ᠣᠷᠳᠣᠰ ᠬᠣᠲᠠ ᠳᠥᠷᠪᠡᠳᠦᠭᠡᠷ ᠤᠳᠠᠭᠠᠨ ᠤ᠋ ᠪᠥᠬᠥ ᠤᠯᠤᠰ ᠤ᠋ᠨ ᠲᠡᠦᠬᠡ ᠵᠢᠨ ᠳᠤᠷᠠᠰᠬᠠᠯᠲᠤ ᠵᠦᠢᠯᠡᠰ ᠤ᠋ᠨ ᠨᠡᠢᠳᠡᠮ ᠪᠠᠢᠴᠠᠭᠠᠯᠲᠠ ᠵᠢᠨ ᠬᠡᠪ ᠵᠠᠭᠪᠤᠷ ᠢ᠋ ᠬᠢᠨᠠᠨ ᠲᠣᠭᠲᠠᠭᠠᠬᠤ ᠠᠵᠢᠯ ᠢ᠋ ᠡᠬᠢᠯᠡᠭᠦᠯᠪᠡ
2026-06-22 11:34:45
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ᠂ ᠣᠷᠳᠣᠰ ᠬᠣᠲᠠ ᠳᠥᠷᠪᠡᠳᠦᠭᠡᠷ ᠤᠳᠠᠭᠠᠨ ᠤ᠋ ᠪᠥᠬᠥ ᠤᠯᠤᠰ ᠤ᠋ᠨ ᠲᠡᠦᠬᠡ ᠵᠢᠨ ᠳᠤᠷᠠᠰᠬᠠᠯᠲᠤ ᠵᠦᠢᠯᠡᠰ ᠤ᠋ᠨ ᠨᠡᠢᠳᠡᠮ ᠪᠠᠢᠴᠠᠭᠠᠯᠲᠠ ᠵᠢᠨ ᠵᠠᠭᠪᠤᠷ ᠢ᠋ ᠬᠢᠨᠠᠨ ᠲᠣᠭᠲᠠᠭᠠᠬᠤ ᠠᠵᠢᠯ ᠢ᠋ ᠪᠥᠬᠥ ᠲᠠᠯ᠎ᠠ ᠪᠡᠷ ᠡᠬᠢᠯᠡᠭᠦᠯᠵᠦ᠂ ᠲᠤᠷᠰᠢᠯᠲᠠ ᠵᠢᠨ ᠴᠡᠭ ᠤ᠋ᠨ ᠠᠵᠢᠯ ᠢ᠋ ᠡᠵᠡᠨ ᠬᠣᠷᠣᠭ᠎ᠠ ᠬᠣᠰᠢᠭᠤᠨ ᠳ᠋ᠤ ᠤᠷᠢᠳ ᠶ᠋ᠢᠡᠷ ᠡᠬᠢᠯᠡᠬᠦᠯᠵᠡᠢ᠃

ᠤᠢᠯᠠᠭᠠᠭᠰᠠᠨ ᠶ᠋ᠢᠡᠷ᠂ ᠡᠵᠡᠨ ᠬᠣᠷᠣᠭ᠎ᠠ  ᠬᠣᠰᠢᠭᠤᠨ ᠤ᠋ ᠳᠠᠩᠰᠠᠯᠠᠭᠤᠯᠤᠭᠰᠠᠨ ᠲᠡᠦᠬᠡ ᠵᠢᠨ ᠳᠤᠷᠠᠰᠬᠠᠯᠲᠤ ᠵᠦᠢᠯᠡᠰ ᠤ᠋ᠨ ᠴᠡᠭ ᠨᠡᠶ᠋ᠢᠲᠡ 160 ᠭᠠᠷᠤᠢ᠂ ᠬᠡᠭᠡᠷ᠎ᠡ ᠭᠠᠳᠠᠨ᠎ᠠ ᠡᠴᠡ ᠴᠤᠭᠯᠠᠭᠤᠯᠤᠭᠰᠠᠨ ᠲᠡᠦᠬᠡ ᠵᠢᠨ ᠳᠤᠷᠠᠰᠬᠠᠯᠲᠤ ᠵᠦᠢᠯᠡᠰ ᠤ᠋ᠨ ᠥᠯᠢᠭᠡᠷ ᠡᠳ᠋ 460 ᠭᠠᠷᠤᠢ ᠵᠦᠢᠯ ᠪᠠᠢᠵᠤ᠂ ᠭᠦᠢᠴᠡᠳ ᠬᠡᠮᠵᠢᠶᠡᠨ ᠤ᠋ ᠪᠣᠳᠠᠲᠤ ᠪᠣᠳᠠᠰ ᠤ᠋ᠨ ᠮᠠᠲᠧᠷᠢᠶᠠᠯ ᠨᠥᠭᠡᠴᠡᠯᠡᠵᠡᠢ᠃ ᠬᠣᠲᠠ ᠵᠢᠨ ᠳᠡᠰ ᠤ᠋ᠨ ᠲᠡᠦᠬᠡ ᠵᠢᠨ ᠳᠤᠷᠠᠰᠬᠠᠯᠲᠤ ᠵᠦᠢᠯᠡᠰ ᠤ᠋ᠨ ᠨᠡᠢᠳᠡᠮ ᠪᠠᠢᠴᠠᠭᠠᠯᠲᠠ ᠵᠢᠨ ᠰᠠᠯᠪᠤᠷᠢ ᠠᠩᠭᠢ ᠣᠯᠠᠨ ᠤᠳᠠᠭ᠎ᠠ ᠲᠤᠬᠠᠢ ᠵᠢᠨ ᠭᠠᠵᠠᠷ ᠲᠤ᠌ ᠬᠦᠷᠴᠦ ᠬᠢᠨᠠᠨ ᠵᠢᠯᠤᠭᠣᠳᠴᠤ ᠬᠠᠷᠭᠤᠭᠤᠯᠤᠨ ᠪᠠᠢᠴᠠᠭᠠᠵᠤ᠂ ᠮᠠᠲᠧᠷᠢᠶᠠᠯ ᠢ᠋ ᠨᠠᠷᠢᠨ ᠨᠢᠮᠪᠠᠢ ᠡᠮᠬᠢᠯᠡᠨ᠂ ᠰᠢᠨ᠎ᠡ ᠪᠡᠷ ᠢᠯᠡᠷᠡᠭᠦᠯᠦᠭᠰᠡᠨ ᠲᠡᠦᠬᠡ ᠵᠢᠨ ᠳᠤᠷᠠᠰᠬᠠᠯᠲᠤ ᠵᠦᠢᠯᠡᠰ ᠤ᠋ᠨ ᠣᠷᠣᠨ ᠪᠠᠢᠷᠢ ᠵᠢ ᠳᠠᠬᠢᠨ ᠬᠢᠨᠠᠵᠤ᠂ ᠨᠡᠢᠳᠡᠮ ᠪᠠᠢᠴᠠᠭᠠᠯᠲᠠ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠠᠢ ᠣᠨᠣᠪᠴᠢᠲᠠᠢ᠂ ᠪᠦᠷᠢᠨ ᠪᠦᠲᠦᠨ ᠵᠢᠷᠤᠮᠵᠢᠯ ᠲᠠᠢ ᠪᠠᠢᠬᠤ ᠵᠢ ᠪᠠᠲᠤᠯᠠᠨ᠂ ᠲᠣᠰ ᠤᠳᠠᠭᠠᠨ ᠤ᠋ ᠬᠡᠪ ᠵᠠᠭᠪᠤᠷ ᠢ᠋ ᠬᠢᠨᠠᠨ ᠲᠣᠭᠲᠠᠭᠠᠬᠤ ᠠᠵᠢᠯ ᠤ᠋ᠨ ᠤᠷᠤᠭᠰᠢᠲᠠᠢ ᠶᠠᠪᠤᠭᠳᠠᠬᠤ ᠵᠢ ᠪᠠᠳᠤᠯᠠᠵᠤ ᠪᠠᠢᠨ᠎ᠠ᠃ ᠳᠤᠰ ᠠᠵᠢᠯᠯᠠᠭ᠎ᠠ ᠨᠢ ᠪᠦᠬᠦ ᠬᠤᠳᠠ ᠶ᠋ᠢᠨ ᠳᠡᠦᠬᠡ ᠶ᠋ᠢᠨ ᠳᠤᠷᠠᠰᠬᠠᠯᠳᠤ ᠵᠦᠢᠯᠡᠰ ᠤ᠋ᠨ ᠵᠠᠭᠪᠤᠷ ᠢ᠋ ᠰᠢᠰᠲᠧᠮᠵᠢᠭᠦᠯᠦᠨ ᠡᠮᠬᠢᠯᠡᠬᠦ᠂ ᠰᠢᠨᠵᠢᠯᠡᠬᠦ ᠤᠬᠠᠭᠠᠨᠴᠢ ᠪᠡᠷ ᠮᠠᠭᠠᠳᠯᠠᠨ ᠲᠣᠭᠲᠠᠭᠠᠬᠤ ᠪᠠ ᠳᠡᠦᠬᠡ ᠶ᠋ᠢᠨ ᠳᠤᠷᠠᠰᠬᠠᠯᠳᠤ ᠵᠦᠢᠯᠡᠰ ᠤ᠋ᠨ ᠰᠤᠳᠤᠯᠭᠠᠨ ᠢ᠋ ᠬᠦᠨᠵᠡᠬᠡᠢᠷᠡᠬᠦᠯᠬᠦ ᠵᠢ ᠠᠬᠢᠭᠤᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号