2026 ᠣᠨ ᠳ᠋ᠤ ᠬᠥᠬᠡᠬᠣᠲᠠ ᠣᠶ ᠱᠢᠭᠤᠶ ᠪᠠ ᠨᠤᠲᠤᠭ ᠪᠡᠯᠴᠢᠭᠡᠷ ᠤ᠋ᠨ 35 ᠲᠥᠷᠥᠯ ᠵᠦᠶ᠋ᠯ ᠢ᠋ ᠲᠥᠯᠥᠪᠵᠢᠭᠦᠯᠦᠨ ᠬᠡᠷᠡᠭ᠌ᠵᠢᠭᠦᠯᠵᠦ᠍᠂ ᠶᠡᠷᠦᠩᠬᠡᠶ ᠪᠠᠯᠠ ᠣᠷᠣᠭᠤᠯᠤᠯᠲᠠᠨᠢ 2.81 ᠳ᠋ᠦᠩᠱᠢᠭᠤᠷ ᠲᠥᠭᠥᠷᠢᠭ ᠲᠤ᠌ ᠬᠦᠷᠴᠡᠶ᠃ ᠲᠥᠷᠥᠯ ᠵᠦᠶ᠋ᠯ ᠳ᠋ᠤ ᠬᠣᠲᠠ ᠵᠢᠨ ᠬᠠᠯᠬᠠᠪᠴᠢ ᠣᠶ ᠵᠢᠨ ᠪᠦᠰᠡ ᠵᠢᠨ ᠪᠥᠲᠥᠭᠡᠨ ᠪᠠᠢᠭᠤᠯᠤᠯᠲᠠ᠂ ᠣᠶ ᠱᠢᠭᠤᠶ ᠪᠠ ᠨᠤᠲᠤᠭ ᠪᠡᠯᠴᠢᠭᠡᠷᠦᠨ ᠲᠦᠶ᠋ᠮᠡᠷ ᠢ᠋ ᠰᠡᠷᠭᠡᠢᠯᠡᠬᠦ᠌᠂ ᠣᠶ ᠱᠢᠭᠤᠶ ᠪᠠ ᠨᠤᠲᠤᠭ ᠪᠡᠯᠴᠢᠭᠡᠷᠦᠨ ᠡᠬᠢ ᠪᠠᠶᠠᠯᠢᠭ ᠢ᠋ ᠬᠠᠮᠠᠭᠠᠯᠠᠨ ᠰᠡᠷᠭᠦᠭᠡᠬᠦ᠌᠂ ᠣᠨᠴᠠᠯᠢᠭ᠍ᠲᠤ ᠣᠶ ᠱᠢᠭᠤᠶ ᠡᠪᠡᠰᠤᠨ ᠤ᠋ ᠠᠵᠤ ᠦᠶ᠋ᠯᠡᠰᠦᠨ ᠬᠥᠭ᠌ᠵᠢᠯᠲᠡ ᠵᠡᠷᠭᠡ ᠬᠦᠷᠢᠶᠡ ᠶ᠋ᠢ ᠬᠠᠮᠤᠷᠴᠠᠶ᠃
ᠬᠥᠬᠡᠬᠣᠲᠠ ᠵᠢᠨ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶᠠ ᠲᠤᠬᠠᠶ ᠵᠢᠨ ᠭᠠᠵᠠᠷᠲᠤᠨᠢ ᠪᠠᠢᠴᠠᠭᠠᠨ ᠰᠤᠳᠤᠯᠤᠯᠲᠠ ᠬᠢᠵᠦ᠍᠂ ᠪᠠᠯᠠ ᠮᠥᠩᠭᠥ ᠶ᠋ᠢ ᠢᠳᠡᠪᠬᠢᠲᠡᠶ ᠴᠢᠷᠮᠠᠢᠨ ᠣᠯᠵᠤ᠂ ᠲᠥᠷᠥᠯ ᠵᠦᠶ᠋ᠯᠦᠨ ᠪᠣᠯᠤᠮᠵᠢᠲᠤ ᠰᠤᠳᠤᠯᠤᠯ ᠤ᠋ᠨ ᠮᠡᠳᠡᠭᠦᠯᠦᠯᠲᠡ᠂ ᠬᠡᠷᠡᠭ᠌ᠵᠢᠭᠦᠯᠬᠦ᠌ ᠲᠥᠰᠦᠯ᠂ ᠠᠵᠢᠯᠯᠠᠭᠠᠨ ᠤ᠋ ᠵᠢᠷᠤᠭ ᠲᠥᠯᠥᠪᠯᠡᠭᠡ ᠶ᠋ᠢ ᠨᠠᠢᠷᠠᠭᠤᠯᠤᠨ ᠵᠣᠬᠢᠶᠠᠬᠤ ᠪᠠ ᠬᠢᠨᠠᠨ ᠵᠥᠪᠱᠢᠶᠡᠷᠡᠵᠦ᠍ ᠬᠠᠷᠢᠭᠤ ᠥᠭ᠌ᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠵᠡᠷᠭᠡ ᠡᠮᠦᠨᠡᠬᠢ ᠬᠤᠭᠤᠴᠠᠭᠠᠨ ᠤ᠋ ᠠᠵᠢᠯ ᠢ᠋ ᠯᠠᠪᠳᠠᠭᠤᠨ ᠪᠠᠲᠤᠲᠠᠶ ᠰᠠᠢᠲᠤᠷ ᠬᠢᠪᠠ᠃ ᠣᠳᠣᠬᠠᠨ ᠪᠣᠯᠲᠠᠯᠠ᠂ 30 ᠲᠥᠷᠥᠯ ᠵᠦᠶ᠋ᠯᠦᠨ ᠠᠵᠢᠯ ᠨᠢᠭᠡᠨᠲᠡ ᠤᠷᠤᠭ᠍ᠰᠢᠲᠠᠶ ᠡᠬᠢᠯᠡᠵᠦ᠍᠂ ᠠᠵᠢᠯ ᠡᠬᠢᠯᠡᠭᠦᠯᠦᠭ᠌ᠰᠡᠨ ᠨᠣᠷᠮᠠ 86% ᠳ᠋ᠤ ᠬᠦᠷᠴᠡᠶ᠃ ᠨᠢᠭᠡᠨᠲᠡ ᠠᠵᠢᠯ ᠡᠬᠢᠯᠡᠭᠦᠯᠦᠭ᠌ᠰᠡᠨ ᠲᠥᠷᠥᠯ ᠵᠦᠶ᠋ᠯ ᠢ᠋ ᠶᠡᠷᠦᠩᠬᠡᠶᠳᠡᠭᠡᠨ ᠤᠷᠤᠭ᠍ᠰᠢᠲᠠᠶ ᠠᠬᠢᠭᠤᠯᠵᠤ᠂ ᠡᠭᠦᠨᠳᠦ 2026 ᠣᠨ ᠤ᠋ ᠬᠣᠲᠠ ᠵᠢᠨ ᠲᠠᠰ ᠤ᠋ᠨ ᠭᠤᠤᠯᠳᠠᠯᠭᠠᠲᠠᠶ ᠲᠥᠷᠥᠯ ᠵᠦᠶ᠋ᠯᠳᠦ ᠣᠷᠣᠭᠤᠯᠤᠭ᠍ᠰᠠᠨ ᠣᠶ ᠱᠢᠭᠤᠶ ᠪᠠ ᠨᠤᠲᠤᠭ ᠪᠡᠯᠴᠢᠭᠡᠷᠦᠨ ᠲᠦᠭ᠌ᠰᠢᠭᠦᠷᠢ ᠶᠡᠬᠡᠲᠡᠶ ᠣᠷᠣᠨ ᠤ᠋ ᠶᠡᠷᠦᠩᠬᠡᠢᠯᠡᠨ ᠵᠠᠰᠠᠬᠤ ᠲᠥᠷᠥᠯ ᠵᠦᠶ᠋ᠯᠦᠨ ᠪᠦᠬᠦᠯᠢ ᠴᠣᠭ᠍ᠴᠠ ᠵᠢᠨ ᠠᠬᠢᠴᠠᠨᠢ 55% ᠳ᠋ᠤ ᠬᠥᠷᠪᠡ; ᠤᠪᠤᠭᠠ ᠴᠡᠴᠡᠷᠯᠢᠭ ᠵᠢᠴᠢ ᠴᠡᠯᠡᠭᠡᠷ ᠲᠠᠯᠠ ᠵᠢᠨ ᠡᠷᠭᠢᠨ ᠲᠣᠭᠣᠷᠢᠨ ᠤ᠋ ᠨᠣᠭᠣᠭᠠᠷᠠᠭᠤᠯᠤᠯᠲᠠ ᠶ᠋ᠢ ᠳᠡᠭᠡᠭ᠌ᠰᠢᠯᠡᠭᠦᠯᠬᠦ᠌ ᠥᠭᠡᠷᠡᠴᠢᠯᠡᠯᠲᠡ ᠵᠢᠨ ᠲᠥᠷᠥᠯ ᠵᠦᠢᠯᠦᠨ 1059 ᠰᠠᠭᠤᠷᠢ ᠲᠣᠷᠤᠭ ᠪᠤᠳᠠ ᠮᠣᠳᠣ ᠶ᠋ᠢ ᠱᠢᠯᠵᠢᠭᠦᠯᠦᠨ ᠵᠠᠢᠯᠠᠵᠦ᠂ ᠠᠮᠢ ᠠᠬᠤᠢ ᠵᠢᠨ ᠵᠠᠮ ᠤ᠋ᠨ ᠡᠷᠭᠢᠨ ᠲᠣᠭᠣᠷᠢᠨᠳᠤ 1150 ᠰᠠᠭᠤᠷᠢ ᠤᠯᠢᠶᠠᠰᠤ ᠶ᠋ᠢ ᠨᠥᠬᠥᠨ ᠲᠠᠷᠢᠵᠤ᠂ 153 ᠰᠠᠭᠤᠷᠢ ᠬᠡᠭᠡᠷᠡ ᠵᠢᠨ ᠭᠦᠢᠯᠡᠰᠦ ᠶ᠋ᠢ ᠱᠢᠯᠵᠢᠭᠦᠯᠦᠨ ᠵᠠᠢᠯᠠᠪᠠ; ᠳᠠᠯᠠᠨ ᠬᠠᠷᠠ ᠠᠭᠤᠯᠠ ᠵᠢᠨ ᠡᠮᠦᠨᠡ ᠬᠤᠷᠮᠤᠢ ᠵᠢᠨ 9.75 ᠲᠦᠮᠡᠨ ᠮᠥ᠍ ᠠᠷᠠᠴᠢᠯᠠᠨ ᠬᠠᠮᠠᠭᠠᠯᠠᠬᠤ ᠣᠷᠣᠨ ᠪᠦᠰᠡᠳᠦ ᠨᠥᠬᠥᠵᠦ᠍ ᠳᠠᠷᠢᠬᠤ᠂ ᠵᠠᠰᠠᠵᠤ ᠬᠠᠢᠴᠢᠯᠠᠬᠤ᠂ ᠴᠡᠪᠡᠷᠯᠡᠬᠦ᠌᠂ ᠤᠰᠤᠯᠠᠬᠤ ᠵᠢᠴᠢ ᠲᠦᠢᠮᠡᠷ ᠰᠡᠷᠭᠡᠢᠯᠡᠨ ᠡᠵᠡᠮᠳᠡᠬᠦ᠌ ᠠᠵᠢᠯ ᠢ᠋ ᠦᠷᠨᠢᠬᠦᠯᠵᠦ ᠪᠤᠢ᠃
2026 ᠣᠨ ᠤ᠋ ᠣᠶ ᠱᠢᠭᠤᠶ ᠪᠠ ᠨᠤᠲᠤᠭ ᠪᠡᠯᠴᠢᠭᠡᠷᠦᠨ ᠬᠦᠷᠢᠶᠡᠨᠳᠡᠬᠢ 35 ᠲᠥᠷᠥᠯ ᠵᠦᠶ᠋ᠯ ᠢ᠋ ᠪᠥᠬᠥ᠌ ᠬᠦᠴᠦᠨ ᠵᠢᠡᠷ ᠵᠢᠡᠨ ᠠᠬᠢᠭᠤᠯᠬᠤ ᠵᠢᠨ ᠬᠠᠮᠲᠤ᠂ ᠬᠦᠬᠡᠬᠤᠲᠠ ᠵᠢᠨ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶᠠ ᠰᠠᠨᠠᠭᠠᠴᠢᠯᠠᠭᠠᠡᠴᠡᠪᠠᠨ ᠤᠯᠤᠰ ᠤ᠋ᠨ ᠶᠠᠮᠤᠨ ᠵᠥᠪᠯᠡᠯᠲᠡᠶ ᠵᠣᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠭᠤᠤᠯᠳᠠᠯᠭᠠᠲᠠᠶ ᠲᠥᠷᠥᠯ ᠵᠦᠶ᠋ᠯ ᠢ᠋ ᠢᠳᠡᠪᠬᠢᠲᠡᠶ ᠴᠢᠷᠮᠠᠢᠨ ᠤᠯᠪᠠ᠃ ᠣᠳᠣᠬᠠᠨᠳᠤ ᠨᠢᠭᠡᠨᠲᠡ 9 ᠭᠤᠤᠯᠳᠠᠯᠭᠠᠲᠠᠶ ᠲᠥᠷᠥᠯ ᠵᠦᠶ᠋ᠯ ᠢ᠋ ᠵᠠᠯᠭᠠᠭᠠ ᠪᠡᠷ ᠴᠢᠷᠮᠠᠢᠨ ᠤᠯᠵᠤ᠂ 2027 ᠣᠨᠳᠤ ᠳᠠᠯᠠᠨ ᠬᠠᠷᠠ ᠠᠭᠤᠯᠠ ᠵᠢᠨ ᠣᠶ ᠱᠢᠭᠤᠶ ᠪᠠ ᠨᠤᠲᠤᠭ ᠪᠡᠯᠴᠢᠭᠡᠷᠦᠨ ᠲᠦᠶ᠋ᠮᠡᠷᠦᠨ ᠠᠶᠤᠯ ᠶᠡᠬᠡᠲᠡᠶ ᠣᠷᠣᠨ ᠢ᠋ ᠶᠡᠷᠦᠩᠬᠡᠢᠯᠡᠨ ᠵᠠᠰᠠᠬᠤ ᠵᠡᠷᠭᠡ 4 ᠲᠥᠷᠥᠯ ᠵᠦᠶ᠋ᠯᠦᠨ ᠪᠠᠯᠠ ᠮᠥᠩᠭᠥ ᠵᠢᠨ ᠳᠡᠮᠵᠢᠯᠭᠡ ᠶ᠋ᠢ ᠤᠯᠬᠤ ᠪᠡᠷ ᠲᠥᠯᠥᠪᠯᠡᠨ᠂ ᠶᠡᠷᠦᠩᠬᠡᠶ ᠪᠠᠯᠠ ᠣᠷᠣᠭᠤᠯᠤᠯᠲᠠᠨᠢ 2.03 ᠳ᠋ᠦᠩᠱᠢᠭᠤᠷ ᠲᠥᠭᠥᠷᠢᠭ ᠲᠤ᠌ ᠬᠦᠷᠴᠦ᠍᠂ ᠬᠣᠯᠪᠣᠭ᠍ᠳᠠᠯ ᠪᠥᠬᠥᠶ ᠠᠵᠢᠯ ᠢ᠋ ᠡᠮᠬᠢ ᠵᠢᠷᠤᠮ ᠲᠠᠢ ᠠᠬᠢᠭᠤᠯᠵᠤ ᠪᠠᠢᠨᠠ᠃