ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠤᠢᠯᠠᠭᠠᠭᠰᠠᠨ ᠶ᠋ᠢᠡᠷ᠂ ᠤᠢᠷᠠᠳᠦ ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠱᠠᠩᠬᠠᠶ ᠳ᠋ᠤ ᠰᠠᠭᠤᠭ᠎ᠠ ᠬᠡᠷᠡᠭ ᠡᠷᠬᠢᠯᠡᠬᠦ᠌ ᠭᠠᠵᠠᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠬᠠᠮᠲᠤᠷᠠᠨ ᠡᠷᠭᠢᠯᠡᠭ᠌ᠰᠡᠨ ᠦᠪᠦᠷ ᠮᠤᠡᠭᠭᠤᠯ ᠤ᠋ᠨ ᠪᠤᠬᠢᠷᠳᠤᠯ ᠦᠭᠡᠢ ᠰᠢᠯᠢᠳᠡᠭ ᠪᠦᠲᠦᠭᠡᠭᠳᠡᠭᠦᠨ ᠢ᠋ ᠬᠥᠬᠡᠮᠥ᠋ᠷᠡᠨ ᠤ᠋ ᠭᠤᠷᠪᠠᠯᠵᠢᠨ ᠬᠣᠢᠭ ᠲᠦ᠍ ᠤᠬᠠᠭᠤᠯᠤᠨ ᠳᠡᠯᠭᠡᠷᠡᠬᠦᠯᠬᠦ ᠰᠢᠷᠢᠰ ᠠᠵᠢᠯᠯᠠᠭ᠎ᠠ ᠱᠠᠡᠭᠬᠠᠢ ᠳ᠋ᠦ ᠡᠬᠢᠯᠡᠪᠡ᠃
ᠲᠣᠰ ᠤᠳᠠᠭ᠎ᠠ ᠵᠢᠨ ᠠᠵᠢᠯᠯᠠᠭ᠎ᠠ ᠳ᠋ᠤ ᠦᠬᠡᠷ ᠬᠣᠨᠢᠨ ᠮᠢᠬᠠᠨ ᠤ᠋ ᠪᠦᠲᠦᠭᠡᠭ᠌ᠳᠡᠬᠦᠨ᠂ ᠤᠨᠴᠠᠯᠢᠭ᠍ᠲᠦ ᠡᠯᠳᠡᠪ ᠠᠮᠤ᠂ ᠴᠠᠭᠠᠨ ᠢᠳᠡᠭᠡᠨ᠂ ᠢᠮᠠᠭᠠᠨ ᠨᠤᠤᠯᠤᠭᠤᠷ ᠤ᠋ᠨ ᠪᠦᠳᠦᠬᠡᠭᠳᠡᠬᠦᠨ ᠵᠡᠷᠭᠡ 100 ᠭᠠᠷᠤᠶ ᠵᠦᠶ᠋ᠯ ᠤ᠋ᠨ ᠲᠠᠯ᠎ᠠ ᠨᠤᠲᠤᠭ ᠤ᠋ᠨ ᠱᠢᠯᠢᠳᠡᠭ ᠪᠦᠲᠦᠭᠡᠭ᠌ᠳᠡᠬᠦᠨ ᠢ᠋ ᠳᠡᠯᠭᠡᠨ ᠪᠤᠷᠤᠯᠠᠭᠤᠯᠵᠤ᠂ ᠱᠠᠡᠭᠬᠠᠢ ᠶ᠋ᠢᠨ ᠬᠡᠷᠡᠭ᠌ᠯᠡᠭ᠌ᠴᠢᠳ ᠲᠦ᠍ ᠥᠪᠥᠷ ᠮᠣᠩᠭᠣᠯ ᠤ᠋ᠨ ᠪᠦᠲᠦᠭᠡᠭᠳᠡᠭᠦᠨ ᠤ᠋ ᠪᠠᠢᠭᠠᠯᠢᠯᠢᠭ ᠶᠠᠰᠤ ᠴᠢᠨᠠᠷ᠂ ᠥᠪᠡᠷᠮᠢᠴᠡ ᠦᠨᠦᠷ ᠠᠮᠲᠠ ᠶ᠋ᠢ ᠲᠠᠨᠢᠭᠤᠯᠪᠠ᠃ ᠲᠤᠰ ᠤᠳᠠᠭ᠎ᠠ ᠵᠢᠨ ᠰᠢᠷᠢᠰ ᠠᠵᠢᠯᠯᠠᠭ᠎ᠠ ᠨᠢ 3 ᠦᠷᠲᠡᠭᠡ ᠬᠤᠯᠪᠤᠭᠠᠯᠠᠨ ᠬᠦᠳᠡᠯᠦᠯᠴᠡᠬᠦ ᠵᠠᠭᠪᠤᠷ ᠢ᠋ ᠠᠰᠢᠭᠯᠠᠨ᠂ ᠮᠠᠨ ᠤ᠋ ᠤᠷᠤᠨ ᠤ᠋ ᠤᠨᠴᠠᠯᠢᠭᠲᠦ ᠰᠤᠶᠤᠯ ᠵᠢᠭᠤᠯᠴᠢᠯᠠᠯ᠂ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠲᠦᠪᠯᠡᠷᠡᠭᠦᠯᠦᠨ ᠤᠬᠠᠭᠤᠯᠤᠨ ᠪᠤᠷᠤᠯᠠᠭᠤᠯᠬᠤ᠂ ᠲᠤᠬᠠᠢ ᠶ᠋ᠢᠨ ᠲᠠᠯᠠᠪᠠᠢ ᠳ᠋ᠦ ᠠᠮᠳᠠᠯᠠᠭᠤᠯᠬᠤ᠂ ᠠᠷᠠᠳ ᠲᠦ᠍ ᠠᠰᠢᠭ ᠬᠦᠷᠳᠡᠭᠡᠬᠦ ᠵᠡᠷᠭᠡ ᠠᠷᠭ᠎ᠠ ᠬᠡᠯᠪᠡᠷᠢ ᠪᠡᠷ ᠰᠢᠤᠳᠠᠨ ᠤ᠋ ᠰᠢᠰᠲᠸᠮ᠂ ᠡᠮᠨᠡᠯᠭᠡ ᠶ᠋ᠢᠨ ᠬᠤᠷᠢᠶ᠎ᠠ᠂ ᠬᠤᠳᠠᠯᠳᠤᠭᠠᠨ ᠤ᠋ ᠲᠤᠭᠤᠷᠢᠭ ᠵᠡᠷᠭᠡ ᠤᠯᠠᠨ ᠵᠦᠢᠯ ᠤ᠋ᠨ ᠠᠬᠤᠢ ᠲᠠᠯᠠᠪᠠᠢ ᠳ᠋ᠦ ᠤᠬᠠᠭᠤᠯᠤᠨ ᠲᠠᠨᠢᠯᠴᠠᠭᠤᠯᠬᠤ ᠪᠤᠯᠤᠨ᠎ᠠ᠃
ᠠᠵᠢᠯᠯᠠᠭ᠎ᠠ ᠳ᠋ᠤ ᠨᠡᠢᠲᠡ ᠶ᠋ᠢᠨ ᠠᠰᠠᠷᠠᠮᠵᠢ ᠶ᠋ᠢᠨ ᠬᠠᠨᠳᠢᠪᠯᠠᠯ ᠵᠢᠴᠢ ᠪᠠᠢᠯᠳᠤᠬᠤ ᠪᠤᠳᠤᠯᠭ᠎ᠠ ᠶ᠋ᠢᠨ ᠭᠡᠷ᠎ᠡ ᠲᠤᠭᠲᠠᠬᠤ ᠶᠤᠰᠤᠯᠠᠯ ᠢ᠋ ᠢᠵᠢᠯ ᠠᠯᠬᠤᠮ ᠶ᠋ᠢᠡᠷ ᠶᠠᠪᠤᠭᠳᠠᠭᠤᠯᠪᠠ᠃ ᠱᠠᠡᠭᠬᠠᠢ ᠳ᠋ᠡᠬᠢ ᠤᠷᠳᠤᠰ ᠤ᠋ᠨ ᠬᠤᠳᠠᠯᠳᠤᠭᠠᠴᠢᠳ ᠤ᠋ᠨ ᠡᠪᠯᠡᠯ ᠲᠤᠰ ᠤᠳᠠᠭ᠎ᠠ ᠶ᠋ᠢᠨ ᠠᠵᠢᠯᠯᠠᠭ᠎ᠠ ᠳ᠋ᠦ ᠤᠷᠤᠯᠴᠠᠭᠰᠠᠨ ᠠᠵᠤ ᠠᠬᠤᠢᠯᠠᠯ ᠢ᠋ ᠲᠦᠯᠦᠭᠡᠯᠡᠨ ᠱᠠᠡᠭᠬᠠᠢ ᠶ᠋ᠢᠨ ᠰᠢᠤᠳᠠᠨ ᠤ᠋ ᠺᠤᠮᠫᠠᠨᠢ ᠶ᠋ᠢᠨ ᠡᠮᠦᠨ᠎ᠡ ᠹᠷᠤᠨᠲ ᠤ᠋ᠨ ᠲᠦᠷᠭᠡᠨ ᠬᠦᠷᠭᠡᠯᠲᠡ ᠶ᠋ᠢᠨ ᠠᠵᠢᠯᠴᠢᠳ ᠲᠦ᠍ ᠦᠪᠦᠷ ᠮᠤᠡᠭᠭᠤᠯ ᠤ᠋ᠨ ᠤᠨᠴᠠᠯᠢᠭᠲᠦ ᠪᠦᠲᠦᠭᠡᠭᠳᠡᠭᠦᠨ ᠢ᠋ ᠬᠠᠨᠳᠢᠪᠯᠠᠵᠠᠢ᠃ ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠱᠠᠩᠬᠠᠶ ᠳ᠋ᠤ ᠰᠠᠭᠤᠭ᠎ᠠ ᠬᠡᠷᠡᠭ ᠡᠷᠬᠢᠯᠡᠬᠦ᠌ ᠭᠠᠵᠠᠷ ᠤ᠋ᠨ ᠬᠢᠨ ᠳᠤᠮᠳᠠᠳᠤ ᠤᠯᠤᠰ ᠤ᠋ᠨ ᠰᠢᠤᠳᠠᠨ ᠤ᠋ ᠪᠦᠯᠦᠭᠯᠡᠯ ᠤ᠋ᠨ ᠬᠢᠵᠠᠭᠠᠷᠲᠤ ᠺᠤᠮᠫᠠᠨᠢ ᠶ᠋ᠢᠨ ᠱᠠᠡᠭᠬᠠᠢ ᠬᠤᠲᠠ ᠶ᠋ᠢᠨ ᠬᠤᠪᠢᠶᠠᠷᠢ ᠺᠤᠮᠫᠠᠨᠢ ᠯᠤᠭ᠎ᠠ ᠪᠠᠢᠯᠳᠤᠬᠤ ᠪᠤᠳᠤᠯᠭ᠎ᠠ ᠶ᠋ᠢᠨ ᠬᠠᠮᠲᠤᠷᠠᠯᠴᠠᠭᠠᠨ ᠤ᠋ ᠵᠦᠪᠯᠡᠯᠴᠡᠭᠡᠷ ᠲᠤᠭᠲᠠᠪᠠ᠃ ᠬᠤᠶᠠᠷ ᠲᠠᠯ᠎ᠠ ᠪᠡᠷ ᠶ᠋ᠢᠡᠨ ᠪᠠᠢᠡᠭᠭᠤᠵᠢᠭᠰᠠᠨ ᠬᠠᠮᠵᠢᠯᠴᠠᠭᠠᠨ ᠤ᠋ ᠲᠤᠭᠲᠠᠴᠠ ᠵᠢ ᠪᠠᠢᠭᠤᠯᠵᠤ᠂ ᠲᠤᠰ ᠲᠤᠰ ᠤ᠋ᠨ ᠡᠭᠦᠷᠭᠡ ᠴᠢᠳᠠᠪᠬᠢ᠂ ᠡᠬᠢ ᠪᠠᠶᠠᠯᠢᠭ ᠪᠤᠯᠤᠨ ᠠᠷᠭ᠎ᠠ ᠵᠠᠮ ᠤ᠋ᠨ ᠳᠠᠪᠠᠭᠤᠯᠢᠭ ᠲᠠᠭᠠᠨ ᠲᠦᠰᠢᠭᠯᠡᠨ ᠤᠷᠳᠤ ᠬᠤᠭᠤᠴᠠᠭᠠᠨ ᠤ᠋ ᠪᠦᠲᠦᠮᠵᠢᠲᠡᠢ ᠵᠤᠯᠭᠠᠯᠴᠠᠭᠠᠨ ᠤ᠋ ᠰᠢᠰᠲᠸᠮ ᠢ᠋ ᠬᠠᠮᠲᠤ ᠪᠡᠷ ᠪᠠᠢᠭᠤᠯᠵᠤ᠂ ᠦᠪᠤᠷ ᠮᠤᠩᠭᠤᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠬᠦᠬᠡᠮᠦ᠋ᠷᠡᠨ ᠤ᠋ ᠭᠤᠷᠪᠠᠯᠵᠢᠨ ᠬᠤᠢᠭ ᠤ᠋ᠨ ᠵᠠᠬ᠎ᠠ ᠳᠡᠯᠭᠡᠭᠦᠷ ᠲᠦ᠍ ᠤᠷᠤᠬᠤ ᠬᠠᠮᠵᠢᠯᠴᠠᠭᠠᠨ ᠤ᠋ ᠰᠠᠭᠤᠷᠢ ᠵᠢ ᠪᠡᠬᠢᠵᠢᠭᠦᠯᠪᠡ᠃