ᠲᠡᠯᠭᠡᠷ ᠵᠤᠨ ᠤ᠋ ᠤᠯᠠᠷᠢᠯ ᠳ᠋ᠤ ᠤᠷᠠᠳ ᠨᠤᠳᠤᠭ ᠤ᠋ᠨ ᠨᠤᠮᠢᠨ ᠨᠤᠭᠤᠭᠠᠨ ᠪᠤᠭᠤᠲᠠᠢ ᠶ᠋ᠢᠨ ᠲᠠᠷᠢᠶ᠎ᠠ ᠵᠦᠭᠡᠯᠡᠨ ᠰᠠᠯᠬᠢᠨ ᠤ᠋ ᠠᠶ᠎ᠠ ᠪᠡᠷ ᠦᠶᠡᠯᠵᠡᠨ ᠬᠠᠯᠢᠭᠤᠷᠠᠵᠤ᠂ ᠤᠷᠭᠤᠴᠠ ᠰᠠᠢᠲᠠᠢ ᠵᠢᠱ᠌ᠢᠶ᠎ᠡ ᠦᠵᠡᠭᠦᠯᠬᠦ ᠲᠠᠷᠢᠶ᠎ᠠ ᠨᠢ ᠡᠯᠪᠡᠭ ᠬᠤᠷᠢᠶᠠᠯᠲᠠ ᠵᠢ ᠬᠤᠷᠤᠢᠯᠠᠨ᠎ᠠ᠃

ᠬᠠᠪᠤᠷ ᠤ᠋ᠨ ᠲᠠᠷᠢᠶᠠᠯᠠᠭ᠎ᠠ ᠶ᠋ᠢᠨ ᠦᠶ᠎ᠡ ᠳ᠋ᠤ ᠬᠠᠮᠢᠶᠠᠷᠤᠯᠲᠠ ᠶ᠋ᠢᠨ ᠠᠵᠢᠯᠲᠠᠨ ᠲᠠᠷᠢᠶᠠᠨ ᠭᠠᠵᠠᠷ ᠤ᠋ᠨ ᠬᠦᠷᠦᠰᠦᠨ ᠤ᠋ ᠴᠢᠬᠢᠭ ᠤ᠋ᠨ ᠬᠡᠮᠵᠢᠶ᠎ᠡ ᠵᠢ ᠪᠠᠢᠴᠠᠭᠠᠨ᠎ᠠ
ᠪᠠᠶᠠᠨᠨᠠᠭᠤᠷ ᠬᠤᠲᠠ ᠶ᠋ᠢᠨ ᠤᠷᠠᠳ ᠤ᠋ᠨ ᠡᠮᠦᠨᠡᠲᠤ ᠬᠤᠰᠢᠭᠤᠨ ᠳ᠋ᠤ 4000 ᠮᠦ᠍ ᠶ᠋ᠢᠨ ᠲᠠᠯᠠᠪᠠᠢ ᠪᠦᠬᠦᠢ ᠬᠦᠳᠡᠭᠡ ᠠᠵᠤ ᠠᠬᠤᠢ ᠬᠥᠳᠡᠭᠡ ᠲᠣᠰᠬᠣᠨ ᠤ᠋ ᠶᠠᠮᠤᠨ ᠤ᠋ ᠣᠳᠣ ᠦᠶ᠎ᠡ ᠶ᠋ᠢᠨ ᠲᠠᠷᠢᠶᠠᠯᠠᠩ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦ᠋ᠨ ᠲᠤᠷᠰᠢᠯᠲᠠ ᠶ᠋ᠢᠨ ᠵᠢᠱ᠌ᠢᠶ᠎ᠡ ᠦᠵᠡᠭᠦᠯᠬᠦ ᠰᠠᠭᠤᠷᠢᠨ ᠪᠤᠢ᠃ ᠡᠭᠦᠨ ᠳ᠋ᠤ ᠭᠤᠤᠯ ᠪᠤᠯᠬᠤ ᠵᠢᠱ᠌ᠢᠶ᠎ᠡ ᠦᠵᠡᠭᠦᠯᠬᠦ ᠲᠤᠭᠤᠷᠢᠭ ᠨᠢ 1338 ᠮᠦ᠍ ᠶ᠋ᠢᠨ ᠭᠠᠵᠠᠷ ᠡᠵᠡᠯᠡᠨ᠂ ᠭᠤᠤᠯᠳᠠᠭᠤ ᠡᠷᠳᠡᠨᠢ ᠰᠢᠰᠢ᠂ ᠪᠤᠭᠤᠳᠠᠢ ᠪᠠ ᠯᠠᠵᠤᠤ ᠵᠡᠷᠭᠡ 3 ᠵᠦᠢᠯ ᠤ᠋ᠨ ᠲᠠᠷᠢᠮᠠᠯ ᠢ᠋ ᠲᠠᠷᠢᠵᠤ᠂ ᠠᠮᠤ ᠲᠣᠰᠣᠨ ᠤ᠋ ᠲᠠᠷᠢᠮᠠᠯ ᠤ᠋ᠨ ᠥᠨᠳᠥᠷ ᠤᠨᠠᠯᠳᠠᠳᠤ ᠥᠨᠳᠥᠷ ᠦᠷ᠎ᠡ ᠠᠰᠢᠭᠳᠤ ᠰᠢᠨ᠎ᠡ ᠮᠡᠷᠭᠡᠵᠢᠯ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠰᠢᠨ᠎ᠡ ᠦᠷ᠎ᠡ ᠪᠦᠲᠦᠭᠡᠯ᠂ ᠠᠵᠤ ᠠᠬᠤᠢ ᠶ᠋ᠢᠨ ᠲᠠᠷᠢᠮᠠᠯ ᠤ᠋ᠨ ᠤᠨᠠᠯᠲᠠ ᠶ᠋ᠢ ᠨᠡᠮᠡᠭᠳᠡᠭᠦᠯᠵᠦ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠵᠡᠷᠭᠡ 3 ᠭᠣᠣᠯᠯᠠᠬᠤ ᠵᠢᠱ᠌ᠢᠶ᠎ᠡ ᠦᠵᠡᠭᠦᠯᠬᠦ ᠬᠡᠰᠡᠭ ᠢ᠋ ᠭᠣᠣᠯᠳᠠᠯᠭ᠎ᠠ ᠲᠠᠢ ᠴᠤᠭᠴᠠᠯᠠᠵᠤ᠂ ᠡᠯ᠎ᠡ ᠲᠥᠷᠥᠯ ᠦ᠋ᠨ 30 ᠭᠠᠷᠤᠢ ᠵᠦᠢᠯ ᠤ᠋ᠨ ᠲᠤᠷᠰᠢᠯᠲᠠ ᠪᠠ ᠵᠢᠱ᠌ᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠵᠦ ᠪᠤᠢ᠃

ᠤᠷᠭᠤᠴᠠ ᠰᠠᠢᠲᠠᠢ ᠪᠤᠭᠤᠲᠠᠢ ᠶ᠋ᠢᠨ ᠲᠠᠷᠢᠶ᠎ᠠ
2025 ᠣᠨ ᠳ᠋ᠤ᠌ ᠲᠤᠰ ᠰᠠᠭᠤᠷᠢᠨ ᠨᠢ ᠤᠶᠤᠨᠴᠢ ᠤᠰᠤ ᠬᠠᠳᠠᠭᠠᠯᠠᠬᠤ ᠤᠰᠤᠯᠠᠯᠲᠠ ᠶ᠋ᠢᠨ ᠲᠣᠮᠣ ᠬᠡᠯᠪᠡᠷᠢ ᠶ᠋ᠢᠨ ᠰᠢᠰᠲ᠋ᠧᠮ ᠢ᠋ ᠪᠠᠢᠭᠤᠯᠵᠤ᠂ ᠤᠰᠤ ᠠᠷᠪᠢᠯᠠᠬᠤ ᠬᠡᠮᠵᠢᠶ᠎ᠡ ᠶ᠋ᠢ 30% ᠳ᠋ᠤ ᠬᠦᠷᠬᠡᠨ᠂ ᠪᠣᠷᠳᠣᠭᠤᠷᠤ᠋ᠨ ᠠᠰᠢᠭᠯᠠᠯᠲᠠ ᠶ᠋ᠢᠨ ᠨᠣᠷᠮ᠎ᠠ ᠶ᠋ᠢ 20% ᠪᠠᠷ ᠳᠡᠭᠡᠭᠰᠢᠯᠡᠭᠦᠯᠪᠡ᠃