ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ VTE ᠵᠢ ᠰᠡᠷᠭᠡᠢᠯᠡᠨ ᠵᠠᠰᠠᠵᠤ ᠠᠰᠠᠷᠠᠨ ᠰᠤᠪᠢᠯᠠᠬᠤ ᠬᠣᠯᠪᠣᠭ᠎ᠠ ᠪᠠᠢᠭᠤᠯᠤᠭᠳᠠᠵᠠᠢ
2026-06-22 11:01:47
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠲᠦᠷᠦᠬᠦᠭᠡᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ VTE  ᠵᠢ ᠰᠡᠷᠭᠡᠢᠯᠡᠨ ᠵᠠᠰᠠᠵᠤ ᠠᠰᠠᠷᠠᠨ ᠰᠤᠪᠢᠯᠠᠬᠤ ᠬᠣᠯᠪᠣᠭ᠎ᠠ ᠪᠠᠢᠭᠤᠯᠤᠭᠳᠠᠬᠤ ᠬᠤᠷᠠᠯ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠡᠮᠨᠡᠯᠭᠡ ᠵᠢᠨ ᠬᠣᠷᠢᠶ᠎ᠠ ᠳ᠋ᠤ᠌ ᠶᠠᠪᠤᠭᠳᠠᠪᠠ᠃ ᠲᠤᠰ ᠬᠣᠯᠪᠣᠭ᠎ᠠ ᠵᠢ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠡᠴᠡ ᠵᠥᠪᠰᠢᠶᠡᠷᠡᠨ ᠪᠠᠢᠭᠤᠯᠵᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠡᠮᠨᠡᠯᠭᠡ ᠵᠢᠨ ᠬᠣᠷᠢᠶ᠎ᠠ ᠵᠢᠨ ᠰᠤᠪᠢᠯᠠᠭᠴᠢ ᠵᠢᠨ ᠬᠡᠯᠲᠡᠰ ᠳᠠᠢᠴᠢᠯᠠᠨ ᠬᠠᠷᠢᠭᠤᠴᠠᠵᠤ ᠪᠡᠯᠡᠳᠬᠡᠯ ᠠᠵᠢᠯ ᠢ᠋ ᠬᠦᠢᠴᠡᠳᠭᠡᠪᠡ᠃

ᠬᠤᠷᠠᠯ ᠳᠡᠭᠡᠷ᠎ᠡ᠂ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠤ᠋ᠨ ᠬᠣᠯᠪᠣᠭ᠎ᠠ ᠵᠢ ᠪᠠᠢᠭᠤᠯᠬᠤ ᠲᠤᠬᠠᠢ ᠠᠯᠪᠠᠨ ᠶᠣᠰᠣᠨ ᠤ᠋ ᠴᠣᠬᠣᠯᠠᠪᠤᠷᠢ ᠵᠢ ᠤᠩᠰᠢᠨ ᠨᠡᠢᠲᠡᠯᠡᠵᠦ᠂ ᠬᠣᠯᠪᠣᠭ᠎ᠠ ᠵᠢ ᠪᠠᠢᠭᠤᠯᠤᠭᠰᠠᠨ ᠵᠣᠷᠢᠯᠲᠠ ᠪᠣᠯᠤᠨ ᠠᠵᠢᠯ ᠤ᠋ᠨ ᠱᠠᠭᠠᠷᠳᠠᠯᠭ᠎ᠠ ᠵᠢ ᠲᠣᠳᠣᠷᠬᠠᠢᠯᠠᠵᠤ᠂ 42 ᠪᠦᠷᠢᠯᠳᠦᠬᠦᠨ ᠨᠢᠭᠡᠴᠢ ᠵᠢᠴᠢ ᠵᠣᠬᠢᠶᠠᠨ ᠪᠠᠢᠭᠤᠯᠤᠯᠲᠠ ᠵᠢᠨ ᠪᠦᠲᠦᠴᠡ ᠵᠢ ᠨᠡᠢᠲᠡᠯᠡᠪᠡ᠃ ᠳᠤᠰ ᠬᠤᠯᠪᠤᠭ᠎ᠠ ᠪᠠᠢᠭᠤᠯᠤᠭᠳᠠᠭᠰᠠᠨ ᠨᠢ ᠪᠦᠬᠦ ᠣᠷᠣᠨ ᠤ᠋ VTE (ᠨᠠᠮᠵᠢᠭᠤᠨ ᠰᠤᠳᠠᠯ ᠤ᠋ᠨ ᠴᠢᠰᠤᠨ ᠤ᠋ ᠪᠦᠯᠦᠩ ᠤ᠋ᠨ ᠪᠥᠭᠯᠡᠷᠡᠯ ᠭᠡᠮ) ᠵᠢᠨ ᠰᠡᠷᠭᠡᠢᠯᠡᠨ ᠵᠠᠰᠠᠵᠤ ᠠᠰᠠᠷᠠᠨ ᠰᠤᠪᠢᠯᠠᠬᠤ ᠠᠵᠢᠯ ᠵᠢᠷᠤᠮᠵᠢᠭᠰᠡᠨ᠂ ᠬᠠᠮᠵᠢᠯᠴᠠᠨ ᠬᠥᠭᠵᠢᠬᠦ ᠵᠢᠨ ᠰᠢᠨ᠎ᠡ ᠱᠠᠲᠤᠨ ᠳ᠋ᠤ᠌ ᠣᠷᠣᠵᠤ᠂ ᠣᠷᠣᠨ ᠪᠦᠰᠡ ᠵᠢᠨ 《ᠡᠮᠴᠢᠯᠡᠭᠡᠨ + ᠶᠠᠰᠤ ᠴᠢᠨᠠᠷ ᠤ᠋ᠨ ᠬᠠᠮᠢᠶᠠᠷᠤᠯᠳᠠ ᠬᠢᠭᠡᠳ ᠡᠵᠡᠮᠳᠡᠯ + ᠠᠰᠠᠷᠠᠨ ᠰᠤᠪᠢᠯᠠᠬᠤ》 ᠭᠤᠷᠪᠠ ᠵᠢ ᠨᠢᠭᠡ ᠴᠣᠭᠴᠠᠵᠢᠭᠤᠯᠤᠭᠰᠠᠨ ᠰᠡᠷᠭᠡᠢᠯᠡᠨ ᠵᠠᠰᠠᠬᠤ ᠰᠢᠰᠲ᠋ᠧᠮ ᠢ᠋ ᠴᠢᠨᠠᠭᠰᠢᠳᠠ ᠲᠡᠭᠦᠯᠳᠡᠷᠵᠢᠭᠦᠯᠦᠭᠰᠡᠨ ᠪᠠᠢᠨ᠎ᠠ᠃ ᠤᠢᠯᠠᠭᠠᠭᠰᠠᠨ ᠵᠢᠡᠷ᠂ ᠳᠤᠰ ᠬᠣᠯᠪᠣᠭ᠎ᠠ ᠨᠢ ᠡᠬᠢ ᠪᠠᠶᠠᠯᠢᠭ ᠢ᠋ ᠬᠠᠮᠲᠤ ᠪᠠᠷ ᠡᠳ᠋ᠯᠡᠬᠦ᠂ ᠮᠡᠷᠭᠡᠵᠢᠯ ᠬᠠᠷᠢᠯᠴᠠᠨ ᠨᠡᠪᠲᠡᠷᠡᠯᠴᠡᠬᠦ ᠰᠣᠯᠢᠯᠴᠠᠭᠠᠨ ᠤ᠋ ᠲᠠᠪᠴᠠᠩ ᠢ᠋ ᠪᠠᠢᠭᠤᠯᠵᠤ᠂ ᠪᠠᠢᠩᠭᠤᠵᠢᠭᠰᠠᠨ ᠡᠷᠳᠡᠮ ᠰᠢᠨᠵᠢᠯᠡᠭᠡᠨ ᠤ᠋ ᠰᠣᠯᠢᠯᠴᠠᠭ᠎ᠠ᠂ ᠲᠤᠰᠬᠠᠢ ᠮᠡᠷᠭᠡᠵᠢᠯ ᠤ᠋ᠨ ᠪᠣᠯᠪᠠᠰᠤᠷᠠᠯ ᠪᠠ ᠤᠷ᠎ᠠ ᠴᠢᠳᠠᠪᠤᠷᠢ ᠵᠢᠨ ᠰᠤᠳᠤᠯᠤᠨ ᠶᠠᠷᠢᠯᠴᠠᠭ᠎ᠠ ᠵᠢ ᠥᠷᠨᠢᠭᠦᠯᠵᠦ᠂ ᠰᠢᠯᠢᠳᠡᠭ ᠰᠤᠪᠢᠯᠠᠯᠲᠠ ᠵᠢᠨ ᠮᠡᠷᠭᠡᠵᠢᠯ ᠢ᠋ ᠦᠨᠳᠦᠰᠤᠨ ᠱᠠᠳᠤᠨ ᠳ᠋ᠤ ᠨᠠᠢᠳᠠᠪᠤᠷᠢᠵᠢᠭᠤᠯᠵᠤ᠂ ᠤᠷᠢᠳᠴᠢᠯᠠᠨ ᠰᠡᠷᠭᠡᠢᠯᠡᠬᠦ᠂ ᠰᠢᠭᠰᠢᠨ ᠪᠠᠢᠴᠠᠭᠠᠬᠤ᠂ ᠮᠦᠷᠳᠠᠨ ᠰᠤᠷᠪᠤᠯᠵᠢᠯᠠᠬᠤ ᠮᠠᠳᠤ᠎ᠵᠢᠨ ᠪᠦᠬᠦ ᠬᠡᠯᠬᠢᠶᠡᠰᠦ ᠵᠢᠨ ᠰᠡᠷᠭᠡᠢᠯᠡᠨ ᠵᠠᠰᠠᠬᠤ ᠵᠠᠭᠪᠤᠷ ᠢ᠋ ᠪᠠᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号