ᠮᠠᠯ ᠤ᠋ᠨ ᠠᠰᠢᠭ ᠰᠢᠮ᠎ᠡ ᠶ᠋ᠢᠨ ᠪᠦᠲᠦᠭᠡᠭᠳᠡᠭᠦᠨ ᠤ᠋ 28 ᠵᠦᠶ᠋ᠯ ᠤ᠋ᠨ ᠰᠢᠨ᠎ᠠ ᠪᠠᠷᠢᠮᠵᠢᠶ᠎ᠠ
2026-06-22 15:17:10
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

《ᠦᠪᠦᠷ ᠮᠣᠩᠭᠣᠯ》 ᠨᠡᠷᠡᠮᠵᠢᠲᠦ ᠲᠦᠷᠦᠯ ᠲᠡᠮᠲᠡᠭ ᠤ᠋ᠨ ᠮᠠᠯ ᠤ᠋ᠨ ᠠᠱᠢᠭ ᠱᠢᠮ᠎ᠡ ᠶ᠋ᠢᠨ ᠪᠦᠲᠦᠭᠡᠭ᠌ᠳᠡᠬᠦᠨ ᠤ᠋ ᠭᠡᠷᠡᠴᠢᠯᠡᠯ (ᠮᠢᠬ᠎ᠠ ᠵᠢᠴᠢ ᠮᠢᠬᠠᠨ ᠤ᠋ ᠪᠦᠲᠦᠭᠡᠭᠳᠡᠬᠦᠨ) ᠤ᠋ᠨ ᠲᠦᠷᠦᠭᠦᠦ ᠪᠦᠯᠦᠭ ᠤ᠋ᠨ 28 ᠵᠦᠶ᠋ᠯ ᠤ᠋ᠨ ᠪᠦᠯᠬᠦᠮ ᠤ᠋ᠨ ᠪᠠᠷᠢᠮᠵᠢᠶ᠎ᠠ ᠵᠢ ᠳᠠᠬᠢᠨ ᠬᠢᠨᠠᠵᠤ ᠵᠠᠰᠠᠪᠤᠷᠢ ᠣᠷᠣᠭᠤᠯᠤᠨ ᠬᠢᠨᠠᠨ ᠪᠠᠢᠴᠠᠭᠠᠬᠤ ᠬᠤᠷᠠᠯ ᠲᠦᠷᠦᠬᠦᠬᠡᠨ ᠬᠥᠬᠡᠬᠣᠲᠠ ᠳ᠋ᠤ ᠶᠠᠪᠤᠭᠳᠠᠪᠠ᠃

ᠲᠣᠰ ᠤᠳᠠᠭ᠎ᠠ ᠵᠢᠨ ᠬᠤᠷᠠᠯ ᠢ᠋ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶ᠋ᠢᠨ ᠰᠤᠳᠤᠯᠭᠠᠨ ᠤ᠋ ᠬᠦᠷᠢᠶᠡᠯᠡᠩ ᠡᠴᠡ ᠲᠦᠷᠦᠭᠦᠯᠡᠨ ᠵᠣᠬᠢᠶᠠᠨ ᠪᠠᠢᠭᠤᠯᠵᠤ᠂ ᠦᠪᠦᠷ ᠮᠤᠩᠭᠤᠯ ᠤ᠋ᠨ ᠪᠠᠷᠢᠮᠵᠢᠶ᠎ᠠ ᠶ᠋ᠢᠨ ᠬᠦᠭᠵᠢᠯᠳᠡ ᠶ᠋ᠢ ᠠᠬᠢᠭᠤᠯᠬᠤ ᠵᠦᠪᠯᠡᠯ ᠤ᠋ᠨ ᠬᠠᠷᠢᠭᠤᠴᠠᠯᠭᠠᠳᠠᠨ ᠡᠴᠡ ᠬᠤᠷᠠᠯ ᠢ᠋ ᠡᠷᠬᠢᠯᠡᠵᠠᠢ᠃ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠠᠯ ᠠᠵᠤ ᠠᠬᠤᠶ ᠶ᠋ᠢᠨ ᠪᠠᠷᠢᠮᠵᠢᠶᠠᠵᠢᠭᠤᠯᠤᠯᠲᠠ ᠶ᠋ᠢᠨ ᠮᠡᠷᠭᠡᠵᠢᠯ ᠤ᠋ᠨ ᠵᠥᠪᠯᠡᠯ᠂ ᠥᠪᠥᠷ ᠮᠣᠩᠭᠣᠯ ᠤ᠋ᠨ ᠲᠠᠷᠢᠶᠠᠯᠠᠩ ᠮᠠᠯ ᠠᠵᠤ ᠠᠬᠤᠶ ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠲᠥᠪ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠱᠢᠨᠵᠢᠯᠡᠬᠦ᠌ ᠤᠬᠠᠭᠠᠨ ᠤ᠋ ᠬᠦᠷᠢᠶᠡᠯᠡᠩ᠂ ᠪᠡᠭᠡᠵᠢᠩ ᠤ᠋ᠨ ᠦ᠋ ᠵᠧᠸ᠋ ᠾᠧᠩ ᠲᠦᠩ ᠭᠡᠷᠡᠴᠢᠯᠡᠯ ᠤ᠋ᠨ ᠬᠢᠵᠠᠭᠠᠷᠲᠤ ᠺᠣᠮᠫᠠᠨᠢ ᠵᠡᠷᠭᠡ ᠨᠢᠭᠡᠴᠢ ᠶ᠋ᠢᠨ ᠲᠤᠰᠭᠠᠶ ᠮᠡᠷᠭᠡᠵᠢᠯᠲᠡᠨ ᠢ᠋ᠶ᠋ᠡᠷ ᠪᠦᠷᠢᠯᠳᠦᠭ᠌ᠰᠡᠨ ᠬᠢᠨᠠᠨ ᠪᠠᠢᠴᠠᠭᠠᠬᠤ ᠳᠤᠭᠤᠢᠯᠠᠩ ᠡᠴᠡ ᠲᠦᠷᠦᠭᠦᠦ ᠪᠦᠯᠦᠭ ᠤ᠋ᠨ 28 ᠵᠦᠶ᠋ᠯ ᠤ᠋ᠨ ᠪᠦᠯᠬᠦᠮ ᠤ᠋ᠨ ᠪᠠᠷᠢᠮᠵᠢᠶ᠎ᠠ ᠶ᠋ᠢᠨ ᠠᠭᠤᠯᠭ᠎ᠠ ᠳ᠋ᠤ ᠭᠦᠨᠵᠡᠭᠡᠶ ᠬᠢᠨᠠᠨ ᠪᠠᠢᠴᠠᠭᠠᠯᠲᠠ ᠬᠢᠪᠠ᠃

ᠬᠤᠷᠠᠯ ᠳᠡᠭᠡᠷ᠎ᠡ᠂ ᠪᠠᠷᠢᠮᠵᠢᠶ᠎ᠠ ᠳ᠋ᠤ ᠵᠠᠰᠠᠪᠤᠷᠢ ᠣᠷᠣᠭᠤᠯᠬᠤ ᠳᠤᠭᠤᠢᠯᠠᠩ ᠤ᠋ᠨ ᠬᠢᠨ ᠡᠯ᠎ᠡ ᠵᠦᠶ᠋ᠯ ᠤ᠋ᠨ ᠪᠠᠷᠢᠮᠵᠢᠶ᠎ᠠ ᠶ᠋ᠢᠨ ᠮᠡᠷᠭᠡᠵᠢᠯ ᠤ᠋ᠨ ᠦᠨᠳᠦᠰᠦᠯᠡᠯ ᠵᠢᠴᠢ ᠭᠤᠤᠯ ᠪᠤᠯᠬᠤ ᠵᠠᠰᠠᠪᠤᠷᠢ ᠣᠷᠣᠭᠤᠯᠬᠤ ᠠᠭᠤᠯᠭ᠎ᠠ ᠵᠢᠨ ᠲᠤᠬᠠᠢ ᠨᠠᠷᠢᠨ ᠬᠠᠷᠢᠭᠤ ᠮᠡᠳᠡᠭᠦᠯᠤᠯᠲᠡ ᠬᠢᠵᠠᠢ᠃ ᠬᠢᠨᠠᠨ ᠪᠠᠢᠴᠠᠭᠠᠬᠤ ᠳᠤᠭᠤᠢᠯᠠᠩ ᠡᠴᠡ ᠪᠠᠷᠢᠮᠵᠢᠶ᠎ᠠ ᠶ᠋ᠢᠨ ᠪᠣᠷᠣ ᠲᠥᠯᠥᠪ ᠤ᠋ᠨ ᠪᠦᠲᠦᠴᠡ᠂ ᠮᠡᠷᠭᠡᠵᠢᠯ ᠤ᠋ᠨ ᠭᠦᠶ᠋ᠴᠡᠳᠭᠡᠯ ᠲᠣᠭ᠎ᠠ ᠶ᠋ᠢᠨ ᠲᠣᠬᠢᠷᠠᠭᠤᠯᠤᠯᠲᠠ᠂ ᠭᠡᠷᠡᠴᠢᠯᠡᠯ ᠤ᠋ᠨ ᠱᠠᠭᠠᠷᠳᠠᠯᠭ᠎ᠠ ᠶ᠋ᠢᠨ ᠵᠦᠶ ᠵᠣᠬᠢᠰᠲᠠᠶ ᠴᠢᠨᠠᠷ ᠵᠡᠷᠭᠡ ᠲᠠᠯ᠎ᠠ ᠪᠡᠷ ᠲᠤᠯᠭᠠᠨ ᠠᠰᠠᠭᠤᠵᠤ᠂ ᠭᠦᠶ᠋ᠴᠡᠳ ᠶᠠᠷᠢᠯᠴᠠᠬᠤ ᠶ᠋ᠢᠨ ᠬᠠᠮᠲᠤ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠪᠤᠳᠠᠳᠤ ᠪᠠᠢᠳᠠᠯ ᠲᠠᠢ ᠤᠶᠠᠯᠳᠤᠭᠤᠯᠤᠨ ᠬᠠᠨᠳᠤᠯᠭᠠᠲᠤ ᠴᠢᠨᠠᠷᠲᠠᠶ ᠵᠠᠰᠠᠪᠤᠷᠢ ᠣᠷᠣᠭᠤᠯᠬᠤ ᠰᠠᠨᠠᠯ ᠳᠤᠷᠠᠳᠪᠠ᠃

ᠬᠢᠨᠠᠨ ᠪᠠᠢᠴᠠᠭᠠᠬᠤ ᠪᠡᠷ ᠳᠡᠮᠵᠢᠨ ᠲᠤᠰᠭᠠᠶ ᠮᠡᠷᠭᠡᠵᠢᠯᠲᠡᠨ ᠤ᠋ ᠳᠤᠭᠤᠢᠯᠠᠩ ᠡᠴᠡ ᠲᠣᠰ ᠪᠦᠯᠦᠭ ᠤ᠋ᠨ ᠪᠠᠷᠢᠮᠵᠢᠶ᠎ᠠ ᠶ᠋ᠢᠨ ᠢᠷᠡᠯᠲᠡ ᠨᠢ ᠲᠣᠳᠣᠷᠬᠠᠶ᠂ ᠪᠠᠢᠴᠠᠭᠠᠨ ᠰᠤᠳᠤᠯᠤᠯᠲᠠ ᠨᠢ ᠭᠦᠶ᠋ᠴᠡᠳ᠂ ᠨᠠᠢᠷᠠᠭᠤᠯᠤᠨ ᠪᠢᠴᠢᠭᠰᠡᠨ ᠨᠢ ᠵᠢᠷᠤᠮᠵᠢᠭᠤᠨ᠂ ᠡᠯ᠎ᠡ ᠵᠦᠶ᠋ᠯ ᠤ᠋ᠨ ᠮᠡᠷᠭᠡᠵᠢᠯ ᠤ᠋ᠨ ᠭᠦᠶ᠋ᠴᠡᠳᠭᠡᠯ ᠲᠣᠭ᠎ᠠ ᠨᠢ ᠱᠢᠨᠵᠢᠯᠡᠬᠦ᠌ ᠤᠬᠠᠭᠠᠨᠴᠢ ᠪᠥᠭᠡᠳ ᠨᠠᠷᠢᠨ ᠨᠢᠭ᠍ᠲᠠ ᠪᠠᠢᠵᠤ᠂ ᠥᠪᠥᠷ ᠮᠣᠩᠭᠣᠯ ᠤ᠋ᠨ ᠮᠠᠯ ᠤ᠋ᠨ ᠠᠱᠢᠭ ᠱᠢᠮ᠎ᠡ ᠶ᠋ᠢᠨ ᠪᠦᠲᠦᠭᠡᠭᠳᠡᠭᠦᠨ ᠤ᠋ ᠭᠠᠵᠠᠷ ᠣᠷᠣᠨ ᠤ᠋ ᠣᠨᠴᠠᠯᠢᠭ ᠪᠠ ᠶᠠᠰᠤ ᠴᠢᠨᠠᠷ ᠤ᠋ᠨ ᠳᠠᠪᠠᠭᠤᠯᠢᠭ ᠢ᠋ ᠭᠦᠶ᠋ᠴᠡᠳ ᠢᠯᠡᠷᠡᠭᠦᠯᠵᠤ᠂ ᠨᠡᠯᠢᠶᠡᠳ ᠴᠢᠩᠭ᠎ᠠ ᠳᠤᠬᠢᠷᠠᠬᠤ ᠴᠢᠨᠠᠷ ᠪᠠ ᠬᠡᠷᠡᠭ᠌ᠵᠢᠭᠦᠯᠵᠦ᠍ ᠪᠣᠯᠬᠤᠢᠴᠠ ᠴᠢᠨᠠᠷ ᠲᠠᠢ ᠭᠡᠵᠦ᠍ ᠰᠠᠨᠠᠯ ᠨᠢᠭᠡᠲᠡᠶ ᠦᠵᠡᠵᠡᠬᠡᠨ᠂ ᠬᠢᠨᠠᠨ ᠪᠠᠢᠴᠠᠭᠠᠯᠲᠠ ᠵᠢ ᠦᠩᠭᠡᠷᠡᠭᠦᠯᠬᠦ ᠶ᠋ᠢ ᠵᠦᠪᠰᠢᠶᠡᠷᠡᠪᠡ᠃ ᠡᠢᠨ ᠬᠦ᠌ ᠮᠠᠨ ᠤ᠋ ᠤᠷᠤᠨ ᠤ᠋ ᠮᠠᠯ ᠤ᠋ᠨ ᠠᠰᠢᠭ ᠰᠢᠮ᠎ᠡ ᠶ᠋ᠢᠨ ᠪᠦᠲᠦᠭᠡᠭᠳᠡᠭᠦᠨ ᠤ᠋ 28 ᠵᠦᠶ᠋ᠯ ᠤ᠋ᠨ ᠰᠢᠨ᠎ᠠ ᠪᠠᠷᠢᠮᠵᠢᠶ᠎ᠠ ᠮᠡᠨᠳᠤᠯᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号