ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠦᠨᠳᠦᠰᠦᠨ ᠵᠢᠷᠤᠮᠯᠠᠯ᠎ᠢ ᠴᠢᠩᠭᠠᠳᠬᠠᠬᠤ ᠬᠡᠷᠡᠭᠳᠡᠢ
2026-06-22 14:52:35
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠰᠢ ᠵᠢᠨ ᠫᠢᠩ ᠎ᠦᠨ ᠨᠠᠮ᠎ᠤᠨ ᠪᠠᠢᠭᠤᠯᠤᠯᠲᠠ ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ


ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠃ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠎ᠳᠦ ᠡᠷᠬᠡᠪᠰᠢ ᠨᠠᠮ᠎ᠢ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠨ ᠪᠠᠶ᠋ᠢᠭᠤᠯᠬᠤ ᠬᠡᠷᠡᠭᠲᠡᠢ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶ᠎ᠠ ᠶᠠᠮᠠᠷ ᠶᠠᠩᠵᠤ᠎ᠶᠢᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠢ ᠪᠠᠶ᠋ᠢᠭᠤᠯᠬᠤ᠂ ᠬᠡᠷᠬᠢᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠢ ᠪᠠᠶ᠋ᠢᠭᠤᠯᠬᠤ ᠴᠢᠬᠤᠯᠠ ᠶᠡᠬᠡ ᠴᠠᠭ ᠦᠶ᠎ᠡ᠎ᠶᠢᠨ ᠰᠡᠳᠦᠪ᠎ᠤᠨ ᠲᠤᠭᠤᠷᠢᠨ ᠳ᠋ᠤ ᠠᠯᠢ ᠤᠯᠠᠨ ᠰᠢᠨ᠎ᠡ ᠣᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠢᠯᠳᠤᠬᠤ ᠪᠣᠳᠣᠯᠭ᠎ᠠ᠎ᠶᠢ ᠳᠤᠷᠠᠳᠤᠨ ᠭᠠᠷᠭᠠᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠷᠢᠯᠳᠦᠬᠦᠯᠵᠤ᠂ ᠮᠠᠷᠺᠰ᠎ᠤᠨ ᠦᠵᠡᠯ᠎ᠦᠨ ᠨᠠᠮ᠎ᠤᠨ ᠪᠠᠢᠭᠤᠯᠤᠯᠲᠠ᠎ᠶᠢᠨ ᠰᠤᠷᠭᠠᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠢᠳᠠᠯ᠎ᠢ ᠡᠬᠦᠳᠦᠨ ᠨᠡᠭᠡᠭᠡᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠨᠠᠮ᠎ᠤᠨ ᠪᠠᠢᠭᠤᠯᠤᠯᠲᠠ᠎ᠶᠢᠨ ᠬᠠᠭᠤᠳᠠᠰᠤ᠎ᠶᠢ ᠪᠦᠷᠢᠯᠳᠦᠭᠦᠯᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ᠎ᠳᠤ ᠦᠨᠳᠦᠰᠦᠨ ᠵᠢᠷᠤᠮᠯᠠᠯ ᠬᠠᠩᠭᠠᠭᠰᠠᠨ ᠪᠠᠢᠨ᠎ᠠ᠃

ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠰᠢᠳᠠ᠎ᠶᠢᠨ ᠬᠡᠰᠡᠭ ᠬᠤᠭᠤᠴᠠᠭᠠᠨ᠎ᠤ ᠪᠦᠬᠦ ᠨᠠᠮ᠎ᠤᠨ ᠴᠢᠬᠤᠯᠠ ᠤᠯᠤᠰ ᠲᠦᠷᠦ᠎ᠶᠢᠨ ᠡᠭᠦᠷᠭᠡ ᠪᠣᠯᠣᠨ᠎ᠠ᠃ ᠮᠠᠷᠺᠰ᠎ᠤᠨ ᠦᠵᠡᠯ᠎ᠦᠨ ᠨᠠᠮ᠎ᠤᠨ ᠪᠠᠢᠭᠤᠯᠤᠯᠲᠠ᠎ᠶᠢᠨ ᠰᠤᠷᠭᠠᠯ᠎ᠤᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ᠎ᠤᠨ ᠰᠢᠨ᠎ᠡ ᠦᠷ᠎ᠡ ᠪᠦᠲᠦᠭᠡᠯ ᠪᠣᠯᠤᠭᠰᠠᠨ᠎ᠤ ᠬᠤᠪᠢ᠎ᠳᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠳᠤ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ᠋ ᠮᠥᠨ ᠭᠡᠵᠦ ᠲᠣᠳᠣᠷᠬᠠᠢ ᠳᠤᠷᠠᠳᠴᠠᠢ᠂ ᠨᠠᠮ᠎ᠤᠨ ᠲᠥᠪ ᠬᠤᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠬᠤ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ ᠵᠢ ᠪᠠᠷᠢᠮᠲᠠᠯᠠᠬᠤ᠂ ᠨᠠᠮ᠎ᠤᠨ ᠤᠯᠤᠰ ᠲᠥᠷᠥ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠬᠤ᠎ᠶᠢ ᠪᠠᠷᠢᠮᠲᠠᠯᠠᠬᠤ᠂ ᠨᠠᠮ᠎ᠤᠨ ᠰᠢᠨ᠎ᠡ ᠡᠭᠦᠳᠦᠯᠳᠡ᠎ᠶᠢᠨ ᠣᠨᠣᠯ᠎ᠢᠶᠠᠷ ᠰᠡᠳᠬᠢᠯ᠎ᠢᠶᠡᠨ ᠨᠢᠭᠡᠳᠬᠡᠨ ᠰᠦᠭ ᠰᠦᠨᠡᠰᠦ ᠪᠠᠨ ᠱᠤᠭᠤᠬᠤ᠎ᠶᠢ ᠪᠠᠷᠢᠮᠲᠠᠯᠠᠬᠤ᠂ ᠨᠠᠮᠴᠢ ᠴᠢᠨᠠᠷ᠎ᠢᠶᠡᠨ ᠳᠠᠪᠲᠠᠨ ᠪᠣᠯᠪᠠᠰᠤᠷᠠᠭᠤᠯᠬᠤ᠎ᠶᠢ ᠪᠠᠷᠢᠮᠲᠠᠯᠠᠬᠤ᠂ ᠳᠡᠭᠡᠳᠤ ᠳᠣᠣᠷᠠᠳᠤ ᠱᠠᠲᠤ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠬᠦᠴᠦᠲᠡᠢ ᠵᠣᠬᠢᠶᠠᠨ ᠪᠠᠢᠭᠤᠯᠤᠯᠲᠠ᠎ᠶᠢᠨ ᠰᠢᠰᠲᠧᠮ᠎ᠢ ᠪᠦᠷᠢᠨᠰᠢᠭᠦᠯᠬᠦ᠎ᠶᠢ ᠪᠠᠷᠢᠮᠲᠠᠯᠠᠬᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠦᠨᠳᠦ ᠡᠭᠦᠷᠭᠡ᠎ᠶᠢ ᠡᠭᠦᠷᠭᠡᠯᠡᠵᠦ ᠳᠡᠶ᠋ᠢᠯᠬᠦ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ᠎ᠶᠢ ᠪᠠᠶ᠋ᠢᠭᠤᠯᠬᠤ᠎ᠶᠢ ᠪᠠᠷᠢᠮᠲᠠᠯᠠᠬᠤ᠂ ᠰᠤᠷᠲᠠᠯ᠎ᠤᠨ ᠪᠠᠢᠭᠤᠯᠤᠯᠲᠠ᠎ᠶᠢ ᠪᠠᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠶ ᠪᠠᠢᠯᠭᠠᠬᠤ᠎ᠶᠢ ᠪᠠᠷᠢᠮᠲᠠᠯᠠᠬᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ᠎ᠪᠠᠷ ᠪᠦᠬᠦ ᠨᠠᠮ᠎ᠢ ᠬᠠᠮᠢᠶᠠᠷᠴᠤ ᠪᠦᠬᠦ ᠨᠠᠮ᠎ᠢ ᠵᠠᠰᠠᠬᠤ᠎ᠶᠢ ᠪᠠᠷᠢᠮᠲᠠᠯᠠᠬᠤ᠂ ᠢᠯᠵᠢᠷᠡᠬᠦ᠎ᠡᠴᠡ ᠵᠢᠷᠦᠬᠡᠰᠢᠶᠡᠬᠦ ᠢᠯᠵᠢᠷᠠᠵᠤ ᠪᠤᠯᠬᠤ ᠦᠭᠡᠢ ᠢᠯᠵᠢᠷᠡᠬᠦ᠎ᠶᠢ ᠪᠤᠳᠤᠬᠤ ᠦᠭᠡᠢ ᠪᠠᠢᠬᠤ ᠵᠢ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠠᠷᠢᠮᠲᠠᠯᠠᠬᠤ᠂ ᠳᠦᠷᠢᠮ᠎ᠢᠶᠡᠷ ᠨᠠᠮ᠎ᠢ ᠵᠠᠰᠠᠬᠤ᠂ ᠲᠣᠭᠲᠠᠭᠠᠯ ᠶᠣᠰᠣᠭᠠᠷ ᠨᠠᠮ᠎ᠢ ᠵᠠᠰᠠᠬᠤ ᠵᠢ ᠪᠠᠷᠢᠮᠲᠠᠯᠠᠬᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠶᠢ ᠪᠠᠷᠢᠮᠲᠠᠯᠠᠬᠤ ᠪᠤᠯ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠣᠨᠣᠯ᠎ᠤᠨ ᠬᠥᠭᠵᠢᠯᠲᠡ ᠪᠠ ᠦᠢᠯᠡᠳᠦᠯᠭᠡ᠎ᠶᠢᠨ ᠲᠤᠷᠰᠢᠯᠭ᠎ᠠ᠎ᠶᠢᠨ ᠰᠢᠨᠵᠢᠯᠡᠬᠦ ᠤᠬᠠᠭᠠᠨᠴᠢ ᠳ᠋ᠦᠩᠨᠡᠯᠲᠡ ᠪᠠᠢᠵᠤ᠂ ᠥᠷᠭᠡᠨ ᠳᠡᠯᠭᠡᠷ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ᠋᠂ ᠦᠵᠡᠯ ᠰᠠᠨᠠᠭ᠎ᠠ ᠭᠦᠨ᠂ ᠰᠢᠰᠲᠧᠮ ᠨᠢᠭ᠍ᠲᠠ ᠴᠢᠩᠭ᠎ᠠ᠃

ᠡᠨᠡ 《ᠠᠷᠪᠠᠨ ᠳᠦᠷᠪᠡ ᠵᠢ ᠪᠠᠷᠢᠮᠲᠠᠯᠠᠬᠤ》 ᠪᠣᠯ ᠶᠡᠷᠦᠩᠬᠡᠢ ᠱᠦᠵᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠲᠤᠬᠠᠢ ᠪᠡᠯᠭᠡ ᠲᠡᠮᠳᠡᠭ᠎ᠦᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠰᠢᠨ᠎ᠡ ᠣᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠢᠯᠳᠤᠬᠤ ᠪᠣᠳᠣᠯᠭ᠎ᠠ᠎ᠶᠢᠨ ᠲᠥᠪᠯᠡᠷᠡᠩᠭᠦᠢ ᠬᠤᠷᠢᠶᠠᠩᠭᠤᠢᠯᠠᠯ ᠪᠠᠢᠵᠤ᠂ ᠨᠠᠮ᠎ᠤᠨ ᠪᠠᠢᠭᠤᠯᠤᠯᠲᠠ᠎ᠶᠢᠨ ᠬᠠᠮᠤᠭ᠎ᠤᠨ ᠳᠡᠭᠡᠳᠦ ᠵᠠᠷᠴᠢᠮ᠂ ᠪᠠᠢᠯᠳᠤᠬᠤ ᠪᠣᠳᠣᠯᠭ᠎ᠠ᠎ᠶᠢᠨ ᠴᠢᠭᠯᠡᠯᠲᠡ᠂ ᠦᠷᠳᠡᠭ᠎ᠦᠨ ᠬᠥᠭᠡᠭᠡᠴᠡᠯᠳᠦᠯ᠂ ᠠᠵᠢᠯ᠎ᠤᠨ ᠪᠠᠢᠷᠢᠰᠢᠭᠤᠯᠤᠯᠲᠠ᠂ ᠠᠷᠭ᠎ᠠ ᠵᠠᠮ᠎ᠢ ᠭᠦᠨᠵᠡᠭᠡᠢ ᠲᠣᠳᠣᠷᠬᠠᠢᠯᠠᠨ ᠥᠭᠦᠯᠡᠵᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ᠂ ᠨᠠᠮ᠎ᠢᠶᠡᠨ ᠮᠠᠨᠳᠤᠭᠤᠯᠵᠤ ᠨᠠᠮ᠎ᠢᠶᠡᠨ ᠬᠦᠴᠦᠷᠬᠡᠭᠵᠢᠭᠦᠯᠬᠦ ᠪᠣᠯᠣᠨ ᠬᠦᠴᠦᠷᠬᠡᠭ ᠤᠯᠤᠰ᠎ᠤᠨ ᠰᠡᠷᠭᠦᠨ ᠮᠠᠨᠳᠤᠯᠲᠠ᠎ᠶᠢᠨ ᠳᠣᠲᠣᠭᠠᠳᠤ ᠬᠠᠷᠢᠴᠠᠭ᠎ᠠ᠎ᠶᠢ ᠭᠦᠨᠵᠡᠭᠡᠢ ᠡᠵᠡᠮᠳᠡᠵᠦ᠂ ᠨᠠᠮ᠎ᠤᠨ ᠤᠳᠤᠷᠢᠳᠤᠯᠭ᠎ᠠ ᠪᠣᠯᠣᠨ ᠨᠠᠮ᠎ᠤᠨ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠂ ᠲᠠᠨᠢᠯᠲᠠ᠎ᠶᠢᠨ ᠤᠨᠤᠯ ᠪᠣᠯᠣᠨ ᠠᠷᠭ᠎ᠠ᠎ᠶᠢᠨ ᠤᠨᠤᠯ᠂ ᠬᠣᠶᠠᠷᠯᠠᠬᠤ ᠦᠵᠡᠯ ᠪᠣᠯᠣᠨ ᠭᠣᠣᠯᠳᠠᠯᠭᠠᠳᠤ ᠤᠨᠤᠯ᠎ᠤᠨ ᠣᠷᠭᠠᠨᠢᠭ᠋ ᠨᠢᠭᠡᠳᠦᠯ᠎ᠢ ᠪᠠᠷᠢᠮᠲᠠᠯᠠᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠶᠤᠰᠤ ᠵᠦᠢ ᠢᠯᠠ ᠲᠣᠳᠣᠷᠬᠠᠢ ᠪᠥᠭᠡᠳ ᠪᠤᠳᠠᠳᠤ ᠦᠢᠯᠡᠳᠦᠯᠬᠡ ᠵᠢᠨ ᠬᠡᠷᠡᠭᠴᠡᠭᠡ᠎ᠲᠠᠢ᠂ ᠶᠤᠰᠤ ᠵᠦᠢ ᠪᠤᠳᠠᠳᠤ ᠦᠢᠯᠡᠳᠦᠯᠬᠡ ᠨᠡᠪᠲᠡᠷᠡᠯᠴᠡᠵᠦ᠂ ᠮᠠᠷᠺᠰ᠎ᠤᠨ ᠦᠵᠡᠯ᠎ᠦᠨ ᠨᠠᠮ᠎ᠤᠨ ᠪᠠᠢᠭᠤᠯᠤᠯᠳᠠ᠎ᠶᠢᠨ ᠰᠤᠷᠭᠠᠯ᠎ᠢ ᠬᠥᠭᠵᠢᠭᠦᠯᠬᠦ᠎ᠳᠦ ᠴᠢᠬᠤᠯᠠ ᠶᠡᠬᠡ ᠠᠩᠬᠠᠨ᠎ᠤ ᠡᠭᠦᠳᠦᠯᠲᠡ᠎ᠶᠢᠨ ᠴᠢᠨᠠᠷᠲᠠᠢ ᠬᠤᠪᠢ ᠨᠡᠮᠡᠷᠢ ᠦᠵᠡᠭᠦᠯᠵᠦ᠂ ᠮᠠᠨ᠎ᠤ ᠨᠠᠮ᠎ᠤᠨ ᠮᠠᠷᠺᠰ᠎ᠤᠨ ᠦᠵᠡᠯ᠎ᠦᠨ ᠲᠦᠷᠦ ᠪᠠᠷᠢᠭ᠍ᠴᠢ ᠨᠠᠮ᠎ᠤᠨ ᠪᠠᠢᠭᠤᠯᠤᠯᠲᠠ᠎ᠶᠢᠨ ᠵᠢᠮ᠎ᠡ ᠶᠣᠰᠣᠨ᠎ᠤ ᠲᠤᠬᠠᠢ ᠲᠠᠨᠢᠯᠲᠠ ᠰᠢᠨ᠎ᠡ ᠥᠨᠳᠥᠷᠴᠡ ᠳ᠋ᠤ᠌ ᠬᠦᠷᠦᠭᠰᠡᠨ᠎ᠢ ᠬᠠᠷᠠᠭᠤᠯᠵᠤ ᠪᠠᠢᠨ᠎ᠠ᠃

ᠰᠢᠨ᠎ᠡ ᠴᠠᠭ ᠦᠶ᠎ᠡ ᠰᠢᠨ᠎ᠡ ᠠᠶᠠᠨ᠎ᠳᠤ ᠬᠡᠷᠬᠢᠨ ᠨᠠᠮ᠎ᠢᠶᠠᠨ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠨ ᠪᠠᠶ᠋ᠢᠭᠤᠯᠬᠤ ᠪᠤᠢ?ᠬᠡᠷᠬᠢᠨ ᠨᠠᠮ᠎ᠤᠨ ᠢᠮᠠᠭᠲᠠ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠳᠠᠯ ᠬᠤᠪᠢᠷᠠᠬᠤ ᠦᠭᠡᠢ ᠪᠠᠢᠬᠤ᠎ᠶᠢ ᠪᠠᠲᠤᠯᠠᠵᠤ᠂ ᠤᠷᠪᠠᠭᠠᠨ ᠬᠥᠷᠪᠡᠭᠡᠨ ᠲᠠᠢ ᠤᠷᠴᠢᠨ ᠳᠤᠮᠳᠠ ᠪᠦᠬᠦ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠦᠨ ᠲᠥᠯᠥᠭᠡ ᠬᠠᠮᠲᠤ᠎ᠪᠠᠷ ᠲᠡᠮᠡᠴᠡᠬᠦ ᠲᠡᠦᠬᠡᠨ ᠰᠠᠨᠠᠭᠠᠴᠢᠯᠠᠭᠠᠲᠤ ᠡᠷᠬᠡ᠎ᠶᠢ ᠲᠡᠮᠡᠴᠡᠨ ᠣᠯᠬᠤ ᠪᠤᠢ? ᠬᠠᠮᠤᠭ᠎ᠤᠨ ᠦᠨᠳᠦᠰᠦᠨ ᠵᠦᠢᠯ ᠪᠣᠯ ᠳᠠᠷᠤᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠣᠨᠴᠠᠭᠠᠢᠯᠠᠨ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠤᠨᠤᠯ᠎ᠢᠶᠠᠷ ᠵᠡᠪᠰᠡᠭᠯᠡᠬᠦ᠎ᠡᠴᠡ ᠤᠨᠤᠯ᠎ᠤᠨ ᠵᠡᠪᠰᠡᠭ ᠪᠣᠯᠭᠠᠨ ᠤᠨᠳᠤᠤᠰᠢᠭᠤᠯᠬᠤ᠎ᠶᠢ ᠪᠡᠶᠡᠯᠡᠭᠦᠯᠬᠦ ᠶᠠᠪᠤᠳᠠᠯ ᠪᠣᠯᠣᠨ᠎ᠠ᠃

ᠤᠯᠤᠰ᠎ᠢ ᠵᠠᠰᠠᠬᠤ᠎ᠳᠤ ᠡᠷᠬᠡᠪᠰᠢ ᠤᠷᠢᠳ᠎ᠢᠶᠡᠷ ᠨᠠᠮ᠎ᠢ ᠵᠠᠰᠠᠬᠤ ᠬᠡᠷᠡᠭᠲᠡᠢ᠂ ᠨᠠᠮ ᠮᠠᠨᠳᠤᠪᠠᠯ ᠰᠠᠶᠢ ᠤᠯᠤᠰ ᠬᠦᠴᠦᠷᠬᠡᠭᠵᠢᠵᠦ ᠴᠢᠳᠠᠨ᠎ᠠ᠃ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ ᠨᠠᠮ᠎ᠢᠶᠡᠨ ᠬᠦᠴᠦᠷᠬᠡᠭᠵᠢᠭᠦᠯᠵᠦ ᠤᠯᠤᠰ᠎ᠢᠶᠠᠨ ᠬᠦᠴᠦᠷᠬᠡᠭᠵᠢᠭᠦᠯᠬᠦ᠎ᠳᠦ ᠴᠢᠬᠤᠯᠠ ᠶᠡᠬᠡ ᠪᠣᠳᠠᠲᠤ ᠠᠴᠢ ᠬᠣᠯᠪᠣᠭᠳᠠᠯ ᠪᠠ ᠠᠯᠤᠰ ᠬᠡᠳᠦ᠎ᠶᠢᠨ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠨᠠᠮ᠎ᠤᠨ ᠪᠠᠢᠭᠤᠯᠤᠯᠲᠠ᠎ᠶᠢ ᠨᠢᠭᠡᠨ ᠠᠭᠤᠤ ᠶᠡᠬᠡ ᠢᠨᠵᠧᠨᠧᠷᠢᠩ ᠪᠣᠯᠭᠠᠨ ᠠᠬᠢᠭᠤᠯᠬᠤ ᠮᠥᠷᠲᠡᠭᠡᠨ ᠨᠠᠮ ᠡᠴᠡ ᠨᠠᠮ᠎ᠢ ᠬᠠᠮᠢᠶᠠᠷᠬᠤ᠂ ᠨᠠᠮ᠎ᠢ ᠴᠢᠩᠭ᠎ᠠ ᠵᠠᠰᠠᠬᠤ ᠵᠠᠷᠴᠢᠮ ᠪᠠ ᠴᠢᠭᠯᠡᠯᠲᠡ᠎ᠶᠢ ᠢᠮᠠᠭᠲᠠ ᠪᠠᠷᠢᠮᠲᠠᠯᠠᠬᠤ ᠪᠣᠯ ᠨᠠᠮ᠎ᠢ ᠪᠠᠢᠭᠤᠯᠵᠤ ᠤᠯᠤᠰ᠎ᠢ ᠪᠠᠶ᠋ᠢᠭᠤᠯᠬᠤ᠂ ᠨᠠᠮ᠎ᠢᠶᠡᠨ ᠮᠠᠨᠳᠤᠭᠤᠯᠵᠤ ᠤᠯᠤᠰ᠎ᠢᠶᠠᠨ ᠬᠦᠴᠦᠷᠬᠡᠭᠵᠢᠭᠦᠯᠬᠦ᠎ᠶᠢᠨ ᠨᠢᠭᠡᠨ ᠴᠢᠬᠤᠯᠠ ᠡᠷᠳᠡᠨᠢ ᠮᠥᠨ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ 《ᠳᠦᠷᠪᠡᠨ ᠪᠦᠬᠦ ᠲᠠᠯ᠎ᠠ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠳᠤ ᠣᠷᠣᠭᠤᠯᠵᠤ᠂ ᠬᠢᠲᠤᠭᠠᠨ ᠢᠷ᠎ᠢ ᠳᠣᠲᠣᠭ᠍ᠰᠢ ᠬᠠᠨᠳᠤᠭᠤᠯᠵᠤ᠂ ᠶᠠᠰᠤ᠎ᠶᠢ ᠬᠤᠰᠤᠨ ᠬᠣᠣᠷ᠎ᠢ ᠠᠷᠢᠯᠭᠠᠵᠤ᠂ ᠰᠢᠷᠦᠬᠦᠨ ᠡᠮ᠎ᠢᠶᠡᠷ ᠡᠪᠡᠳᠴᠢᠨ᠎ᠢ ᠠᠷᠢᠯᠭᠠᠵᠤ᠂ ᠴᠢᠩᠭ᠎ᠠ ᠳᠦᠷᠢᠮ᠎ᠢᠶᠡᠷ ᠰᠠᠮᠠᠭᠤᠷᠠᠯ᠎ᠢ ᠵᠠᠰᠠᠵᠤ᠂ ᠲᠥᠪ᠎ᠦᠨ ᠨᠠᠢ᠍ᠮᠠᠨ ᠲᠣᠭᠲᠠᠭᠠᠯ᠎ᠢ ᠲᠣᠭᠲᠠᠭᠠᠨ ᠬᠡᠷᠡᠭᠵᠢᠭᠦᠯᠬᠦ᠎ᠡᠴᠡ ᠡᠬᠢᠯᠡᠨ ᠠᠰᠠᠭᠤᠳᠠᠯ᠎ᠢ ᠰᠢᠢᠳᠪᠦᠷᠢᠯᠡᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠶᠡᠷᠦᠩᠬᠡᠢ ᠱᠠᠭᠠᠷᠳᠠᠯᠭ᠎ᠠ᠎ᠶᠢ ᠳᠤᠷᠠᠳᠤᠨ ᠨᠠᠢᠳᠠᠪᠤᠷᠢᠵᠢᠭᠤᠯᠵᠤ᠂ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠪᠠᠷ ᠨᠠᠮ᠎ᠤᠨ ᠪᠠᠢᠭᠤᠯᠤᠯᠲᠠ᠎ᠶᠢᠨ ᠡᠯ᠎ᠡ ᠵᠦᠢᠯ᠎ᠦᠨ ᠠᠵᠢᠯ᠎ᠢ ᠶᠡᠷᠦᠩᠬᠡᠢᠯᠡᠨ ᠵᠢᠯᠣᠭᠣᠳᠤᠭᠤᠯᠵᠤ᠂ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲᠧᠮ᠎ᠢ ᠪᠠᠢᠭᠤᠯᠪᠠ᠃ ᠰᠢᠨ᠎ᠡ ᠴᠠᠭ ᠦᠶ᠎ᠡ᠎ᠶᠢᠨ ᠨᠠᠮ᠎ᠤᠨ ᠪᠠᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠵᠤ᠂ ᠨᠠᠮ᠎ᠤᠨ ᠤᠳᠤᠷᠢᠳᠤᠯᠭ᠎ᠠ᠎ᠶᠢ ᠨᠠᠢᠳᠠᠪᠤᠷᠢᠵᠢᠭᠤᠯᠬᠤ ᠲᠠᠯ᠎ᠠ᠎ᠪᠠᠷ ᠰᠤᠯᠠᠷᠠᠵᠤ ᠪᠠᠢᠭ᠎ᠠ᠂ ᠳᠤᠷᠤᠢ ᠪᠠᠭᠤᠷᠠᠢ ᠪᠤᠯᠵᠤ ᠪᠠᠢᠭ᠎ᠠ᠂ ᠵᠠᠬ᠎ᠠ ᠬᠦᠪᠡᠭᠡᠳᠡᠵᠦ ᠪᠠᠢᠭ᠎ᠠ ᠪᠠ ᠨᠠᠮ᠎ᠢ ᠬᠠᠮᠢᠶᠠᠷᠴᠤ ᠨᠠᠮ᠎ᠢ ᠵᠠᠰᠠᠬᠤ ᠲᠠᠯ᠎ᠠ᠎ᠪᠠᠷ ᠰᠤᠯᠠ ᠵᠥᠭᠡᠯᠡᠨ ᠪᠠᠢᠬᠤ ᠪᠠᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠨᠠᠮ᠎ᠤᠨ ᠤᠯᠤᠰ ᠲᠦᠷᠦ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠢᠭᠡᠮ᠎ᠦᠨ ᠤᠷᠢᠶᠠᠯᠠᠬᠤ ᠬᠦᠴᠦᠨ᠎ᠢ ᠢᠯᠡᠳᠲᠡ ᠴᠢᠩᠭᠠᠷᠠᠭᠤᠯᠵᠤ᠂ ᠨᠠᠮ᠎ᠢ ᠬᠤᠪᠢᠰᠬᠠᠯᠲᠤ ᠴᠢᠨᠠᠷᠲᠠᠢ ᠳᠠᠪᠲᠠᠯᠳᠠ ᠳᠤᠮᠳᠠ ᠨᠡᠩ ᠪᠠᠲᠤ ᠴᠢᠩᠭ᠎ᠠ ᠬᠦᠴᠦᠨ᠎ᠲᠠᠢ ᠪᠣᠯᠭᠠᠵᠤ᠂ ᠨᠠᠮ᠎ᠤᠨ ᠢᠮᠠᠭᠲᠠ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠪᠠᠲᠤᠯᠠᠵᠤ᠂ ᠢᠮᠠᠭᠲᠠ ᠰᠠᠯᠬᠢ ᠪᠣᠷᠣᠭᠠᠨ᠎ᠤ ᠡᠮᠦᠨ᠎ᠡ ᠪᠦᠬᠦ ᠠᠷᠠᠳ ᠲᠦᠮᠡᠨ᠎ᠦ ᠬᠠᠮᠤᠭ᠎ᠤᠨ ᠨᠠᠢᠳᠠᠪᠤᠷᠢᠲᠠᠢ ᠲᠦᠰᠢᠭ ᠲᠤᠯᠭᠠᠭᠤᠷᠢ ᠪᠣᠯᠬᠤ᠎ᠶᠢ ᠪᠠᠲᠤᠯᠠᠪᠠ᠃

ᠰᠢᠨ᠎ᠡ ᠴᠠᠭ ᠦᠶ᠎ᠡ᠎ᠶᠢᠨ ᠨᠠᠮ ᠪᠣᠯᠣᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠬᠣᠷᠢᠭ᠍ᠯᠠᠭᠳᠠᠰᠢ ᠦᠭᠡᠢ ᠪᠣᠯᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢᠨ ᠰᠢᠨ᠎ᠡ ᠠᠶᠠᠨ ᠰᠠᠢᠨ ᠰᠠᠢᠬᠠᠨ ᠡᠬᠢᠯᠡᠯᠲᠡ᠎ᠲᠠᠢ ᠪᠣᠯᠵᠤ ᠴᠢᠳᠠᠭᠰᠠᠨ᠎ᠤ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ ᠵᠠᠯᠠᠭᠤᠷ᠎ᠢ ᠡᠵᠡᠮᠳᠡᠨ ᠠᠶᠠᠯᠠᠯ᠎ᠢ ᠵᠢᠯᠤᠭᠣᠳᠴᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠃ ᠰᠢᠨ᠎ᠡ ᠴᠠᠭ ᠦᠶ᠎ᠡ᠎ᠶᠢᠨ ᠡᠳᠡᠭᠡᠷ ᠵᠢᠯ᠎ᠦᠳ᠎ᠲᠦ ᠪᠢᠳᠡᠨ ᠤ᠋ ᠶᠠᠪᠤᠵᠤ ᠢᠷᠡᠭᠰᠡᠨ ᠶᠡᠷᠦ ᠪᠤᠰᠤ᠎ᠶᠢᠨ᠂ ᠡᠭᠡᠯ ᠵᠢᠷ᠎ᠤᠨ ᠪᠤᠰᠤ ᠥᠩᠭᠡᠷᠡᠯᠲᠡ ᠵᠢ ᠡᠷᠭᠢᠴᠡᠭᠦᠯᠬᠦᠶ᠎ᠡ᠂ ᠨᠠᠮ ᠪᠠ ᠤᠯᠤᠰ᠎ᠲᠤ ᠲᠤᠯᠭᠠᠷᠠᠭᠰᠠᠨ ᠪᠠᠢᠳᠠᠯ᠎ᠤᠨ ᠨᠠᠷᠢᠨ ᠪᠤᠳᠤᠯᠢᠶᠠᠨᠲᠠᠢ᠂ ᠲᠡᠮᠡᠴᠡᠯ᠎ᠤᠨ ᠬᠦᠨᠳᠦ ᠨᠣᠴᠢᠲᠠᠢ᠂ ᠥᠭᠡᠷᠡᠴᠢᠯᠡᠯᠲᠡ ᠬᠢᠵᠦ ᠬᠥᠭᠵᠢᠭᠦᠯᠬᠦ ᠲᠣᠭᠲᠠᠭᠤᠨ ᠪᠠᠢᠯᠭᠠᠬᠤ᠎ᠶᠢᠨ ᠡᠭᠦᠷᠭᠡ᠎ᠶᠢᠨ ᠪᠡᠷᠬᠡ ᠬᠠᠲᠠᠭᠤᠵᠢᠯᠲᠠᠢ ᠬᠡᠮᠵᠢᠶ᠎ᠡ ᠨᠢ ᠳᠡᠯᠡᠬᠡᠢ᠎ᠳᠦ ᠬᠣᠪᠣᠷ ᠪᠠᠢᠵᠤ᠂ ᠲᠡᠦᠬᠡᠨ᠎ᠳᠦ ᠬᠣᠪᠣᠷᠬᠠᠨ ᠲᠣᠬᠢᠶᠠᠯᠳᠤᠬᠤ ᠶᠤᠮ᠂ ᠰᠢ ᠵᠢᠨ ᠫᠢᠩ ᠨᠥᠬᠥᠷ᠎ᠤᠨ ᠨᠠᠮ᠎ᠤᠨ ᠲᠥᠪ ᠬᠤᠷᠢᠶ᠎ᠠ᠎ᠶᠢᠨ ᠭᠣᠣᠯᠯᠠᠭ᠍ᠴᠢ᠂ ᠪᠦᠬᠦ ᠨᠠᠮ᠎ᠤᠨ ᠭᠣᠣᠯᠯᠠᠭ᠍ᠴᠢ᠎ᠶᠢᠨ ᠪᠠᠢᠷᠢ ᠰᠠᠭᠤᠷᠢ ᠵᠢ ᠳᠤᠭᠳᠠᠭᠠᠭᠰᠠᠨ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠤᠭᠣᠳᠬᠤ ᠪᠠᠢᠷᠢ ᠰᠠᠭᠤᠷᠢ᠎ᠶᠢ ᠲᠤᠭᠳᠠᠭᠠᠭᠰᠠᠨ ᠡᠴᠡ᠂ ᠨᠠᠮ ᠰᠠᠶᠢ ᠨᠠᠮ᠎ᠤᠨ ᠤᠷᠲᠤ ᠬᠤᠭᠤᠴᠠᠭ᠎ᠠ᠎ᠪᠠᠷ ᠲᠥᠷᠥ ᠪᠠᠷᠢᠬᠤ᠂ ᠤᠯᠤᠰ ᠣᠷᠣᠨ ᠥᠨᠢ ᠤᠳᠠᠭᠠᠨ ᠠᠮᠤᠷ ᠲᠦᠪᠰᠢᠨ᠂ ᠠᠷᠠᠳ ᠲᠦᠮᠡᠨ᠎ᠦ ᠵᠣᠯ ᠵᠢᠷᠭᠠᠯ ᠠᠮᠤᠷ ᠠᠮᠤᠭᠤᠯᠠᠩ ᠪᠠᠢᠬᠤ ᠵᠢ ᠨᠥᠯᠥᠭᠡᠯᠡᠬᠦ ᠲᠣᠪᠣᠢᠮ᠎ᠠ ᠵᠥᠷᠢᠴᠡᠯ ᠪᠠ ᠠᠰᠠᠭᠤᠳᠠᠯ᠎ᠢ ᠬᠦᠴᠦᠳᠡᠢ ᠰᠢᠢᠳᠪᠦᠷᠢᠯᠡᠵᠦ᠂ ᠨᠠᠮ᠂ ᠤᠯᠤᠰ ᠭᠡᠷ᠂ ᠴᠡᠷᠢᠭ ᠠᠩᠭᠢ᠎ᠶᠢᠨ ᠳᠣᠲᠣᠭᠠᠳᠤ᠎ᠳᠤ ᠣᠷᠣᠰᠢᠵᠤ ᠪᠠᠢᠬᠰᠠᠨ ᠬᠦᠨᠳᠦ ᠨᠣᠴᠢᠲᠠᠢ  ᠭᠡᠮ ᠰᠤᠭᠤᠭ᠎ᠢ ᠤᠰᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠶᠠᠪᠤᠳᠠᠯ ᠬᠤᠷᠢᠭᠯᠠᠭᠳᠠᠰᠢ ᠦᠭᠡᠢ ᠲᠡᠦᠬᠡᠨ ᠤᠷᠤᠰᠬᠠᠯ᠎ᠳᠤ ᠣᠷᠣᠬᠤ᠎ᠶᠢ ᠦᠨᠳᠦᠰᠦᠨ᠎ᠡᠴᠡ ᠨᠢ ᠦᠨᠡᠨ ᠬᠦ᠌ ᠪᠠᠲᠤᠯᠠᠪᠠ᠃

ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ 105 ᠵᠢᠯ᠎ᠦᠨ ᠲᠡᠮᠡᠴᠡᠯ᠎ᠦᠨ ᠶᠠᠪᠤᠴᠠ᠎ᠶᠢ ᠥᠩᠭᠡᠷᠡᠭᠡᠭᠰᠡᠨ᠂ ᠳᠤᠮᠳᠠᠳᠤ᠎ᠶᠢᠨ ᠦᠨᠳᠦᠰᠦᠲᠡᠨ᠎ᠦ ᠮᠢᠩᠭᠠᠨ ᠣᠨ᠎ᠤ ᠠᠤᠭ᠎ᠠ ᠦᠢᠯᠡᠰ᠎ᠢ ᠪᠦᠲᠦᠭᠡᠬᠦ᠎ᠪᠡᠷ ᠵᠣᠷᠢᠭ᠋ ᠰᠢᠭᠤᠳᠤᠭᠰᠠᠨ᠂ ᠬᠥᠮᠥᠨ ᠲᠥᠷᠥᠯᠬᠢᠲᠡᠨ᠎ᠦ ᠡᠩᠬᠡ ᠲᠠᠢᠪᠤᠩ ᠪᠣᠯᠣᠨ ᠬᠥᠭᠵᠢᠯᠲᠡ᠎ᠶᠢᠨ ᠡᠷᠬᠢᠮ ᠳᠡᠭᠡᠳᠦ ᠦᠢᠯᠡᠰ᠎ᠦᠨ ᠲᠥᠯᠥᠭᠡ ᠬᠦᠴᠦᠯᠡᠨ ᠴᠢᠷᠮᠠᠢᠭᠰᠠᠨ ᠮᠠᠷᠺᠰ᠎ᠤᠨ ᠦᠵᠡᠯ᠎ᠦᠨ ᠲᠦᠷᠦ᠎ᠶᠢᠨ ᠨᠠᠮ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠵᠤ᠂ ᠠᠷᠠᠳ ᠲᠦᠮᠡᠨ᠎ᠦ ᠴᠢᠩ ᠰᠡᠳᠬᠢᠯ᠎ᠦᠨ ᠬᠦᠷᠢᠶᠡᠯᠡᠯ᠎ᠢ ᠣᠯᠵᠤ᠂ ᠠᠮᠢᠵᠢᠷᠠᠯ᠎ᠤᠨ ᠬᠦᠴᠦᠨ᠎ᠢᠶᠡᠨ ᠡᠭᠦᠷᠢᠳᠡ ᠪᠠᠲᠤᠯᠠᠭᠰᠠᠭᠠᠷ ᠢᠷᠡᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠰᠠᠯᠲᠠ᠎ᠪᠠᠷ ᠳᠤᠮᠳᠠᠳᠤ ᠤᠯᠤᠰ᠎ᠤᠨ ᠵᠠᠰᠠᠯᠲᠠ ᠵᠢᠨ ᠪᠠᠢᠳᠠᠯ᠎ᠢ᠋ ᠡᠭᠦᠳᠴᠦ᠂ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠰᠠᠷᠠᠭᠤᠯ ᠳᠠᠷᠳᠠᠩ ᠵᠠᠮ᠎ᠢᠶᠡᠷ ᠢᠳᠡᠷᠡᠬᠦᠨ ᠠᠯᠬᠤᠮ᠎ᠢᠶᠠᠷ ᠤᠷᠤᠭᠰᠢᠯᠠᠵᠤ᠂ ᠳᠤᠮᠳᠠᠳᠤ ᠤᠯᠤᠰ᠎ᠤᠨ ᠭᠠᠢᠬᠠᠮᠰᠢᠭ᠋᠎ᠤᠨ ᠰᠢᠨ᠎ᠡ ᠬᠠᠭᠤᠳᠠᠰᠤ᠎ᠶᠢ ᠲᠠᠰᠤᠷᠠᠯᠳᠠ ᠦᠭᠡᠢ ᠪᠢᠴᠢᠭᠯᠡᠨ᠎ᠡ᠃

ᠲᠤᠭ ᠲᠡᠮᠳᠡᠭ ᠴᠠᠭ ᠦᠶ᠎ᠡ᠎ᠶᠢ ᠳᠠᠭᠠᠭᠤᠯᠵᠤ᠂ ᠦᠵᠡᠯ ᠰᠠᠨᠠᠭ᠎ᠠ ᠢᠷᠡᠭᠡᠳᠦᠢ᠎ᠶᠢ ᠵᠢᠯᠣᠭᠣᠳᠤᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠡᠯ᠎ᠡ ᠵᠦᠢᠯ᠎ᠦᠨ ᠠᠵᠢᠯ᠎ᠢ ᠰᠠᠢᠲᠤᠷ ᠠᠳᠬᠤᠵᠤ᠂ ᠨᠠᠮ᠎ᠤᠨ ᠪᠠᠢᠭᠤᠯᠤᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠲᠦ ᠪᠠᠲᠤ ᠴᠢᠩᠭ᠎ᠠ ᠪᠠᠲᠤᠯᠠᠭ᠎ᠠ ᠬᠠᠩᠭᠠᠰᠤᠭᠠᠢ᠃

(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 6 ᠰᠠᠷ᠎ᠠ᠎ᠶᠢᠨ 16 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号