ᠥᠪᠥᠷ ᠮᠣᠩᠭᠣᠯ ᠤ᠋ᠨ ᠨᠡᠭᠡᠭᠡᠯᠲᠡ ᠵᠢᠨ ᠶᠡᠬᠡ ᠰᠤᠷᠭᠠᠭᠤᠯᠢ᠎ᠶᠢᠨ ᠨᠠᠰᠤᠲᠠᠢᠴᠤᠳ (ᠨᠡᠢᠭᠡᠮ ᠲᠣᠭᠣᠷᠢᠭ᠋ ) ᠤ᠋ᠨ ᠰᠤᠷᠭᠠᠨ ᠬᠥᠮᠦᠵᠢᠯ᠎ᠦᠨ ᠰᠠᠭᠤᠷᠢᠨ ᠠᠰᠢᠬᠯᠠᠯᠲᠠ᠎ᠳᠤ ᠤᠷᠤᠪᠠ
2026-06-22 10:02:17
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠨᠡᠭᠡᠭᠡᠯᠲᠡ ᠵᠢᠨ ᠶᠡᠬᠡ ᠰᠤᠷᠭᠠᠭᠤᠯᠢ᠎ᠶᠢᠨ ᠨᠠᠰᠤᠲᠠᠢᠴᠤᠳ(ᠨᠡᠢᠭᠡᠮ ᠲᠣᠭᠣᠷᠢᠭ᠋) ᠤ᠋ᠨ ᠰᠤᠷᠭᠠᠨ ᠬᠥᠮᠦᠵᠢᠯ᠎ᠦᠨ ᠰᠠᠭᠤᠷᠢᠨ ᠤᠢᠷ᠎ᠠ᠎ᠳᠤ ᠫᠠᠢᠰᠠ ᠰᠡᠬᠦᠨ ᠵᠢᠩᠬᠢᠨᠢ ᠪᠡᠷ ᠠᠰᠢᠬᠯᠠᠯᠲᠠ᠎ᠳᠤ ᠤᠷᠤᠪᠡ᠃ ᠡᠨᠡ ᠨᠢ ᠥᠪᠥᠷ ᠮᠣᠩᠭᠣᠯ ᠤ᠋ᠨ ᠨᠡᠭᠡᠭᠡᠯᠲᠡ ᠵᠢᠨ ᠶᠡᠬᠡ ᠰᠤᠷᠭᠠᠭᠤᠯᠢ᠎ᠵᠢᠨ ᠨᠠᠰᠤᠲᠠᠢᠴᠤᠳ᠎ᠤᠨ ᠰᠤᠷᠭᠠᠨ ᠬᠦᠮᠦᠵᠢᠯ ᠪᠠ ᠨᠡᠢᠭᠡᠮ ᠲᠤᠭᠤᠷᠢᠭ᠎ᠤᠨ ᠰᠤᠷᠭᠠᠨ ᠬᠦᠮᠦᠵᠢᠯ᠎ᠤᠨ ᠬᠦᠬᠵᠢᠯᠲᠡ᠎ᠵᠢᠨ ᠴᠢᠬᠤᠯᠠ ᠪᠡᠯᠭᠡ ᠳᠡᠮᠳᠡᠭ ᠪᠤᠯᠵᠦ᠂ ᠰᠤᠷᠭᠠᠭᠤᠯᠢ᠎ᠶᠢᠨ ᠪᠤᠭᠤᠷᠤᠯᠴᠤᠳ ᠎ᠤᠨ ᠰᠤᠷᠭᠠᠨ ᠬᠥᠮᠦᠵᠢᠯ ᠎ᠦᠨ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠰᠡᠬᠦᠭᠰᠡᠨ ᠪᠠᠢᠨ᠎ᠠ᠃

ᠤᠢᠯᠠᠭᠠᠬᠰᠠᠨ ᠵᠢᠡᠷ᠂ ᠲᠤᠰ ᠰᠠᠭᠤᠷᠢᠨ ᠎ᠤ 2026 ᠣᠨ ᠎ᠤ ᠬᠠᠪᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠤ ᠲᠤᠷᠰᠢᠨ ᠠᠵᠢᠯᠯᠠᠬᠤ ᠠᠵᠢᠯ ᠡᠮᠬᠢ ᠵᠢᠷᠤᠮ᠎ᠲᠠᠢ ᠲᠣᠭᠲᠠᠭᠤᠨ᠎ᠢᠶᠠᠷ ᠠᠬᠢᠵᠤ᠂ ᠨᠠᠰᠤᠲᠠᠢᠴᠤᠳ᠎ᠤᠨ ᠰᠤᠷᠤᠯᠴᠠᠬᠤ ᠬᠡᠷᠡᠭᠴᠡᠭᠡ ᠱᠠᠭᠠᠷᠳᠠᠯᠭ᠎ᠠ᠎ᠳᠦ ᠤᠨᠤᠴᠠᠲᠠᠢ ᠵᠤᠬᠢᠴᠠᠵᠦ᠂ ᠰᠣᠶᠣᠯ ᠤᠷᠠᠯᠢᠭ᠋᠂ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠷᠡᠭᠦᠯᠵᠢᠯ ᠰᠤᠪᠢᠯᠠᠯᠲᠠ ᠪᠡᠶ᠎ᠡ ᠴᠢᠭᠢᠷᠠᠭᠵᠢᠭᠤᠯᠬᠤ᠂ ᠠᠮᠢᠳᠤᠷᠠᠯ ᠎ᠤᠨ ᠤᠷ᠎ᠠ ᠴᠢᠳᠠᠪᠤᠷᠢ ᠵᠡᠷᠭᠡ ᠳᠥᠷᠪᠡᠨ ᠶᠡᠬᠡ ᠣᠨᠴᠠᠯᠢᠭ᠍ᠲᠤ ᠬᠢᠴᠢᠶᠡᠯ ᠎ᠦᠨ ᠰᠢᠰᠲᠧᠮ ᠨᠢ ᠨᠠᠰᠤᠲᠠᠢᠴᠤᠳ᠎ᠤᠨ ᠰᠣᠶᠣᠯ ᠮᠡᠳᠡᠯᠭᠡ ᠪᠠᠷ ᠪᠡᠶ᠎ᠡ᠎ᠪᠡᠨ ᠵᠠᠰᠠᠬᠤ᠂ ᠪᠡᠶ᠎ᠡ ᠮᠠᠬᠠᠪᠤᠳ᠎ᠢᠶᠠᠨ ᠴᠢᠭᠢᠷᠠᠭᠵᠢᠭᠤᠯᠬᠤ᠂ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ᠂ ᠨᠡᠢᠭᠡᠮ᠎ᠦᠨ ᠬᠠᠷᠢᠯᠴᠠᠭ᠎ᠠ ᠵᠢᠨ ᠣᠯᠠᠨ ᠡᠰᠢᠵᠢᠭᠰᠡᠨ ᠰᠤᠷᠤᠯᠴᠠᠯᠭ᠎ᠠ ᠎ᠶᠢᠨ ᠬᠦᠰᠡᠯ ᠱᠠᠭᠠᠷᠳᠠᠯᠭ᠎ᠠ᠎ᠶᠢ ᠪᠥᠬᠥ ᠲᠠᠯ᠎ᠠ ᠎ᠪᠠᠷ ᠬᠠᠩᠭᠠᠪᠠ᠃ ᠣᠷᠳᠣ᠌ ᠬᠤᠭᠤᠴᠠᠭᠠᠨ ᠎ᠤ ᠴᠢᠷᠮᠠᠢᠯᠭ᠎ᠠ ᠪᠠᠷ ᠳᠡᠮᠵᠢᠨ᠂ ᠲᠤᠰ ᠰᠤᠷᠭᠠᠭᠤᠯᠢ ᠨᠢ ᠨᠢᠭᠡᠨᠲᠡ ᠪᠥᠬᠥ ᠣᠷᠣᠨ᠎ᠤ ᠬᠣᠲᠠ ᠬᠥᠳᠡᠭᠡ᠎ᠶᠢ ᠬᠠᠮᠤᠷᠤᠭᠰᠠᠨ᠂ ᠡᠬᠢ ᠪᠠᠶᠠᠯᠢᠭ᠋ ᠵᠢᠡᠷ ᠬᠠᠷᠢᠯᠴᠠᠨ ᠬᠣᠯᠪᠣᠭᠠᠯᠠᠵᠤ  ᠨᠡᠪᠲᠡᠷᠡᠯᠴᠡᠭᠰᠡᠨ᠂ ᠢᠯᠡ ᠲᠣᠳᠣ ᠰᠤᠷᠭᠠᠭᠤᠯᠢ ᠡᠷᠭᠢᠯᠡᠬᠦ ᠣᠨᠴᠠᠯᠢᠭ ᠪᠦᠬᠦᠢ ᠨᠠᠰᠤᠲᠠᠢᠴᠤᠳ ᠎ᠤᠨ ᠰᠤᠷᠭᠠᠨ ᠬᠥᠮᠦᠵᠢᠯ ᠎ᠦᠨ ᠦᠢᠯᠡᠴᠢᠯᠡᠭᠡᠨ ᠎ᠦ ᠰᠢᠰᠲᠧᠮ ᠎ᠢ ᠪᠦᠷᠢᠯᠳᠦᠬᠦᠯᠵᠦ᠂ ᠥᠪᠡᠷᠲᠡᠭᠡᠨ ᠵᠠᠰᠠᠬᠤ ᠣᠷᠣᠨ᠎ᠤ ᠪᠥᠬᠥ ᠠᠷᠠᠳ᠎ᠤᠨ ᠨᠠᠰᠤᠨ ᠲᠤᠷᠰᠢᠲᠠ᠎ᠵᠢᠨ ᠰᠤᠷᠤᠯᠴᠠᠬᠤ ᠰᠢᠰᠲᠧᠮ ᠎ᠤᠨ ᠪᠠᠢᠭᠤᠯᠤᠯᠲᠠ᠂ ᠰᠤᠷᠤᠯᠴᠠᠬᠤ ᠬᠡᠯᠪᠡᠷᠢ᠎ᠶᠢᠨ ᠨᠡᠢᠭᠡᠮ᠎ᠤᠨ ᠪᠦᠲᠦᠭᠡᠨ ᠪᠠᠶ᠋ᠢᠭᠤᠯᠤᠯᠲᠠ᠎ᠶᠢᠨ ᠭᠣᠣᠯᠯᠠᠬᠤ ᠲᠤᠯᠭᠠᠭᠤᠷᠢᠯᠠᠬᠤ ᠬᠦᠴᠦᠨ ᠪᠣᠯᠤᠭᠰᠠᠨ ᠪᠠᠢᠨ᠎ᠠ᠃

ᠬᠣᠢᠰᠢᠳᠠ᠂ ᠥᠪᠥᠷ ᠮᠣᠩᠭᠣᠯ᠎ᠤᠨ ᠨᠡᠭᠡᠭᠡᠯᠲᠡ ᠵᠢᠨ ᠶᠡᠬᠡ ᠰᠤᠷᠭᠠᠭᠤᠯᠢ ᠨᠢ ᠰᠢᠨ᠎ᠡ ᠪᠡᠷ ᠪᠠᠢᠭᠤᠯᠤᠭᠳᠠᠭᠰᠠᠨ ᠨᠠᠰᠤᠲᠠᠢᠴᠤᠳ(ᠨᠡᠢᠭᠡᠮ ᠲᠣᠭᠣᠷᠢᠭ᠋) ᠤ᠋ᠨ ᠰᠤᠷᠭᠠᠨ ᠬᠥᠮᠦᠵᠢᠯ᠎ᠦᠨ ᠰᠠᠭᠤᠷᠢᠨ᠎ᠳᠤ ᠲᠦᠰᠢᠭᠯᠡᠨ᠂ ᠥᠪᠥᠷ ᠮᠣᠩᠭᠣᠯ᠎ᠤᠨ ᠣᠷᠣᠨ ᠪᠦᠰᠡ᠎ᠶᠢᠨ ᠰᠣᠶᠣᠯ᠎ᠤᠨ ᠣᠨᠴᠠᠯᠢᠭ᠋᠎ᠲᠠᠢ ᠭᠦᠨᠵᠡᠭᠡᠢ ᠤᠶᠠᠯᠳᠤᠭᠤᠯᠵᠤ᠂ ᠬᠢᠴᠢᠶᠡᠯ ᠎ᠦᠨ ᠠᠭᠤᠯᠭ᠎ᠠ᠎ᠵᠢᠨ ᠲᠤᠬᠢᠷᠠᠭᠤᠯᠤᠯᠲᠠ ᠪᠠᠨ ᠦᠷᠭᠦᠯᠵᠢᠯᠡᠨ ᠰᠢᠯᠢᠳᠡᠭᠵᠢᠭᠦᠯᠦᠨ᠂ ᠵᠢᠭᠠᠨ ᠰᠤᠷᠭᠠᠯᠲᠠ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠪᠠᠶᠠᠯᠢᠭ᠍ᠵᠢᠭᠤᠯᠵᠤ᠂ ᠵᠢᠭᠠᠨ ᠰᠤᠷᠭᠠᠯᠲᠠ ᠎ᠶᠢᠨ ᠵᠠᠭᠪᠤᠷ ᠎ᠤᠨ ᠰᠢᠨ᠎ᠡ ᠵᠢ  ᠡᠭᠦᠳᠴᠦ᠂ ᠶᠡᠷᠦᠩᠬᠡᠢᠯᠡᠭᠰᠡᠨ ᠦᠢᠯᠡᠴᠢᠯᠡᠭᠡᠨ᠎ᠦ ᠶᠠᠰᠤ ᠴᠢᠨᠠᠷ ᠵᠢᠡᠨ ᠳᠡᠰ ᠳᠡᠪᠰᠢᠭᠦᠯᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号