠷᠢ᠎ᠵᠢ ᠪᠣᠢ ᠪᠣᠯᠭᠠᠨ᠂ ᠯᠢᠶᠣᠤ᠎ᠵᠢᠨ ᠰᠣᠶᠣᠯ᠎ᠢ ᠣᠢᠯᠠᠭᠠᠬᠤ ᠰᠢᠰᠲᠧᠮ᠎ᠢ ᠪᠠᠢᠭᠤᠯᠵᠤ᠂ ᠤᠮᠠᠷᠠᠲᠤ ᠬᠢᠯᠢ᠎ᠵᠢᠨ ᠭᠠᠵᠠᠷ ᠣᠷᠣᠨ᠎ᠤ ᠥᠪᠡᠷᠮᠢᠴᠡ ᠣᠨᠴᠠᠯᠢᠭ᠋ ᠪᠦᠬᠦᠢ ᠰᠣᠶᠣᠯ ᠵᠢᠭᠤᠯᠴᠢᠯᠠᠯ᠎ᠤᠨ ᠣᠷᠣᠨ ᠪᠣᠯᠭᠠᠭᠰᠠᠨ ᠪᠠᠢᠨ᠎ᠠ᠃


93e3615f-dd7f-442b-8420-604447ba7247.png


ᠠᠮᠢ ᠠᠬᠤᠢ᠎ᠵᠢᠨ ᠣᠷᠴᠢᠨ ᠲᠣᠭᠣᠷᠢᠨ᠎ᠤ ᠬᠤᠪᠢ᠎ᠳᠤ᠂ ᠦᠵᠡᠰᠬᠦᠯᠡᠩᠲᠦ ᠰᠠᠢᠬᠠᠨ ᠠᠭᠤᠯᠠ ᠤᠰᠤ᠂ ᠥᠪᠡᠷᠮᠢᠴᠡ ᠭᠣᠢᠳᠠ ᠪᠠᠢᠭᠠᠯᠢ᠎ᠵᠢᠨ ᠦᠵᠡᠮᠵᠢ ᠲᠠᠢ᠃ ᠳᠣᠯᠤᠭᠠᠨ ᠲᠣᠭᠣᠭᠠᠳᠤ ᠠᠭᠤᠯᠠ᠂ ᠲᠢᠶᠠᠨ ᠯᠦᠩ ᠱᠠᠨ ᠦᠵᠡᠮᠵᠢ᠎ᠵᠢᠨ ᠣᠷᠣᠨ᠂ ᠳᠠᠯᠠᠩ᠎ᠤᠨ ᠭᠤᠤ ᠵᠡᠷᠭᠡ ᠵᠢᠭᠤᠯᠴᠢᠯᠡᠯ᠎ᠤᠨ ᠭᠠᠵᠠᠷ ᠨᠢ ᠳᠥᠷᠪᠡᠨ ᠤᠯᠠᠷᠢᠯ᠎ᠤᠨ ᠰᠣᠶᠣᠯ᠎ᠤᠨ ᠵᠢᠭᠤᠯᠴᠢᠯᠠᠯ᠎ᠳᠤ ᠨᠦᠬᠦᠴᠡᠯ ᠪᠦᠷᠢᠳᠦᠭᠦᠯᠦᠨ ᠥᠭᠴᠡᠢ᠃ ᠠᠮᠢ ᠠᠬᠤᠢ᠎ᠵᠢᠨ ᠰᠤᠪᠢᠯᠠᠯᠲᠠ᠂ ᠰᠡᠯᠡᠭᠦᠴᠡᠯ ᠵᠢᠭᠤᠯᠴᠢᠯᠡᠯ᠂ ᠰᠤᠳᠤᠯᠤᠨ ᠰᠤᠷᠤᠯᠴᠠᠬᠤ ᠵᠡᠷᠭᠡ ᠵᠢᠭᠤᠯᠴᠢᠯᠠᠯ᠎ᠤᠨ ᠡᠵᠡᠩᠨᠡᠯᠲᠡ᠎ᠵᠢᠨ ᠬᠡᠯᠪᠡᠷᠢ ᠵᠢ ᠬᠥᠭᠵᠢᠭᠦᠯᠬᠦ᠎ᠳᠤ ᠲᠣᠬᠢᠷᠠᠭᠰᠠᠨ᠂ ᠪᠠᠢᠭᠠᠯᠢ᠎ᠲᠠᠢ ᠣᠢᠷᠠᠲᠤᠭᠰᠠᠨ ᠠᠮᠠᠷᠠᠯᠲᠠ ᠰᠡᠯᠡᠭᠦᠴᠡᠯ᠎ᠤᠨ ᠰᠠᠢᠬᠠᠨ ᠭᠠᠵᠠᠷ ᠪᠣᠯᠣᠨ᠎ᠠ᠃ 305 ᠤᠯᠤᠰ᠎ᠤᠨ ᠵᠠᠮ ᠬᠠᠵᠠᠭᠤ᠎ᠪᠠᠷ ᠨᠢ ᠥᠩᠭᠡᠷᠡᠵᠦ ᠪᠠᠢᠭ᠎ᠠ ᠲᠢᠶᠠᠨ ᠯᠦᠩ ᠱᠠᠨ ᠦᠵᠡᠮᠵᠢ᠎ᠵᠢᠨ ᠣᠷᠣᠨ ᠪᠣᠯ ᠪᠠᠭᠠᠷᠢᠨ ᠵᠡᠭᠦᠨ ᠬᠣᠰᠢᠭᠤᠨ᠎ᠤ ᠴᠠᠭᠠᠨᠬᠠᠳᠠ ᠰᠤᠮᠤᠨ᠎ᠳᠤ ᠪᠠᠢᠷᠢᠯᠠᠵᠤ᠂ ᠯᠢᠨᠳᠦ᠋ᠩ ᠪᠠᠯᠭᠠᠰᠤᠨ᠎ᠠᠴᠠ19 ᠺᠢᠯᠣᠮᠧᠲᠷ ᠯᠡ ᠵᠠᠢᠲᠠᠢ᠃ ᠤᠮᠠᠷᠠᠲᠤ ᠵᠢᠨ ᠭᠠᠵᠠᠷ ᠵᠦᠢ᠎ᠵᠢᠨ ᠤᠨᠴᠠᠯᠢᠭᠳᠤ ᠭᠠᠢᠬᠠᠮᠰᠢᠭ᠋᠎ᠢ ᠪᠦᠷᠢᠳᠦᠭᠦᠯᠵᠦ᠂ ᠬᠢᠳᠠᠨ ᠯᠢᠶᠣᠣ᠎ᠵᠢᠨ ᠰᠣᠶᠣᠯ ᠲᠡᠦᠬᠡ ᠵᠢ ᠬᠠᠷᠠᠭᠤᠯᠤᠨ᠂ ᠬᠠᠴᠢᠨ ᠰᠣᠨᠢᠷᠬᠠᠯᠲᠠᠢ ᠠᠭᠤᠯᠠ᠂ ᠬᠠᠳᠠ ᠴᠢᠯᠠᠭᠤ ᠦᠷᠭᠦᠯᠵᠢᠯᠡᠭᠰᠡᠨ ᠡᠨᠡ ᠦᠵᠡᠮᠵᠢ᠎ᠵᠢᠨ ᠣᠷᠣᠨ᠎ᠳᠤ ᠭᠠᠵᠠᠷ᠎ᠤᠨ ᠭᠠᠳᠠᠷᠭᠤ᠎ᠠᠴᠠ ᠳᠡᠭᠡᠭᠰᠢ 80 ᠮᠸᠲᠷ᠎ᠤᠨ ᠥᠨᠳᠥᠷ᠎ᠲᠦ ᠡᠯᠭᠦᠭᠳᠡᠭᠰᠡᠨ 286 ᠮᠸᠲᠷ ᠤᠷᠳᠤ ᠰᠣᠯᠣᠩᠭᠠᠨ ᠬᠥᠭᠥᠷᠭᠡ᠂ ᠰᠣᠯᠣᠩᠭᠠᠨ ᠥᠩᠭᠡ ᠲᠠᠢ ᠡᠭᠦᠯᠡᠨ ᠱᠠᠲᠤ᠂ ᠠᠭᠤᠯᠠ ᠵᠢ ᠬᠣᠯᠪᠣᠭᠰᠠᠨ ᠳᠡᠭᠦᠵᠢᠩ ᠵᠠᠮ ᠵᠡᠷᠭᠡ᠎ᠵᠢ ᠪᠠᠢᠭᠤᠯᠵᠤ᠂ ᠵᠢᠭᠤᠯᠴᠢᠯᠠᠭᠰᠠᠳ᠎ᠤᠨ ᠲᠠᠯ᠎ᠠ ᠨᠤᠲᠤᠭ᠎ᠲᠤ ᠬᠣᠪᠣᠷᠬᠠᠨ ᠲᠣᠬᠢᠶᠠᠯᠳᠤᠬᠤ ᠪᠠᠢᠭᠠᠯᠢ᠎ᠵᠢᠨ ᠥᠩᠭᠡ ᠦᠵᠡᠮᠵᠢ᠎ᠵᠢ ᠡᠨᠳᠡ ᠪᠡᠶᠡᠴᠢᠯᠡᠨ ᠮᠡᠳᠡᠷᠡᠵᠦ᠂ 《ᠡᠷᠲᠡ ᠪᠠ ᠡᠳᠦᠭᠡ᠂ ᠦᠵᠡᠮᠵᠢ ᠪᠠ ᠦᠢᠯᠡᠴᠢᠯᠡᠭᠡ》 ᠎ᠵᠢᠨ ᠠᠭᠤᠰᠤᠯᠴᠠᠭ᠎ᠠ ᠳᠤᠮᠳᠠ ᠪᠠᠶᠠᠷ ᠪᠠᠶᠠᠰᠤᠯ ᠲᠠᠢ ᠵᠤᠭᠠᠴᠠᠨ ᠬᠠᠪᠤ ᠴᠡᠩᠭᠡᠯ ᠬᠦᠷᠬᠦ᠎ᠳᠤ ᠵᠤᠷᠢᠭᠤᠯᠪᠠ᠃

ᠲᠠᠷᠢᠶᠠᠯᠠᠩ ᠮᠠᠯ ᠠᠵᠤ ᠠᠬᠤᠢ᠎ᠵᠢᠨ ᠰᠠᠭᠤᠷᠢ ᠪᠠ ᠠᠷᠠᠯᠵᠢᠶ᠎ᠠ ᠬᠤᠳᠠᠯᠳᠤᠭᠠᠨ᠎ᠤ ᠡᠬᠢ ᠪᠠᠶᠠᠯᠢᠭ᠋᠎ᠲᠤ ᠲᠦᠰᠢᠭᠯᠡᠨ᠂ ᠪᠠᠭᠠᠷᠢᠨ ᠵᠡᠭᠦᠨ ᠬᠣᠰᠢᠭᠤ 《ᠰᠣᠶᠣᠯ᠂ ᠵᠢᠭᠤᠯᠴᠢᠯᠠᠯ᠂ ᠪᠡᠶ᠎ᠡ᠎ᠵᠢᠨ ᠲᠠᠮᠢᠷ᠂ ᠲᠠᠷᠢᠶᠠᠯᠠᠩ᠂ ᠬᠤᠳᠠᠯᠳᠤᠭ᠎ᠠ》᠎ᠵᠢᠨ ᠠᠭᠤᠰᠤᠯᠴᠠᠨ ᠬᠥᠭᠵᠢᠬᠦ ᠠᠷᠭ᠎ᠠ ᠵᠠᠮ᠎ᠤᠨ ᠰᠢᠨ᠎ᠡ᠎ᠵᠢ ᠡᠬᠦᠳᠬᠦ ᠰᠦᠪᠡᠭᠴᠢᠯᠡᠯᠳᠡ ᠬᠢᠵᠦ᠂ ᠲᠠᠷᠢᠶᠠᠯᠠᠩ᠂ ᠰᠣᠶᠣᠯ᠂ ᠵᠢᠭᠤᠯᠴᠢᠯᠠᠯ᠂ ᠪᠡᠶ᠎ᠡ᠎ᠵᠢᠨ ᠲᠠᠮᠢᠷ᠂ ᠬᠤᠳᠠᠯᠳᠤᠭᠠᠨ᠎ᠤ ᠠᠵᠤ ᠦᠢᠯᠡᠰ᠎ᠤᠨ ᠬᠤᠯᠪᠣᠭ᠎ᠠ᠎ᠵᠢ ᠪᠠᠢᠭᠤᠯᠤᠨ᠂ ᠠᠵᠤ ᠦᠢᠯᠡᠰ᠎ᠤᠨ ᠬᠢᠵᠠᠭᠠᠷᠯᠠᠯ᠎ᠢ ᠡᠪᠳᠡᠵᠦ᠂ ᠣᠯᠠᠨ ᠡᠰᠢᠲᠦ ᠬᠠᠮᠵᠢᠯᠴᠠᠨ ᠬᠥᠭᠵᠢᠬᠦ ᠪᠠᠢᠷᠢᠰᠢᠯ᠎ᠢ ᠪᠠᠢᠭᠤᠯᠪᠠ᠃ 《ᠴᠢ ᠳ᠋ᠠᠨ ᠮᠦ᠍ ᠭᠧᠩ》 ᠣᠷᠣᠨ ᠪᠦᠰᠡ᠎ᠵᠢᠨ ᠨᠡᠶ᠋ᠢᠲᠡ᠎ᠵᠢᠨ ᠬᠡᠷᠡᠭᠯᠡᠭᠡᠨ᠎ᠤ ᠳᠦᠷᠦᠯ ᠳᠡᠮᠳᠡᠭ ᠲᠤ᠌ ᠲᠦᠰᠢᠭᠯᠡᠨ᠂ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠂ ᠭᠠᠷ ᠤᠷᠠᠯᠠᠯ᠎ᠤᠨ ᠪᠦᠲᠦᠭᠡᠭᠳᠡᠬᠦᠨ ᠬᠢᠭᠡᠳ ᠵᠢᠭᠤᠯᠴᠢᠯᠠᠯ᠎ᠤᠨ ᠬᠡᠷᠡᠭᠯᠡᠭᠡᠨ᠎ᠦ ᠭᠦᠨᠵᠡᠭᠡᠢ ᠤᠶᠠᠯᠳᠤᠯ᠎ᠢ ᠠᠬᠢᠭᠤᠯᠵᠤ᠂ 《ᠵᠢᠭᠤᠯᠴᠢᠯᠠᠯ᠎ᠢ ᠬᠥᠭᠵᠢᠭᠦᠯᠬᠦ᠂ ᠣᠷᠣᠯᠭ᠎ᠠ ᠪᠠᠨ ᠨᠡᠮᠡᠭᠳᠡᠭᠦᠯᠬᠦ᠂ ᠠᠵᠤ ᠦᠢᠯᠡᠰ᠎ᠢ ᠬᠦᠴᠦᠷᠬᠡᠭᠵᠢᠭᠦᠯᠬᠦ》 ᠰᠠᠢᠨ ᠡᠷᠭᠢᠯᠲᠡ᠎ᠵᠢ ᠪᠡᠶᠡᠯᠡᠭᠦᠯᠵᠦ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢ ᠣᠯᠠᠨ ᠲᠦᠮᠡᠨ᠎ᠢ ᠳᠠᠶ᠋ᠢᠴᠢᠯᠠᠨ᠂ ᠣᠷᠣᠯᠭ᠎ᠠ᠎ᠵᠢ ᠨᠢ ᠨᠡᠮᠡᠭᠳᠡᠭᠦᠯᠦᠨ ᠪᠠᠶᠠᠵᠢᠭᠤᠯᠬᠤ ᠴᠢᠬᠤᠯᠠ ᠠᠴᠢᠶᠠᠯᠠᠪᠤᠷᠢ ᠪᠣᠯᠭᠠᠭᠰᠠᠨ ᠪᠠᠢᠨ᠎ᠠ᠃


3f8235b3-2789-4bec-b5b2-8c9da0dc17da.png


ᠪᠠᠭᠠᠷᠢᠨ ᠵᠡᠭᠦᠨ ᠬᠣᠰᠢᠭᠤ ᠣᠷᠣᠨ ᠪᠦᠰᠡ᠎ᠵᠢᠨ ᠴᠢᠨᠠᠷᠲᠠᠢ ᠵᠢᠭᠤᠯᠴᠢᠯᠠᠯ᠎ᠤᠨ ᠬᠠᠷᠠᠯᠲᠠᠲᠤ ᠣᠷᠣᠨ᠎ᠢ ᠪᠦᠲᠦᠭᠡᠨ ᠪᠠᠶ᠋ᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠨᠣᠪᠴᠢᠳᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠥᠭᠵᠢᠯᠲᠡ᠎ᠵᠢᠨ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠤ᠂ ᠬᠢᠯᠠᠰ ᠴᠡᠭ ᠲᠣᠪᠣᠢᠮ᠎ᠠ ᠪᠣᠯᠪᠠ᠃ ᠣᠳᠣ᠌ ᠪᠥᠬᠦ ᠬᠣᠰᠢᠭᠤᠨ᠎ᠳᠤ ᠤᠯᠤᠰ᠎ᠤᠨ A ᠲᠠᠰ᠎ᠤᠨ ᠵᠢᠭᠤᠯᠴᠢᠯᠠᠯ᠎ᠤᠨ ᠦᠵᠡᠮᠵᠢ᠎ᠵᠢᠨ ᠣᠷᠣᠨ 5ᠪᠣᠢ᠂ ᠡᠭᠦᠨ᠎ᠳᠤ 4A ᠲᠠᠰ᠎ᠤᠨ ᠦᠵᠡᠮᠵᠢ᠎ᠵᠢᠨ ᠣᠷᠣᠨ 1᠂ 3A ᠲᠠᠰ᠎ᠤᠨ ᠦᠵᠡᠮᠵᠢ᠎ᠵᠢᠨ ᠣᠷᠣᠨ 4 ᠪᠠᠢᠵᠤ᠂ ᠯᠢᠶᠣᠤ ᠵᠢᠨ ᠰᠣᠶᠣᠯ᠎ᠤᠨ ᠭᠣᠣᠯ ᠦᠵᠡᠮᠵᠢ᠎ᠵᠢᠨ ᠣᠷᠣᠨ᠎ᠢᠶᠠᠷ ᠳᠠᠭᠠᠭᠤᠯᠤᠭ᠍ᠴᠢ ᠪᠣᠯᠭᠠᠨ᠂ ᠠᠮᠢ ᠠᠬᠤᠢ᠂ ᠭᠠᠵᠠᠷ ᠵᠦᠢ᠂ ᠠᠷᠠᠳ᠎ᠤᠨ ᠵᠠᠩ ᠦᠶ᠋ᠯᠡ ᠵᠢ ᠪᠡᠶᠡᠴᠢᠯᠡᠨ ᠣᠢᠯᠠᠭᠠᠬᠤ ᠪᠡᠷ ᠭᠣᠣᠯᠳᠠᠭᠤᠯᠤᠭᠰᠠᠨ ᠪᠥᠬᠦ ᠣᠷᠣᠨ ᠪᠦᠰᠡ᠎ᠵᠢᠨ ᠵᠢᠭᠤᠯᠴᠢᠯᠠᠯ᠎ᠤᠨ ᠪᠠᠢᠷᠢᠰᠢᠯ᠎ᠢ ᠪᠣᠶ ᠪᠣᠯᠭᠠᠪᠠ᠃ ᠯᠢᠶᠣᠤ᠎ᠵᠢᠨ ᠰᠣᠶᠣᠯ᠎ᠢ ᠪᠡᠶᠡᠴᠢᠯᠡᠨ ᠣᠢᠯᠠᠭᠠᠬᠤ ᠂ ᠬᠥᠳᠡᠭᠡ ᠲᠣᠰᠬᠤᠨ᠎ᠵᠢᠡᠷ ᠠᠮᠠᠷᠡᠵᠦ ᠰᠡᠯᠡᠬᠦᠴᠡᠬᠦ᠂ ᠪᠠᠢᠭᠠᠯᠢ᠎ᠵᠢᠨ ᠥᠩᠭᠡ ᠦᠵᠡᠮᠵᠢ ᠵᠢ ᠰᠣᠨᠢᠷᠬᠠᠬᠤ ᠵᠢᠭᠤᠯᠴᠢᠯᠠᠯ ᠵᠡᠷᠭᠡ ᠵᠢᠭᠤᠯᠴᠢᠯᠠᠯ᠎ᠤᠨ ᠵᠠᠮ ᠱᠤᠭᠤᠮ᠎ᠢ ᠠᠮᠵᠢᠯᠲᠠ᠎ᠲᠠᠢ ᠨᠠᠪᠲᠠᠷᠡᠭᠦᠯᠵᠦ᠂ 10 ᠵᠤᠷᠪᠤᠰ ᠣᠨᠴᠠᠯᠢᠭ᠍ᠲᠤ ᠰᠤᠳᠤᠯᠤᠨ ᠰᠤᠷᠤᠯᠴᠠᠬᠤ ᠵᠠᠮ ᠱᠤᠭᠤᠮ ᠪᠠ 45 ᠲᠥᠷᠥᠯ᠎ᠤᠨ ᠰᠤᠳᠤᠯᠤᠨ ᠰᠤᠷᠤᠯᠴᠠᠬᠤ ᠬᠢᠴᠢᠶᠡᠯ ᠨᠡᠭᠡᠭᠡᠵᠦ᠂ ᠰᠤᠳᠤᠯᠤᠨ ᠰᠤᠷᠤᠯᠴᠠᠬᠤ ᠵᠢᠭᠤᠯᠴᠢᠯᠠᠯ ᠎ᠢ ᠰᠣᠶᠣᠯ᠎ᠤᠨ ᠵᠢᠭᠤᠯᠴᠢᠯᠠᠯ᠎ᠤᠨ ᠰᠢᠨ᠎ᠡ ᠨᠡᠮᠡᠭᠳᠡᠯ᠎ᠤᠨ ᠴᠡᠭ ᠪᠣᠯᠭᠠᠭᠰᠠᠨ ᠪᠠᠢᠨ᠎ᠠ᠃ 2025 ᠣᠨ᠎ᠳᠤ᠂ ᠪᠠᠭᠠᠷᠢᠨ ᠵᠡᠭᠦᠨ ᠬᠣᠰᠢᠭᠤ ᠵᠢᠭᠤᠯᠴᠢᠯᠠᠭᠰᠠᠳ᠎ᠢ 303 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ᠎ᠤᠨ ᠶᠡᠷᠦᠩᠬᠡᠢ ᠣᠷᠣᠯᠭ᠎ᠠ ᠨᠢ 36.4 ᠳ᠋ᠦᠩᠰᠢᠭᠤᠷ ᠲᠥᠭᠥᠷᠢᠭ᠎ᠲᠤ ᠬᠦᠷᠴᠦ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠠᠵᠤ ᠠᠬᠤᠢ᠎ᠵᠢᠨ ᠳᠠᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠪᠠ᠃

ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠪᠠᠢᠳᠠᠯ᠎ᠢ ᠦᠷᠭᠦᠯᠵᠢᠯᠡᠨ ᠳᠡᠰ ᠳᠡᠪᠰᠢᠭᠦᠯᠵᠦ᠂ ᠰᠥᠨᠢ᠎ᠵᠢᠨ ᠠᠵᠤ ᠠᠬᠤᠢ᠂ ᠳᠥᠷᠪᠡᠨ ᠤᠯᠠᠷᠢᠯ᠎ᠤᠨ ᠵᠢᠭᠤᠯᠴᠢᠯᠠᠯ᠂ ᠣᠨᠴᠠᠯᠢᠭ᠍ᠲᠤ ᠪᠠᠶᠠᠷ ᠳᠤᠷᠠᠰᠬᠠᠯ᠎ᠤᠨ ᠡᠳᠦᠷ ᠵᠡᠷᠭᠡ ᠭᠤᠷᠪᠠᠨ ᠴᠡᠭ᠎ᠲᠦ ᠲᠥᠪᠯᠡᠷᠡᠭᠦᠯᠦᠨ᠂ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠬᠥᠭᠵᠢᠭᠡᠵᠦ᠂ ᠬᠢᠳᠠᠨ ᠯᠢᠶᠣᠤ᠎ᠵᠢᠨ ᠰᠣᠶᠣᠯ᠎ᠤᠨ ᠠᠵᠤ ᠦᠢᠯᠡᠰ᠎ᠤᠨ ᠲᠣᠭᠣᠷᠢᠭ᠋ ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ᠎ᠵᠢᠨ ᠰᠣᠶᠣᠯ᠂ ᠵᠢᠭᠤᠯᠴᠢᠯᠠᠯ᠎ᠤᠨ ᠬᠡᠷᠡᠭᠯᠡᠭᠡ ᠲᠥᠪᠯᠡᠷᠡᠭᠰᠡᠨ ᠣᠷᠣᠨ᠎ᠢᠶᠠᠷ ᠦᠨᠡᠯᠡᠭᠳᠡᠪᠡ᠃ 《ᠳᠡᠭᠡᠳᠦ ᠨᠡᠢᠰᠯᠡᠯ᠎ᠳᠦ ᠪᠣᠯᠵᠣᠶ᠎ᠠ》 ᠭᠡᠬᠦ ᠰᠢᠷᠢᠰ ᠠᠵᠢᠯᠯᠠᠭ᠎ᠠ᠎ᠵᠢ ᠦᠷᠭᠦᠯᠵᠢᠯᠡᠨ ᠡᠷᠬᠢᠯᠡᠵᠦ᠂ ᠳᠥᠷᠪᠡᠨ ᠤᠯᠠᠷᠢᠯ᠎ᠤᠨ ᠭᠣᠣᠯ ᠰᠡᠳᠦᠪ᠎ᠤᠨ ᠲᠣᠭᠣᠷᠢᠨ᠎ᠳᠤ᠂ 30 ᠭᠠᠷᠤᠢ ᠵᠦᠢᠯ᠎ᠤᠨ ᠣᠨᠴᠠᠯᠢᠭ᠍ᠲᠤ ᠰᠣᠶᠣᠯ ᠪᠠ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠦᠨ᠂ ᠵᠢᠭᠤᠯᠴᠢᠯᠠᠯ᠎ᠤᠨ ᠦᠶᠡᠯᠡᠯ᠎ᠤᠨ ᠬᠤᠭᠤᠴᠠᠭ᠎ᠠ᠎ᠵᠢ ᠪᠦᠲᠦᠮᠵᠢᠲᠡᠢ ᠤᠷᠲᠤᠳᠬᠠᠵᠤ᠂ ᠵᠢᠭᠤᠯᠴᠢᠯᠠᠯ᠎ᠤᠨ ᠤᠯᠠᠷᠢᠯ᠎ᠤᠨ ᠴᠢᠨᠠᠷᠲᠠᠢ  ᠳᠤᠲᠠᠭᠤᠳᠠᠯ᠎ᠢ ᠨᠥᠬᠥᠪᠦᠷᠢᠯᠡᠵᠡᠢ᠃


1d6d9383-266f-437c-8c15-afbc75ade490.png


ᠰᠠᠭᠤᠷᠢ ᠲᠥᠬᠦᠭᠡᠷᠦᠮᠵᠢ ᠬᠢᠭᠡᠳ ᠦᠢᠯᠡᠴᠢᠯᠡᠭᠡᠨ᠎ᠤ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠵᠦ᠂ ᠦᠵᠡᠮᠵᠢ᠎ᠵᠢᠨ ᠣᠷᠣᠨ᠎ᠤ ᠬᠡᠪᠴᠢᠶ᠎ᠡ᠎ᠵᠢ ᠥᠷᠭᠡᠳᠬᠡᠨ᠂ ᠵᠢᠭᠤᠯᠴᠢᠯᠠᠭᠰᠠᠳ᠎ᠢ ᠲᠠᠲᠠᠬᠤ ᠵᠦᠭ ᠬᠦᠴᠦᠯᠡᠵᠡᠢ᠃ ᠯᠢᠶᠣᠤ᠎ᠵᠢᠨ ᠳᠡᠭᠡᠳᠦ ᠨᠡᠢᠰᠯᠡᠯ᠎ᠤᠨ ᠪᠠᠭᠤᠷᠢ᠎ᠵᠢᠨ ᠴᠡᠴᠡᠷᠯᠢᠭ᠎ᠢ ᠥᠭᠡᠷᠡᠴᠢᠯᠠᠨ ᠪᠠᠢᠭᠤᠯᠬᠤ ᠦᠵᠡᠮᠵᠢ᠎ᠵᠢᠨ ᠣᠷᠣᠨ᠎ᠤ ᠵᠠᠮ ᠱᠤᠭᠤᠮ᠎ᠢ ᠲᠡᠰ ᠳᠡᠪᠰᠢᠭᠦᠯᠬᠦ᠂ ᠵᠢᠭᠤᠯᠴᠢᠯᠠᠭᠰᠠᠳ᠎ᠤᠨ ᠦᠢᠯᠡᠴᠢᠯᠡᠭᠡᠨ᠎ᠤ ᠲᠥᠪ᠎ᠢ ᠰᠢᠯᠢᠳᠡᠭᠵᠢᠭᠦᠯᠬᠦ ᠵᠡᠷᠭᠡ ᠰᠠᠭᠤᠷᠢ ᠲᠥᠬᠦᠭᠡᠷᠦᠮᠵᠢ᠎ᠵᠢᠨ ᠲᠦᠷᠦᠯ ᠵᠦᠢᠯ᠎ᠢ ᠦᠷᠭᠦᠯᠵᠢᠯᠡᠨ ᠰᠠᠢᠵᠢᠷᠠᠭᠤᠯᠵᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠤᠷ ᠲᠦᠪᠰᠢᠨ᠎ᠤ ᠪᠠᠢᠴᠠᠭᠠᠯᠲᠠ ᠪᠠ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠵᠢ ᠪᠠᠢᠩᠭᠤ᠎ᠵᠢᠨ ᠴᠢᠨᠠᠷᠲᠠᠢ ᠥᠷᠨᠢᠭᠦᠯᠦᠨ᠂ ᠦᠵᠡᠮᠵᠢ᠎ᠵᠢᠨ ᠣᠷᠣᠨ᠎ᠤ ᠡᠵᠡᠩᠨᠡᠯᠲᠡ᠂ ᠬᠤᠭᠤᠯᠠ ᠤᠮᠳᠠ᠂ ᠬᠣᠨᠣᠭ ᠪᠠᠭᠤᠳᠠᠯ᠂ ᠵᠢᠭᠤᠯᠴᠢᠯᠠᠯ᠎ᠤᠨ ᠪᠠᠷᠠᠭ᠎ᠠ ᠬᠤᠳᠠᠯᠳᠤᠨ ᠠᠪᠬᠤ ᠵᠡᠷᠭᠡ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠵᠢᠷᠤᠮᠵᠢᠭᠤᠯᠵᠤ᠂ ᠰᠣᠶᠣᠯ ᠵᠢᠭᠤᠯᠴᠢᠯᠠᠯ᠎ᠤᠨ ᠦᠢᠯᠡᠴᠢᠯᠡᠭᠡᠨ᠎ᠤ ᠵᠣᠬᠢᠴᠠᠮᠵᠢ᠎ᠵᠢ ᠪᠦᠷᠢᠨᠰᠢᠭᠦᠯᠵᠦ᠂ ᠵᠢᠭᠤᠯᠴᠢᠯᠠᠭᠰᠠᠳ᠎ᠤᠨ ᠪᠡᠶᠡᠴᠢᠯᠡᠨ ᠣᠢᠯᠠᠭᠠᠯᠳᠠ᠂ ᠬᠡᠷᠡᠭᠯᠡᠭᠡᠨ᠎ᠤ ᠠᠮᠤᠷ ᠲᠦᠪᠰᠢᠨ ᠪᠠ ᠬᠠᠨᠤᠮᠵᠢ᠎ᠵᠢᠨ ᠬᠡᠮᠵᠢᠶ᠎ᠡ᠎ᠵᠢ ᠦᠷᠭᠦᠯᠵᠢᠯᠡᠨ ᠳᠡᠭᠡᠭᠰᠢᠯᠡᠭᠦᠯᠪᠡ᠃ ᠡᠭᠦᠨ᠎ᠤ ᠬᠠᠮᠲᠤ᠂ ᠤᠯᠠᠭᠠᠨᠬᠠᠳᠠ ᠬᠤᠲᠠ᠎ᠵᠢᠨ ᠪᠥᠬᠦ ᠣᠷᠣᠨ ᠪᠦᠰᠡ᠎ᠵᠢᠨ ᠵᠢᠭᠤᠯᠴᠢᠯᠠᠯ᠎ᠤᠨ ᠶᠡᠬᠡ ᠲᠣᠭᠣᠷᠢᠯ ᠵᠠᠮ᠎ᠲᠠᠢ ᠢᠳᠡᠪᠬᠢᠲᠡᠢ ᠵᠣᠯᠭᠠᠭᠤᠯᠵᠤ᠂ ᠬᠣᠰᠢᠭᠤᠨ᠎ᠤ ᠳᠣᠲᠣᠷᠠᠬᠢ ᠰᠣᠳᠣᠨ ᠵᠠᠮ ᠱᠤᠭᠤᠮ᠎ᠢ ᠪᠥᠬᠦ ᠬᠤᠲᠠ᠎ᠵᠢᠨ ᠰᠣᠶᠣᠯ ᠵᠢᠭᠤᠯᠴᠢᠯᠠᠯ᠎ᠤᠨ ᠬᠥᠭᠵᠢᠯᠲᠡ᠎ᠵᠢᠨ ᠪᠠᠢᠷᠢᠰᠢᠯ᠎ᠳᠤ ᠠᠭᠤᠰᠤᠯᠴᠠᠭᠤᠯᠤᠨ᠂ ᠡᠬᠢ ᠪᠠᠶᠠᠯᠢᠭ᠋ ᠪᠠ ᠠᠶᠠᠨᠴᠢᠳ᠎ᠤᠨ ᠢᠷᠡᠯᠲᠡ᠎ᠵᠢ ᠬᠠᠮᠲᠤ᠎ᠪᠠᠷ ᠡᠳ᠋ᠯᠡᠬᠦ᠎ᠵᠢ ᠪᠡᠶᠡᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号