《ᠲᠡᠭᠷᠢ ᠵᠢᠨ ᠬᠢᠵᠠᠭᠠᠷ ᠲᠡᠬᠢ ᠲᠠᠯ᠎ᠠ ᠨᠤᠲᠤᠭ》 — ᠤᠯᠠᠭᠠᠢ ᠬᠠᠮᠢᠶᠠᠷᠤᠯᠳᠠ᠎ᠵᠢᠨ ᠤᠷᠤᠨ
2026-06-22 10:28:23
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠤᠡᠭᠰᠢᠯᠭ᠎ᠠ᠎ᠵᠢᠨ ᠬᠦᠳᠤᠯᠤᠮᠵᠢ

《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠤᠯᠠᠭᠠᠶ ᠬᠠᠮᠢᠶᠠᠷᠤᠯᠳᠠ ᠵᠢᠨ ᠤᠷᠤᠨ᠎ᠤ᠋ ᠬᠢᠨ ᠠᠮᠢ ᠠᠬᠤᠶ ᠵᠢ ᠤᠷᠢᠳ ᠵᠢᠡᠷ ᠪᠤᠳᠤᠯᠬᠢᠯᠠᠬᠤ ᠪᠤᠬᠢᠷᠳᠤᠯ ᠦᠭᠡᠢ ᠬᠥᠭ᠌ᠵᠢᠭᠦᠯᠬᠦ ᠪᠡᠷ ᠤᠳᠤᠷᠢᠳᠤᠮᠵᠢ ᠪᠣᠯᠭᠠᠨ᠂ ᠪᠣᠬᠢᠷᠲᠤᠯ ᠢ᠋ ᠰᠡᠷᠭᠡᠢᠯᠡᠨ ᠵᠠᠰᠠᠬᠤ᠂ ᠨᠤᠲᠤᠭ ᠪᠡᠯᠴᠢᠭᠡᠷ ᠤ᠋ᠨ ᠠᠮᠢ ᠠᠬᠤᠶ ᠵᠢ ᠬᠠᠮᠠᠭᠠᠯᠠᠨ ᠵᠠᠰᠠᠬᠤ ᠵᠢ ᠪᠥᠬᠥ᠌ ᠲᠠᠯ᠎ᠠ ᠪᠠᠷ ᠠᠬᠢᠭᠤᠯᠵᠤ᠂ ᠪᠥᠬᠥ᠌ ᠣᠷᠣᠨ ᠪᠦᠰᠡ ᠵᠢᠨ ᠠᠮᠢ ᠠᠬᠤᠶ ᠣᠷᠴᠢᠨ ᠲᠣᠭᠣᠷᠢᠨ ᠤ᠋ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠵᠤ ᠢᠯᠡᠳᠳᠠ ᠦᠷ᠎ᠡ ᠪᠦᠲᠦᠮᠵᠢ ᠤᠯᠵᠠᠢ᠃


ᠤᠵᠠᠭᠤᠷ ᠡᠴᠡ ᠪᠠᠨ ᠠᠪᠤᠭᠠᠳ ᠠᠭᠤᠯᠠ ᠲᠠᠢ ᠤᠰᠤ ᠲᠠᠢ ᠤᠷᠭᠤᠴᠠ ᠪᠠᠶᠠᠨ ᠪᠡᠯᠴᠢᠭᠡᠷ ᠲᠠᠢ᠂ ᠠᠭᠤᠳᠠᠮ ᠦᠷᠭᠡᠨ ᠲᠠᠯ᠎ᠠ ᠳ᠋ᠠᠭᠠᠨ ᠦᠨᠢᠷ ᠪᠠᠶᠠᠨ ᠰᠦᠷᠦᠭ ᠲᠠᠢ 《ᠲᠡᠭᠷᠢ ᠵᠢᠨ ᠬᠢᠵᠠᠭᠠᠷ ᠲᠡᠬᠢ ᠲᠠᠯ᠎ᠠ ᠨᠤᠲᠤᠭ》 ᠭᠡᠮᠡᠨ ᠠᠯᠳᠠᠷᠰᠢᠭᠰᠠᠨ ᠤᠯᠠᠭᠠᠢ ᠨᠤᠲᠤᠭ ᠪᠤᠯ ᠲᠠᠯ᠎ᠠ ᠨᠤᠲᠤᠭ ᠤ᠋ᠨ ᠠᠮᠢ ᠠᠬᠤᠢ ᠵᠢᠨ ᠢᠪᠡᠭᠡᠯ ᠬᠡᠰᠢᠭ ᠵᠢᠡᠨ ᠡᠨᠡ ᠨᠤᠲᠤᠭ ᠲᠦ᠍ ᠠᠵᠤ ᠲᠦᠷᠤᠵᠤ ᠠᠮᠢᠳᠤᠷᠠᠬᠤ ᠬᠦᠮᠦᠨ ᠠᠷᠠᠳ ᠲᠠᠭᠠᠨ ᠬᠦᠷᠳᠡᠭᠡᠯ ᠪᠤᠯᠭᠠᠭᠰᠠᠭᠠᠷ ᠢᠷᠡᠭᠰᠡᠨ ᠪᠢᠯᠡ᠃

ᠮᠠᠨ ᠤ᠋ ᠤᠷᠤᠨ ᠤ᠋ ᠲᠠᠯ᠎ᠠ ᠨᠤᠲᠤᠭ ᠤ᠋ᠨ ᠴᠢᠬᠤᠯᠠ ᠴᠢᠳᠠᠮᠵᠢᠲᠦ ᠣᠷᠣᠨ ᠪᠦᠭᠡᠳ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠵᠢᠨ ᠵᠠᠩᠭᠢᠯᠠᠭ᠎ᠠ ᠵᠢᠨ ᠭᠠᠵᠠᠷ ᠤᠷᠤᠨ ᠪᠣᠯᠤᠭ᠍ᠰᠠᠨ ᠤ᠋ ᠬᠤᠪᠢ ᠳ᠋ᠤ ᠤᠯᠠᠭᠠᠶ ᠬᠠᠮᠢᠶᠠᠷᠤᠯᠲᠠ ᠵᠢᠨ ᠣᠷᠣᠨ᠎ᠤ ᠬᠢᠨ ᠢᠮᠠᠭᠲᠠ ᠠᠮᠢ ᠠᠬᠤᠶ ᠵᠢᠨ ᠬᠠᠮᠠᠭᠠᠯᠠᠯᠲᠠ ᠵᠢ ᠴᠢᠬᠤᠯᠠᠴᠢᠯᠠᠵᠤ᠂ 《ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠥᠨ ᠬᠠᠢᠷᠬᠠᠨ ᠮᠥᠨ》 ᠭᠡᠬᠦ᠌ ᠬᠥᠭ᠌ᠵᠢᠯᠲᠡ ᠵᠢᠨ ᠣᠢᠯᠠᠭᠠᠭ᠍ᠳᠠᠬᠤᠨ ᠢ᠋ ᠪᠠᠳᠤ ᠦᠢᠯᠡᠳᠤᠯᠭᠡᠵᠢᠬᠦᠯᠵᠤ᠂ ᠪᠦᠬᠦ᠌ ᠣᠷᠣᠨ ᠪᠦᠰᠡ ᠵᠢᠨ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠵᠢ ᠠᠬᠢᠭᠤᠯᠤᠨ᠂ ᠱᠢᠰᠲᠸᠮ ᠲᠠᠢ ᠵᠠᠰᠠᠯᠲᠠ᠂ ᠪᠠᠢ᠌ᠩᠭᠤᠵᠢᠭ᠍ᠰᠠᠨ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠷ ᠳᠠᠮᠵᠢᠨ ᠠᠮᠢ ᠠᠬᠤᠢ ᠵᠢᠨ ᠰᠠᠭᠤᠷᠢ ᠵᠢ ᠦᠷᠭᠦᠯᠵᠢᠯᠡᠨ ᠪᠡᠬᠢᠵᠢᠭᠦᠯᠵᠦ᠍᠂ ᠬᠥᠮᠦᠰ ᠤ᠋ᠨ ᠣᠷᠣᠱᠢᠨ ᠰᠠᠭᠤᠷᠢᠱᠢᠬᠤ ᠣᠷᠴᠢᠨ ᠲᠣᠭᠣᠷᠢᠨ ᠢ᠋ ᠲᠠᠰᠤᠷᠠᠯᠳᠠ ᠦᠭᠡᠢ ᠱᠢᠯᠢᠳᠡᠭ᠌ᠵᠢᠭᠦᠯᠤᠨ᠂ ᠬᠥᠭ᠌ᠵᠢᠯᠲᠡ ᠵᠢᠨ ᠬᠥᠳᠡᠯᠭᠡᠬᠦ᠌ ᠬᠦᠴᠦᠨ ᠢ᠋ ᠬᠥᠭ᠌ᠵᠢᠭᠡᠵᠦ᠍᠂ 《ᠲᠩᠷᠢ ᠵᠢᠨ ᠬᠢᠵᠠᠭᠠᠷ ᠲᠡᠬᠢ ᠲᠠᠯ᠎ᠠ ᠨᠤᠲᠤᠭ — ᠤᠯᠠᠭᠠᠢ》 ᠵᠢᠨ ᠠᠮᠢ ᠠᠬᠤᠢ ᠵᠢᠨ ᠰᠢᠵᠢᠷ ᠠᠯᠳᠠᠨ ᠨᠡᠷ᠎ᠡ ᠵᠢᠨ ᠬᠠᠭᠤᠳᠠᠰᠤ ᠵᠢ ᠤᠯᠠᠮ ᠦᠡᠭᠭᠡ ᠭᠢᠯᠪᠠᠭ᠎ᠠ ᠲᠠᠢ ᠪᠤᠯᠭᠠᠵᠠᠢ᠃


0df25fa5-a2a6-47d1-8384-4009e4d4377d.png


《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠤᠯᠠᠭᠠᠶ ᠬᠠᠮᠢᠶᠠᠷᠤᠯᠳᠠ ᠵᠢᠨ ᠤᠷᠤᠨ ᠎ᠤ᠋ ᠬᠢᠨ ᠠᠮᠢ ᠠᠬᠤᠶ ᠵᠢ ᠤᠷᠢᠳ ᠵᠢᠡᠷ ᠪᠤᠳᠤᠯᠬᠢᠯᠠᠬᠤ ᠪᠤᠬᠢᠷᠳᠤᠯ ᠦᠭᠡᠢ ᠬᠥᠭ᠌ᠵᠢᠭᠦᠯᠬᠦ ᠪᠡᠷ ᠤᠳᠤᠷᠢᠳᠤᠮᠵᠢ ᠪᠣᠯᠭᠠᠨ᠂ ᠪᠣᠬᠢᠷᠲᠤᠯ ᠢ᠋ ᠰᠡᠷᠭᠡᠢᠯᠡᠨ ᠵᠠᠰᠠᠬᠤ᠂ ᠪᠣᠬᠢᠷᠲᠤᠯ ᠥᠬᠡᠶ ᠬᠡᠯᠪᠡᠷᠢ ᠵᠢ ᠬᠤᠪᠢᠷᠠᠭᠤᠯᠬᠤ᠂ ᠨᠤᠲᠤᠭ ᠪᠡᠯᠴᠢᠭᠡᠷ ᠤ᠋ᠨ ᠠᠮᠢ ᠠᠬᠤᠶ ᠵᠢ ᠬᠠᠮᠠᠭᠠᠯᠠᠨ ᠵᠠᠰᠠᠬᠤ ᠵᠢ ᠪᠥᠬᠥ᠌ ᠲᠠᠯ᠎ᠠ ᠪᠠᠷ ᠠᠬᠢᠭᠤᠯᠵᠤ᠂ ᠪᠥᠬᠥ᠌ ᠣᠷᠣᠨ ᠪᠦᠰᠡ ᠵᠢᠨ ᠠᠮᠢ ᠠᠬᠤᠶ ᠣᠷᠴᠢᠨ ᠲᠣᠭᠣᠷᠢᠨ ᠤ᠋ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠵᠤ ᠲᠤᠪᠤᠢᠮ᠎ᠠ ᠦᠷ᠎ᠡ ᠪᠦᠲᠦᠮᠵᠢ ᠤᠯᠵᠠᠢ᠃ ᠡᠢᠨ ᠬᠦ᠌᠂ 《ᠳᠤᠮᠳᠠᠳᠤ ᠤᠯᠤᠰ ᠤ᠋ᠨ ᠪᠠᠢᠭᠠᠯᠢ ᠵᠢᠨ ᠬᠦᠴᠢᠯᠲᠥ᠋ᠷᠥᠭ᠌ᠴᠢ ᠵᠢᠨ ᠪᠠᠭᠠᠷ》᠂ ᠤᠯᠤᠰ ᠤ᠋ᠨ ᠲᠠᠰ ᠤ᠋ᠨ 《ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠥᠨ ᠬᠠᠢᠷᠬᠠᠨ ᠮᠥᠨ》 ᠭᠡᠬᠦ᠌ ᠦᠶ᠋ᠯᠡᠳᠦᠯᠭᠡ ᠵᠢᠨ ᠱᠢᠨ᠎ᠡ ᠵᠢ ᠡᠭᠦᠳᠬᠦ᠌ ᠰᠠᠭᠤᠷᠢᠨ᠂ 《ᠳᠤᠮᠳᠠᠳᠤ ᠤᠯᠤᠰ ᠤ᠋ᠨ ᠬᠠᠮᠤᠭ ᠤ᠋ᠨ ᠰᠠᠢᠨ ᠪᠣᠬᠢᠷᠲᠤᠯ ᠥᠬᠡᠶ ᠠᠮᠢ ᠠᠬᠤᠶ ᠵᠢᠨ ᠵᠢᠭᠤᠯᠴᠢᠯᠠᠯ ᠤ᠋ᠨ ᠬᠠᠷᠠᠯᠳᠠᠳᠤ ᠭᠠᠵᠠᠷ》 ᠵᠡᠷᠭᠡ ᠤᠯᠤᠰ ᠤ᠋ᠨ ᠲᠠᠰ ᠤ᠋ᠨ ᠢᠷᠠᠭᠤ ᠠᠯᠳᠠᠷ ᠢ᠋ ᠭᠥᠷᠳᠡᠪᠡ᠃ 2025 ᠣᠨ ᠤ᠋ 12 ᠰᠠᠷ᠎ᠠ ᠳ᠋ᠤ᠂ ᠤᠯᠠᠭᠠᠶ ᠬᠠᠮᠢᠶᠠᠷᠤᠯᠲᠠ ᠵᠢᠨ ᠣᠷᠣᠨ ᠎ᠤ᠋ ᠬᠢᠨ ᠤᠯᠤᠰ ᠤ᠋ᠨ ᠠᠮᠢ ᠠᠬᠤᠶ ᠵᠢᠨ ᠪᠣᠯᠪᠠᠰᠤᠨ ᠤ᠋ ᠪᠠᠢᠭᠤᠯᠤᠯᠲᠠ ᠵᠢᠨ ᠵᠢᠱ᠌ᠢᠶ᠎ᠡ ᠦᠵᠡᠭᠦᠯᠬᠦ᠌ ᠣᠷᠣᠨ ᠵᠢᠠᠷ ᠨᠡᠷᠡᠢᠳᠦᠭᠳᠡᠵᠦ᠂ ᠤᠯᠤᠰ ᠤ᠋ᠨ ᠲᠦᠷᠦᠬᠦᠤ ᠪᠦᠯᠦᠭ ᠤ᠋ᠨ 《ᠬᠤᠪᠢᠰᠭᠠᠯᠲᠤ ᠲᠠᠯ᠎ᠠ ᠨᠤᠲᠤᠭ》 ᠵᠢᠠᠷ ᠰᠣᠩᠭᠣᠭ᠍ᠳᠠᠵᠤ᠂ ᠪᠠᠰᠠ ᠤᠯᠤᠰ ᠤ᠋ᠨ ᠲᠦᠷᠦᠬᠦᠤ ᠪᠦᠯᠦᠭ ᠤ᠋ᠨ ᠲᠠᠯ᠎ᠠ ᠨᠤᠲᠤᠭ ᠤ᠋ᠨ ᠪᠠᠢᠭᠠᠯᠢ ᠵᠢᠨ ᠴᠡᠴᠡᠷᠯᠢᠭ ᠵᠡᠷᠭᠡ ᠤᠯᠤᠰ ᠤ᠋ᠨ ᠲᠠᠰ ᠤ᠋ᠨ ᠵᠥᠪᠱᠢᠶᠡᠷᠡᠯ ᠢ᠋ ᠬᠦᠷᠳᠡᠵᠤ᠂ ᠤᠮᠠᠷᠠᠲᠤ ᠵᠢᠨ ᠲᠠᠯ᠎ᠠ ᠨᠤᠲᠤᠭ ᠤ᠋ᠨ ᠠᠮᠢ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢᠨ ᠨᠡᠢᠳᠡᠯᠢᠭ ᠬᠡᠪ ᠲᠠᠭᠤᠷᠢᠶᠠᠯ ᠪᠤᠯᠤᠭᠰᠠᠨ ᠪᠠᠢᠨ᠎ᠠ᠃

ᠨᠤᠲᠤᠭ ᠪᠡᠯᠴᠢᠭᠡᠷ ᠤ᠋ᠨ ᠠᠮᠢ ᠠᠬᠤᠶ ᠵᠢ ᠰᠠᠬᠢᠨ ᠬᠠᠮᠠᠭᠠᠯᠠᠬᠤ ᠳ᠋ᠤ ᠲᠦᠷᠢᠮ ᠤ᠋ᠨ ᠪᠠᠢᠭᠤᠯᠤᠯᠲᠠ ᠪᠣᠯ ᠦᠨᠳᠦᠰᠦᠨ ᠪᠠᠲᠤᠯᠠᠭ᠎ᠠ ᠮᠥᠨ᠃ ᠤᠳᠤᠬᠠᠨ ᠳ᠋ᠤ ᠤᠯᠠᠭᠠᠶ ᠬᠠᠮᠢᠶᠠᠷᠤᠯᠳᠠ ᠵᠢᠨ ᠤᠷᠤᠨ ᠤ᠋ ᠬᠢᠨ ᠪᠥᠬᠥ᠌ ᠣᠷᠣᠨ ᠪᠦᠰᠡ ᠵᠢᠨ ᠠᠮᠢ ᠠᠬᠤᠶ ᠵᠢᠨ ᠬᠠᠮᠠᠭᠠᠯᠠᠯᠲᠠ ᠵᠢᠨ ᠪᠣᠳᠠᠲᠤ ᠪᠠᠢᠳᠠᠯ ᠳ᠋ᠠᠭᠠᠨ ᠰᠠᠭᠤᠷᠢᠯᠠᠵᠤ᠂ ᠨᠢᠭᠡᠳᠦᠯᠲᠡᠶ ᠲᠥᠯᠥᠪᠵᠢᠭᠦᠯᠦᠭ᠌ᠰᠡᠨ᠂ ᠡᠯ᠎ᠠ ᠱᠠᠲᠤ ᠬᠣᠯᠪᠣᠭᠠᠯᠠᠭᠰᠠᠨ᠂ ᠪᠢᠲᠡᠭᠦᠮᠵᠢᠯᠡᠭ᠌ᠰᠡᠨ ᠬᠠᠮᠢᠶᠠᠷᠤᠨ ᠡᠵᠡᠮᠳᠡᠭ᠌ᠰᠡᠨ ᠣᠳᠣᠬᠢᠴᠢᠯᠠᠭ᠍ᠰᠠᠨ ᠠᠮᠢ ᠠᠬᠤᠶ ᠵᠢᠨ ᠵᠠᠰᠠᠯᠲᠠ ᠵᠢᠨ ᠱᠢᠰᠲ᠋ᠧᠮ ᠢ᠋ ᠨᠢᠭᠡᠨᠳᠡ ᠪᠠᠢᠭᠤᠯᠵᠠᠢ᠃ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠠᠵᠢᠯ ᠢ᠋ ᠤᠳᠤᠷᠢᠳᠭᠤ ᠺᠠᠳ᠋ᠷ ᠤ᠋ᠨ ᠪᠣᠳᠠᠲᠤ ᠠᠵᠢᠯ ᠤ᠋ᠨ ᠪᠦᠲᠦᠮᠵᠢ ᠵᠢᠨ ᠭᠤᠤᠯ ᠬᠢᠨᠠᠨ ᠱᠢᠯᠭᠠᠬᠤ ᠠᠭᠤᠯᠭ᠎ᠠ ᠳ᠋ᠤ ᠣᠷᠣᠭᠤᠯᠤᠭᠰᠠᠨ ᠵᠢᠠᠷ ᠡᠯ᠎ᠡ ᠱᠠᠲᠤᠨ ᠤ᠋ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠵᠢ ᠨᠡᠡᠭ ᠪᠣᠳᠠᠲᠠᠢᠵᠢᠭᠤᠯᠪᠠ᠃ ᠠᠮᠢ ᠠᠬᠤᠶ ᠣᠷᠴᠢᠨ ᠲᠣᠭᠣᠷᠢᠨ ᠢ᠋ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌ ᠪᠠ 《ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ + ᠪᠠᠢᠴᠠᠭᠠᠬᠤ ᠳᠠᠷᠤᠭ᠎ᠠ》 ᠵᠢᠨ ᠬᠠᠮᠵᠢᠯᠴᠠᠨ ᠵᠠᠰᠠᠬᠤ ᠲᠣᠭ᠍ᠲᠠᠴᠠ ᠵᠢ ᠬᠡᠷᠡᠭᠵᠢᠭᠦᠯᠵᠦ᠂ ᠠᠮᠢ ᠠᠬᠤᠶ ᠵᠢᠨ ᠬᠢᠨᠠᠯᠲᠠ ᠬᠠᠮᠢᠶᠠᠷᠤᠯᠲᠠ ᠵᠢᠨ ᠪᠡᠬᠢᠯᠡᠯᠲᠡ ᠵᠢ ᠴᠤᠭᠴᠠᠯᠠᠪᠠ᠃ ᠡᠭᠦᠨ ᠤ᠋ ᠬᠠᠮᠳᠤ ᠬᠠᠤᠯᠢ ᠵᠢ ᠴᠢᠩᠭ᠎ᠠ ᠬᠡᠷᠡᠭ᠌ᠵᠢᠭᠦᠯᠵᠦ᠂ ᠠᠮᠢ ᠠᠬᠤᠢ ᠣᠷᠴᠢᠨ ᠲᠣᠭᠣᠷᠢᠨ ᠤ᠋ ᠠᠰᠠᠭᠤᠳᠠᠯ ᠢ᠋ ᠪᠠᠢᠩᠭᠤ ᠵᠢᠨ ᠴᠢᠨᠠᠷᠳᠠᠢ ᠵᠢᠭ᠍ᠰᠠᠭᠠᠨ ᠪᠠᠢᠴᠠᠭᠠᠵᠤ᠂ ᠬᠠᠤᠯᠢ ᠪᠤᠰᠤ ᠪᠠᠷ ᠬᠠᠭᠠᠯᠪᠤᠷᠢᠯᠠᠬᠤ᠂ ᠲᠣᠭ᠍ᠲᠠᠭᠠᠯ ᠡᠴᠡ ᠵᠥᠷᠢᠴᠡᠨ ᠮᠠᠯᠵᠢᠬᠤ᠂ ᠨᠤᠭᠤ ᠭᠠᠵᠠᠷ ᠢ᠋ ᠡᠪᠳᠡᠬᠦ᠌ ᠵᠡᠷᠭᠡ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠴᠦ᠂ ᠨᠠᠷᠢᠨ ᠲᠤᠳᠤᠷᠬᠠᠢ ᠳᠦᠷᠢᠮ ᠵᠢᠡᠷ ᠨᠤᠲᠤᠭ ᠪᠡᠯᠴᠢᠭᠡᠷ ᠤ᠋ᠨ ᠠᠮᠢ ᠠᠬᠤᠢ ᠵᠢ ᠬᠠᠮᠠᠭᠠᠯᠠᠪᠠ᠃

ᠪᠦᠷᠢᠨ ᠲᠡᠭᠦᠯᠳᠡᠷ ᠲᠦᠷᠢᠮ ᠤ᠋ᠨ ᠱᠢᠰᠲ᠋ᠧᠮ ᠵᠢᠡᠷ ᠰᠠᠭᠤᠷᠢ ᠪᠤᠯᠭᠠᠵᠦ᠂ ᠨᠤᠲᠤᠭ ᠪᠡᠯᠴᠢᠭᠡᠷ ᠢ᠋ ᠬᠠᠮᠠᠭᠠᠯᠠᠬᠤ ᠡᠯ᠎ᠡ ᠵᠦᠶ᠋ᠯ ᠤ᠋ᠨ ᠠᠷᠭ᠎ᠠ ᠬᠡᠮᠵᠢᠶ᠎ᠡ ᠵᠢ ᠣᠨᠣᠴᠠᠲᠠᠶ ᠨᠠᠢᠳᠠᠪᠤᠷᠢᠵᠢᠭᠤᠯᠵᠤ᠂ ᠪᠡᠯᠴᠢᠭᠡᠷᠯᠡᠭᠦᠯᠬᠦ᠌ ᠵᠢ ᠴᠠᠭᠠᠵᠠᠯᠠᠨ ᠨᠤᠲᠤᠭ ᠪᠡᠯᠴᠢᠭᠡᠷ ᠢ᠋ ᠰᠡᠷᠭᠦᠭᠡᠬᠦ᠌᠂ ᠮᠠᠯ ᠪᠡᠯᠴᠢᠭᠡᠷ ᠢ᠋ ᠲᠡᠩᠴᠡᠭᠦᠷᠢᠲᠡᠶ ᠪᠠᠢᠯᠭᠠᠬᠤ ᠠᠵᠢᠯ ᠢ᠋ ᠰᠠᠢᠲᠦᠷ ᠠᠬᠢᠭᠤᠯᠵᠤ᠂ ᠱᠢᠨᠵᠢᠯᠡᠬᠦ᠌ ᠤᠬᠠᠭᠠᠨᠴᠢ ᠱᠢᠰᠲ᠋ᠧᠮ ᠲᠡᠶ ᠠᠮᠢ ᠠᠬᠤᠶ ᠵᠢᠨ ᠬᠠᠮᠠᠭᠠᠯᠠᠯᠲᠠ ᠵᠢᠨ 《ᠬᠠᠮ ᠠᠷᠭ᠎ᠠ》 ᠵᠢ ᠭᠠᠷᠭᠠᠪᠠ᠃ ᠣᠳᠣᠬᠠᠨ ᠳ᠋ᠤ᠂ ᠪᠥᠬᠥ᠌ ᠣᠷᠣᠨ ᠪᠦᠰᠡ ᠵᠢᠨ 90 ᠭᠠᠷᠤᠶ ᠲᠦᠮᠡᠨ ᠮᠥ᠍ ᠪᠡᠯᠴᠢᠭᠡᠷᠯᠡᠭᠦᠯᠬᠦ᠌ ᠵᠢ ᠴᠠᠭᠠᠵᠠᠯᠠᠭᠰᠠᠨ ᠣᠷᠣᠨ ᠳ᠋ᠤ ᠪᠥᠬᠥ᠌ ᠵᠢᠯ ᠤ᠋ᠨ 《ᠪᠡᠯᠴᠢᠭᠡᠷᠯᠡᠭᠦᠯᠬᠦ᠌ ᠵᠢ ᠴᠠᠭᠠᠵᠠᠯᠠᠬᠤ》ᠬᠠᠮᠢᠶᠠᠷᠤᠨ ᠡᠵᠡᠮᠳᠡᠬᠦ᠌ ᠪᠠᠷᠢᠮᠵᠢᠶ᠎ᠠ ᠵᠢ ᠴᠢᠩᠭ᠎ᠠ ᠨᠠᠢᠳᠠᠪᠤᠷᠢᠵᠢᠭᠤᠯᠵᠤ᠂ 530 ᠲᠦᠮᠡᠨ ᠮᠥ᠍ ᠮᠠᠯ ᠪᠡᠯᠴᠢᠭᠡᠷ ᠢ᠋ ᠲᠡᠩᠴᠡᠭᠦᠷᠢᠲᠡᠶ ᠪᠠᠢᠯᠭᠠᠬᠤ ᠣᠷᠣᠨ ᠳ᠋ᠤ ᠨᠤᠳᠤᠭ ᠪᠡᠯᠴᠢᠭᠡᠷ ᠤ᠋ᠨ ᠳᠠᠭᠠᠭᠠᠴᠠ ᠡᠴᠡ ᠬᠡᠳᠦᠷᠡᠳᠡᠯ᠎ᠡ ᠪᠡᠯᠴᠢᠭᠡᠷᠯᠡᠭᠦᠯᠵᠤ ᠪᠠᠢᠭ᠎ᠠ ᠠᠰᠠᠭᠤᠳᠠᠯ ᠢ᠋ ᠡᠬᠢ ᠡᠭᠦᠰᠦᠯ ᠡᠴᠡ ᠨᠢ ᠬᠣᠷᠢᠭ᠍ᠯᠠᠪᠠ᠃ ᠵᠢᠯ ᠪᠦᠷᠢ ᠵᠢᠨ ᠬᠠᠪᠤᠷ ᠤ᠋ᠨ ᠪᠡᠯᠴᠢᠭᠡᠷ ᠡᠪᠡᠰᠦ ᠨᠣᠭᠣᠭᠠᠷᠠᠬᠤ ᠬᠤᠭᠤᠴᠠᠭᠠᠨ ᠳ᠋ᠤ᠂ ᠪᠦᠬᠦ᠌ ᠣᠷᠣᠨ ᠪᠦᠰᠡ ᠵᠢᠨ ᠮᠠᠯ ᠪᠡᠯᠴᠢᠭᠡᠷ ᠢ᠋ ᠲᠡᠩᠴᠡᠭᠦᠷᠢᠲᠡᠶ ᠪᠠᠢᠯᠭᠠᠬᠤ ᠣᠷᠣᠨ ᠳ᠋ᠤ 45 ᠡᠳᠦᠷ ᠡᠴᠡ ᠳᠡᠭᠡᠭ᠌ᠰᠢᠬᠢ ᠤᠯᠠᠷᠢᠯ ᠤ᠋ᠨ ᠴᠢᠨᠠᠷᠲᠠᠶ ᠨᠤᠳᠤᠭ ᠪᠡᠯᠴᠢᠭᠡᠷ ᠢ᠋ ᠠᠮᠠᠷᠠᠭᠤᠯᠬᠤ ᠵᠢ ᠨᠢᠭᠡᠳᠦᠯᠲᠡᠶ ᠬᠡᠷᠡᠭ᠌ᠵᠢᠭᠦᠯᠵᠦ᠍᠂ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠵᠢᠨ ᠤᠷᠭᠤᠴᠠ ᠵᠢ ᠪᠠᠲᠤᠯᠠᠪᠠ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠲᠤᠬᠠᠶ ᠵᠢᠨ ᠭᠠᠵᠠᠷ ᠤ᠋ᠨ᠎ᠬᠢᠨ ᠨᠡᠢᠲᠡ 4300 ᠭᠠᠷᠤᠶ ᠲᠦᠮᠡᠨ ᠲᠥᠭᠥᠷᠢᠭ ᠤ᠋ᠨ ᠲᠤᠰᠭᠠᠶ ᠪᠠᠯᠠ ᠮᠥᠩᠭᠥ᠌ ᠵᠠᠷᠤᠴᠠᠭᠤᠯᠵᠤ᠂ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠵᠢ ᠬᠠᠮᠠᠭᠠᠯᠠᠬᠤ ᠪᠠ ᠠᠮᠢ ᠠᠬᠤᠶ ᠵᠢ ᠵᠠᠰᠠᠨ ᠰᠡᠷᠭᠦᠭᠡᠬᠦ᠌ ᠠᠵᠢᠯ ᠢ᠋ ᠪᠠᠢᠩᠭᠤᠵᠢᠭᠤᠯᠵᠦ᠍᠂ ᠠᠮᠢ ᠠᠬᠤᠶ ᠵᠢᠨ ᠵᠠᠰᠠᠯᠲᠠ ᠵᠢᠨ ᠲᠠᠯᠠᠪᠠᠶ ᠵᠢ ᠨᠡᠢᠲᠡ 63 ᠲᠦᠮᠡᠨ ᠮᠥ᠍ ᠪᠡᠶᠡᠯᠡᠭᠦᠯᠵᠦ᠍᠂ 116 ᠲᠦᠮᠡᠨ ᠮᠧᠲ᠋ᠷ ᠨᠤᠲᠤᠭ ᠪᠡᠯᠴᠢᠭᠡᠷ ᠢ᠋ ᠪᠢᠲᠡᠭᠦᠮᠵᠢᠯᠡᠨ ᠰᠡᠷᠭᠦᠭᠡᠬᠦ ᠢᠨᠵᠧᠨᠧᠷᠢᠩ ᠢ᠋ ᠭᠠᠷᠳᠠᠨ ᠬᠢᠵᠦ᠂ 6000 ᠮᠥ᠍ ᠪᠠᠷᠢᠮᠵᠢᠶᠠᠵᠢᠭ᠍ᠰᠠᠨ ᠡᠪᠡᠰᠦᠨ ᠦᠷ᠎ᠡ ᠦᠷᠡᠵᠢᠭᠦᠯᠦᠨ ᠪᠣᠢᠵᠢᠭᠤᠯᠬᠤ ᠰᠠᠭᠤᠷᠢᠨ ᠢ᠋ ᠪᠠᠢᠭᠤᠯᠤᠨ᠂ 2.5 ᠲᠦᠮᠡᠨ ᠮᠥ᠍ ᠬᠤᠵᠢᠷᠱᠢᠭ᠍ᠰᠠᠨ ᠨᠤᠲᠤᠭ ᠪᠡᠯᠴᠢᠭᠡᠷ᠂ ᠰᠠᠯᠬᠢᠨ ᠳ᠋ᠤ ᠢᠳᠡᠭ᠌ᠳᠡᠭ᠌ᠰᠡᠨ ᠡᠯᠡᠰᠤᠨ ᠬᠦᠨᠳᠡᠢ ᠵᠢ ᠦᠭᠡᠷᠡᠴᠢᠯᠡᠨ ᠵᠠᠰᠠᠵᠤ᠂ ᠨᠤᠲᠤᠭ ᠪᠡᠯᠴᠢᠭᠡᠷ ᠤ᠋ᠨ ᠲᠠᠴᠢᠷᠰᠢᠯ᠂ ᠬᠥᠷᠥᠰᠥ᠍ ᠱᠢᠷᠣᠶ ᠵᠢᠨ ᠡᠪᠳᠡᠭᠳᠡᠯ ᠵᠡᠷᠭᠡ ᠠᠮᠢ ᠠᠬᠤᠶ ᠵᠢᠨ ᠬᠦᠴᠢᠷ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠵᠠᠢ᠃

ᠡᠭᠦᠨ ᠤ᠋ ᠬᠠᠮᠳᠤ ᠤᠯᠠᠭᠠᠶ ᠬᠠᠮᠢᠶᠠᠷᠤᠯᠳᠠ ᠵᠢᠨ ᠤᠷᠤᠨ ᠤ᠋ ᠬᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠶ ᠵᠠᠰᠠᠬᠤ ᠵᠢ ᠲᠦᠯᠦᠪᠵᠢᠭᠦᠯᠵᠦ᠂ ᠪᠡᠭᠡᠵᠢᠩ ᠲᠢᠶᠠᠨᠵᠢᠨ ᠤ᠋ ᠰᠠᠯᠬᠢ ᠡᠯᠡᠰᠦᠨ ᠤ᠋ ᠡᠬᠢ ᠵᠢ ᠵᠠᠰᠠᠬᠤ᠂ ᠰᠠᠯᠭᠦᠨ ᠮᠠᠯᠵᠢᠵᠦ ᠪᠡᠯᠴᠢᠭᠡᠷ ᠢ᠋ ᠰᠡᠷᠭᠦᠭᠡᠬᠦ᠌ ᠵᠡᠷᠭᠡ ᠤᠯᠤᠰ ᠤ᠋ᠨ ᠲᠠᠰ ᠤ᠋ᠨ ᠭᠤᠤᠯᠳᠠᠯᠭ᠎ᠠ ᠲᠠᠶ ᠠᠮᠢ ᠠᠬᠤᠶ ᠵᠢᠨ ᠢᠨᠵᠧᠨᠧᠷᠢᠩ ᠤ᠋ᠨ ᠠᠰᠢᠬᠳᠠᠢ ᠲᠤᠬᠢᠶᠠᠯ ᠳ᠋ᠤ ᠠᠮᠵᠢᠨ ᠪᠥᠬᠥ᠌ ᠣᠷᠣᠨ ᠪᠦᠰᠡ ᠵᠢᠨ ᠠᠮᠢ ᠠᠬᠤᠶ ᠵᠢᠨ ᠱᠢᠰᠲ᠋ᠧᠮ ᠢ᠋ ᠵᠠᠰᠠᠨ ᠰᠡᠷᠭᠦᠭᠡᠵᠦ᠍᠂ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠠᠮᠢᠵᠢᠷᠠᠯ ᠤ᠋ᠨ ᠬᠦᠴᠦᠨ ᠢ᠋ ᠦᠷᠭᠦᠯᠵᠢᠯᠡᠨ ᠬᠥᠭ᠌ᠵᠢᠭᠡᠪᠡ᠃

ᠤᠳᠤ᠂ ᠤᠯᠠᠭᠠᠶ ᠬᠠᠮᠢᠶᠠᠷᠤᠯᠳᠠ ᠵᠢᠨ ᠤᠷᠤᠨ ᠤ᠋ ᠠᠮᠢ ᠠᠬᠤᠶ ᠵᠢᠨ ᠱᠢᠰᠲ᠋ᠧᠮ ᠤ᠋ᠨ ᠪᠦᠷᠢᠨ ᠪᠦᠲᠦᠨ ᠴᠢᠨᠠᠷ᠂ ᠲᠣᠭ᠍ᠲᠠᠪᠤᠷᠢᠲᠤ ᠴᠢᠨᠠᠷ ᠢᠯᠡᠳᠲᠡ ᠴᠢᠩᠭᠠᠷᠠᠵᠤ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠦᠷ᠎ᠡ ᠪᠦᠲᠦᠮᠵᠢ ᠲᠣᠪᠣᠢᠮ᠎ᠠ ᠪᠣᠯᠵᠣ᠂ ᠪᠥᠬᠥ᠌ ᠣᠷᠣᠨ ᠪᠦᠰᠡ ᠳ᠋ᠦ ᠨᠢᠭᠡᠨᠲᠡ ᠡᠯ᠎ᠡ ᠲᠥᠷᠥᠯ ᠤ᠋ᠨ ᠠᠮᠢᠳᠤ ᠪᠤᠳᠠᠰ ᠤ᠋ᠨ ᠳᠦᠷᠰᠦ ᠵᠢ 1118 ᠲᠡᠮᠳᠡᠭ᠌ᠯᠡᠵᠦ᠍᠂ ᠡᠭᠦᠨ ᠳ᠋ᠦ ᠬᠡᠭᠡᠷ᠎ᠡ ᠵᠢᠨ ᠤᠷᠭᠤᠮᠠᠯ 850 ᠵᠦᠶ᠋ᠯ᠂ ᠬᠡᠭᠡᠷ᠎ᠡ ᠵᠢᠨ ᠠᠮᠢᠲᠠᠨ ᠵᠢᠭᠦᠷᠳᠡᠨ 268 ᠵᠦᠶ᠋ᠯ ᠪᠠᠭ᠍ᠲᠠᠵᠤ᠂ ᠪᠦᠲᠦᠴᠡ ᠨᠢ ᠪᠦᠷᠢᠨ ᠪᠦᠲᠦᠨ ᠰᠠᠢᠨ ᠰᠠᠢᠬᠠᠨ ᠠᠮᠢ ᠠᠬᠤᠢ ᠵᠢᠨ ᠣᠷᠴᠢᠯ ᠪᠦᠬᠦᠢ ᠲᠠᠯ᠎ᠠ ᠨᠤᠲᠤᠭ ᠤ᠋ᠨ ᠠᠮᠢ ᠠᠬᠤᠶ ᠵᠢᠨ ᠪᠦᠯᠦᠭᠵᠢᠯ ᠴᠤᠭᠴᠠ ᠵᠢ ᠪᠦᠷᠢᠯᠳᠦᠭᠦᠯᠵᠡᠶ᠃ ᠲᠤᠰ ᠬᠠᠮᠢᠶᠠᠷᠤᠯᠳᠠ ᠵᠢᠨ ᠤᠷᠤᠨ ᠤ᠋ ᠬᠠᠷᠢᠶ᠎ᠠ ᠨᠤᠳᠤᠭ ᠲᠦ᠍ ᠶᠡᠬᠡ ᠪᠠᠭ᠎ᠠ ᠭᠣᠣᠯ ᠮᠥᠷᠡᠨ 37᠂ ᠪᠠᠢᠭᠠᠯᠢ ᠵᠢᠨ ᠨᠠᠭᠤᠷ ᠴᠥᠭᠥᠷᠥᠮ 2 ᠪᠠᠢᠵᠦ᠂ ᠤᠰᠤᠨ ᠤ᠋ ᠡᠬᠢ ᠪᠠᠶᠠᠯᠢᠭ ᠤ᠋ᠨ ᠶᠡᠷᠦᠩᠬᠡᠢ ᠬᠡᠮᠵᠢᠶ᠎ᠡ 2.14 ᠳ᠋ᠦᠩᠱᠢᠭᠤᠷ ᠺᠦᠪ ᠮᠧᠲ᠋ᠷ ᠲᠦ᠍ ᠬᠦᠷᠴᠦ᠍ ᠪᠤᠢ᠃ ᠬᠡᠰᠡᠭ ᠨᠠᠭᠤᠷ ᠤ᠋ᠨ ᠨᠤᠭᠤ ᠭᠠᠵᠠᠷ ᠨᠢ ᠲᠠᠯ᠎ᠠ ᠨᠤᠲᠤᠭ ᠤ᠋ᠨ ᠠᠮᠢ ᠠᠬᠤᠶ ᠵᠢᠨ ᠱᠢᠰᠲ᠋ᠧᠮ ᠤ᠋ᠨ 《ᠪᠠᠢᠭᠠᠯᠢᠯᠢᠭ ᠤᠰᠤ ᠬᠠᠳᠠᠭᠠᠯᠠᠬᠤ ᠴᠥᠭᠥᠷᠥᠮ》 ᠪᠠ 《ᠳᠦᠷᠰᠦ ᠵᠢᠨ ᠭᠧᠨ ᠤ᠋ ᠬᠥᠮᠥᠷᠭᠡ》 ᠪᠣᠯᠵᠦ᠂ ᠨᠠᠩ ᠴᠤ᠌ ᠵᠡᠭᠦᠨ ᠬᠣᠢᠲᠤ ᠠᠽᠢᠶ᠎ᠠ ᠵᠢᠨ ᠵᠢᠭᠦᠷᠳᠡᠨ ᠱᠢᠪᠠᠭᠤᠳ ᠤ᠋ᠨ ᠨᠡᠭᠦᠳᠡᠯ ᠤ᠋ᠨ ᠴᠢᠬᠤᠯᠠ ᠥᠷᠲᠡᠭᠡ ᠪᠣᠯᠤᠭ᠍ᠰᠠᠨ ᠪᠠᠢᠨ᠎ᠠ᠃ ᠣᠳᠣᠬᠠᠨ ᠳ᠋ᠤ᠂ ᠥᠪᠡᠷᠲᠡᠭᠡᠨ ᠵᠠᠰᠠᠬᠤ ᠣᠷᠣᠨ ᠤ᠋ ᠲᠡᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠢ᠋ 1 ᠪᠠᠢᠭᠤᠯᠵᠤ᠂ ᠤᠯᠠᠭᠠᠶ ᠵᠢᠨ ᠲᠠᠯ᠎ᠠ ᠨᠤᠲᠤᠭ ᠤ᠋ᠨ ᠳᠤᠮᠳᠠᠴᠢ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ 82.2% ᠲᠦ᠍ ᠬᠦᠷᠴᠦ᠍᠂ ᠡᠪᠡᠰᠦᠨ ᠤ᠋ ᠤᠷᠭᠤᠴᠠ ᠵᠢᠨ ᠲᠤᠮᠳᠠᠴᠢ ᠥᠨᠳᠥᠷ ᠤ᠋ᠨ ᠬᠡᠮᠵᠢᠶ᠎ᠡ 25.59 ᠰᠠᠨᠲ᠋ᠢᠮᠧᠲ᠋ᠷ ᠲᠦ᠍ ᠬᠦᠷᠴᠦ᠍᠂ ᠱᠢᠨ᠎ᠡ ᠰᠣᠷᠭᠣᠭ ᠬᠦᠭᠡ ᠡᠪᠡᠰᠦᠨ ᠤ᠋ ᠮᠥ᠍ ᠪᠦᠷᠢ ᠵᠢᠨ ᠤᠨᠠᠯᠲᠠ ᠲᠣᠭ᠍ᠲᠠᠭᠤᠨ ᠵᠢᠠᠷ ᠳᠡᠭᠡᠭ᠌ᠰᠢᠯᠡᠵᠦ᠍᠂ ᠭᠤᠤᠯ ᠪᠣᠯᠬᠤ ᠠᠮᠢ ᠠᠬᠤᠶ ᠵᠢᠨ ᠭᠦᠶ᠋ᠴᠡᠳᠭᠡᠯ ᠲᠣᠭ᠎ᠠ ᠤᠯᠠᠨ ᠵᠢᠯ ᠱᠢᠯᠢ ᠵᠢᠨ ᠭᠤᠤᠯ ᠠᠢᠮᠠᠭ ᠤ᠋ᠨ ᠡᠮᠦᠨ᠎ᠡ ᠡᠩᠨᠡᠭᠡᠨ ᠳ᠋ᠦ ᠬᠤᠰᠢᠭᠤᠷᠠᠵᠦ᠂ ᠦᠵᠡᠰᠭᠦᠯᠡᠡᠭᠳᠤ ᠰᠠᠢᠬᠠᠨ ᠲᠠᠯ᠎ᠠ ᠨᠤᠲᠤᠭ ᠤ᠋ᠨ ᠵᠢᠷᠤᠭ ᠰᠢᠬ ᠦᠵᠡᠮᠵᠢ ᠵᠢ ᠲᠡᠯᠭᠡᠵᠠᠢ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠠᠬᠢ ᠡᠯ᠎ᠡ ᠵᠦᠶ᠋ᠯ ᠤ᠋ᠨ ᠭᠤᠤᠯ ᠬᠢᠨᠠᠨ ᠱᠢᠯᠭᠠᠬᠤ ᠭᠦᠶ᠋ᠴᠡᠳᠭᠡᠯ ᠲᠣᠭ᠎ᠠ ᠴᠥᠮ ᠤᠯᠤᠰ ᠤ᠋ᠨ ᠪᠠᠷᠢᠮᠵᠢᠶ᠎ᠠ ᠳ᠋ᠤ ᠬᠦᠷᠦᠭ᠌ᠰᠡᠨ ᠪᠤᠶᠤ ᠤᠯᠤᠰ ᠤ᠋ᠨ ᠪᠠᠷᠢᠮᠵᠢᠶ᠎ᠠ᠎ᠠᠴᠠ ᠳᠠᠪᠠᠪᠠ ᠃

ᠡᠢᠨ ᠬᠦ᠌ ᠠᠮᠢ ᠠᠬᠤᠢ ᠵᠢᠨ ᠤᠯᠠᠨ ᠶᠠᠡᠭᠵᠤᠳᠤ ᠴᠢᠨᠠᠷ᠂ ᠪᠦᠷᠢᠨ ᠪᠦᠲᠦᠨ ᠴᠢᠨᠠᠷ᠂ ᠦᠷᠭᠦᠯᠵᠢᠯᠡᠬᠦᠢᠴᠡ ᠴᠢᠨᠠᠷ ᠢ᠋ ᠤᠯᠠᠮ ᠪᠠᠳᠤᠵᠢᠭᠤᠯᠤᠭᠰᠠᠨ ᠰᠠᠭᠤᠷᠢᠨ ᠲᠡᠭᠡᠷ᠎ᠡ ᠤᠯᠠᠭᠠᠶ ᠬᠠᠮᠢᠶᠠᠷᠤᠯᠳᠠ ᠵᠢᠨ ᠤᠷᠤᠨ ᠤ᠋ ᠬᠢᠨ ᠠᠮᠢ ᠠᠬᠤᠶ᠎ᠵᠢ ᠬᠠᠮᠠᠭᠠᠯᠠᠬᠤ ᠪᠣᠯᠤᠨ ᠠᠷᠠᠳ᠎ᠵᠢᠡᠨ ᠪᠠᠶᠠᠵᠢᠭᠤᠯᠬᠤ ᠬᠤᠤᠰ ᠴᠢᠭ᠌ᠯᠡᠯᠲᠦ ᠴᠢᠳᠠᠪᠤᠷᠢ ᠪᠡᠨ ᠦᠷᠭᠡᠵᠢᠭᠦᠯᠵᠦ᠂ 《ᠠᠮᠢ ᠠᠬᠤᠶ ᠵᠢ ᠠᠵᠤ ᠦᠢᠯᠡᠰᠵᠢᠭᠦᠯᠬᠦ᠌᠂ ᠠᠵᠤ ᠦᠶ᠋ᠯᠡᠰ ᠢ᠋ ᠠᠮᠢ ᠠᠬᠤᠢᠵᠢᠭᠤᠯᠬᠤ》 ᠬᠥᠭ᠌ᠵᠢᠯᠲᠡ ᠵᠢᠨ ᠠᠷᠭ᠎ᠠ ᠵᠠᠮ ᠢ᠋ ᠲᠡᠯᠭᠡᠷᠡᠭᠦᠯᠵᠦ᠂ ᠠᠮᠢ ᠠᠬᠤᠶ ᠵᠢᠨ ᠳᠠᠪᠠᠭᠤᠯᠢᠭ ᠢ᠋ ᠠᠵᠤ ᠠᠬᠤᠶ ᠵᠢᠨ ᠳᠠᠪᠠᠭᠤᠯᠢᠭ᠂ ᠬᠥᠭ᠌ᠵᠢᠯᠲᠡ ᠵᠢᠨ ᠳᠠᠪᠠᠭᠤᠯᠢᠭ ᠪᠣᠯᠭᠠᠨ ᠬᠤᠪᠢᠷᠠᠭᠤᠯᠬᠤ ᠵᠢ ᠠᠬᠢᠭᠤᠯᠵᠤ᠂ ᠮᠠᠨ᠎ᠤ ᠤᠯᠤᠰ ᠤ᠋ᠨ ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠵᠢ ᠦᠷᠭᠦᠯᠵᠢᠯᠡᠨ ᠪᠡᠬᠢᠵᠢᠭᠦᠯᠬᠦ ᠶᠡᠬᠡ ᠠᠶᠠᠨ ᠳ᠋ᠤ ᠡᠷᠴᠢ ᠵᠤᠷᠢᠭ᠎ᠵᠢᠡᠨ ᠬᠦᠪᠴᠢᠯᠡᠵᠤ ᠡᠷᠡᠮᠡᠭᠡᠢᠯᠡᠨ ᠤᠷᠤᠭᠰᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号