︱ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠥᠭᠦᠯᠡᠯᠲᠡ᠎ᠶᠢ ᠦᠢᠯᠡᠳᠦᠯᠭᠡᠵᠢᠭᠦᠯᠵᠦ ᠡᠨᠧᠷᠭᠢ᠎ᠶᠢᠨ ᠠᠮᠤᠷ ᠲᠦᠪᠰᠢᠨ᠎ᠦ ᠰᠢᠨ᠎ᠡ ᠪᠠᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠤ ᠪᠠᠢᠬᠤ ᠲᠤᠬᠠᠢ ᠠᠵᠢᠭ᠍ᠯᠠᠯᠲᠠ
ᠡᠨᠧᠷᠭᠢ᠎ᠶᠢᠨ ᠠᠮᠤᠷ ᠲᠦᠪᠰᠢᠨ ᠪᠣᠯ ᠤᠯᠤᠰ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠣᠯᠪᠣᠭᠳᠠᠬᠤ ᠪᠦᠬᠦ ᠲᠠᠯ᠎ᠠ᠎ᠶᠢᠨ ᠴᠢᠨᠠᠷᠲᠠᠢ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠠᠰᠠᠭᠤᠳᠠᠯ ᠮᠥᠨ᠃
《ᠡᠨᠧᠷᠭᠢ ᠵᠢ ᠠᠳᠬᠤᠪᠠᠯ ᠳᠠᠷᠤᠢ ᠤᠯᠤᠰ᠎ᠤᠨ ᠬᠥᠭᠵᠢᠯᠲᠡ ᠪᠣᠯᠣᠨ ᠠᠮᠤᠷ ᠲᠦᠪᠰᠢᠨ᠎ᠦ ᠪᠠᠢᠯᠳᠤᠬᠤ ᠪᠣᠳᠣᠯᠭ᠎ᠠ᠎ᠶᠢᠨ ᠵᠠᠩᠭᠢᠯᠠᠭ᠎ᠠ᠎ᠶᠢ ᠠᠳᠬᠤᠵᠤ ᠴᠢᠳᠠᠨ᠎ᠠ》᠂ 2014 ᠣᠨ᠎ᠤ 6 ᠰᠠᠷ᠎ᠠ᠎ᠶᠢᠨ 13 ᠤ᠋ ᠡᠳᠦᠷ᠂ ᠶᠡᠷᠦᠩᠬᠡᠢ ᠱᠦᠵᠢ ᠰᠢ᠎ᠶᠢᠨ ᠫᠢᠩ ᠲᠥᠪ᠎ᠦᠨ ᠡᠳ᠋᠎ᠦᠨ ᠵᠠᠰᠠᠭ ᠠᠵᠤ ᠠᠬᠤᠢ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠵᠢᠷᠭᠤᠳᠤᠭᠠᠷ ᠤᠳᠠᠭ᠎ᠠ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠲᠦᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ》 ᠵᠢᠨ ᠡᠨᠧᠷᠭᠢ᠎ᠶᠢᠨ ᠠᠮᠤᠷ ᠲᠦᠪᠰᠢᠨ᠎ᠦ ᠰᠢᠨ᠎ᠡ ᠪᠠᠢᠯᠳᠤᠬᠤ ᠪᠣᠳᠣᠯᠭ᠎ᠠ᠎ᠶᠢ ᠳᠤᠷᠠᠳᠴᠤ᠂ ᠰᠢᠨ᠎ᠡ ᠴᠠᠭ ᠦᠶ᠎ᠡ᠎ᠶᠢᠨ ᠡᠨᠧᠷᠭᠢ᠎ᠶᠢᠨ ᠬᠥᠭᠵᠢᠯᠲᠡ᠎ᠳᠦ ᠤᠷᠤᠭᠰᠢᠯᠠᠯᠲᠠ᠎ᠶᠢᠨ ᠴᠢᠭᠯᠡᠯ᠎ᠢ ᠵᠢᠭᠠᠵᠤ ᠦᠭᠴᠤ᠂ ᠦᠨᠳᠦᠰᠦᠨ ᠵᠢᠷᠤᠮᠯᠠᠯ ᠬᠠᠩᠭᠠᠪᠡ᠃
ᠰᠢᠨ᠎ᠡ ᠴᠠᠭ ᠦᠶ᠎ᠡ ᠰᠢᠨ᠎ᠡ ᠠᠶᠠᠨ᠎ᠳᠦ᠂ ᠶᠡᠷᠦᠩᠬᠡᠢ ᠱᠦᠵᠢ ᠰᠢ᠎ᠶᠢᠨ ᠫᠢᠩ᠎ᠤᠨ ᠵᠢᠭᠠᠭᠰᠠᠨ ᠴᠢᠭᠯᠡᠯ᠎ᠢᠶᠡᠷ᠂ ᠮᠠᠨ᠎ᠤ ᠤᠯᠤᠰ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠠᠮᠤᠷ ᠲᠦᠪᠰᠢᠨ ᠥᠨᠳᠥᠷ ᠪᠦᠲᠦᠮᠵᠢᠲᠡᠢ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠸᠮ᠎ᠢ ᠲᠦᠷᠭᠡᠳᠬᠡᠨ ᠪᠠᠢᠭᠤᠯᠵᠤ᠂ ᠡᠨᠧᠷᠭᠢ᠎ᠶᠢᠨ ᠬᠠᠩᠭᠠᠯᠭ᠎ᠠ᠎ᠶᠢᠨ ᠬᠡᠯᠬᠢᠶ᠎ᠡ᠎ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ᠎ᠦ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠬᠦ᠎ᠶᠢ ᠲᠦᠯᠬᠢᠨ ᠠᠬᠢᠭᠤᠯᠵᠤ᠂ ᠳᠤᠮᠳᠠᠳᠤ ᠤᠯᠤᠰ᠎ᠤᠨ ᠤᠯᠤᠰ᠎ᠤᠨ ᠪᠠᠢᠳᠠᠯ᠎ᠳᠤ ᠨᠡᠢᠴᠡᠭᠰᠡᠨ᠂ ᠪᠦᠬᠦ ᠪᠥᠮᠪᠥᠷᠴᠡᠭ᠎ᠦᠨ ᠬᠥᠭᠵᠢᠯᠲᠡ᠎ᠶᠢᠨ ᠶᠡᠬᠡ ᠬᠠᠨᠳᠤᠰᠢ᠎ᠳᠤ ᠨᠡᠢᠴᠡᠭᠰᠡᠨ᠂ ᠴᠠᠭ ᠦᠶ᠎ᠡ᠎ᠶᠢᠨ ᠱᠠᠭᠠᠷᠳᠠᠯᠭ᠎ᠠ᠎ᠳᠤ ᠵᠣᠬᠢᠴᠠᠭᠰᠠᠨ ᠡᠨᠧᠷᠭᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠵᠠᠮ᠎ᠢᠶᠠᠷ ᠵᠠᠮᠨᠠᠵᠤ᠂ ᠡᠨᠧᠷᠭᠢ᠎ᠶᠢᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ᠎ᠳᠤ ᠠᠰᠢᠭ᠍ᠲᠠᠢ ᠨᠥᠬᠥᠴᠡᠯ᠎ᠢ ᠡᠭᠦᠳᠴᠦ᠂ ᠠᠯᠤᠰ ᠬᠡᠳᠦ᠎ᠶᠢᠨ ᠰᠠᠭᠤᠷᠢ᠎ᠶᠢ ᠪᠡᠬᠢᠵᠢᠭᠦᠯᠪᠠ᠃
ᠪᠠᠢᠯᠳᠤᠬᠤ ᠪᠣᠳᠣᠯᠭ᠎ᠠ᠎ᠶᠢᠨ ᠵᠢᠯᠣᠭᠣᠳᠤᠯᠭ᠎ᠠ᠎ᠶᠢ ᠴᠢᠩᠭᠠᠳᠬᠠᠵᠤ ᠡᠨᠧᠷᠭᠢ᠎ᠶᠢᠨ ᠠᠮᠤᠷ ᠲᠦᠪᠰᠢᠨ᠎ᠦ ᠰᠠᠭᠤᠷᠢ ᠵᠢ ᠪᠡᠬᠢᠵᠢᠭᠦᠯᠦᠨ᠎ᠡ
5 ᠰᠠᠷ᠎ᠠ᠎ᠶᠢᠨ 27᠎ᠤ᠋ ᠡᠳᠦᠷ᠂ ᠮᠠᠨ᠎ᠤ ᠤᠯᠤᠰ᠎ᠤᠨ ᠪᠦᠸᠸᠬᠠᠢ ᠲᠠᠩᠭᠢᠰ᠎ᠤᠨ ᠳ᠋ᠦᠩᠰᠢᠭᠤᠷ ᠲᠣᠨ᠎ᠤ ᠲᠠᠰ᠎ᠤᠨ ᠴᠢᠯᠠᠭᠤᠨ ᠲᠣᠰᠣᠨ᠎ᠤ ᠠᠭᠤᠷᠬᠠᠢ ᠺᠸᠨ ᠯᠢ 10 ︱ 2 ᠴᠢᠯᠠᠭᠤᠨ ᠲᠣᠰᠣᠨ᠎ᠤ ᠨᠢᠭᠡᠳᠦᠭᠡᠷ ᠬᠤᠭᠤᠴᠠᠭᠠᠨ᠎ᠤ ᠲᠥᠷᠥᠯ ᠵᠦᠢᠯ ᠪᠥᠬᠥ ᠲᠠᠯ᠎ᠠ᠎ᠪᠠᠷ ᠠᠰᠢᠭ᠍ᠯᠠᠯᠲᠠ᠎ᠳᠤ ᠣᠷᠣᠵᠤ᠂ ᠴᠢᠯᠠᠭᠤᠨ ᠲᠣᠰᠣᠨ᠎ᠤ ᠠᠭᠤᠷᠬᠠᠢ ᠵᠢᠨ ᠲᠦᠭᠦᠬᠡᠢ ᠴᠢᠯᠠᠭᠤᠨ ᠲᠣᠰᠣᠨ᠎ᠤ ᠡᠳᠦᠷ᠎ᠦᠨ ᠭᠠᠷᠤᠯᠲᠠ 2800 ᠲᠣᠨ᠎ᠢ ᠳᠠᠪᠠᠵᠤ᠂ ᠬᠠᠢᠨ ᠲᠣᠳᠣᠯᠠᠭᠰᠠᠨ ᠭᠠᠵᠠᠷ ᠰᠢᠨᠵᠢᠯᠡᠭᠡᠨ᠎ᠦ ᠬᠠᠳᠠᠭᠠᠯᠠᠭᠳᠡᠴᠡ 1 ᠳ᠋ᠦᠩᠰᠢᠭᠤᠷ ᠲᠣᠨ᠎ᠢ ᠳᠠᠪᠠᠵᠤ᠂ ᠮᠠᠨ᠎ᠤ ᠤᠯᠤᠰ᠎ᠤᠨ ᠲᠡᠯᠡᠶ ᠳᠡᠭᠡᠷᠡᠬᠢ ᠬᠠᠮᠤᠭ᠎ᠤᠨ ᠶᠡᠬᠡ ᠬᠡᠪᠴᠢᠶᠡᠨ᠎ᠦ ᠭᠦᠶᠦᠬᠡᠨ ᠳᠠᠪᠬᠤᠷᠭ᠎ᠠ᠎ᠶᠢᠨ ᠴᠢᠯᠠᠭᠤᠯᠢᠭ ᠴᠢᠨᠠᠷᠲᠠᠢ ᠴᠢᠯᠠᠭᠤᠨ ᠲᠤᠰᠤᠨ᠎ᠤ ᠠᠭᠤᠷᠬᠠᠢ ᠪᠤᠯᠵᠠᠢ᠃
ᠲᠣᠰᠣ᠌ ᠬᠡᠢ᠎ᠶᠢᠨ ᠨᠥᠭᠡᠴᠡ᠎ᠶᠢ ᠨᠡᠮᠡᠭᠳᠡᠭᠦᠯᠦᠨ ᠦᠢᠯᠡᠳᠪᠦᠷᠢᠯᠡᠬᠦ ᠠᠯᠬᠤᠴᠠ᠎ᠪᠠᠨ ᠲᠦᠷᠭᠡᠳᠬᠡᠵᠦ᠂ ᠡᠨᠧᠷᠭᠢ᠎ᠶᠢᠨ ᠪᠠᠢᠯᠳᠤᠬᠤ ᠪᠣᠳᠣᠯᠭ᠎ᠠ᠎ᠶᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠦᠷᠭᠦᠯᠵᠢᠯᠡᠨ ᠪᠠᠲᠤᠳᠬᠠᠨ᠎ᠠ᠃
ᠣᠳᠣᠬᠠᠨ᠎ᠳᠤ᠂ ᠠᠮᠧᠷᠢᠺᠠ ᠢᠰᠷᠧᠯ ᠢᠷᠠᠨ᠎ᠤ ᠮᠥᠷᠭᠥᠯᠳᠦᠭᠡᠨ ᠨᠢᠭᠡᠨᠲᠡ ᠵᠠᠭᠤ ᠭᠠᠷᠤᠢ ᠡᠳᠦᠷ ᠦᠷᠭᠦᠯᠵᠢᠯᠡᠵᠦ᠂ ᠪᠦᠬᠦ ᠪᠥᠮᠪᠥᠷᠴᠡᠭ᠎ᠦᠨ ᠡᠨᠧᠷᠭᠢ᠎ᠶᠢᠨ ᠠᠷᠠᠯᠵᠢᠶᠠᠨ᠎ᠤ ᠡᠮᠬᠢ ᠳᠢᠭ᠌ᠯᠢᠮ ᠬᠦᠨᠳᠦ ᠨᠣᠴᠢᠲᠠᠢ ᠥᠷᠢᠰᠦᠯᠳᠦᠭᠡᠨ᠎ᠳᠦ ᠲᠤᠯᠭᠠᠷᠠᠬᠰᠠᠨ ᠪᠠᠢᠳᠠᠯ ᠲᠤᠤᠷ᠎ᠠ᠂ ᠮᠠᠨ᠎ᠤ ᠤᠯᠤᠰ᠎ᠤᠨ ᠡᠨᠧᠷᠭᠢ᠎ᠶᠢᠨ ᠬᠠᠩᠭᠠᠯᠭ᠎ᠠ ᠲᠣᠭᠲᠠᠭᠤᠨ ᠡᠮᠬᠢ ᠳᠢᠭ᠌ᠯᠢᠮ᠎ᠢ ᠪᠠᠳᠤᠯᠠᠵᠤ᠂ ᠠᠵᠤ ᠠᠬᠤᠢ᠎ᠶᠢᠨ ᠬᠥᠭᠵᠢᠯᠲᠡ ᠤᠶᠠᠨ ᠬᠠᠳᠠᠨ ᠴᠢᠨᠠᠷ ᠪᠠ ᠢᠳᠡ ᠬᠦᠴᠦᠨ᠎ᠢᠶᠡᠨ ᠢᠯᠡᠷᠡᠭᠦᠯᠪᠡ᠃
ᠰᠢᠨ᠎ᠡ ᠴᠠᠭ ᠦᠶ᠎ᠡ᠎ᠳᠦ ᠣᠷᠣᠭᠰᠠᠨ᠎ᠤ ᠳᠠᠷᠠᠭ᠎ᠠ᠂ ᠮᠠᠨ᠎ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠠᠮᠤᠭ᠎ᠤᠨ ᠲᠣᠮᠣ᠌ ᠡᠨᠧᠷᠭᠢ᠎ᠶᠢᠨ ᠦᠢᠯᠡᠳᠪᠦᠷᠢᠯᠡᠯ᠎ᠦᠨ ᠤᠯᠤᠰ ᠪᠠ ᠡᠨᠧᠷᠭᠢ᠎ᠶᠢᠨ ᠬᠡᠷᠡᠭᠯᠡᠭᠡᠨ᠎ᠦ ᠤᠯᠤᠰ ᠪᠣᠯᠵᠤ᠂ 《ᠡᠨᠧᠷᠭᠢ᠎ᠶᠢᠨ ᠲᠣᠮᠣ᠌ ᠤᠯᠤᠰ》 ᠡᠴᠡ 《ᠡᠨᠧᠷᠭᠢ᠎ᠶᠢᠨ ᠬᠦᠴᠦᠷᠬᠡᠭ ᠤᠯᠤᠰ》 ᠪᠣᠯᠵᠤ ᠬᠤᠪᠢᠷᠠᠬᠤ ᠲᠤᠯᠭᠠᠮ ᠱᠠᠭᠠᠷᠳᠠᠯᠭ᠎ᠠ᠎ᠳᠤ ᠲᠤᠯᠭᠠᠷᠠᠪᠠ᠃
2014 ᠣᠨ᠎ᠤ 6 ᠰᠠᠷ᠎ᠠ᠎ᠶᠢᠨ 13᠎ᠤ᠋ ᠡᠳᠦᠷ᠂ ᠲᠥᠪ᠎ᠦᠨ ᠡᠳ᠋᠎ᠦᠨ ᠵᠠᠰᠠᠭ ᠠᠵᠤ ᠠᠬᠤᠢ᠎ᠶᠢᠨ ᠠᠵᠢᠯ᠎ᠤᠨ ᠤᠳᠤᠷᠢᠳᠬᠤ ᠳᠤᠭᠤᠢᠯᠠᠩ᠎ᠤᠨ ᠵᠢᠷᠭᠤᠳᠤᠭᠠᠷ ᠤᠳᠠᠭ᠎ᠠ᠎ᠶᠢᠨ ᠬᠤᠷᠠᠯ ᠳᠡᠭᠡᠷ᠎ᠡ ᠶᠡᠷᠦᠩᠬᠡᠢ ᠱᠦᠵᠢ ᠰᠢ᠎ᠶᠢᠨ ᠫᠢᠩ᠄《ᠡᠨᠧᠷᠭᠢ᠎ᠶᠢᠨ ᠬᠠᠩᠭᠠᠯᠭ᠎ᠠ ᠬᠡᠷᠡᠭᠴᠡᠭᠡ᠎ᠶᠢᠨ ᠪᠠᠢᠷᠢᠰᠢᠯ᠎ᠤᠨ ᠰᠢᠨ᠎ᠡ ᠬᠤᠪᠢᠷᠠᠯᠲᠠ᠂ ᠤᠯᠠᠨ ᠤᠯᠤᠰ᠎ᠤᠨ ᠡᠨᠧᠷᠭᠢ᠎ᠶᠢᠨ ᠬᠥᠭᠵᠢᠯᠲᠡ᠎ᠶᠢᠨ ᠰᠢᠨ᠎ᠡ ᠬᠠᠨᠳᠤᠰᠢ᠎ᠶᠢᠨ ᠡᠮᠦᠨ᠎ᠡ᠂ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ᠎ᠳᠤ ᠡᠷᠬᠡᠪᠰᠢ ᠡᠨᠧᠷᠭᠢ᠎ᠶᠢᠨ ᠦᠢᠯᠡᠳᠪᠦᠷᠢᠯᠡᠯ ᠪᠣᠯᠣᠨ ᠬᠡᠷᠡᠭᠯᠡᠭᠡᠨ᠎ᠦ ᠬᠤᠪᠢᠰᠬᠠᠯ᠎ᠢ ᠲᠦᠯᠬᠢᠨ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃
ᠡᠨᠡ ᠤᠳᠠᠭ᠎ᠠ᠎ᠶᠢᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ ᠡᠨᠧᠷᠭᠢ᠎ᠶᠢᠨ ᠬᠡᠷᠡᠭᠯᠡᠭᠡᠨ᠎ᠦ ᠬᠤᠪᠢᠰᠬᠠᠯ᠂ ᠡᠨᠧᠷᠭᠢ᠎ᠶᠢᠨ ᠬᠠᠩᠭᠠᠯᠭ᠎ᠠ᠎ᠶᠢᠨ ᠬᠤᠪᠢᠰᠬᠠᠯ᠂ ᠡᠨᠧᠷᠭᠢ᠎ᠶᠢᠨ ᠮᠡᠷᠭᠡᠵᠢᠯ᠎ᠦᠨ ᠬᠤᠪᠢᠰᠬᠠᠯ᠂ ᠡᠨᠧᠷᠭᠢ᠎ᠶᠢᠨ ᠪᠠᠢᠭᠤᠯᠤᠯ᠎ᠤᠨ ᠬᠤᠪᠢᠰᠬᠠᠯ᠎ᠢ ᠲᠦᠯᠬᠢᠨ ᠠᠬᠢᠭᠤᠯᠬᠤ᠂ ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠪᠦᠬᠦ ᠲᠠᠯ᠎ᠠ᠎ᠪᠠᠷ ᠴᠢᠩᠭᠠᠳᠬᠠᠬᠤ 《ᠲᠦᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ》 ᠵᠢᠨ ᠡᠨᠧᠷᠭᠢ᠎ᠶᠢᠨ ᠠᠮᠤᠷ ᠲᠦᠪᠰᠢᠨ᠎ᠦ ᠰᠢᠨ᠎ᠡ ᠪᠠᠢᠯᠳᠤᠬᠤ ᠪᠣᠳᠣᠯᠭ᠎ᠠ᠎ᠶᠢ ᠪᠦᠲᠦᠭᠡᠯᠴᠢ᠎ᠪᠡᠷ ᠳᠤᠷᠠᠳᠴᠤ᠂ ᠮᠠᠨ᠎ᠤ ᠤᠯᠤᠰ᠎ᠤᠨ ᠡᠨᠧᠷᠭᠢ᠎ᠶᠢᠨ ᠬᠥᠭᠵᠢᠯᠲᠡ᠎ᠶᠢᠨ ᠰᠢᠨ᠎ᠡ ᠪᠠᠢᠳᠠᠯ᠎ᠢ ᠡᠭᠦᠳᠬᠦ᠎ᠶᠢ ᠬᠥᠲᠥᠯᠥᠨ ᠳᠠᠭᠠᠭᠤᠯᠵᠠᠢ᠃
ᠥᠨᠳᠥᠷ᠎ᠲᠦ ᠵᠣᠭᠰᠣᠨ ᠠᠯᠤᠰ᠎ᠢ ᠪᠠᠷᠠᠯᠠᠬᠰᠠᠨ ᠰᠢᠨᠵᠢᠯᠡᠬᠦ ᠤᠬᠠᠭᠠᠨᠴᠢ ᠠᠷᠭ᠎ᠠ ᠪᠣᠳᠣᠯᠭ᠎ᠠ ᠨᠢ ᠮᠠᠨ᠎ᠤ ᠤᠯᠤᠰ᠎ᠤᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠡᠨᠧᠷᠭᠢ᠎ᠶᠢᠨ ᠬᠥᠭᠵᠢᠯᠲᠡ᠎ᠶᠢᠨ ᠰᠢᠨ᠎ᠡ ᠵᠠᠮ᠎ᠢᠶᠠᠷ ᠰᠠᠢᠲᠤᠷ ᠵᠠᠮᠨᠠᠬᠤ᠎ᠳᠤ ᠲᠣᠳᠣᠷᠬᠠᠢ ᠵᠢᠯᠣᠭᠣᠳᠤᠮᠵᠢ ᠬᠠᠨᠭᠭᠠᠵᠠᠢ᠃
ᠡᠨᠧᠷᠭᠢ᠎ᠶᠢᠨ ᠬᠡᠷᠡᠭᠯᠡᠭᠡᠨ᠎ᠦ ᠬᠤᠪᠢᠰᠬᠠᠯ᠎ᠢ ᠲᠦᠯᠬᠢᠨ ᠠᠬᠢᠭᠤᠯᠵᠤ᠂ ᠵᠦᠢ ᠵᠣᠬᠢᠰ ᠦᠭᠡᠢ ᠡᠨᠧᠷᠭᠢ᠎ᠶᠢᠨ ᠬᠡᠷᠡᠭᠯᠡᠭᠡ᠎ᠶᠢ ᠬᠣᠷᠢᠭ᠍ᠯᠠᠪᠡ ︱
ᠡᠨᠧᠷᠭᠢ᠎ᠶᠢᠨ ᠬᠣᠷᠣᠭᠳᠠᠭᠤᠯᠤᠯ᠎ᠤᠨ ᠬᠣᠣᠰ ᠬᠢᠵᠠᠭᠠᠷᠯᠠᠯ᠎ᠤᠨ ᠬᠡᠮᠵᠢᠶ᠎ᠡ᠎ᠶᠢ ᠬᠡᠷᠡᠭᠵᠢᠭᠦᠯᠬᠦ᠎ᠪᠡᠷ ᠳᠠᠮᠵᠢᠨ᠂ ᠪᠣᠰᠣᠭ᠎ᠠ ᠴᠣᠭᠴᠠᠲᠤ ᠡᠨᠧᠷᠭᠢ ᠠᠷᠪᠢᠯᠠᠬᠤ ᠬᠠᠮᠢᠶᠠᠷᠤᠯᠲᠠ᠎ᠶᠢᠨ ᠰᠢᠰᠲᠧᠮ᠎ᠢ ᠪᠠᠢᠭᠤᠯᠵᠤ᠂ ᠵᠠᠬ᠎ᠠ ᠳᠡᠯᠭᠡᠭᠦᠷᠴᠢᠯᠡᠭᠰᠡᠨ ᠡᠨᠧᠷᠭᠢ ᠠᠷᠪᠢᠯᠠᠬᠤ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠴᠦ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠡᠨᠧᠷᠭᠢ ᠠᠷᠪᠢᠯᠠᠵᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠢ ᠡᠨᠧᠷᠭᠢ᠎ᠶᠢᠨ ᠬᠡᠷᠡᠭᠯᠡᠭᠡᠨ᠎ᠦ ᠰᠢᠨ᠎ᠡ ᠵᠠᠭᠪᠤᠷ᠎ᠢ ᠪᠣᠢᠵᠢᠭᠤᠯᠵᠤ᠂ ᠡᠨᠧᠷᠭᠢ᠎ᠶᠢ ᠠᠷᠪᠢᠯᠠᠬᠤ ᠪᠠ ᠬᠡᠷᠡᠭᠯᠡᠭᠡᠨ᠎ᠦ ᠪᠦᠲᠦᠴᠡ᠎ᠶᠢ ᠰᠢᠯᠢᠳᠡᠭᠵᠢᠭᠦᠯᠬᠦ ᠲᠠᠯ᠎ᠠ᠎ᠪᠠᠷ ᠢᠯᠡᠷᠬᠡᠢ ᠦᠷ᠎ᠡ ᠪᠦᠲᠦᠮᠵᠢ ᠣᠯᠪᠠ᠃
2012 ᠣᠨ᠎ᠡᠴᠡ 2025 ᠣᠨ ᠪᠣᠯᠲᠠᠯ᠎ᠠ᠂ ᠮᠠᠨ᠎ᠤ ᠤᠯᠤᠰ ᠵᠢᠯ ᠳᠤᠮᠳᠠᠴᠢ᠎ᠪᠠᠷ ᠪᠠᠷᠤᠭ 3% ᠵᠢᠨ ᠡᠨᠧᠷᠭᠢ᠎ᠶᠢᠨ ᠬᠡᠷᠡᠭᠯᠡᠭᠡᠨ᠎ᠦ ᠨᠡᠮᠡᠭᠳᠡᠯ᠎ᠦᠨ ᠬᠤᠷᠳᠤᠴᠠ᠎ᠪᠠᠷ ᠵᠢᠯ ᠳᠤᠮᠳᠠᠴᠢ᠎ᠪᠠᠷ ᠪᠠᠷᠤᠭ 6% ᠵᠢᠨ ᠠᠵᠤ ᠠᠬᠤᠢ᠎ᠶᠢᠨ ᠨᠡᠮᠡᠭᠳᠡᠯ᠎ᠢ ᠲᠤᠯᠭᠠᠭᠤᠷᠢᠯᠠᠵᠤ᠂ ᠡᠨᠧᠷᠭᠢ᠎ᠶᠢᠨ ᠬᠣᠷᠣᠭᠳᠠᠭᠤᠯᠤᠯ᠎ᠤᠨ ᠬᠦᠴᠦᠯᠡᠴᠡ ᠨᠡᠢ᠍ᠢᠳᠡ 27% ᠵᠢ ᠳᠠᠪᠠᠵᠠᠢ᠃
ᠡᠨᠧᠷᠭᠢ᠎ᠶᠢᠨ ᠬᠠᠩᠭᠠᠯᠭ᠎ᠠ᠎ᠶᠢᠨ ᠬᠤᠪᠢᠰᠬᠠᠯ᠎ᠢ ᠲᠦᠯᠬᠢᠨ ᠠᠬᠢᠭᠤᠯᠵᠤ᠂ ᠤᠯᠠᠨ ᠡᠰᠢᠲᠦ ᠬᠠᠩᠭᠠᠯᠭ᠎ᠠ᠎ᠶᠢᠨ ᠰᠢᠰᠲ᠋ᠸᠮ᠎ᠢ ᠪᠠᠢᠭᠤᠯᠪᠡ ︱
ᠴᠢᠯᠠᠭᠤᠵᠢᠮᠠᠯ ᠡᠨᠧᠷᠭᠢ᠎ᠶᠢ ᠴᠡᠪᠡᠷ ᠥᠨᠳᠥᠷ ᠪᠦᠲᠦᠮᠵᠢᠲᠡᠶ ᠠᠰᠢᠭ᠍ᠯᠠᠬᠤ᠎ᠶᠢ ᠶᠡᠬᠡᠪᠡᠷ ᠠᠬᠢᠭᠤᠯᠵᠤ᠂ ᠲᠣᠰᠣ᠌ ᠬᠡᠢ᠎ᠶᠢ ᠬᠠᠢᠨ ᠰᠢᠨᠵᠢᠯᠡᠵᠦ ᠨᠡᠭᠡᠭᠡᠨ ᠠᠰᠢᠭ᠍ᠯᠠᠬᠤ ᠡᠷᠴᠢᠮ᠎ᠢ ᠳᠡᠭᠡᠭᠰᠢᠯᠡᠭᠦᠯᠵᠤ᠂ ᠲᠣᠰᠣ᠌ ᠬᠡᠢ᠎ᠶᠢᠨ ᠨᠥᠭᠡᠴᠡ᠎ᠶᠢ ᠨᠡᠮᠡᠭᠳᠡᠭᠦᠯᠦᠨ ᠦᠢᠯᠡᠳᠪᠦᠷᠢᠯᠡᠬᠦ ᠵᠢ ᠲᠦᠯᠬᠢᠨ ᠠᠬᠢᠭᠤᠯᠵᠤ᠂ ᠡᠨᠧᠷᠭᠢ᠎ᠶᠢ ᠬᠠᠳᠠᠭᠠᠯᠠᠵᠤ ᠵᠥᠭᠡᠭᠡᠪᠦᠷᠢᠯᠡᠬᠦ ᠪᠠ ᠤᠷᠬᠢᠯ ᠬᠡᠮᠵᠢᠭᠳᠡᠯ᠎ᠢ ᠲᠣᠬᠢᠷᠠᠭᠤᠯᠬᠤ ᠪᠠᠴᠢᠮ ᠪᠠᠢᠳᠠᠯ᠎ᠢ ᠠᠷᠭᠠᠴᠠᠭᠠᠬᠤ ᠰᠢᠰᠲᠧᠮ᠎ᠢ ᠲᠡᠭᠦᠯᠳᠡᠷᠵᠢᠭᠦᠯᠵᠦ᠂ ᠡᠨᠧᠷᠭᠢ᠎ᠶᠢᠨ ᠬᠠᠩᠭᠠᠯᠭ᠎ᠠ᠎ᠶᠢᠨ ᠶᠠᠰᠤ ᠴᠢᠨᠠᠷ ᠪᠠ ᠠᠮᠤᠷ ᠲᠦᠪᠰᠢᠨ᠎ᠢ ᠪᠠᠲᠤᠯᠠᠬᠤ ᠴᠢᠳᠠᠪᠤᠷᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠪᠡ᠃
《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠤ᠂ ᠮᠠᠨ᠎ᠤ ᠤᠯᠤᠰ᠎ᠤᠨ ᠡᠨᠧᠷᠭᠢ᠎ᠶᠢᠨ ᠥᠪᠡᠷ᠎ᠢ᠎ᠪᠡᠨ ᠬᠠᠩᠭᠠᠬᠤ ᠨᠤᠷᠮ᠎ᠠ᠎ᠶᠢ 80% ᠡᠴᠡ ᠳᠡᠭᠡᠭᠰᠢ ᠬᠡᠮᠵᠢᠶᠡᠨ᠎ᠳᠦ ᠲᠣᠭᠲᠠᠪᠤᠷᠢᠵᠢᠭᠤᠯᠵᠤ᠂ ᠡᠨᠧᠷᠭᠢ᠎ᠶᠢᠨ ᠬᠡᠷᠡᠭᠯᠡᠭᠡᠨ᠎ᠦ ᠨᠡᠮᠡᠭᠳᠡᠯ᠎ᠦᠨ 90% ᠡᠴᠡ ᠳᠡᠭᠡᠭᠰᠢᠬᠢ᠎ᠶᠢ ᠤᠯᠤᠰ᠎ᠤᠨ ᠲᠤᠳᠤᠭᠠᠳᠦ᠎ᠳᠦ ᠦᠪᠡᠷ ᠲᠡᠭᠡᠨ ᠪᠠᠲᠤᠯᠠᠪᠠ᠃
ᠡᠨᠧᠷᠭᠢ᠎ᠶᠢᠨ ᠮᠡᠷᠭᠡᠵᠢᠯ᠎ᠦᠨ ᠬᠤᠪᠢᠰᠬᠠᠯ᠎ᠢ ᠲᠦᠯᠬᠢᠨ ᠠᠬᠢᠭᠤᠯᠵᠤ᠂ ᠠᠵᠤ ᠦᠢᠯᠡᠰ᠎ᠦᠨ ᠲᠡᠰ ᠳᠡᠪᠰᠢᠬᠦ᠎ᠶᠢ ᠲᠠᠢ᠍ᠢᠴᠢᠯᠠᠪᠡ ︱
ᠪᠣᠬᠢᠷᠲᠤᠯ ᠦᠭᠡᠢ ᠡᠨᠧᠷᠭᠢ᠎ᠶᠢᠨ ᠮᠡᠷᠭᠡᠵᠢᠯ᠎ᠦᠨ ᠰᠢᠨ᠎ᠡ᠎ᠶᠢ ᠡᠭᠦᠳᠬᠦ ᠰᠢᠰᠲᠧᠮ᠎ᠢ ᠪᠠᠢᠭᠤᠯᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ ᠵᠡᠷᠭᠡ᠎ᠶᠢ ᠡᠨᠧᠷᠭᠢ᠎ᠶᠢ ᠴᠡᠪᠡᠷ ᠥᠨᠳᠥᠷ ᠪᠦᠲᠦᠮᠵᠢᠲᠡᠶ ᠨᠡᠭᠡᠭᠡᠨ ᠠᠰᠢᠭ᠍ᠯᠠᠬᠤ ᠮᠡᠷᠭᠡᠵᠢᠯ᠎ᠲᠠᠢ ᠠᠭᠤᠰᠤᠯᠴᠠᠭᠤᠯᠤᠨ ᠰᠢᠨ᠎ᠡ᠎ᠶᠢ ᠡᠭᠦᠳᠬᠦ᠎ᠶᠢ ᠲᠦᠯᠬᠢᠨ ᠠᠬᠢᠭᠤᠯᠵᠤ᠂ ᠣᠶᠤᠨᠲᠤ ᠡᠨᠧᠷᠭᠢ᠎ᠶᠢᠨ ᠮᠡᠷᠭᠡᠵᠢᠯ᠎ᠢ ᠶᠡᠬᠡᠪᠡᠷ ᠬᠥᠭᠵᠢᠭᠦᠯᠵᠦ᠂ ᠡᠨᠧᠷᠭᠢ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠳᠡᠭᠡᠳᠦ ᠲᠡᠰᠴᠢᠯᠡᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠲᠡᠢᠰᠢ ᠲᠦᠷᠭᠡᠳᠬᠡᠨ ᠬᠦᠭᠵᠢᠬᠦᠯᠪᠡ᠃
ᠨᠢᠭᠡ ᠪᠦᠯᠦᠭ 《ᠪᠥᠬᠥ ᠳᠡᠯᠡᠬᠡᠢ᠎ᠶᠢᠨ ᠬᠠᠮᠤᠭ᠎ᠤᠨ ᠲᠣᠮᠣ᠌》᠂ 《ᠪᠥᠬᠥ ᠳᠡᠯᠡᠬᠡᠢ᠎ᠶᠢᠨ ᠲᠡᠷᠢᠭᠦᠨ᠎ᠦ》 ᠡᠨᠧᠷᠭᠢ᠎ᠶᠢᠨ ᠢᠨᠵᠧᠨᠧᠷᠢᠩ᠎ᠢ ᠪᠠᠢᠭᠤᠯᠤᠨ ᠳᠠᠭᠤᠰᠬᠠᠵᠤ ᠠᠰᠢᠭ᠍ᠯᠠᠯᠲᠠ᠎ᠳᠤ ᠣᠷᠣᠭᠤᠯᠤᠭᠰᠠᠨ᠎ᠡᠴᠡ ᠣᠶᠤᠨᠴᠢ ᠪᠢᠴᠢᠯ ᠴᠠᠬᠢᠯᠭᠠᠨ ᠲᠣᠣᠷ᠂ ᠬᠡᠢᠰᠪᠦᠷᠢ ᠴᠠᠬᠢᠯᠭᠠᠨ ᠦᠢᠯᠡᠳᠪᠦᠷᠢ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ᠎ᠶᠢᠨ ᠬᠡᠯᠪᠡᠷᠢ ᠥᠷᠨᠢᠩᠭᠦᠢ ᠬᠥᠭᠵᠢᠭᠰᠡᠨ ᠬᠦᠷᠲᠡᠯ᠎ᠡ᠂ ᠡᠨᠧᠷᠭᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ ᠰᠢᠪᠲᠤᠯᠤᠯᠲᠠ᠎ᠲᠠᠢ ᠪᠣᠯᠪᠠ᠃
ᠡᠨᠧᠷᠭᠢ᠎ᠶᠢᠨ ᠪᠠᠢᠭᠤᠯᠤᠯ᠎ᠤᠨ ᠬᠤᠪᠢᠰᠬᠠᠯ᠎ᠢ ᠲᠦᠯᠬᠢᠨ ᠠᠬᠢᠭᠤᠯᠵᠤ᠂ ᠡᠨᠧᠷᠭᠢ᠎ᠶᠢᠨ ᠬᠥᠭᠵᠢᠯᠲᠡ᠎ᠶᠢᠨ ᠲᠦᠷᠭᠡᠨ᠎ᠦ ᠵᠠᠮ᠎ᠢ ᠨᠡᠪᠲᠡᠷᠡᠭᠦᠯᠪᠡ ︱
ᠡᠨᠧᠷᠭᠢ᠎ᠶᠢᠨ ᠬᠠᠤᠯᠢ ᠪᠡᠷ ᠵᠠᠰᠠᠬᠤ ᠰᠢᠰᠲ᠋ᠸᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠡᠨᠧᠷᠭᠢ᠎ᠶᠢᠨ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠪᠣᠯᠣᠨ ᠵᠠᠩᠭᠢᠯᠠᠭ᠎ᠠ᠎ᠶᠢᠨ ᠭᠣᠭᠴᠣᠭ᠎ᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠡᠨᠧᠷᠭᠢ᠎ᠶᠢᠨ ᠴᠢᠨᠠᠷ ᠰᠠᠢᠲᠠᠢ ᠬᠥᠭᠵᠢᠯᠲᠡ᠎ᠶᠢ ᠬᠦᠯᠢᠶᠡᠰᠦᠯᠡᠵᠤ ᠪᠠᠢᠭ᠎ᠠ ᠪᠠᠢᠭᠤᠯᠤᠯ ᠲᠣᠭᠲᠡᠴᠡ᠎ᠶᠢᠨ ᠬᠠᠷᠰᠢ ᠰᠠᠭᠠᠳ᠎ᠢ ᠬᠦᠴᠦᠯᠡᠨ ᠠᠷᠢᠯᠭᠠᠪᠠ ᠁ ᠠᠯᠢ ᠤᠯᠠᠨ ᠠᠷᠭ᠎ᠠ ᠬᠡᠮᠵᠢᠶ᠎ᠡ᠎ᠪᠡᠷ ᠡᠨᠧᠷᠭᠢ᠎ᠶᠢᠨ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢ ᠲᠦᠷᠭᠡᠳᠬᠡᠵᠦ᠂ ᠡᠨᠧᠷᠭᠢ᠎ᠶᠢᠨ ᠵᠠᠰᠠᠯᠲᠠ᠎ᠶᠢᠨ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠪᠡ᠃
ᠣᠳᠣᠬᠠᠨ᠎ᠳᠤ᠂ ᠡᠨᠧᠷᠭᠢ᠎ᠶᠢᠨ ᠬᠠᠤᠯᠢ᠎ᠶᠢ ᠨᠢᠭᠡᠨᠲᠡ ᠨᠡᠢᠲᠡᠯᠡᠨ ᠬᠡᠷᠡᠭᠵᠢᠭᠦᠯᠵᠦ᠂ 《ᠳᠤᠮᠳᠠᠬᠢᠭᠤᠬᠴᠤᠭᠠ ᠵᠢ ᠰᠠᠢᠳᠤᠷ ᠬᠠᠮᠢᠶᠠᠷᠴᠤ᠂ ᠬᠣᠶᠠᠷ ᠦᠵᠦᠬᠦᠷᠢ ᠴᠢᠯᠦᠭᠡᠲᠡᠢ ᠲᠠᠯᠪᠢᠬᠤ》 ᠡᠨᠧᠷᠭᠢ᠎ᠶᠢᠨ ᠪᠠᠢᠭᠤᠯᠤᠯ᠎ᠤᠨ ᠪᠦᠲᠦᠴᠡ᠎ᠶᠢ ᠦᠨᠳᠦᠰᠦᠨ᠎ᠳᠡᠭᠡᠨ ᠲᠣᠭᠲᠠᠭᠠᠵᠤ᠂ ᠪᠦᠬᠦ ᠤᠯᠤᠰ᠎ᠤᠨ ᠨᠢᠭᠡᠳᠦᠯᠲᠡᠢ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠢ ᠠᠩᠬ᠎ᠠ ᠠᠯᠬᠤᠮ ᠪᠠᠢᠭᠤᠯᠵᠤ᠂ ᠡᠨᠧᠷᠭᠢ᠎ᠶᠢᠨ ᠦᠨ᠎ᠡ ᠬᠠᠩᠰᠢ᠎ᠶᠢᠨ ᠲᠣᠭᠲᠡᠴᠡ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃
ᠤᠯᠠᠨ ᠤᠯᠤᠰ᠎ᠤᠨ ᠬᠠᠮᠲᠤᠷᠠᠯᠴᠠᠭ᠎ᠠ᠎ᠶᠢ ᠪᠦᠬᠦ ᠲᠠᠯ᠎ᠠ᠎ᠪᠠᠷ ᠴᠢᠩᠭᠠᠳᠬᠠᠵᠤ᠂ ᠨᠡᠭᠡᠭᠡᠯᠲᠡ ᠬᠢᠬᠦ ᠨᠥᠬᠥᠴᠡᠯ ᠳᠣᠣᠷᠠᠬᠢ ᠡᠨᠧᠷᠭᠢ᠎ᠶᠢᠨ ᠠᠮᠤᠷ ᠲᠦᠪᠰᠢᠨ᠎ᠢ ᠪᠡᠶᠡᠯᠡᠭᠦᠯᠪᠡ ︱
ᠡᠨᠧᠷᠭᠢ᠎ᠶᠢᠨ ᠬᠦᠷᠢᠶᠡᠨ᠎ᠦ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠦᠷᠭᠦᠯᠵᠢᠯᠡᠨ ᠥᠷᠭᠡᠳᠬᠡᠵᠦ᠂ 《ᠨᠢᠭᠡ ᠪᠦᠰᠡ ᠨᠢᠭᠡ ᠵᠠᠮ 》 ᠤ᠋ᠨ ᠪᠣᠬᠢᠷᠲᠤᠯ ᠦᠭᠡᠢ ᠡᠨᠧᠷᠭᠢ᠎ᠶᠢᠨ ᠬᠠᠮᠲᠤᠷᠠᠯᠴᠠᠭ᠎ᠠ᠎ᠶᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠶᠢ ᠲᠣᠭᠲᠠᠭᠤᠨ᠎ᠢᠶᠠᠷ ᠲᠦᠯᠬᠢᠨ ᠠᠬᠢᠭᠤᠯᠵᠤ᠂ ᠪᠦᠬᠦ ᠪᠥᠮᠪᠥᠷᠴᠡᠭ᠎ᠦᠨ ᠡᠨᠧᠷᠭᠢ᠎ᠶᠢᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠦᠷᠭᠦᠯᠵᠢᠯᠡᠬᠦ ᠬᠥᠭᠵᠢᠯᠲᠡ᠎ᠶᠢ ᠬᠠᠮᠲᠤ᠎ᠪᠠᠷ ᠠᠬᠢᠭᠤᠯᠬᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠬᠦᠴᠦᠨ ᠨᠡᠮᠡᠷᠢᠯᠡᠬᠦ᠎ᠳᠦ ᠳᠤᠮᠳᠠᠳᠤ ᠤᠯᠤᠰ᠎ᠤᠨ ᠬᠦᠴᠦᠨ ᠴᠢᠳᠠᠯ᠎ᠢ ᠡᠷᠭᠦᠪᠡ᠃
《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭ᠎ᠠ ᠪᠣᠯ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠲᠦᠷᠭᠡᠳᠬᠡᠨ ᠪᠥᠬᠥ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ ᠵᠠᠩᠭᠢᠯᠠᠭ᠎ᠠ᠎ᠶᠢᠨ ᠬᠤᠭᠤᠴᠠᠭ᠎ᠠ ᠮᠥᠨ᠂ ᠪᠠᠰᠠ ᠴᠤ᠌ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ᠎ᠳᠤ ᠬᠦᠷᠬᠦ ᠬᠠᠷᠠᠯᠲᠠ᠎ᠶᠢ ᠪᠡᠶᠡᠯᠡᠭᠦᠯᠬᠦ ᠰᠢᠢᠳᠪᠦᠷᠢᠲᠦ ᠢᠯᠠᠯᠲᠠ᠎ᠶᠢ ᠲᠡᠮᠡᠴᠡᠨ ᠣᠯᠬᠤ ᠬᠤᠭᠤᠴᠠᠭ᠎ᠠ ᠮᠥᠨ᠃
ᠤᠯᠤᠰ᠎ᠤᠨ ᠡᠨᠧᠷᠭᠢ᠎ᠶᠢᠨ ᠲᠣᠪᠴᠢᠶ᠎ᠠ᠎ᠶᠢᠨ ᠬᠠᠷᠢᠭᠤᠴᠠᠯᠭᠠᠲᠠᠨ᠂ 《ᠲᠦᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ》 ᠵᠢᠨ ᠡᠨᠧᠷᠭᠢ᠎ᠶᠢᠨ ᠠᠮᠤᠷ ᠲᠦᠪᠰᠢᠨ᠎ᠦ ᠰᠢᠨ᠎ᠡ ᠪᠠᠢᠯᠳᠤᠬᠤ ᠪᠣᠳᠣᠯᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠣᠳᠣᠬᠠᠨ᠎ᠤ ᠪᠠ ᠠᠯᠤᠰ ᠬᠡᠳᠦ᠎ᠶᠢ ᠬᠠᠮᠲᠤ ᠳ᠋ᠤᠨᠢ ᠬᠠᠷᠠᠭᠠᠯᠵᠠᠵᠤ᠂ 2030 ᠣᠨ ᠪᠣᠯᠬᠤ᠎ᠳᠤ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠸᠮ᠎ᠢ ᠠᠩᠬ᠎ᠠ ᠠᠯᠬᠤᠮ ᠪᠠᠢᠭᠤᠯᠵᠤ᠂ ᠡᠨᠧᠷᠭᠢ᠎ᠶᠢᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠰᠠᠭᠤᠷᠢ᠎ᠶᠢ ᠪᠠᠲᠤᠳᠬᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠎ᠳᠦ ᠰᠢᠢᠳᠪᠦᠷᠢᠲᠦ ᠴᠢᠨᠠᠷᠲᠠᠢ ᠠᠬᠢᠴᠠ᠎ᠲᠠᠢ ᠪᠣᠯᠬᠤ᠎ᠶᠢ ᠲᠤᠯᠭᠠᠭᠤᠷᠢᠯᠠᠨ᠎ᠠ ᠭᠡᠵᠤ ᠲᠠᠨᠢᠯᠴᠠᠭᠤᠯᠪᠠ᠃
ᠡᠨᠧᠷᠭᠢ᠎ᠶᠢᠨ ᠬᠡᠯᠪᠡᠷᠢ᠎ᠶᠢ ᠬᠤᠪᠢᠷᠠᠭᠤᠯᠬᠤ᠎ᠶᠢ ᠲᠦᠯᠬᠢᠨ ᠠᠬᠢᠭᠤᠯᠵᠤ ᠪᠣᠬᠢᠷᠲᠤᠯ ᠦᠭᠡᠢ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠨᠡᠮᠡᠭᠳᠡᠭᠦᠯᠦᠨ᠎ᠡ
2021 ᠣᠨ᠎ᠳᠤ 《ᠴᠧᠩᠳᠦ᠋ ᠴᠦᠩᠴᠢᠩ᠎ᠦᠨ ᠤᠰᠤᠲᠥ᠋ᠷᠥᠭᠴᠢ᠎ᠶᠢᠨ ᠬᠣᠩᠭᠢᠯ》 ᠢ᠋ ᠨᠡᠪᠲᠡᠷᠡᠭᠦᠯᠬᠦ᠎ᠶᠢᠨ ᠬᠠᠮᠲᠤ ᠦᠷᠭᠦᠯᠵᠢᠯᠡᠨ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭᠠᠮᠵᠢ᠎ᠶᠢ ᠥᠷᠭᠡᠳᠬᠡᠵᠦ᠂ ᠣᠳᠣᠬᠠᠨ᠎ᠳᠤ ᠰᠧᠴᠦᠸᠠᠨ ᠴᠦᠩᠴᠢᠩ ᠬᠣᠶᠠᠷ ᠭᠠᠵᠠᠷ᠎ᠲᠤ 41 ᠤᠰᠤᠲᠥ᠋ᠷᠥᠭᠴᠢ᠎ᠶᠢᠨ ᠥᠷᠲᠡᠭᠡ ᠪᠠᠢᠭᠤᠯᠵᠤ᠂ 2000 ᠭᠠᠷᠤᠢ ᠤᠰᠤᠲᠥ᠋ᠷᠥᠭᠴᠢ ᠲᠦᠯᠡᠰᠢ ᠵᠢᠨ ᠳ᠋ᠢᠶᠠᠨ ᡂᠢ᠎ᠶᠢᠨ ᠲᠡᠷᠭᠡ᠎ᠶᠢ ᠳᠡᠯᠭᠡᠷᠡᠭᠦᠯᠵᠦ ᠪᠠᠢᠨ᠎ᠠ᠃
ᠪᠦᠬᠦ ᠤᠯᠤᠰ᠎ᠢ ᠬᠠᠷᠠᠬᠤᠶ᠎ᠠ᠂ ᠨᠢᠳᠤᠨᠤᠨ᠎ᠤ ᠵᠢᠯ᠎ᠦᠨ ᠡᠴᠦᠰ ᠪᠣᠯᠬᠤ᠎ᠳᠤ ᠪᠦᠬᠦ ᠤᠯᠤᠰ᠎ᠲᠤ ᠨᠢᠭᠡᠨᠲᠡ 4 ᠲᠦᠮᠡ ᠰᠢᠬᠠᠮ ᠤᠰᠤᠲᠥ᠋ᠷᠥᠭᠴᠢ ᠲᠦᠯᠡᠰᠢ ᠵᠢᠨ ᠳ᠋ᠢᠶᠠᠨ ᡂᠢ ᠵᠢᠨ ᠲᠡᠷᠭᠡ ᠲᠠᠢ ᠪᠤᠯᠵᠤ᠂ 500 ᠭᠠᠷᠤᠢ ᠤᠰᠤᠲᠥ᠋ᠷᠥᠭᠴᠢ ᠨᠡᠮᠡᠬᠦ ᠦᠷᠳᠡᠬᠡ ᠲᠡᠢ ᠪᠤᠯᠪᠠ᠃ ᠡᠨᠡ ᠨᠢ ᠨᠡᠩ ᠠᠷᠢᠭᠤᠨ ᠴᠡᠪᠡᠷ ᠣᠷᠴᠢᠨ ᠠᠬᠤᠢ᠎ᠶᠢ ᠬᠠᠮᠠᠭᠠᠯᠠᠭᠰᠠᠨ ᠲᠡᠳᠦᠢ ᠦᠬᠡᠢ ᠨᠡᠩ ᠴᠤ᠌ ᠡᠨᠧᠷᠭᠢ᠎ᠶᠢᠨ ᠬᠡᠯᠪᠡᠷᠢ᠎ᠶᠢᠨ ᠬᠤᠪᠢᠷᠠᠭᠤᠯᠤᠯᠲᠠ᠎ᠶᠢ ᠲᠦᠷᠭᠡᠳᠬᠡᠨ ᠠᠬᠢᠭᠤᠯᠬᠤ ᠡᠷᠡᠰ ᠵᠣᠷᠢᠭ᠋ ᠪᠣᠯᠣᠨ ᠠᠵᠢᠯᠯᠠᠭ᠎ᠠ᠎ᠶᠢ ᠬᠠᠷᠠᠭᠤᠯᠤᠭᠰᠠᠨ ᠪᠠᠢᠨ᠎ᠠ᠃
ᠪᠦᠬᠦ ᠪᠥᠮᠪᠥᠷᠴᠡᠭ᠎ᠦᠨ ᠡᠨᠧᠷᠭᠢ᠎ᠶᠢᠨ ᠬᠥᠭᠵᠢᠯᠲᠡ᠎ᠶᠢᠨ ᠶᠡᠬᠡ ᠬᠠᠨᠳᠤᠰᠢ᠎ᠳᠤ ᠵᠣᠬᠢᠴᠠᠭᠤᠯᠵᠤ᠂ ᠮᠠᠨ᠎ᠤ ᠤᠯᠤᠰ ᠡᠨᠧᠷᠭᠢ᠎ᠶᠢᠨ ᠠᠮᠤᠷ ᠲᠦᠪᠰᠢᠨ᠎ᠦ ᠰᠢᠨ᠎ᠡ ᠪᠠᠢᠯᠳᠤᠬᠤ ᠪᠣᠳᠣᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠨᠧᠷᠭᠢ᠎ᠶᠢᠨ ᠬᠥᠭᠵᠢᠯᠲᠡ᠎ᠶᠢᠨ ᠠᠷᠭ᠎ᠠ ᠮᠠᠶᠢᠭ᠋᠎ᠢ ᠠᠯᠬᠤᠮ ᠠᠯᠬᠤᠮ᠎ᠢᠶᠠᠷ ᠡᠬᠢ ᠪᠠᠶᠠᠯᠢᠭ᠋᠎ᠲᠤ ᠲᠦᠰᠢᠭᠯᠡᠵᠦ ᠪᠠᠢᠭᠰᠠᠨ᠎ᠡᠴᠡ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠵᠢ ᠲᠦᠯᠬᠢᠨ ᠠᠬᠢᠭᠤᠯᠵᠤ ᠪᠠᠢᠨ᠎ᠠ᠃
《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠤ᠂ ᠮᠠᠨ᠎ᠤ ᠤᠯᠤᠰ᠎ᠤᠨ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠢᠯᠴᠢ᠎ᠶᠢᠨ ᠴᠠᠬᠢᠯᠭᠠᠨ᠎ᠤ ᠮᠠᠰᠢᠨ ᠴᠣᠭᠴᠠᠯᠠᠪᠤᠷᠢ᠎ᠡᠴᠡ ᠳᠠᠪᠡᠪᠡ᠃
ᠡᠳᠦᠭᠡ᠂ ᠥᠷᠭᠡᠨ ᠠᠭᠤᠳᠠᠮ 《ᠡᠯᠡᠰᠤᠨ ᠴᠦᠯ ᠭᠤᠪᠢ ᠴᠦᠯᠯᠡᠷᠬᠡᠭ ᠭᠠᠵᠠᠷ》 ᠤ᠋ᠨ ᠰᠢᠨ᠎ᠡ ᠡᠨᠧᠷᠭᠢ᠎ᠶᠢᠨ ᠰᠠᠭᠤᠷᠢᠨ᠎ᠡᠴᠡ ᠥᠷᠭᠡᠨ ᠠᠭᠤᠳᠠᠮ ᠲᠠᠯᠠᠢ᠎ᠶᠢᠨ ᠣᠷᠣᠨ᠎ᠳᠠᠬᠢ ᠲᠠᠯᠠᠢ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠲᠠᠯᠠᠪᠠᠢ ᠬᠦᠷᠲᠡᠯ᠎ᠡ᠂ ᠲᠠᠬᠢᠭᠠᠳ ᠬᠤᠳᠠ ᠬᠥᠳᠡᠭᠡ᠎ᠳᠦ ᠲᠦᠭᠡᠭᠰᠡᠨ ᠲᠠᠷᠬᠠᠮᠠᠯ ᠬᠡᠯᠪᠡᠷᠢ᠎ᠶᠢᠨ ᠭᠡᠷᠡᠯᠴᠢ ᠴᠡᠨᠡᠭ᠎ᠦᠨ ᠲᠦᠷᠦᠯ ᠵᠦᠢᠯ ᠬᠦᠷᠲᠡᠯ᠎ᠡ᠂ ᠰᠠᠯᠬᠢᠨ ᠡᠨᠧᠷᠭᠢ᠂ ᠨᠡᠷᠡᠨ ᠡᠨᠧᠷᠭᠢ᠎ᠶᠢᠨ ᠴᠠᠬᠢᠯᠭᠠᠨ ᠭᠠᠷᠭᠠᠬᠤ ᠨᠢ ᠴᠡᠪᠡᠷ ᠡᠨᠧᠷᠭᠢ᠎ᠶᠢᠨ ᠬᠠᠩᠭᠠᠯᠭ᠎ᠠ᠎ᠶᠢᠨ ᠭᠣᠣᠯ ᠬᠦᠴᠦᠨ ᠪᠣᠯᠤᠭᠰᠠᠨ ᠪᠠᠢᠨ᠎ᠠ᠃
ᠤᠯᠠᠮᠵᠢᠯᠠᠯᠲᠤ ᠡᠨᠧᠷᠭᠢ᠎ᠶᠢᠨ ᠲᠤᠯᠭᠠᠭᠤᠷᠢᠯᠠᠯ ᠪᠣᠯᠣᠨ ᠦᠨᠳᠦᠰᠦᠨ ᠵᠦᠢᠯ᠎ᠢ ᠪᠠᠲᠤᠯᠠᠬᠤ ᠦᠢᠯᠡᠳᠦᠯ ᠮᠥᠨ ᠬᠦ᠌ ᠬᠦᠴᠦᠲᠡᠢ ᠪᠠᠢᠬᠤ ᠪᠥᠭᠡᠳ ᠨᠡᠩ ᠠᠷᠢᠭᠤᠨ ᠴᠡᠪᠡᠷ ᠥᠨᠳᠥᠷ ᠪᠦᠲᠦᠮᠵᠢᠲᠡᠢ ᠴᠢᠭᠯᠡᠯ ᠲᠡᠢᠰᠢ ᠬᠡᠯᠪᠡᠷᠢ᠎ᠪᠡᠨ ᠬᠤᠪᠢᠷᠠᠭᠤᠯᠵᠤ ᠪᠠᠢᠨ᠎ᠠ᠃
ᠣᠳᠣᠬᠢᠴᠢᠯᠠᠭᠰᠠᠨ ᠨᠡᠭᠦᠷᠡᠰᠦᠨ ᠠᠭᠤᠷᠬᠠᠢ᠎ᠳᠤ᠂ ᠨᠡᠭᠦᠷᠡᠰᠦ ᠵᠢ ᠪᠣᠬᠢᠷᠲᠤᠯ ᠦᠭᠡᠢ ᠣᠶᠤᠨᠴᠢ᠎ᠪᠠᠷ ᠨᠡᠭᠡᠭᠡᠨ ᠮᠠᠯᠲᠠᠬᠤ ᠪᠠ ᠠᠷᠢᠭᠤᠨ ᠴᠡᠪᠡᠷ ᠥᠨᠳᠥᠷ ᠪᠦᠲᠦᠮᠵᠢᠲᠡᠢ᠎ᠪᠡᠷ ᠠᠰᠢᠭ᠍ᠯᠠᠬᠤ᠎ᠶᠢ ᠲᠦᠷᠭᠡᠳᠬᠡᠨ ᠠᠬᠢᠭᠤᠯᠵᠤ ᠪᠤᠢ; ᠤᠤᠯ ᠡᠴᠡ ᠪᠠᠨ ᠲᠣᠰᠣ᠌ ᠭᠠᠷᠳᠠᠭ ᠣᠷᠣᠨ᠎ᠳᠡᠬᠢ ᠡᠳᠦᠷ ᠰᠥᠨᠢ ᠦᠭᠡᠢ ᠠᠵᠢᠯᠯᠠᠬᠤ ᠲᠣᠰᠣ᠌ ᠲᠠᠲᠠᠬᠤ ᠮᠠᠰᠢᠨ᠎ᠤ ᠬᠠᠵᠠᠭᠤ᠎ᠳᠤ ᠰᠠᠯᠬᠢᠨ ᠬᠦᠴᠦᠨ᠎ᠤ ᠮᠠᠰᠢᠨ ᠡᠷᠭᠢᠯᠳᠦᠵᠦ᠂ ᠭᠡᠷᠡᠯᠴᠢ ᠴᠡᠨᠡᠭ᠎ᠤᠨ ᠬᠠᠪᠲᠠᠰᠤᠨᠤᠭᠤᠳ ᠵᠢᠭᠳᠡᠷᠠᠨ ᠲᠠᠷᠬᠠᠵᠤ᠂ ᠴᠢᠯᠠᠭᠤᠨ ᠲᠣᠰᠣᠨ᠎ᠤ ᠠᠭᠤᠷᠬᠠᠢ᠎ᠳᠤ ᠠᠷᠢᠭᠤᠨ ᠴᠡᠪᠡᠷ ᠴᠠᠬᠢᠯᠭᠠᠨ ᠡᠨᠧᠷᠭᠢ ᠬᠠᠩᠭᠠᠵᠤ ᠪᠠᠢᠨ᠎ᠠ; ᠥᠩᠭᠡᠷᠡᠭᠰᠡᠨ᠎ᠦ ᠬᠠᠶᠠᠭᠳᠠᠮᠠᠯ ᠠᠭᠤᠷᠬᠠᠢ᠂ ᠨᠡᠭᠦᠷᠡᠰᠦ ᠮᠠᠯᠲᠠᠭᠠᠳ ᠳᠣᠷᠣᠭ᠍ᠰᠢ ᠰᠠᠭᠤᠭᠰᠠᠨ ᠣᠷᠣᠨ᠎ᠳᠤ ᠬᠡᠷᠡᠯᠴᠢ ᠴᠡᠨᠡᠭ᠎ᠦᠨ ᠴᠠᠬᠢᠯᠭᠠᠨ ᠥᠷᠲᠡᠭᠡ ᠪᠠᠢᠭᠤᠯᠵᠤ᠂ ᠪᠣᠬᠢᠷᠲᠤᠯ ᠦᠭᠡᠢ ᠴᠠᠬᠢᠯᠭᠠᠨ ᠡᠨᠧᠷᠭᠢ᠎ᠶᠢ ᠲᠠᠰᠤᠷᠠᠯᠲᠠ ᠦᠭᠡᠢ ᠬᠠᠩᠭᠠᠪᠠ ᠁ ᠰᠢᠨ᠎ᠡ ᠬᠠᠭᠤᠴᠢᠨ ᠬᠠᠮᠲᠤ᠎ᠪᠠᠷ ᠣᠷᠣᠰᠢᠭᠰᠠᠨ ᠠᠵᠤ ᠦᠢᠯᠡᠳᠪᠦᠷᠢ᠎ᠶᠢᠨ ᠰᠢᠨ᠎ᠡ ᠪᠠᠢᠳᠠᠯ ᠨᠢ ᠤᠯᠠᠮᠵᠢᠯᠠᠯᠲᠤ ᠡᠨᠧᠷᠭᠢ᠎ᠶᠢᠨ ᠬᠡᠯᠪᠡᠷᠢ᠎ᠪᠡᠨ ᠬᠤᠪᠢᠷᠠᠭᠤᠯᠬᠤ ᠢᠳᠡᠷᠡᠭᠦᠨ ᠠᠯᠬᠤᠭ᠎ᠠ᠎ᠶᠢ ᠭᠡᠷᠡᠴᠢᠯᠡᠪᠡ᠃
ᠪᠠᠷᠢᠯᠭ᠎ᠠ᠎ᠶᠢᠨ ᠬᠦᠷᠢᠶ᠎ᠡ ᠴᠠᠷᠠᠭ᠎ᠠ᠎ᠳᠦ ᠨᠡᠷᠡᠨ᠎ᠦ ᠡᠨᠧᠷᠭᠢ᠎ᠶᠢᠨ ᠤᠰᠤᠨ ᠬᠠᠯᠠᠭᠠᠭᠤᠷᠢ ᠥᠷᠭᠡᠨ᠎ᠢᠶᠡᠷ ᠬᠡᠷᠡᠭᠯᠡᠵᠤ ᠪᠠᠢᠬᠰᠠᠨ ᠡᠴᠡ ᠴᠠᠬᠢᠯᠭᠠᠨ ᠬᠦᠴᠦᠨ᠂ ᠪᠠᠢᠭᠠᠯᠢ᠎ᠶᠢᠨ ᠰᠢᠲᠠᠮᠠᠬᠠᠢ ᠬᠡᠢ ᠵᠡᠷᠭᠡ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠳᠦ ᠡᠨᠧᠷᠭᠢ᠎ᠪᠡᠷ ᠨᠡᠭᠦᠷᠡᠰᠦ ᠰᠢᠲᠠᠭᠠᠬᠤ ᠳᠤᠯᠠᠭᠠᠯᠠᠭ᠎ᠠ᠎ᠶᠢ ᠣᠷᠣᠯᠠᠭᠤᠯᠤᠭᠰᠠᠨ ᠬᠦᠷᠲᠡᠯ᠎ᠡ᠂ ᠡᠨᠧᠷᠭᠢ᠎ᠶᠢᠨ ᠬᠡᠷᠡᠭᠯᠡᠬᠡ ᠵᠢ ᠴᠠᠬᠢᠯᠭᠠᠨᠵᠢᠭᠤᠯᠬᠤ ᠪᠠᠭ᠎ᠠ ᠨᠡᠭᠦᠷᠡᠰᠦᠲᠥ᠋ᠷᠥᠭᠴᠢᠯᠡᠬᠦ ᠲᠦᠪᠰᠢᠨ ᠦᠷᠭᠦᠯᠵᠢᠯᠡᠨ ᠳᠡᠭᠡᠭᠰᠢᠯᠡᠵᠦ᠂ 《ᠪᠠᠭ᠎ᠠ ᠨᠡᠭᠦᠷᠡᠰᠦᠲᠥ᠋ᠷᠥᠭᠴᠢᠳᠦ ᠳᠡᠢᠰᠢ ᠬᠡᠯᠪᠡᠷᠢ᠎ᠪᠡᠨ ᠬᠤᠪᠢᠷᠠᠭᠤᠯᠬᠤ ᠪᠠ ᠠᠷᠠᠳ᠎ᠤᠨ ᠠᠮᠢᠳᠤᠷᠠᠯ᠎ᠤᠨ ᠬᠡᠷᠡᠭᠴᠡᠭᠡ᠎ᠶᠢ ᠨᠢᠭᠡᠳᠦᠯᠲᠡᠢ ᠲᠥᠯᠥᠪᠵᠢᠭᠦᠯᠵᠦ》 ᠬᠥᠭᠵᠢᠯᠲᠡ᠎ᠶᠢᠨ ᠱᠠᠭᠠᠷᠳᠠᠯᠭ᠎ᠠ᠎ᠶᠢ ᠠᠮᠢᠳᠤᠯᠢᠭ᠋᠎ᠢᠶᠠᠷ ᠦᠢᠯᠡᠳᠦᠯᠭᠡᠵᠢᠭᠦᠯᠪᠡ᠃
ᠬᠠᠮᠤᠭ᠎ᠤᠨ ᠰᠢᠨ᠎ᠡ ᠲᠣᠭ᠎ᠠ ᠪᠠᠷᠢᠮᠲᠠ ᠡᠴᠡ ᠦᠵᠡᠪᠡᠯ᠂ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠲᠦ 10 ᠰᠢᠨ᠎ᠡ ᠰᠠᠭᠤᠳᠠᠯ᠎ᠤᠨ ᠮᠠᠰᠢᠨ ᠲᠡᠷᠭᠡ ᠬᠤᠳᠠᠯᠳᠤᠵᠤ ᠭᠠᠷᠭᠠᠬᠤ ᠪᠦᠷᠢ 6 ᠨᠢ ᠰᠢᠨ᠎ᠡ ᠡᠨᠧᠷᠭᠢ᠎ᠶᠢᠨ ᠮᠠᠰᠢᠨ ᠲᠡᠷᠭᠡ ᠪᠣᠯᠣᠨ᠎ᠠ᠃
ᠰᠢᠨ᠎ᠡ ᠡᠨᠧᠷᠭᠢ᠎ᠶᠢᠨ ᠮᠠᠰᠢᠨ ᠲᠡᠷᠭᠡ ᠲᠦᠭ ᠲᠦᠮᠡᠨ ᠠᠢᠯ ᠡᠷᠦᠬᠡ᠎ᠳᠦ ᠣᠷᠣᠭᠰᠠᠨ᠎ᠤ ᠳᠠᠷᠠᠭᠠᠬᠢ ᠴᠠᠬᠢᠯᠭᠠᠨ ᠬᠡᠷᠡᠭᠯᠡᠬᠦ ᠬᠡᠷᠡᠭᠴᠡᠭᠡ᠎ᠶᠢ ᠬᠠᠩᠭᠠᠬᠤ᠎ᠶᠢᠨ ᠲᠥᠯᠥᠭᠡ᠂ ᠮᠠᠨ᠎ᠤ ᠤᠯᠤᠰ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ᠎ᠦ ᠴᠠᠬᠢᠯᠭᠠᠨ ᠴᠡᠨᠡᠭᠯᠡᠬᠦ ᠲᠥᠬᠦᠭᠡᠷᠦᠮᠵᠢ᠎ᠶᠢᠨ ᠦᠢᠯᠡᠴᠢᠯᠡᠭᠡᠨ᠎ᠦ ᠴᠢᠳᠠᠪᠤᠷᠢ᠎ᠶᠢ 《ᠭᠤᠷᠪᠠᠨ ᠵᠢᠯ᠎ᠳᠦ ᠳᠠᠬᠢᠨ᠎ᠢᠶᠠᠷ ᠨᠡᠮᠡᠭᠳᠡᠭᠦᠯᠬᠦ》 ᠠᠵᠢᠯᠯᠠᠭ᠎ᠠ᠎ᠶᠢ ᠬᠡᠷᠡᠭᠵᠢᠭᠦᠯᠵᠦ᠂ ᠡᠨᠡ ᠵᠢᠯ᠎ᠦᠨ 4 ᠰᠠᠷ᠎ᠠ᠎ᠶᠢᠨ ᠡᠴᠦᠰ ᠪᠣᠯᠲᠠᠯ᠎ᠠ᠂ ᠮᠠᠨ᠎ᠤ ᠤᠯᠤᠰ᠎ᠤᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ᠎ᠦ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ᠎ᠶᠢᠨ ᠶᠡᠷᠦᠩᠬᠡᠢ ᠲᠣᠭ᠎ᠠ 2195.5 ᠲᠦᠮᠡ᠎ᠳᠦ ᠬᠦᠷᠴᠡᠢ᠃
《ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠪᠣᠯ ᠦᠢᠯᠡᠳᠪᠦᠷᠢᠯᠡᠯ᠎ᠦᠨ ᠬᠦᠴᠦᠨ᠎ᠢ ᠪᠠᠭᠠᠰᠬᠠᠬᠤ ᠶᠠᠪᠤᠳᠠᠯ ᠪᠢᠰᠢ》᠃ ᠡᠨᠧᠷᠭᠢ ᠬᠡᠷᠡᠭᠯᠡᠬᠦ ᠪᠦᠲᠦᠴᠡ᠎ᠳᠦ ᠲᠦᠰᠢᠭᠯᠡᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠳᠡᠢᠰᠢ ᠬᠡᠯᠪᠡᠷᠢ ᠪᠡᠨ ᠬᠤᠪᠢᠷᠠᠭᠤᠯᠤᠨ ᠡᠬᠢ ᠡᠭᠦᠰᠦᠯ᠎ᠡᠴᠡ ᠨᠢ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠠᠰᠬᠠᠬᠤ᠎ᠶᠢ ᠪᠡᠶᠡᠯᠡᠭᠦᠯᠵᠦ᠂ ᠡᠨᠧᠷᠭᠢ᠎ᠶᠢᠨ ᠠᠰᠢᠭ᠍ᠯᠠᠮᠵᠢ᠎ᠶᠢ ᠳᠡᠭᠡᠭᠰᠢᠯᠡᠭᠦᠯᠦᠨ ᠦᠢᠯᠡᠳᠪᠦᠷᠢᠯᠡᠯ᠎ᠦᠨ ᠶᠠᠪᠤᠴᠠ᠎ᠳᠦ ᠨᠡᠭᠦᠷᠡᠰᠦᠲᠥ᠋ᠷᠥᠭᠴᠢ ᠦᠭᠡᠢᠵᠢᠬᠦᠯᠬᠦ᠎ᠶᠢ ᠠᠬᠢᠭᠤᠯᠵᠤ᠂ ᠲᠣᠭᠠᠴᠢᠯᠠᠭᠰᠠᠨ ᠣᠶᠤᠨᠴᠢᠯᠠᠭᠰᠠᠨ ᠲᠦᠪᠰᠢᠨ᠎ᠳᠦ ᠲᠦᠰᠢᠭᠯᠡᠨ ᠨᠡᠭᠦᠷᠡᠰᠦᠲᠥ᠋ᠷᠥᠭᠴᠢ᠎ᠶᠢ ᠣᠶᠤᠨᠴᠢ᠎ᠪᠠᠷ ᠬᠢᠵᠠᠭᠠᠷᠯᠠᠬᠤ᠎ᠶᠢ ᠪᠡᠶᠡᠯᠡᠭᠦᠯᠦᠨ᠎ᠡ ᠁ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠦᠢᠯᠡᠳᠪᠦᠷᠢ ᠵᠢ ᠪᠦᠲᠦᠭᠡᠨ ᠪᠠᠢᠭᠤᠯᠬᠤ ᠵᠢ ᠠᠬᠢᠭᠤᠯᠬᠤ ᠨᠢ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠠᠰᠬᠠᠬᠤ ᠡᠭᠦᠷᠭᠡ᠎ᠶᠢ ᠪᠡᠶᠡᠯᠡᠭᠦᠯᠬᠦ᠎ᠪᠡᠷ ᠪᠠᠷᠠᠬᠤ ᠦᠭᠡᠢ ᠨᠡᠩ ᠴᠤ᠌ ᠨᠡᠭᠦᠷᠡᠰᠦᠲᠥ᠋ᠷᠥᠭᠴᠢ᠎ᠶᠢᠨ ᠠᠰᠢᠭ᠍ᠯᠠᠮᠵᠢ᠎ᠪᠠᠷ ᠭᠣᠣᠯ ᠪᠣᠯᠭᠠᠭᠰᠠᠨ ᠠᠵᠤ ᠦᠢᠯᠡᠰ᠎ᠦᠨ ᠬᠥᠭᠵᠢᠯᠲᠡ᠎ᠶᠢᠨ ᠠᠮᠢ ᠠᠬᠤᠢ᠎ᠶᠢ ᠪᠦᠷᠢᠯᠳᠦᠭᠦᠯᠵᠦ᠂ ᠮᠠᠨ᠎ᠤ ᠤᠯᠤᠰ᠎ᠤᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠬᠡᠯᠬᠢᠶ᠎ᠡ ᠦᠷᠳᠡᠭ᠎ᠦᠨ ᠬᠡᠯᠬᠢᠶ᠎ᠡ᠎ᠶᠢᠨ ᠲᠡᠰ ᠳᠡᠪᠰᠢᠬᠦ᠎ᠶᠢ ᠲᠦᠷᠭᠡᠳᠬᠡᠵᠦ᠂ ᠪᠣᠬᠢᠷᠲᠤᠯ ᠦᠭᠡᠢ ᠬᠥᠭᠵᠢᠯᠲᠡ᠎ᠶᠢᠨ ᠰᠢᠨ᠎ᠡ ᠬᠥᠳᠡᠯᠭᠡᠬᠦ ᠡᠨᠧᠷᠭᠢ᠎ᠶᠢ ᠨᠡᠮᠡᠭᠳᠡᠭᠦᠯᠬᠦ ᠪᠤᠯᠤᠨ᠎ᠠ᠃
《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠦᠳᠦᠯᠪᠦᠷᠢ᠎ᠶᠢ ᠦᠨᠳᠦᠰᠦᠯᠡᠪᠡᠯ᠂ 2030 ᠣᠨ ᠪᠣᠯᠬᠤ᠎ᠳᠤ᠂ ᠡᠨᠧᠷᠭᠢ᠎ᠶᠢᠨ ᠬᠡᠷᠡᠭᠯᠡᠭᠡᠨ᠎ᠦ ᠶᠡᠷᠦᠩᠬᠡᠢ ᠬᠡᠮᠵᠢᠶ᠎ᠡ᠎ᠳᠡᠬᠢ ᠮᠠᠨ᠎ᠤ ᠤᠯᠤᠰ᠎ᠤᠨ ᠴᠢᠯᠠᠭᠤᠵᠢᠮᠠᠯ᠎ᠤᠨ ᠪᠤᠰᠤ ᠡᠨᠧᠷᠭᠢ᠎ᠶᠢᠨ ᠡᠵᠡᠯᠡᠬᠦ ᠬᠤᠪᠢ᠎ᠶᠢᠨ ᠵᠢᠩ᠎ᠢ 25% ᠳ᠋ᠤ᠌ ᠬᠦᠷᠬᠡᠨ᠎ᠡ᠃ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠳᠦ ᠠᠮᠤᠷ ᠲᠦᠪᠰᠢᠨ ᠥᠨᠳᠥᠷ ᠪᠦᠲᠦᠮᠵᠢᠲᠡᠢ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠸᠮ᠎ᠢ ᠲᠦᠷᠭᠡᠳᠬᠡᠨ ᠪᠠᠶ᠋ᠢᠭᠤᠯᠬᠤ ᠨᠢ ᠮᠠᠨ᠎ᠤ ᠤᠯᠤᠰ᠎ᠤᠨ ᠡᠨᠧᠷᠭᠢ᠎ᠶᠢᠨ ᠠᠮᠤᠷ ᠲᠦᠪᠰᠢᠨ ᠪᠣᠯᠣᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠣᠨ᠎ᠠ᠃
ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠵᠦ ᠡᠨᠧᠷᠭᠢ᠎ᠶᠢᠨ ᠬᠥᠭᠵᠢᠯᠲᠡ᠎ᠶᠢᠨ ᠳᠠᠯᠳᠠ ᠬᠦᠴᠦᠨ᠎ᠢ ᠥᠷᠭᠡᠳᠬᠡᠨ᠎ᠡ
ᠡᠨᠧᠷᠭᠢ᠎ᠶᠢᠨ ᠠᠮᠤᠷ ᠲᠦᠪᠰᠢᠨ᠎ᠦ ᠰᠢᠨ᠎ᠡ ᠪᠠᠢᠯᠳᠤᠬᠤ ᠪᠣᠳᠣᠯᠭ᠎ᠠ᠎ᠶᠢᠨ ᠵᠢᠯᠣᠭᠣᠳᠤᠯᠭ᠎ᠠ ᠳᠣᠣᠷ᠎ᠠ᠂ ᠮᠠᠨ᠎ᠤ ᠤᠯᠤᠰ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠳᠠᠬᠢ ᠵᠠᠬ᠎ᠠ ᠳᠡᠯᠭᠡᠭᠦᠷ᠎ᠦᠨ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠮᠠᠨ᠎ᠤ ᠤᠯᠤᠰ᠎ᠤᠨ ᠡᠨᠧᠷᠭᠢ᠎ᠶᠢᠨ ᠴᠢᠨᠠᠷ ᠰᠠᠢᠲᠠᠢ ᠬᠥᠭᠵᠢᠯᠲᠡ᠎ᠳᠦ ᠰᠠᠢᠨ ᠰᠠᠢᠬᠠᠨ ᠣᠷᠴᠢᠨ ᠲᠣᠭᠣᠷᠢᠨ᠎ᠢ ᠪᠤᠢ ᠪᠣᠯᠭᠠᠵᠤ ᠥᠭᠴᠡᠢ᠃
ᠵᠠᠬ᠎ᠠ ᠳᠡᠯᠭᠡᠭᠦᠷ ᠪᠠ ᠦᠨ᠎ᠡ ᠬᠠᠩᠰᠢ᠎ᠶᠢᠨ ᠲᠣᠭᠲᠠᠴᠠ ᠪᠣᠯ ᠡᠨᠧᠷᠭᠢ᠎ᠶᠢᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢᠨ ᠵᠠᠩᠭᠢᠯᠠᠭ᠎ᠠ ᠮᠥᠨ᠃ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ ᠪᠡᠷᠬᠡ ᠵᠢ ᠳᠠᠪᠠᠵᠤ᠂ ᠮᠠᠨ᠎ᠤ ᠤᠯᠤᠰ᠎ᠤᠨ ᠡᠨᠧᠷᠭᠢ᠎ᠶᠢᠨ ᠵᠠᠬ᠎ᠠ ᠳᠡᠯᠭᠡᠭᠦᠷ᠎ᠦᠨ ᠰᠢᠰᠲᠧᠮ ᠶᠠᠭ ᠪᠦᠬᠦ ᠲᠠᠯ᠎ᠠ᠎ᠪᠠᠷ ᠳᠠᠬᠢᠨ ᠴᠣᠭᠴᠠᠯᠠᠭᠳᠠᠵᠤ ᠪᠤᠢ᠃
ᠨᠢᠭᠡ ᠪᠦᠯᠦᠭ ᠲᠣᠭ᠎ᠠ ᠪᠠᠷᠢᠮᠲᠠ ᠡᠨᠧᠷᠭᠢ᠎ᠶᠢᠨ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ ᠵᠢ ᠭᠦᠨᠵᠡᠭᠡᠢᠷᠡᠬᠦᠯᠦᠨ ᠠᠬᠢᠭᠤᠯᠵᠤ ᠪᠠᠢᠭ᠎ᠠ ᠵᠢ ᠬᠠᠷᠠᠭᠤᠯᠵᠠᠢ᠄ ᠪᠦᠬᠦ ᠤᠯᠤᠰ᠎ᠤᠨ ᠨᠢᠭᠡᠳᠦᠯᠲᠡᠢ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ ᠠᠩᠬ᠎ᠠ ᠠᠯᠬᠤᠮ ᠪᠠᠢᠭᠤᠯᠤᠭᠳᠠᠵᠤ᠂ ᠵᠠᠬ᠎ᠠ ᠳᠡᠯᠭᠡᠭᠦᠷ᠎ᠦᠨ ᠳᠠᠩᠰᠠᠯᠠᠭᠤᠯᠤᠭᠰᠠᠨ ᠡᠵᠡᠩᠨᠡᠯᠲᠡ᠎ᠶᠢᠨ ᠭᠣᠣᠯ ᠴᠣᠭᠴᠠ 100 ᠲᠦᠮᠡᠨ ᠡᠷᠦᠬᠡ᠎ᠶᠢ ᠳᠠᠪᠠᠵᠤ᠂ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠲᠦ ᠠᠷᠠᠯᠵᠢᠶᠠᠯᠠᠭᠰᠠᠨ ᠴᠠᠬᠢᠯᠭᠠᠨ᠎ᠤ ᠬᠡᠮᠵᠢᠶ᠎ᠡ᠎ᠶᠢᠨ ᠪᠦᠬᠦ ᠨᠡᠢᠭᠡᠮ᠎ᠦᠨ ᠴᠠᠬᠢᠯᠭᠠᠨ ᠬᠡᠷᠡᠭᠯᠡᠬᠦ ᠬᠡᠮᠵᠢᠶ᠎ᠡ᠎ᠳᠡᠬᠢ ᠡᠵᠡᠯᠡᠬᠦ ᠬᠠᠷᠢᠴᠠᠯ 64% ᠳ᠋ᠤ᠌ ᠬᠦᠷᠴᠦ᠂ ᠨᠠᠢᠳᠠᠨ ᠲᠡᠭᠡᠭᠡᠪᠦᠷᠢᠯᠡᠭᠦᠯᠬᠦ ᠬᠤᠳᠠᠯᠳᠤᠭᠠᠴᠢᠨ᠎ᠤ ᠲᠣᠭ᠎ᠠ ᠨᠡᠮᠡᠭᠳᠡᠭᠡᠳ ᠵᠠᠭᠤ ᠭᠠᠷᠤᠢ ᠪᠣᠯᠵᠤ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ ᠦᠷᠭᠦᠯᠵᠢᠯᠡᠨ ᠪᠠᠳᠠᠷᠠᠪᠠ᠃
ᠠᠯᠢ ᠣᠯᠠᠨ ᠠᠷᠭ᠎ᠠ ᠬᠡᠮᠵᠢᠶ᠎ᠡ ᠨᠢ ᠡᠨᠧᠷᠭᠢ᠎ᠶᠢᠨ ᠦᠨ᠎ᠡ ᠬᠠᠩᠰᠢ᠎ᠶᠢᠨ ᠲᠣᠭᠲᠠᠴᠠ᠎ᠶᠢ ᠲᠦᠷᠭᠡᠪᠴᠢᠯᠡᠨ ᠲᠡᠭᠦᠯᠳᠡᠷᠵᠢᠭᠦᠯᠬᠦ ᠵᠢ ᠠᠬᠢᠭᠤᠯᠪᠠ᠄ ᠨᠡᠭᠦᠷᠡᠰᠦ᠎ᠪᠡᠷ ᠭᠠᠷᠭᠠᠬᠤ ᠴᠠᠬᠢᠯᠭᠠᠨ᠂ᠰᠢᠨ᠎ᠡ ᠡᠨᠧᠷᠭᠢ᠎ᠶᠢᠨ ᠲᠣᠣᠷ᠎ᠲᠤ ᠣᠷᠣᠭᠤᠯᠤᠬᠰᠠᠨ ᠴᠠᠬᠢᠯᠭᠠᠨ᠎ᠤ ᠦᠨ᠎ᠡ᠎ᠶᠢ ᠪᠦᠬᠦ ᠲᠠᠯ᠎ᠠ᠎ᠪᠠᠷ ᠵᠠᠬ᠎ᠠ ᠳᠡᠯᠭᠡᠭᠦᠷᠴᠢᠯᠡᠵᠦ᠂ ᠳᠠᠩ ᠭᠠᠭᠴᠠ ᠪᠠᠭᠲᠠᠭᠠᠮᠵᠢ᠎ᠪᠠᠷ ᠨᠢ ᠴᠠᠬᠢᠯᠭᠠᠨ ᠬᠦᠷᠭᠡᠬᠦ ᠪᠠ ᠲᠦᠭᠡᠭᠡᠬᠦ ᠦᠨ᠎ᠡ ᠵᠢ ᠪᠤᠳᠤᠬᠤ ᠵᠠᠭᠪᠤᠷ᠎ᠤᠨ ᠲᠠᠯ᠎ᠠ᠎ᠪᠠᠷ ᠰᠢᠨ᠎ᠡ᠎ᠶᠢ ᠡᠭᠦᠳᠴᠦ᠂ ᠴᠠᠭ ᠬᠤᠪᠢᠶᠠᠭᠰᠠᠨ ᠴᠠᠬᠢᠯᠭᠠᠨ᠎ᠤ ᠦᠨ᠎ᠡ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ ᠪᠠᠢᠭᠠᠯᠢ᠎ᠶᠢᠨ ᠰᠢᠲᠠᠮᠠᠬᠠᠢ ᠬᠡᠢ᠎ᠶᠢᠨ ᠡᠬᠢᠨ᠎ᠤ ᠪᠠ ᠡᠴᠦᠰ᠎ᠤᠨ ᠬᠡᠯᠬᠢᠶ᠎ᠡ᠎ᠶᠢᠨ ᠦᠨ᠎ᠡ ᠬᠠᠩᠰᠢ᠎ᠶᠢᠨ ᠬᠣᠯᠪᠣᠯᠳᠤᠬᠤ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂ ᠨᠡᠭᠦᠷᠡᠰᠦᠨ᠎ᠦ ᠳᠤᠮᠳᠠ ᠪᠠ ᠤᠷᠲᠤ ᠬᠤᠭᠤᠴᠠᠭᠠᠨ᠎ᠤ ᠵᠠᠬ᠎ᠠ ᠳᠡᠯᠭᠡᠭᠦᠷ᠎ᠦᠨ ᠦᠨ᠎ᠡ ᠬᠠᠩᠰᠢ ᠵᠢ ᠪᠦᠷᠢᠯᠳᠦᠬᠦᠯᠬᠦ ᠲᠣᠭᠲᠠᠴᠠ᠎ᠶᠢ ᠰᠢᠯᠢᠳᠡᠭᠵᠢᠭᠦᠯᠪᠡ ᠁
ᠬᠣᠯᠪᠣᠭᠳᠠᠯ ᠪᠦᠬᠦᠢ ᠪᠠᠢᠷᠢᠯᠠᠭᠤᠯᠤᠯᠲᠠ ᠶᠣᠰᠣᠭᠠᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠤᠯᠤᠰ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠳᠦ ᠵᠣᠬᠢᠴᠠᠬᠤ ᠵᠠᠬ᠎ᠠ ᠳᠡᠯᠭᠡᠭᠦᠷ ᠪᠠ ᠦᠨ᠎ᠡ ᠬᠠᠩᠰᠢ᠎ᠶᠢᠨ ᠲᠣᠭᠲᠠᠴᠠ᠎ᠶᠢ ᠲᠦᠷᠭᠡᠪᠴᠢᠯᠡᠨ ᠪᠦᠷᠢᠨᠰᠢᠭᠦᠯᠵᠦ᠂ ᠡᠨᠧᠷᠭᠢ᠎ᠶᠢᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠳᠠᠬᠢ ᠵᠠᠬ᠎ᠠ ᠳᠡᠯᠭᠡᠭᠦᠷ᠎ᠦᠨ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠤᠨ᠂ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢᠨ ᠪᠦᠷᠢᠯᠳᠦᠬᠦ ᠪᠠ ᠬᠥᠲᠥᠯᠥᠨ ᠵᠢᠯᠤᠭᠣᠳᠬᠤ ᠲᠣᠭᠲᠠᠴᠠ᠎ᠶᠢᠨ ᠲᠠᠯ᠎ᠠ᠎ᠪᠠᠷ ᠰᠢᠨ᠎ᠡ᠎ᠶᠢ ᠡᠭᠦᠳᠦᠨ ᠲᠡᠭᠦᠯᠳᠡᠷᠵᠢᠭᠦᠯᠵᠦ᠂ ᠡᠨᠧᠷᠭᠢ᠎ᠶᠢᠨ ᠬᠡᠯᠪᠡᠷᠢ ᠵᠢ ᠬᠤᠪᠢᠷᠠᠭᠤᠯᠤᠨ ᠬᠥᠭᠵᠢᠬᠦᠯᠬᠦ ᠳᠣᠲᠣᠭᠠᠳᠤ ᠬᠥᠳᠡᠯᠭᠡᠬᠦ ᠬᠦᠴᠦᠨ᠎ᠢ ᠤᠯᠠᠮ ᠨᠢᠭᠡ ᠠᠯᠬᠤᠮ ᠬᠥᠭᠵᠢᠭᠡᠪᠠ᠃
ᠨᠡᠭᠡᠭᠡᠯᠲᠡ ᠬᠢᠬᠦ ᠨᠢ ᠬᠠᠮᠲᠤ᠎ᠪᠠᠷ ᠠᠰᠢᠭ᠋ ᠬᠦᠷᠲᠡᠬᠦ᠎ᠶᠢ ᠪᠡᠶᠡᠯᠡᠭᠦᠯᠦᠨ᠎ᠡ᠃ ᠡᠨᠧᠷᠭᠢ᠎ᠶᠢᠨ ᠬᠦᠷᠢᠶᠡᠨ᠎ᠳᠡᠬᠢ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠦᠷᠭᠦᠯᠵᠢᠯᠡᠨ ᠥᠷᠭᠡᠳᠴᠦ᠂ ᠡᠨᠧᠷᠭᠢ᠎ᠶᠢᠨ ᠤᠯᠠᠨ ᠤᠯᠤᠰ᠎ᠤᠨ ᠬᠠᠮᠲᠤᠷᠠᠯᠴᠠᠭ᠎ᠠ ᠪᠦᠬᠥ ᠲᠠᠯ᠎ᠠ᠎ᠪᠠᠷ ᠴᠢᠩᠭᠠᠷᠠᠪᠠ᠃
5 ᠰᠠᠷ᠎ᠠ᠎ᠶᠢᠨ 20 ᠤ᠋ ᠡᠳᠦᠷ᠂ ᠳᠤᠮᠳᠠᠳᠤ ᠣᠷᠣᠰ᠎ᠤᠨ ᠲᠡᠷᠢᠭᠦᠨ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠣᠷᠣᠰ᠎ᠤᠨ ᠬᠣᠯᠪᠣᠭᠠᠨ᠎ᠤ ᠪᠥᠬᠥ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠶᠡᠯᠳᠡᠭ ᠬᠥᠷᠰᠢ᠎ᠶᠢᠨ ᠨᠥᠬᠥᠷᠰᠡᠭ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠢᠯᠡᠯᠲᠡ》 ᠳ᠋ᠤ᠌ ᠭᠠᠷᠤᠨ ᠥᠰᠥᠭ ᠵᠢᠷᠤᠵᠤ᠂ ᠪᠥᠬᠥ ᠲᠠᠯ᠎ᠠ᠎ᠶᠢᠨ ᠡᠨᠧᠷᠭᠢ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢ ᠦᠷᠭᠦᠯᠵᠢᠯᠡᠨ ᠪᠡᠬᠢᠵᠢᠭᠦᠯᠦᠨ ᠬᠥᠭᠵᠢᠭᠦᠯᠵᠦ᠂ ᠠᠵᠤ ᠠᠬᠤᠢᠯᠠᠯ᠎ᠤᠨ ᠴᠢᠯᠠᠭᠤᠨ ᠲᠣᠰᠣ᠌ ᠰᠢᠲᠠᠮᠠᠬᠠᠢ ᠬᠡᠢ᠂ ᠨᠡᠭᠦᠷᠡᠰᠦ᠂ ᠠᠷᠠᠳ᠎ᠤᠨ ᠬᠡᠷᠡᠭᠯᠡᠭᠡᠨ᠎ᠦ ᠴᠥᠮ᠎ᠡ᠎ᠶᠢᠨ ᠡᠨᠧᠷᠭᠢ ᠵᠢᠴᠢ ᠪᠣᠬᠢᠷᠲᠤᠯ ᠦᠭᠡᠢ ᠴᠠᠬᠢᠯᠭᠠᠨ ᠬᠦᠴᠦᠨ᠎ᠦ ᠦᠨᠡᠮᠯᠡᠯ᠎ᠢ ᠪᠠᠭᠳᠠᠭᠠᠭᠰᠠᠨ ᠤᠯᠠᠨ ᠬᠦᠷᠢᠶᠡᠨ᠎ᠳᠡᠬᠢ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠎ᠶᠢ ᠳᠡᠮᠵᠢᠬᠦ᠎ᠪᠡᠷ ᠵᠥᠪᠳᠡᠯᠴᠡᠨ ᠲᠣᠭᠲᠠᠪᠠ᠃
ᠡᠳᠦᠭᠡ᠂ ᠮᠠᠨ᠎ᠤ ᠤᠯᠤᠰ ᠪᠣᠯᠣᠨ ᠳᠡᠯᠡᠬᠡᠢ᠎ᠶᠢᠨ ᠡᠯ᠎ᠡ ᠤᠯᠤᠰ᠎ᠤᠨ ᠡᠨᠧᠷᠭᠢ᠎ᠶᠢᠨ ᠬᠠᠮᠲᠤᠷᠠᠯᠴᠠᠭ᠎ᠠ᠎ᠶᠢᠨ 《ᠨᠠᠢᠵᠠ᠎ᠶᠢᠨ ᠲᠣᠭᠣᠷᠢᠭ᠋》 ᠡᠳᠦᠷ ᠢᠷᠡᠬᠦᠶ᠎ᠡ ᠪᠤᠵᠠᠭᠠᠢᠷᠠᠪᠠ᠄ ᠬᠦᠷᠰᠢ ᠵᠡᠷᠭᠡᠯᠡᠳᠡᠭᠡ᠎ᠶᠢᠨ ᠤᠯᠤᠰ ᠤᠳᠲᠠᠢ ᠬᠢᠯᠢ ᠠᠯᠤᠰᠯᠠᠭᠰᠠᠨ ᠴᠠᠬᠢᠯᠭᠠᠨ ᠲᠣᠣᠷ᠎ᠤᠨ ᠬᠣᠯᠪᠣᠭ᠎ᠠ᠎ᠶᠢ ᠥᠷᠭᠡᠨ᠎ᠢᠶᠡᠷ ᠥᠷᠨᠢᠭᠦᠯᠪᠡ; 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠠᠶ᠋ᠢᠭᠤᠯᠬᠤ ᠪᠣᠬᠢᠷᠲᠤᠯ ᠦᠭᠡᠢ ᠡᠨᠧᠷᠭᠢ᠎ᠶᠢᠨ ᠬᠠᠮᠲᠤᠷᠠᠯᠴᠠᠭ᠎ᠠ᠎ᠶᠢ ᠯᠠᠪᠳᠠᠭᠤᠨ᠎ᠢᠶᠠᠷ ᠠᠬᠢᠭᠤᠯᠵᠤ᠂ 100 ᠭᠠᠷᠤᠢ ᠤᠯᠤᠰ ᠪᠠ ᠭᠠᠵᠠᠷ ᠣᠷᠣᠨ᠎ᠲᠠᠢ ᠪᠣᠬᠢᠷᠲᠤᠯ ᠦᠭᠡᠢ ᠡᠨᠧᠷᠭᠢ᠎ᠶᠢᠨ ᠵᠦᠢᠯᠡᠰ᠎ᠦᠨ ᠬᠠᠮᠲᠤᠷᠠᠯᠴᠠᠭ᠎ᠠ᠎ᠶᠢ ᠥᠷᠨᠢᠭᠦᠯᠪᠡ᠃
ᠣᠳᠣᠬᠠᠨ᠎ᠳᠤ ᠪᠦᠬᠦ ᠪᠥᠮᠪᠥᠷᠴᠡᠭ᠎ᠦᠨ ᠡᠨᠧᠷᠭᠢ᠎ᠶᠢᠨ ᠪᠠᠢᠷᠢᠰᠢᠯ ᠭᠦᠨᠵᠡᠭᠡᠢ ᠬᠤᠪᠢᠷᠠᠵᠤ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠲᠦᠷᠭᠡᠨ ᠰᠢᠪᠲᠤᠯᠤᠯᠲᠠ᠎ᠲᠠᠢ ᠪᠣᠯᠵᠤ᠂ ᠮᠠᠨ᠎ᠤ ᠤᠯᠤᠰ᠎ᠤᠨ ᠡᠨᠧᠷᠭᠢ᠎ᠶᠢᠨ ᠬᠥᠭᠵᠢᠯᠲᠡ ᠳᠣᠲᠣᠭᠠᠳᠤ ᠭᠠᠳᠠᠭᠠᠳᠤ᠎ᠶᠢᠨ ᠭᠦᠨᠵᠡᠭᠡᠢ ᠨᠠᠷᠢᠨ ᠪᠤᠳᠤᠯᠢᠶᠠᠨᠲᠠᠢ ᠬᠤᠪᠢᠷᠠᠯᠲᠠ᠎ᠳᠤ ᠲᠤᠯᠭᠠᠷᠠᠵᠤ ᠪᠠᠢᠨ᠎ᠠ᠃ ᠡᠨᠧᠷᠭᠢ᠎ᠶᠢᠨ ᠬᠡᠯᠪᠡᠷᠢ᠎ᠶᠢᠨ ᠬᠤᠪᠢᠷᠠᠭᠤᠯᠤᠯᠲᠠ᠎ᠶᠢ ᠲᠦᠷᠭᠡᠳᠬᠡᠬᠦ ᠨᠢ ᠠᠯᠤᠰ ᠬᠡᠳᠦ᠎ᠳᠦ ᠬᠣᠯᠪᠣᠭᠳᠠᠵᠤ᠂ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃
《ᠠᠷᠪᠠᠨ ᠲᠠᠪᠤᠳᠤᠭᠠᠷ ᠲᠠᠪᠤᠨ ᠵᠢᠯ》᠎ᠳ᠋ᠤ᠌ ᠬᠠᠨᠳᠤᠨ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ ᠡᠨᠧᠷᠭᠢ᠎ᠶᠢᠨ ᠬᠦᠴᠦᠷᠬᠡᠭ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠠᠷᠠᠯᠲᠠᠳ᠋ᠤ ᠠᠩᠬᠠᠷᠤᠯ᠎ᠢᠶᠡᠨ ᠲᠦᠪᠯᠡᠷᠡᠬᠦᠯᠵᠤ᠂ ᠬᠤᠪᠢᠰᠤᠯᠲᠠ᠎ᠶᠢᠨ ᠴᠢᠳᠠᠪᠤᠷᠢ᠂ ᠰᠢᠨ᠎ᠡ᠎ᠶᠢ ᠡᠭᠦᠳᠬᠦ ᠬᠦᠴᠦᠨ᠎ᠢᠶᠡᠷ ᠡᠨᠧᠷᠭᠢ᠎ᠶᠢᠨ ᠠᠮᠤᠷ ᠲᠦᠪᠰᠢᠨ᠎ᠦ ᠰᠢᠨ᠎ᠡ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲᠧᠮ᠎ᠢ ᠲᠦᠷᠭᠡᠪᠴᠢᠯᠡᠨ ᠪᠠᠢᠭᠤᠯᠪᠠ᠃ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠳᠦ᠂ ᠠᠮᠤᠷ ᠲᠦᠪᠰᠢᠨ ᠥᠨᠳᠥᠷ ᠪᠦᠲᠦᠮᠵᠢᠲᠡᠢ ᠡᠨᠧᠷᠭᠢ᠎ᠶᠢᠨ ᠬᠥᠭᠵᠢᠯᠲᠡ᠎ᠶᠢᠨ ᠰᠢᠨ᠎ᠡ ᠵᠢᠷᠤᠭ ᠲᠥᠰᠥᠪ ᠠᠯᠭᠤᠷ ᠠᠭᠠᠵᠢᠮ᠎ᠢᠶᠠᠷ ᠳᠡᠯᠭᠡᠭᠳᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠨᠡᠩ ᠪᠠᠲᠤ ᠴᠢᠩᠭ᠎ᠠ ᠬᠦᠴᠦᠲᠡᠢ ᠡᠨᠧᠷᠭᠢ᠎ᠶᠢᠨ ᠲᠤᠯᠭᠠᠭᠤᠷᠢᠯᠠᠯ ᠬᠠᠩᠭᠠᠵᠤ᠂ ᠨᠡᠩ ᠰᠦᠷ ᠳᠠᠯᠠᠢᠴᠠᠲᠠᠢ ᠤᠳᠠᠭᠠᠨ ᠳᠠᠭᠠᠭᠠᠮᠠᠭᠠᠢ ᠬᠥᠭᠵᠢᠯᠲᠡ᠎ᠶᠢᠨ ᠬᠥᠳᠡᠯᠭᠡᠬᠦ ᠡᠨᠧᠷᠭᠢ ᠨᠡᠮᠡᠷᠢᠯᠡᠪᠡ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ ᠡᠴᠡ)