ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠳᠠᠯᠠᠨ ᠬᠠᠷ᠎ᠠ ᠠᠭᠤᠯᠠ ᠵᠢᠨ ᠤᠯᠤᠰ ᠤ᠋ᠨ ᠳᠡᠰ ᠤ᠋ᠨ ᠪᠠᠢᠭᠠᠯᠢ ᠵᠢᠨ ᠬᠠᠮᠠᠭᠠᠯᠠᠯᠳᠠ ᠵᠢᠨ ᠤᠷᠤᠨ ᠤ᠋ ᠬᠠᠮᠢᠶᠠᠷᠤᠯᠳᠠ ᠵᠢᠨ ᠳᠤᠪᠴᠢᠶ᠎ᠠ ᠵᠢᠨ ᠪᠤᠭᠤᠲᠤ ᠵᠢᠨ ᠬᠤᠪᠢᠶᠠᠷᠢ ᠲᠣᠪᠴᠢᠶ᠎ᠠ ᠵᠢᠨ ᠵᠢᠦ ᠹᠸᠩ ᠱᠠᠨ ᠬᠠᠮᠢᠶᠠᠷᠤᠯᠲᠠ ᠵᠢᠨ ᠥᠷᠲᠡᠭᠡ ᠵᠢᠨ ᠬᠢᠨ ᠪᠠᠢᠩᠭᠤᠵᠢᠭ᠍ᠰᠠᠨ ᠲᠣᠭᠣᠷᠢᠨ ᠪᠠᠢᠴᠠᠭᠠᠯᠲᠠ ᠪᠡᠷ ᠳᠠᠮᠵᠢᠨ ᠤᠯᠤᠰ ᠤ᠋ᠨ ᠬᠣᠶᠠᠳᠤᠭᠠᠷ ᠳᠡᠰ ᠤ᠋ᠨ ᠬᠠᠮᠠᠭᠠᠯᠠᠯᠳᠠ ᠵᠢᠨ ᠠᠮᠢᠲᠠᠨ ᠢᠮᠠᠭᠠᠨ ᠭᠦᠷᠦᠭᠡᠰᠤ ᠵᠢᠨ ᠤᠯᠠ ᠮᠥᠷ ᠢ᠋ ᠢᠯᠡᠷᠡᠭᠦᠯᠪᠡ᠃
ᠣᠢᠷ᠎ᠠ ᠳ᠋ᠤ᠂ ᠵᠢᠦ ᠹᠸᠩ ᠱᠠᠨ ᠬᠠᠮᠢᠶᠠᠷᠤᠯᠲᠠ ᠵᠢᠨ ᠥᠷᠲᠡᠭᠡ ᠵᠢᠨ ᠬᠢᠨ ᠬᠠᠷᠢᠶ᠎ᠠ ᠣᠷᠣᠨ ᠳ᠋ᠠᠭᠠᠨ ᠤᠯᠤᠰ ᠤ᠋ᠨ ᠬᠠᠮᠠᠭᠠᠯᠠᠯᠲᠠ ᠳ᠋ᠤ ᠪᠠᠢᠭ᠎ᠠ ᠬᠡᠭᠡᠷ᠎ᠡ ᠵᠢᠨ ᠠᠮᠢᠲᠠᠨ ᠵᠢᠭᠦᠷᠳᠡᠨ ᠢ᠋ ᠣᠯᠠᠨᠲᠠ ᠢᠯᠡᠷᠡᠭᠦᠯᠵᠤ᠂ ᠡᠨᠡ ᠨᠢ ᠳᠠᠯᠠᠨ ᠬᠠᠷ᠎ᠠ ᠠᠭᠤᠯᠠ ᠵᠢᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠠᠮᠢ ᠠᠬᠤᠶ ᠵᠢᠨ ᠱᠢᠰᠲ᠋ᠧᠮᠦᠨ ᠡᠷᠡᠭᠦᠯ ᠲᠣᠭ᠍ᠲᠠᠭᠤᠨ᠂ ᠬᠠᠮᠠᠭᠠᠯᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠲᠣᠪᠣᠢᠮ᠎ᠠ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠦᠷᠭᠦᠯᠵᠢᠯᠡᠨ ᠰᠠᠢᠵᠢᠷᠠᠵᠤ ᠪᠠᠢᠭ᠎ᠠ ᠵᠢᠨ ᠭᠡᠷᠡᠴᠢ ᠪᠣᠯᠪᠠ᠃ ᠣᠢᠷ᠎ᠠ ᠵᠢᠨ ᠵᠢᠯᠳᠦ᠂ ᠪᠤᠭᠤᠲᠤ ᠵᠢᠨ ᠬᠤᠪᠢᠶᠠᠷᠢ ᠲᠣᠪᠴᠢᠶ᠎ᠠ ᠵᠢᠨ ᠵᠢᠦ ᠹᠸᠩ ᠱᠠᠨ ᠬᠠᠮᠢᠶᠠᠷᠤᠯᠲᠠ ᠵᠢᠨ ᠥᠷᠲᠡᠭᠡ ᠨᠢ ᠪᠡᠯᠴᠢᠭᠡᠷᠯᠡᠭᠦᠯᠬᠦ ᠶ᠋ᠢ ᠴᠠᠭᠠᠵᠠᠯᠠᠵᠤ ᠲᠦᠢᠮᠡᠷ ᠰᠡᠷᠭᠡᠢᠯᠡᠬᠦ᠌ ᠠᠵᠢᠯ ᠢ᠋ ᠯᠠᠪᠳᠠᠭᠤᠨ ᠪᠠᠲᠤᠲᠠᠶ ᠠᠬᠢᠭᠤᠯᠤᠨ᠂ ᠢᠯᠠᠩᠭᠤᠶ᠎ᠠ ᠬᠤᠯᠠᠭᠠᠢᠯᠠᠵᠤ ᠮᠠᠯᠲᠠᠬᠤ ᠪᠠ ᠳᠤᠷ᠎ᠠ ᠪᠡᠷ ᠠᠩᠨᠠᠬᠤ ᠵᠡᠷᠭᠡ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠴᠦ᠂ ᠡᠬᠢ ᠪᠠᠶᠠᠯᠢᠭ ᠤ᠋ᠨ ᠬᠠᠮᠠᠭᠠᠯᠠᠯᠲᠠᠶ᠋ᠢ ᠪᠥᠬᠥ᠌ ᠲᠠᠯ᠎ᠠ ᠪᠡᠷ ᠴᠢᠩᠭᠠᠳᠭᠠᠵᠤ᠂ ᠠᠮᠢ ᠠᠬᠤᠶ ᠵᠢᠨ ᠶᠠᠰᠤ ᠴᠢᠨᠠᠷ ᠢ᠋ ᠢᠳᠡᠭ ᠢᠳᠡᠭ ᠵᠢᠡᠷ ᠰᠠᠢᠵᠢᠷᠠᠭᠤᠯᠪᠠ᠃ ᠣᠳᠣᠬᠠᠨ ᠳ᠋ᠤ᠂ ᠢᠮᠠᠭᠠᠨ ᠭᠦᠷᠦᠭᠡᠰᠤ᠂ ᠪᠣᠷᠣ ᠭᠥᠷᠥᠭᠡᠰᠦ᠂ ᠬᠣᠵᠢᠭᠢᠷ ᠲᠠᠰ᠂ ᠬᠠᠷ᠎ᠠ ᠥᠷᠪᠢ ᠵᠡᠷᠭᠡ ᠬᠡᠭᠡᠷ᠎ᠡ ᠵᠢᠨ ᠠᠮᠢᠲᠠᠨ ᠵᠢᠬᠦᠷᠳᠡᠨ ᠬᠠᠮᠠᠭᠠᠯᠠᠯᠲᠠ ᠵᠢᠨ ᠣᠷᠣᠨ ᠳ᠋ᠤ ᠪᠠᠢᠩᠭᠤ ᠤᠷᠤᠩᠨᠠᠵᠤ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠢᠨᠠᠨ ᠬᠡᠮᠵᠢᠬᠦ᠌ ᠠᠵᠢᠯ ᠴᠤ᠌ ᠵᠣᠬᠢᠬᠤ ᠦᠷ᠎ᠡ ᠪᠦᠲᠦᠮᠵᠢ ᠤᠯᠤᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号