ᠪᠤᠭᠤᠲᠤ ᠬᠣᠲᠠ ᠵᠢᠯ ᠪᠦᠷᠢ᠎ᠶᠢᠨ 8 ᠰᠠᠷ᠎ᠠ᠎ᠶᠢᠨ 23 ᠎ᠪ ᠡᠳᠦᠷ ᠎ᠢ ᠠᠵᠤ ᠠᠬᠤᠢᠯᠠᠯᠲᠠᠨ ᠎ᠤ ᠡᠳᠦᠷ ᠵᠢᠡᠷ ᠲᠤᠬᠳᠠᠭᠠᠪᠠ
2026-06-22 10:04:43
ᠵᠣᠬᠢᠶᠠᠭ᠍ᠴᠢ᠄
ᠸ•ᠬᠡᠷᠡᠯᠳᠤ
ᠣᠩᠱᠢᠭ᠍ᠰᠠᠨ ᠣᠳᠠᠭ᠎ᠠ᠄
★★★☆☆

 ᠰᠤᠷᠪᠤᠯᠵᠢᠯᠠᠭᠴᠢ 6 ᠰᠠᠷ᠎ᠠ᠎ᠶᠢᠨ 17  ᠎ᠤ  ᠡᠳᠦᠷ ᠬᠤᠷᠠᠯᠳᠤᠭᠰᠠᠨ ᠪᠤᠭᠤᠲᠤ ᠬᠤᠳᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ᠎ᠢᠶᠠᠷ᠂ ᠪᠤᠭᠤᠲᠤ ᠬᠤᠳᠠ᠎ᠶᠢᠨ ᠠᠷᠪᠠᠨ ᠵᠢᠷᠭᠤᠳᠤᠭᠠᠷ ᠬᠤᠭᠤᠴᠠᠭᠠᠨ ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ ᠎ᠶᠢᠨ ᠬᠣᠷᠢᠶᠠᠨ᠎ᠤ 39 ᠳ᠋ᠤᠭᠡᠷ ᠬᠤᠷᠠᠯ᠎ᠠᠴᠠ 《〈ᠪᠤᠭᠤᠲᠤ᠎ᠶᠢᠨ ᠠᠵᠤ ᠠᠬᠤᠢᠯᠠᠯᠲᠠᠨ ᠎ᠤ ᠡᠳᠦᠷ 〉 ᠎ᠢ᠋ ᠲᠣᠭᠲᠠᠭᠠᠬᠤ ᠲᠤᠬᠠᠢ ᠲᠣᠭᠲᠠᠭᠠᠯ ( ᠲᠥᠰᠦᠯ ) 》 ᠎ᠢ᠋ ᠪᠦᠷᠢᠨ ᠪᠢᠯᠧᠲ᠎ᠢᠶᠡᠷ ᠪᠠᠲᠤᠯᠠᠵᠤ᠂ 2026 ᠣᠨ᠎ᠠᠴᠠ ᠡᠬᠢᠯᠡᠨ᠂ ᠵᠢᠯ ᠪᠦᠷᠢ᠎ᠶᠢᠨ 8 ᠰᠠᠷ᠎ᠠ᠎ᠶᠢᠨ 23 ᠎ᠤ  ᠡᠳᠦᠷ ᠎ᠢ 《ᠪᠤᠭᠤᠲᠤ᠎ᠶᠢᠨ ᠠᠵᠤ ᠠᠬᠤᠢᠯᠠᠯᠲᠠᠨ᠎ᠤ ᠡᠳᠦᠷ 》 ᠪᠣᠯᠭᠠᠪᠠ᠃ ᠡᠨᠡ ᠨᠢ ᠮᠥᠨ ᠴᠤ᠌ ᠪᠦᠬᠦ ᠣᠷᠣᠨ ᠎ᠤ ᠠᠩᠬᠠᠳᠠᠭᠴᠢ ᠬᠠᠤᠯᠢ ᠪᠡᠷ ᠲᠣᠭᠲᠠᠭᠠᠭᠰᠠᠨ ᠠᠵᠤ ᠠᠬᠤᠢᠯᠠᠯᠲᠠᠨ᠎ᠤ ᠡᠳᠦᠷ ᠪᠣᠯᠤᠨ᠎ᠠ᠃

《 ᠲᠣᠭᠲᠠᠭᠠᠯ 》 ᠎ᠳ᠋ᠤ ᠪᠥᠬᠥ ᠬᠣᠲᠠ᠎ᠪᠠᠷ᠎ᠢᠶᠠᠨ ᠠᠵᠤ ᠠᠬᠤᠢᠯᠠᠯᠲᠠᠨ᠎ᠤ ᠡᠳᠦᠷ ᠎ᠤᠨ ᠠᠭᠤᠯᠤᠭᠳᠠᠬᠤᠨ ᠎ᠢ ᠡᠯᠪᠡᠭᠵᠢᠭᠦᠯᠦᠨ ᠪᠠᠶᠠᠯᠢᠭᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠎ᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠵᠠᠰᠠᠭ ᠎ᠤᠨ ᠣᠷᠳᠣᠨ ᠪᠠ ᠬᠤᠳᠠᠯᠳᠤᠭᠠᠴᠢᠨ᠎ᠤ ᠬᠣᠭᠣᠷᠣᠨᠳᠣᠬᠢ ᠳᠣᠲᠣᠨᠣ ᠴᠢᠬᠡᠴᠢ ᠬᠠᠷᠢᠴᠠᠭ᠎ᠠ᠎ᠶᠢ ᠪᠣᠢᠵᠢᠭᠤᠯᠵᠤ᠂ ᠪᠥᠬᠥ ᠰᠡᠳᠬᠢᠯ ᠪᠥᠬᠥ ᠵᠣᠷᠢᠭ᠎ᠢᠶᠠᠷ᠎ᠢᠶᠠᠨ ᠠᠵᠤ ᠠᠬᠤᠢᠯᠠᠯ᠎ᠤᠨ ᠬᠥᠭᠵᠢᠯᠲᠡ᠎ᠳᠦ ᠦᠢᠯᠡᠴᠢᠯᠡᠬᠦ ᠬᠡᠷᠡᠭᠲᠡᠶ ᠭᠡᠵᠦ ᠱᠠᠭᠠᠷᠳᠠᠪᠠ᠃

ᠣᠢᠷ᠎ᠠ᠎ᠶᠢᠨ ᠵᠢᠯ᠎ᠦᠨ ᠲᠤᠷᠰᠢ᠂ ᠪᠤᠭᠤᠲᠤ ᠬᠣᠲᠠ ᠠᠵᠤ ᠠᠬᠤᠢᠯᠠᠯ᠎ᠤᠨ ᠬᠥᠭᠵᠢᠯᠲᠡ ᠬᠢᠭᠡᠳ ᠠᠵᠤ ᠠᠬᠤᠢᠯᠠᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ ᠂ 《 ᠰᠡᠳᠬᠢᠯ ᠬᠠᠨᠤᠮᠵᠢᠲᠠᠶ ᠪᠠᠢᠬᠤ᠎ᠶᠢ ᠪᠠᠲᠤᠯᠠᠬᠤ᠂ ᠰᠠᠨᠠᠭ᠎ᠠ ᠠᠮᠤᠷ ᠪᠠᠢᠬᠤ᠎ᠶᠢ ᠪᠠᠲᠤᠯᠠᠬᠤ》 ᠪᠡᠷ ᠠᠭᠤᠯᠭ᠎ᠠ ᠪᠤᠯᠭᠠᠬᠰᠠᠨ《 ᠬᠣᠶᠠᠷ᠎ᠢ ᠪᠠᠳᠤᠯᠠᠬᠤ 》 ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠎ᠢ᠋ ᠪᠠᠢᠭᠤᠯᠤᠨ ᠲᠡᠭᠦᠯᠳᠡᠷᠵᠢᠬᠦᠯᠵᠦ ᠪᠠᠢᠨ᠎ᠠ᠃ ᠵᠢᠯ᠎ᠦᠨ ᠡᠬᠢᠨ᠎ᠳᠦ ᠳᠠᠷᠤᠮᠠᠯᠯᠠᠨ ᠲᠠᠷᠬᠠᠭᠠᠭᠰᠠᠨ 《ᠪᠤᠭᠤᠲᠤ ᠬᠣᠲᠠ᠎ᠶᠢᠨ 2026 ᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠎ᠢ ᠰᠢᠯᠢᠳᠡᠭᠵᠢᠭᠦᠯᠬᠦ ᠬᠡᠷᠡᠭᠵᠢᠭᠦᠯᠬᠦ ᠲᠥᠰᠦᠯ 》 ᠎ᠳ᠋ᠤ ᠂ 《 ᠪᠤᠭᠤᠲᠤ᠎ᠶᠢᠨ ᠠᠵᠤ ᠠᠬᠤᠶ᠋ᠢᠯᠠᠯᠲᠠᠨ᠎ᠤ ᠡᠳᠦᠷ 》 ᠎ᠢ᠋ ᠲᠤᠭᠳᠠᠭᠠᠬᠤ ᠎ᠪᠠᠷ ᠲᠣᠳᠣᠷᠬᠠᠶ ᠳᠤᠷᠠᠳᠴᠤ ᠂ ᠲᠤᠰᠬᠠᠢ ᠪᠠᠶᠠᠷ᠎ᠤᠨ ᠡᠳᠦᠷ ᠎ᠤᠨ ᠬᠡᠯᠪᠡᠷᠢ ᠪᠡᠷ ᠠᠵᠤ ᠠᠬᠤᠢᠯᠠᠯᠲᠠᠨ᠎ᠳᠤ ᠬᠠᠢᠷ᠎ᠠ ᠬᠦᠨᠳᠦᠳᠬᠡᠯ ᠲᠡᠪᠰᠢᠭᠦᠯᠦᠨ᠂ ᠲᠡᠳᠡᠨᠤᠰ ᠎ᠤᠨ ᠦᠨᠡᠨᠴᠢ ᠵᠢᠳᠬᠦᠯ ᠎ᠳᠤ ᠬᠦᠨ ᠲᠠᠯᠠᠷᠬᠠᠯ ᠳᠡᠪᠰᠢᠭᠦᠯᠵᠦ᠂  ᠠᠵᠤ ᠠᠬᠤᠢᠯᠠᠯᠲᠠᠨ᠎ᠢ ᠦᠨᠡᠨᠬᠦ ᠬᠣᠲᠠ᠎ᠶᠢᠨ ᠬᠥᠭᠵᠢᠯᠲᠡ᠎ᠶᠢᠨ 《 ᠭᠤᠤᠯ ᠪᠠᠭᠠᠲᠤᠷ 》 ᠪᠣᠯᠭᠠᠬᠤ᠎ᠶᠢ ᠵᠤᠷᠢᠬᠰᠠᠨ ᠶᠤᠮ᠃

ᠬᠠᠮᠢᠶ᠎ᠠ ᠪᠦᠬᠦᠢ ᠲᠣᠭ᠎ᠠ ᠪᠠᠷᠢᠮᠲᠠ᠎ᠳ᠋ᠤ ᠪᠤᠭᠤᠲᠤ ᠬᠤᠳᠠ ᠵᠢᠨ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠎ᠶᠢᠨ ᠬᠤᠳᠠ ᠵᠢᠨ ᠬᠦᠭᠵᠢᠯᠳᠡ ᠳ᠋ᠡᠬᠢ ᠰᠠᠭᠤᠷᠢ ᠴᠢᠯᠠᠭᠤ᠎ᠶᠢᠨ ᠦᠢᠯᠡᠳᠦᠯ᠎ᠢ ᠭᠦᠢᠴᠡᠳ ᠢᠯᠡᠷᠡᠭᠦᠯᠦᠭᠰᠡᠨ ᠪᠠᠢᠨ᠎ᠠ᠃ ᠲᠤᠰ ᠬᠣᠲᠠ᠎ᠶᠢᠨ ᠠᠷᠠᠳ᠎ᠤᠨ ᠡᠵᠡᠩᠨᠡᠯᠲᠡ᠎ᠶᠢᠨ ᠵᠠᠬ᠎ᠠ ᠳᠡᠯᠭᠡᠭᠦᠷ᠎ᠦᠨ ᠭᠤᠤᠯ ᠴᠣᠭᠴᠠ 27 ᠲᠦᠮᠡᠨ ᠡᠷᠦᠬᠡ᠎ᠶᠢ ᠳᠠᠪᠠᠵᠤ ᠂ ᠡᠵᠡᠩᠨᠡᠯᠲᠡ᠎ᠶᠢᠨ ᠭᠤᠤᠯ ᠴᠣᠭᠴᠠ᠎ᠶᠢᠨ 96% ᠎ᠡᠴᠠ ᠳᠡᠭᠡᠭᠰᠢᠬᠢ᠎ᠶᠢ ᠡᠵᠡᠯᠡᠵᠦ᠂ ᠵᠢᠷᠭᠤᠭᠠᠨ ᠬᠤᠪᠢ᠎ᠠᠴᠠ ᠳᠡᠭᠡᠭᠰᠢᠬᠢ GDPᠵᠢᠨ ᠬᠤᠪᠢ ᠨᠡᠮᠡᠷᠢ ᠦᠵᠡᠭᠦᠯᠵᠦ᠂ ᠨᠢᠭᠡᠳᠦᠭᠡᠷ ᠤᠯᠠᠷᠢᠯ᠎ᠳᠤ ᠠᠷᠠᠳ᠎ᠤᠨ ᠡᠵᠡᠩᠨᠡᠯᠲᠡ᠎ᠶᠢᠨ ᠠᠵᠤ ᠠᠬᠤᠶ᠎ᠶᠢᠨ ᠨᠡᠮᠡᠭᠳᠡᠯ ᠥᠷᠲᠡᠭ 7.8% ᠎ᠪᠠᠷ ᠨᠡᠮᠡᠭᠳᠡᠭᠰᠡᠨ ᠪᠠᠢᠨ᠎ᠠ᠃ ᠪᠤᠭᠤᠲᠤ ᠬᠣᠲᠠ ᠤᠮᠠᠷᠠᠲᠤ ᠣᠷᠣᠨ᠎ᠤ ᠴᠣᠷ᠎ᠤᠨ ᠭᠠᠭᠴᠠ 《ᠠᠵᠤ ᠠᠬᠤᠢᠯᠠᠯᠲᠠᠨ᠎ᠤ ᠵᠢᠷᠭᠠᠯᠳᠤ ᠲᠥᠷᠥᠭᠳᠡᠯ᠎ᠦᠨ ᠣᠨ᠎ᠤ ᠬᠦᠨᠳᠦᠳᠬᠡᠯ ᠳᠡᠪᠰᠢᠭᠦᠯᠬᠦ ᠬᠣᠲᠠ 》 ᠎ᠪᠠᠷ ᠦᠨᠡᠯᠡᠭᠳᠡᠪᠡ᠃

ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ ᠣᠳᠣᠬᠠᠨ᠎ᠳᠤ ᠪᠦᠬᠦ ᠤᠯᠤᠰ᠎ᠤᠨ 50 ᠭᠠᠷᠤᠶ ᠬᠣᠲᠠ ᠠᠵᠤ ᠠᠬᠤᠢᠯᠠᠯᠲᠠᠨ᠎ᠤ ᠡᠳᠦᠷ ᠭᠠᠷᠭᠠᠭᠰᠠᠨ ᠪᠠᠢᠨ᠎ᠠ᠃ ᠪᠤᠭᠤᠲᠤ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠶᠠᠩᠵᠸᠦ᠂ ᠱᠧᠨᠵᠧᠨ᠂ ᠵᠸᠩᠵᠸᠦ ᠵᠡᠷᠭᠡ ᠬᠣᠲᠠ᠎ᠶᠢᠨ ᠲᠡᠷᠢᠭᠦᠨ᠎ᠦ ᠲᠤᠷᠰᠢᠯᠭ᠎ᠠ᠎ᠶᠢ ᠬᠦᠢᠴᠡᠳ ᠰᠤᠷᠤᠯᠴᠠᠨ ᠲᠣᠯᠢ ᠪᠣᠯᠭᠠᠭᠰᠠᠨ᠎ᠦ ᠰᠠᠭᠤᠷᠢᠨ ᠳᠡᠭᠡᠷ᠎ᠡ᠂ ᠲᠣᠰ ᠬᠣᠲᠠ᠎ᠶᠢᠨ᠎ᠢᠶᠠᠨ ᠠᠵᠢᠯ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠪᠤᠭᠤᠲᠤ᠎ᠶᠢᠨ ᠠᠵᠤ ᠠᠬᠤᠢᠯᠠᠯᠲᠠᠨ ᠎ᠤ ᠡᠳᠦᠷ ᠭᠠᠷᠭᠠᠬᠤ ᠲᠣᠭᠲᠠᠭᠠᠯ᠎ᠢ ᠬᠠᠤᠯᠢ ᠶᠣᠰᠣᠭᠠᠷ ᠪᠠᠳᠤᠯᠠᠵᠦ᠂ ᠬᠤᠳᠠᠯᠳᠤᠭ᠎ᠠ ᠎ᠶᠢ ᠬᠦᠨᠳᠦᠳᠬᠡᠵᠦ ᠠᠵᠤ ᠠᠬᠤᠢᠯᠠᠯ᠎ᠢ ᠴᠢᠬᠤᠯᠠᠴᠢᠯᠠᠬᠤ᠂ ᠬᠤᠳᠠᠯᠳᠤᠭ᠎ᠠ᠎ᠶᠢ ᠳᠣᠲᠣᠨᠣᠴᠢᠯᠠᠵᠤ ᠬᠤᠳᠠᠯᠳᠤᠭ᠎ᠠ᠎ᠶᠢ ᠠᠮᠤᠷᠵᠢᠭᠤᠯᠬᠤ ᠣᠢᠯᠠᠭᠠᠭᠳᠠᠬᠤᠨ ᠪᠠ ᠦᠢᠯᠡᠳᠦᠯᠭᠡ᠎ᠶᠢ ᠬᠠᠤᠯᠢ ᠲᠦᠷᠢᠮ᠎ᠦᠨ ᠬᠡᠯᠪᠡᠷᠢ᠎ᠪᠡᠷ ᠲᠣᠭᠲᠠᠪᠤᠷᠢᠵᠢᠭᠤᠯᠤᠨ ᠪᠠᠳᠤᠯᠠᠵᠦ᠂ ᠪᠣᠳᠠᠲᠤ ᠴᠣᠭᠴᠠ᠎ᠶᠢᠨ ᠠᠵᠤ ᠠᠬᠤᠶ᠎ᠶᠢᠨ ᠬᠥᠭᠵᠢᠯᠲᠡ ᠪᠠ ᠠᠵᠤ ᠠᠬᠤᠢᠯᠠᠯᠲᠠᠨ᠎ᠤ ᠦᠰᠤᠯᠳᠠ ᠪᠣᠢᠵᠢᠯᠲᠠ᠎ᠳᠤ ᠪᠠᠲᠤᠯᠠᠭ᠎ᠠ ᠬᠠᠩᠭᠠᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号