—— 《ᠪᠡᠶ᠎ᠡ᠎ᠶ᠋ᠢᠨ ᠲᠠᠮᠢᠷ ✚ ᠰᠤᠷᠭᠠᠨ ᠬᠦᠮᠦᠵᠢᠯ》 ᠰᠢᠷᠢᠰ ᠮᠡᠳᠡᠭᠡᠯᠡᠯ ⑤
ᠣᠶ᠋ᠢᠷ᠎ᠠ᠎ᠶᠢᠨ ᠵᠢᠯᠦᠳᠲᠦ᠍᠂ ᠲᠦᠩᠯᠢᠶᠣᠤ ᠬᠣᠲᠠ ᠲᠣᠭᠲᠠᠴᠠ᠎ᠪᠠᠨ ᠲᠡᠭᠦᠯᠳᠡᠷᠵᠢᠭᠦᠯᠬᠦ᠌᠂ ᠡᠬᠢ ᠪᠠᠶᠠᠯᠢᠭ᠎ᠢ ᠨᠡᠢᠳᠭᠡᠬᠦ᠂ ᠲᠥᠷᠥᠯ ᠵᠦᠢᠯ᠎ᠦᠨ ᠰᠢᠨ᠎ᠡ᠎ᠶᠢ ᠡᠭᠦᠳᠬᠦ᠌ ᠵᠡᠷᠭᠡ ᠣᠯᠠᠨ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠵᠠᠯᠠᠭᠤᠴᠤᠳ ᠪᠠᠭᠠᠴᠤᠳ᠎ᠤᠨ ᠡᠷᠡᠭᠦᠯ ᠦᠰᠦᠨ ᠪᠤᠢᠵᠢᠯᠳᠠ᠎ᠶᠢ ᠠᠬᠢᠭᠤᠯᠵᠦ ᠪᠤᠢ᠃ 2020 ᠣᠨ᠎ᠠᠴᠠ ᠤᠳᠤ ᠪᠣᠯᠲᠠᠯ᠎ᠠ᠂ ᠪᠥᠬᠥ᠌ ᠬᠣᠲᠠ᠎ᠶᠢᠨ ᠬᠡᠦᠬᠡᠳ ᠵᠠᠯᠠᠭᠤᠴᠤᠳ ᠪᠠᠭᠠᠴᠤᠳ᠎ᠤᠨ ᠣᠶ᠋ᠢᠷ᠎ᠠ ᠬᠠᠷᠠᠭ᠎ᠠ᠎ᠶᠢᠨ ᠨᠣᠷᠮ᠎ᠠ ᠲᠠᠰᠤᠷᠠᠯᠲᠠ ᠦᠭᠡᠢ ᠪᠠᠭᠤᠷᠠᠵᠤ᠂ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶᠢᠨ ᠰᠢᠯᠢᠳᠡᠭ᠎ᠦᠨ ᠨᠣᠷᠮ᠎ᠠ ᠦᠷᠭᠦᠯᠵᠢᠯᠡᠨ ᠳᠡᠭᠡᠭᠰᠢᠯᠡᠵᠦ᠍᠂ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠠᠵᠢᠯ᠎ᠳᠤ ᠣᠯᠠᠨ ᠲᠠᠯ᠎ᠠ᠎ᠪᠠᠷ ᠰᠢᠪᠲᠤᠯᠤᠯᠲᠠ ᠭᠠᠷᠭᠠᠵᠤ᠂ ᠭᠦᠨᠵᠡᠭᠡᠶ᠋ᠢᠷᠡᠨ ᠬᠥᠭᠵᠢᠭᠰᠡᠨ ᠰᠠᠶ᠋ᠢᠨ ᠰᠠᠶ᠋ᠢᠬᠠᠨ ᠪᠠᠶ᠋ᠢᠳᠠᠯ ᠢᠯᠡᠷᠡᠪᠡ᠃

ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠵᠤ᠂ ᠪᠡᠶ᠎ᠡ ᠵᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ᠎ᠢ ᠬᠦᠨᠵᠡᠭᠡᠢᠷᠡᠬᠦᠯᠪᠡ
ᠲᠦᠩᠯᠢᠶᠣᠤ ᠬᠣᠲᠠ ᠤᠷᠢᠳ ᠬᠣᠵᠢᠳ《ᠲᠦᠩᠯᠢᠶᠣᠤ ᠬᠣᠲᠠ᠎ᠶᠢᠨ ᠵᠠᠯᠠᠭᠤᠴᠤᠳ ᠪᠠᠭᠠᠴᠤᠳ᠎ᠤᠨ ᠪᠡᠶ᠎ᠡ᠎ᠶᠢᠨ ᠲᠠᠮᠢᠷ᠎ᠤᠨ〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠠᠵᠢᠯᠯᠠᠭᠠᠨ᠎ᠤ ᠲᠥᠯᠥᠪᠯᠡᠭᠡ》᠂《ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠶ᠋ᠢᠷᠡᠭᠦᠯᠵᠦ᠍ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠬᠥᠭᠵᠢᠬᠦ᠌᠎ᠶᠢ ᠠᠬᠢᠭᠤᠯᠬᠤ ᠲᠤᠬᠠᠶ ᠬᠡᠷᠡᠭᠵᠢᠭᠦᠯᠬᠦ᠌ ᠰᠠᠨᠠᠯ》 ᠵᠡᠷᠭᠡ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠍ ᠂ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠶ᠋ᠢᠷᠡᠭᠦᠯᠬᠦ᠌᠎ᠳᠦ ᠪᠠᠲᠤ᠌ ᠪᠠᠬᠢ ᠲᠥᠷᠥ᠎ᠶᠢᠨ ᠪᠣᠳᠣᠯᠭ᠎ᠠ᠎ᠵᠢᠨ ᠪᠠᠲᠤᠯᠠᠭ᠎ᠠ ᠬᠠᠩᠭᠠᠪᠠ᠃

ᠤᠢᠷ᠎ᠡ᠎ᠶᠢᠨ ᠭᠤᠷᠪᠠᠨ ᠵᠢᠯ᠎ᠳᠦ᠂ ᠳ᠋ᠦᠩᠰᠢᠭᠤᠷ ᠰᠢᠬᠠᠮ ᠲᠥᠭᠥᠷᠢᠭ᠎ᠦᠨ ᠪᠡᠯᠡ ᠮᠥᠩᠭᠥ᠌ ᠴᠤᠭᠯᠠᠭᠤᠯᠵᠤ᠂ ᠪᠡᠶ᠎ᠡ᠎ᠶᠢᠨ ᠲᠠᠮᠢᠷ᠎ᠤᠨ ᠣᠷᠳᠣᠨ᠎ᠢ ᠪᠦᠲᠦᠭᠡᠨ ᠪᠠᠶ᠋ᠢᠭᠤᠯᠬᠤ᠂ ᠪᠠᠷᠢᠮᠵᠢᠶᠠᠲᠤ᠌ ᠲᠠᠮᠢᠷ᠎ᠤᠨ ᠲᠠᠯᠠᠪᠠᠢ ᠪᠠ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠲᠠᠯᠠᠪᠠᠢ ᠪᠠᠢᠭᠤᠯᠬᠤ᠂ ᠪᠡᠶ᠎ᠡ᠎ᠶᠢᠨ ᠲᠠᠮᠢᠷ᠎ᠤᠨ ᠵᠢᠭᠠᠨ ᠰᠤᠷᠭᠠᠯᠲᠠ᠎ᠶᠢᠨ ᠪᠠᠭᠠᠵᠢ ᠬᠡᠷᠡᠭᠰᠡᠯ ᠬᠤᠳᠠᠯᠳᠤᠨ ᠠᠪᠬᠤ᠎ᠳᠤ ᠬᠡᠷᠡᠭᠯᠡᠪᠡ᠃ ᠡᠭᠦᠨ᠎ᠳᠦ᠂ ᠬᠣᠲᠠ᠎ᠶᠢᠨ ᠡᠳ᠋᠎ᠦᠨ ᠵᠠᠰᠠᠭ᠎ᠠᠴᠠ 250 ᠲᠦᠮᠡᠨ ᠲᠥᠭᠥᠷᠢᠭ ᠪᠠᠯᠠ ᠣᠷᠣᠭᠤᠯᠵᠤ ᠪᠤᠶ᠋ᠢᠺᠤ ᠪᠥᠮᠪᠥᠭᠡ᠎ᠶᠢᠨ ᠲᠠᠯᠠᠪᠤᠷ ᠢ ᠥᠭᠡᠷᠡᠴᠢᠯᠡᠨ ᠵᠠᠰᠠᠪᠠ;ᠬᠣᠷᠴᠢᠨ ᠲᠣᠭᠣᠷᠢᠭ 2023 ᠣᠨ᠂ 2024 ᠣᠨ᠎ᠳᠤ ᠨᠡᠶ᠋ᠢᠲᠡ 4000 ᠭᠠᠷᠤᠶ ᠲᠦᠮᠡᠨ ᠲᠥᠭᠥᠷᠢᠭ᠎ᠦᠨ ᠪᠠᠯᠠ ᠣᠷᠣᠭᠤᠯᠵᠤ᠂ 10 ᠰᠤᠷᠭᠠᠭᠤᠯᠢ᠎ᠶᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠦ ᠲᠠᠯᠠᠪᠤᠷ᠎ᠢ ᠰᠢᠯᠢᠳᠡᠭᠵᠢᠬᠦᠯᠪᠡ;ᠨᠠᠶ᠋ᠮᠠᠨ ᠬᠣᠰᠢᠭᠤ 1491 ᠲᠦᠮᠡᠨ ᠲᠥᠭᠥᠷᠢᠭ᠎ᠦᠨ ᠪᠠᠯᠠ ᠣᠷᠣᠭᠤᠯᠵᠤ ᠪᠡᠶ᠎ᠡ᠎ᠶᠢᠨ ᠲᠠᠮᠢᠷ᠎ᠤᠨ ᠣᠷᠳᠣᠨ ᠪᠠ ᠪᠠᠷᠢᠮᠵᠢᠶᠠᠵᠢᠬᠰᠠᠨ ᠬᠦᠨᠳᠦ ᠬᠥᠩᠭᠡᠨ ᠲᠠᠮᠢᠷ᠎ᠤᠨ ᠲᠠᠯᠠᠪᠤᠷ᠎ᠢ ᠰᠢᠨ᠎ᠡ᠎ᠪᠡᠷ ᠪᠠᠶ᠋ᠢᠭᠤᠯᠵᠤ᠂ ᠭᠠᠵᠠᠷ ᠣᠷᠣᠨ᠎ᠤ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠣᠷᠴᠢᠨ ᠲᠣᠭᠣᠷᠢᠨ᠎ᠢ ᠦᠨᠡᠨ ᠬᠦ᠌ ᠰᠠᠶ᠋ᠢᠵᠢᠷᠠᠭᠤᠯᠪᠠ᠃ ᠡᠭᠦᠨ᠎ᠦ ᠬᠠᠮᠲᠤ᠌᠂ ᠲᠦᠩᠯᠢᠶᠣᠤ ᠬᠣᠲᠠ ᠨᠡᠶ᠋ᠢᠭᠡᠮ ᠨᠡᠶ᠋ᠢᠲᠡ᠎ᠡᠴᠡ ᠪᠡᠶ᠎ᠡ᠎ᠶᠢᠨ ᠲᠠᠮᠢᠷ᠎ᠤᠨ ᠲᠤᠰᠬᠠᠶ ᠮᠡᠷᠭᠡᠵᠢᠯ᠎ᠦᠨ ᠠᠵᠢᠯᠲᠠᠨ ᠡᠯᠰᠡᠵᠦ᠍᠂ ᠣᠳᠣᠬᠠᠨ᠎ᠳᠤ ᠪᠡᠶ᠎ᠡ᠎ᠶᠢᠨ ᠲᠠᠮᠢᠷ᠎ᠤᠨ ᠪᠠᠭᠰᠢ᠎ᠶᠢᠨ ᠬᠡᠪᠴᠢᠶ᠎ᠡ ᠨᠢᠭᠡᠨᠲᠡ 2116 ᠬᠥᠮᠦᠨ᠎ᠳᠦ ᠬᠦᠷᠴᠦ᠍᠂ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠵᠢᠭᠠᠨ ᠰᠤᠷᠭᠠᠯᠲᠠ᠎ᠳᠤ ᠬᠦᠴᠦᠨ ᠪᠥᠬᠥᠶ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠭᠰᠠᠨ ᠪᠠᠶ᠋ᠢᠨ᠎ᠠ᠃ ᠰᠠᠭᠤᠷᠢ ᠲᠥᠬᠥᠭᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠠᠯ᠎ᠠ᠎ᠪᠠᠷ᠂ ᠪᠥᠬᠥ᠌ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠠᠯᠠᠪᠠᠶ 500 ᠭᠠᠷᠤᠶ ᠲᠦᠮᠡᠨ ᠲᠡᠭᠰᠢ ᠳᠥᠷᠪᠡᠯᠵᠢᠨ ᠮᠧᠲ᠋ᠷᠲᠦ᠍ ᠬᠦᠷᠴᠦ᠍᠂ ᠬᠥᠮᠦᠨ ᠪᠦᠷᠢᠳᠦ ᠳᠤᠮᠳᠠᠴᠢ᠎ᠪᠠᠷ 2.6 ᠲᠡᠭᠰᠢ ᠳᠥᠷᠪᠡᠯᠵᠢᠨ ᠮᠧᠲ᠋ᠷ᠎ᠡᠴᠡ ᠳᠡᠭᠡᠭᠰᠢ ᠨᠣᠭᠳᠠᠵᠤ᠂ ᠤᠯᠤᠰ᠎ᠤᠨ ᠪᠠᠷᠢᠮᠵᠢᠶ᠎ᠠ᠎ᠳᠤ ᠨᠡᠶ᠋ᠢᠴᠡᠪᠡ; ᠪᠥᠬᠥ᠌ ᠬᠣᠲᠠ᠎ᠶᠢᠨ ᠬᠥᠯ ᠪᠥᠮᠪᠥᠭᠡ᠎ᠶᠢᠨ ᠲᠠᠯᠠᠪᠤᠷ 220 ᠪᠠᠶ᠋ᠢᠵᠤ᠂ ᠲᠦᠮᠡᠨ ᠬᠥᠮᠦᠨ ᠪᠦᠷᠢᠳᠦ ᠨᠣᠭᠳᠠᠬᠤ ᠬᠥᠯ ᠪᠥᠮᠪᠥᠭᠡ᠎ᠶᠢᠨ ᠲᠠᠯᠠᠪᠤᠷ 1.5 ᠪᠠᠢᠵᠤ᠂ ᠴᠥᠮ ᠤᠯᠤᠰ᠎ᠤᠨ ᠬᠠᠮᠢᠶ᠎ᠠ ᠪᠥᠬᠥᠶ ᠱᠠᠭᠠᠷᠳᠠᠯᠭ᠎ᠠ᠎ᠳᠤ ᠬᠥᠷᠪᠡ᠃ ᠲᠦᠩᠯᠢᠶᠣᠤ᠎ᠶᠢᠨ ᠲᠠᠪᠤᠳᠤᠭᠠᠷ ᠳᠤᠮᠳᠠᠳᠤ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠲᠠᠯᠠᠪᠠᠢ᠂ ᠺᠠᠶ᠋ᠢᠯᠦ᠍ ᠰᠢᠶᠠᠨ᠎ᠤ ᠪᠦᠬᠦ᠌ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ ᠵᠡᠷᠭᠡ ᠲᠠᠯᠠᠪᠠᠢ ᠣᠷᠳᠣᠨ᠎ᠢ ᠨᠢᠭᠡᠨᠲᠡ ᠨᠡᠶ᠋ᠢᠭᠡᠮ ᠨᠡᠢᠲᠡ᠎ᠳᠦ ᠨᠡᠭᠡᠭᠡᠵᠦ᠍᠂ ᠬᠡᠰᠡᠭ ᠲᠠᠯ᠎ᠠ᠎ᠶᠢᠨ ᠡᠬᠢ ᠪᠠᠶᠠᠯᠢᠭ᠎ᠤᠨ ᠲᠡᠩᠴᠡᠭᠦᠷᠢ ᠦᠭᠡᠢ ᠠᠰᠠᠭᠤᠳᠠᠯ᠎ᠢ ᠪᠦᠲᠦᠮᠵᠢᠲᠡᠢ ᠨᠠᠮᠳᠠᠭᠤᠯᠪᠠ᠃
ᠨᠢᠭᠡ ᠰᠤᠷᠭᠠᠭᠤᠯᠢ ᠨᠢᠭᠡ ᠲᠦᠷᠦᠯ ᠵᠦᠢᠯ᠎ᠢ ᠬᠡᠷᠡᠭᠵᠢᠭᠦᠯᠵᠦ᠂ ᠰᠤᠷᠭᠠᠭᠤᠯᠢ ᠶ᠋ᠢᠨ ᠪᠡᠶ᠎ᠡ ᠶ᠋ᠢᠨ ᠲᠠᠮᠢᠷ ᠤᠨ ᠠᠮᠢᠵᠢᠷᠠᠯ ᠤ᠋ᠨ ᠬᠦᠴᠦᠨ ᠢ ᠬᠥᠭᠵᠢᠭᠡᠪᠡ
ᠲᠦᠩᠯᠢᠶᠣᠤ ᠬᠣᠲᠠ᠎ᠶᠢᠨ ᠡᠯ᠎ᠡ ᠰᠤᠷᠭᠠᠭᠤᠯᠢ ᠨᠤᠭᠤᠳ ᠲᠤᠬᠠᠶ᠎ᠶᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠵᠣᠷᠢᠭᠲᠠᠶ᠎ᠪᠠᠷ ᠰᠢᠨ᠎ᠡ᠎ᠶᠢ ᠡᠭᠦᠳᠴᠦ᠍᠂ ᠰᠤᠷᠭᠠᠭᠤᠯᠢ᠎ᠶᠢᠨ ᠪᠡᠶ᠎ᠡ᠎ᠶᠢᠨ ᠲᠠᠮᠢᠷ ᠥᠷᠨᠢᠭᠦᠨ ᠬᠥᠭᠵᠢᠭᠰᠡᠨ ᠰᠠᠢᠨ ᠰᠠᠢᠬᠠᠨ ᠪᠠᠶ᠋ᠢᠳᠠᠯ ᠢ ᠪᠤᠢ ᠪᠤᠯᠭᠠᠪᠠ᠃ ᠡᠯ᠎ᠡ ᠰᠤᠷᠭᠠᠭᠤᠯᠢ ᠵᠢᠨ ᠬᠢᠨ ᠬᠥᠯ ᠪᠥᠮᠪᠥᠭᠡ᠂ ᠰᠠᠭᠰᠤᠨ ᠪᠥᠮᠪᠥᠭᠡ᠂ ᠬᠦᠨᠳᠦ ᠬᠥᠩᠭᠡᠨ ᠪᠡᠶ᠎ᠡ ᠵᠢᠨ ᠲᠠᠮᠢᠷ᠎ᠤᠨ ᠤᠷᠤᠯᠳᠤᠭᠠᠨ ᠵᠡᠷᠭᠡ ᠡᠩ᠎ᠦᠨ ᠬᠢᠴᠢᠶᠡᠯ᠎ᠢ ᠨᠡᠶ᠋ᠢᠳᠡᠮ ᠲᠣᠬᠢᠷᠠᠭᠤᠯᠵᠤ᠂《ᠡᠷᠡᠭᠦᠯ ᠮᠡᠨᠳᠦ᠎ᠶᠢᠨ ᠮᠡᠳᠡᠯᠭᠡ + ᠦᠨᠳᠦᠰᠦᠨ ᠤᠷ᠎ᠠ ᠴᠢᠳᠠᠪᠤᠷᠢ + ᠲᠤᠰᠬᠠᠶ ᠵᠦᠢᠯ᠎ᠦᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠤᠷ᠎ᠠ ᠴᠢᠳᠠᠪᠤᠷᠢ》 ᠵᠢᠨ ᠵᠢᠭᠠᠨ ᠰᠤᠷᠭᠠᠯᠲᠠ᠎ᠶᠢᠨ ᠵᠠᠭᠪᠤᠷ᠎ᠢ ᠰᠦᠪᠡᠭᠴᠢᠯᠡᠨ ᠲᠡᠭᠦᠯᠳᠡᠷᠵᠢᠭᠦᠯᠵᠦ᠍᠂《ᠨᠢᠭᠡ ᠰᠤᠷᠭᠠᠭᠤᠯᠢ ᠨᠢᠭᠡ ᠨᠠᠷᠠᠲᠤ᠌ ᠲᠥᠷᠥᠯ ᠲᠡᠮᠳᠡᠭ ᠲᠡᠶ᠂ ᠨᠢᠭᠡ ᠰᠤᠷᠭᠠᠭᠤᠯᠢᠣᠯᠠᠨ ᠨᠠᠷᠠᠲᠤ᠌ ᠲᠥᠷᠥᠯ ᠲᠡᠮᠳᠡᠭ ᠲᠠᠢ》 ᠣᠨᠴᠠᠯᠢᠭᠲᠤ᠌ ᠪᠠᠶ᠋ᠢᠷᠢᠰᠢᠯ᠎ᠢ ᠡᠬᠦᠳᠪᠡ᠃

ᠬᠦᠷᠢᠶ᠎ᠡ ᠬᠣᠰᠢᠭᠤᠨ᠎ᠤ ᠵᠢᠷᠭᠤᠳᠤᠭᠠᠷ ᠪᠠᠭ᠎ᠠ ᠰᠤᠷᠭᠠᠭᠤᠯᠢ ᠪᠣᠯ ᠡᠭᠦᠨ᠎ᠦ ᠳᠣᠲᠣᠷᠠᠬᠢ ᠨᠡᠶ᠋ᠢᠲᠡᠯᠢᠭ ᠲᠥᠯᠥᠭᠡᠯᠡᠭᠴᠢ ᠪᠣᠯᠤᠨ᠎ᠠ᠃ ᠲᠤᠰ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠲᠠᠯᠠᠪᠠᠢ᠎ᠳᠤ ᠠᠯᠬᠤᠨ ᠣᠷᠣᠬᠤ᠎ᠳᠤ᠂ ᠰᠤᠷᠤᠭᠴᠢᠳ ᠲᠡᠷᠢ ᠲᠡᠭᠰᠢ ᠮᠥᠷᠯᠡᠨ ᠵᠢᠭᠰᠠᠵᠤ᠂ ᠤᠶᠠᠩᠭᠠᠲᠤ᠌ ᠠᠶᠠᠰ ᠲᠤᠮᠳᠠ ᠤᠯᠠᠭᠠᠨ ᠲᠣᠷᠭ᠎ᠠ ᠬᠡᠢᠰᠭᠡᠨ᠂ ᠴᠤᠭ ᠵᠢᠪᠬᠤᠭ᠎ᠠ ᠲᠡᠬᠦᠯᠳᠡᠷ ᠵᠢᠡᠷ ᠪᠡᠶ᠎ᠡ ᠴᠢᠭᠢᠷᠠᠭᠵᠢᠭᠤᠯᠬᠤ ᠠᠨᠳᠠᠢ ᠪᠥᠵᠢᠭᠯᠡᠵᠦ᠍᠂ ᠦᠨᠳᠦᠰᠦᠲᠡᠨ᠎ᠦ ᠪᠥᠵᠢᠭ᠎ᠦᠨ ᠥᠪᠡᠷᠮᠢᠴᠡ ᠷᠢᠳᠢ ᠰᠢᠳᠢ᠎ᠶᠢ ᠮᠡᠳᠡᠷᠡᠬᠦᠯᠦᠨ᠎ᠡ᠃ 《ᠪᠢ ᠨᠢᠭᠡᠳᠦᠭᠡᠷ ᠣᠨ᠎ᠠᠴᠠ ᠡᠬᠢᠯᠡᠨ ᠠᠨᠳᠠᠶ ᠪᠥᠵᠢᠭ ᠪᠣᠯᠪᠠᠰᠤᠷᠠᠵᠤ᠂ ᠣᠳᠣ ᠪᠣᠯᠲᠠᠯ᠎ᠠ ᠨᠢᠭᠡᠨᠲᠡ 6 ᠵᠢᠯ ᠪᠠᠷᠢᠮᠲᠠᠯᠠᠵᠤ ᠪᠠᠢᠨ᠎ᠠ᠃ ᠠᠨᠳᠠᠢ ᠪᠥᠵᠢᠭ ᠪᠥᠵᠢᠭᠯᠡᠬᠦ᠌ ᠨᠢ ᠪᠡᠶ᠎ᠡ ᠮᠠᠬᠠᠪᠣᠳ᠎ᠢ ᠴᠢᠬᠢᠷᠠᠭᠵᠢᠭᠤᠯᠤᠨ ᠪᠣᠯᠪᠠᠰᠤᠷᠠᠭᠤᠯᠬᠤ᠎ᠪᠠᠷ ᠪᠠᠷᠠᠬᠤ ᠥᠭᠡᠢ᠂ ᠰᠡᠳᠬᠢᠯ ᠰᠠᠨᠠᠭ᠎ᠠ᠎ᠶᠢ ᠲᠠᠶ᠋ᠢᠪᠤᠰᠢᠷᠠᠭᠤᠯᠵᠤ᠂ ᠰᠤᠷᠤᠯᠭ᠎ᠠ᠎ᠶᠢᠨ ᠳᠠᠷᠤᠭᠠᠰᠤ᠎ᠶᠢ ᠬᠥᠩᠭᠡᠯᠡᠬᠦ᠌ ᠪᠣᠯᠬᠣᠷ᠂ ᠪᠢᠳᠡ ᠪᠦᠷ ᠮᠠᠰᠢ ᠳᠤᠷᠠᠲᠠᠢ ᠪᠠᠶ᠋ᠢᠳᠠᠭ》 ᠭᠡᠵᠦ᠍ ᠰᠤᠷᠤᠭᠴᠢ ᠳ᠋ᠦᠩ ᠽᠢ ᠰᠢᠤᠸᠠᠨ ᠪᠠᠶᠠᠷᠲᠠᠢᠬᠠᠨ ᠬᠡᠯᠡᠨ᠎ᠡ᠃ ᠲᠣᠰ ᠰᠤᠷᠭᠠᠭᠤᠯᠢ᠎ᠶᠢᠨ ᠳᠡᠳ᠋ ᠵᠠᠬᠢᠷᠤᠯ ᠰᠢᠶᠤᠤ ᠬᠤᠩᠭᠤᠷᠬᠦᠦ ᠲᠠᠨᠢᠯᠴᠠᠭᠤᠯᠬᠤ᠎ᠳᠠᠭᠠᠨ᠂ ᠲᠤᠰ ᠰᠤᠷᠭᠠᠭᠤᠯᠢ ᠤᠯᠠᠮᠵᠢᠯᠠᠯᠲᠤ᠌ ᠠᠨᠳᠠᠶ ᠪᠥᠵᠢᠭ ᠪᠣᠯᠤᠨ ᠪᠡᠶ᠎ᠡ ᠴᠢᠬᠢᠷᠠᠭᠵᠢᠭᠤᠯᠬᠤ ᠪᠡᠶ᠎ᠡ᠎ᠶᠢᠨ ᠲᠠᠮᠢᠷ ᠢ ᠣᠷᠭᠠᠨᠢᠭ᠎ᠢᠶᠠᠷ ᠠᠭᠤᠰᠤᠯᠴᠠᠭᠤᠯᠵᠤ᠂ ᠠᠨᠳᠠᠶᠪᠦᠵᠢᠭᠤᠨ ᠪᠡᠶ᠎ᠡ ᠴᠢᠭᠢᠷᠠᠭᠵᠢᠭᠤᠯᠬᠤ ᠲᠠᠮᠢᠷ᠎ᠢ ᠥᠭᠡᠷᠡᠴᠢᠯᠡᠨ ᠨᠠᠶ᠋ᠢᠷᠠᠭᠤᠯᠵᠤ ᠵᠣᠬᠢᠶᠠᠨ ᠪᠦᠲᠦᠭᠡᠵᠦ᠍᠂ ᠵᠢᠭᠠᠨ ᠰᠤᠷᠭᠠᠯᠲᠠ᠎ᠶᠢᠨ ᠪᠣᠯᠪᠠᠰᠤᠷᠠᠯ᠎ᠢ ᠪᠠᠶ᠋ᠢᠩᠭᠤ ᠥᠷᠨᠢᠭᠦᠯᠦᠨ᠂ ᠰᠢᠨ᠎ᠡ ᠰᠣᠷᠣᠭᠴᠢ ᠰᠤᠷᠭᠠᠭᠤᠯᠢ᠎ᠳᠤ ᠤᠷᠤᠭᠰᠠᠨ᠎ᠤ ᠳᠠᠷᠠᠭ᠎ᠠ ᠨᠢᠭᠡᠳᠦᠯᠲᠡᠶ ᠲᠥᠪᠯᠡᠷᠡᠭᠦᠯᠦᠨ ᠰᠤᠷᠤᠯᠴᠠᠬᠤ᠎ᠶᠢᠨ ᠬᠠᠮᠲᠤ᠌ ᠲᠣᠭᠲᠠᠮᠠᠯ ᠬᠤᠭᠤᠴᠠᠭ᠎ᠠ᠎ᠲᠠᠶ᠎ᠪᠠᠷ ᠰᠢᠯᠭᠠᠷᠠᠭᠤᠯᠬᠤ ᠠᠵᠢᠯᠯᠠᠭ᠎ᠠ ᠥᠷᠨᠢᠭᠦᠯᠳᠡᠭ ᠭᠡᠪᠡ᠃ ᠠᠨᠳᠠᠶᠪᠦᠵᠢᠭᠤᠨ ᠪᠡᠶ᠎ᠡ ᠴᠢᠭᠢᠷᠠᠭᠵᠢᠭᠤᠯᠬᠤ ᠲᠠᠮᠢᠷ᠎ᠢ ᠪᠠᠶ᠋ᠢᠩᠭᠤ ᠳᠡᠯᠭᠡᠷᠡᠭᠦᠯᠬᠦ᠌ ᠨᠢ ᠰᠤᠷᠤᠭᠴᠢᠳ᠎ᠤᠨ ᠪᠡᠶ᠎ᠡ ᠮᠠᠬᠠᠪᠣᠳ᠎ᠢ ᠴᠢᠭᠢᠷᠠᠭᠵᠢᠭᠤᠯᠬᠤ᠎ᠪᠠᠷ ᠪᠠᠷᠠᠬᠤ ᠦᠭᠡᠶ ᠪᠠᠰᠠ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ᠎ᠦ ᠰᠣᠶᠣᠯ᠎ᠤᠨ ᠰᠤᠳᠠᠰᠤ᠎ᠶᠢ ᠵᠠᠯᠠᠭᠤᠴᠤᠳ ᠪᠠᠭᠠᠴᠤᠳ᠎ᠤᠨ ᠰᠡᠳᠬᠢᠯ᠎ᠳᠦ ᠬᠠᠳᠠᠩᠰᠢᠭᠤᠯᠤᠨ᠎ᠠ ᠬᠡᠪᠡ᠃

ᠯᠢᠶᠣᠤ ᠾᠧ ᠳᠤᠮᠳᠠᠳᠤ ᠰᠤᠷᠭᠠᠭᠤᠯᠢ 《ᠰᠠᠭᠤᠷᠢ + ᠣᠨᠴᠠᠯᠢᠭ》᠂《ᠤᠷᠤᠯᠳᠤᠭᠠᠨ + ᠠᠵᠢᠯᠯᠠᠭ᠎ᠠ》ᠵᠡᠷᠭᠡ ᠲᠠᠯ᠎ᠠ᠎ᠪᠠᠷ ᠪᠡᠶ᠎ᠡ ᠵᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠤᠨ ᠦᠢᠯᠡᠳᠦᠯ ᠴᠢᠳᠠᠪᠬᠢ ᠵᠢ ᠰᠠᠶ᠋ᠢᠲᠤᠷ ᠪᠠᠳᠠᠷᠠᠭᠤᠯᠵᠤ᠂ ᠪᠤᠶ᠋ᠢᠺᠤ ᠪᠥᠮᠪᠥᠭᠡ᠂ ᠠᠷᠤᠷ᠎ᠠ ᠪᠥᠮᠪᠥᠭᠡ᠂ ᠨᠢᠳᠤᠷᠭᠠᠨ ᠲᠡᠮᠡᠴᠡᠭᠡᠨ ᠵᠡᠷᠭᠡ ᠣᠨᠴᠠᠯᠢᠭᠲᠤ᠌ ᠬᠢᠴᠢᠶᠡᠯ᠎ᠢ ᠨᠡᠭᠡᠭᠡᠪᠡ᠃ ᠣᠳᠣᠬᠠᠨ᠎ᠳᠤ᠂ ᠪᠥᠬᠥ᠌ ᠬᠣᠲᠠ᠎ᠳᠤ ᠤᠯᠤᠰ᠎ᠤᠨ ᠲᠠᠰ᠎ᠤᠨ ᠬᠥᠯ ᠪᠥᠮᠪᠥᠭᠡ᠎ᠶᠢᠨ ᠣᠨᠴᠠᠯᠢᠭᠲᠤ᠌ ᠰᠤᠷᠭᠠᠭᠤᠯᠢ ᠵᠢ 206᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠦᠯ ᠪᠦᠮᠪᠦᠭᠡ ᠵᠢᠨ ᠣᠨᠴᠠᠯᠢᠭᠲᠤ᠌ ᠰᠤᠷᠭᠠᠭᠤᠯᠢ ᠵᠢ 82 ᠪᠠᠢᠭᠤᠯᠵᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠠᠭᠰᠤᠨ ᠪᠥᠮᠪᠥᠭᠡ᠂ ᠠᠯᠠᠭᠠᠳᠠᠬᠤ ᠪᠥᠮᠪᠥᠭᠡ᠎ᠶᠢᠨ ᠣᠨᠴᠠᠯᠢᠭᠲᠤ᠌ ᠰᠤᠷᠭᠠᠭᠤᠯᠢ ᠵᠢ 20 ᠪᠠᠢᠭᠤᠯᠤᠨ᠂ 42 ᠰᠤᠷᠭᠠᠭᠤᠯᠢ ᠳ᠋ᠤ ᠮᠥᠰᠥ᠍ ᠲᠡᠰᠢᠬᠦ᠌᠂ ᠪᠤᠶ᠋ᠢᠺᠤ ᠪᠥᠮᠪᠥᠭᠡ ᠵᠡᠷᠭᠡ ᠣᠨᠴᠠᠯᠢᠭᠲᠤ᠌ ᠲᠥᠷᠥᠯ ᠵᠦᠢᠯ᠎ᠦᠨ ᠬᠢᠴᠢᠶᠡᠯ᠎ᠢ ᠨᠡᠭᠡᠭᠡᠭᠰᠡᠨ ᠪᠠᠶ᠋ᠢᠨ᠎ᠠ᠃ ᠤᠷᠤᠯᠳᠤᠭᠠᠨ᠎ᠤ ᠶᠠᠪᠤᠳᠠᠯ᠎ᠤᠨ ᠰᠢᠰᠲ᠋ᠧᠮ᠎ᠤᠨ ᠪᠠᠶ᠋ᠢᠭᠤᠯᠤᠯᠲᠠ᠎ᠶᠢᠨ ᠲᠠᠯ᠎ᠠ᠎ᠪᠠᠷ᠂ ᠲᠦᠩᠯᠢᠶᠣᠤ ᠬᠣᠲᠠ ᠬᠥᠯ ᠪᠥᠮᠪᠥᠭᠡ ᠵᠢᠨ《ᠬᠣᠲᠠ᠎ᠶᠢᠨ ᠳᠠᠷᠤᠭ᠎ᠠ ᠬᠤᠨᠳᠠᠭᠠᠲᠤ᠌》᠂《ᠰᠢᠶᠠᠨ᠎ᠤ ᠳᠠᠷᠤᠭ᠎ᠠ ᠬᠤᠨᠳᠠᠭᠠᠲᠤ᠌》᠂《ᠰᠤᠷᠭᠠᠭᠤᠯᠢ᠎ᠶᠢᠨ ᠵᠠᠬᠢᠷᠤᠯ ᠬᠤᠨᠳᠠᠭᠠᠲᠤ᠌》᠂ 《U ᠰᠢᠷᠢᠰ》 ᠵᠡᠷᠭᠡ ᠲᠥᠷᠥᠯ ᠲᠡᠮᠳᠡᠭᠲᠦ᠍ ᠤᠷᠤᠯᠳᠤᠭᠠᠨ᠎ᠢ ᠵᠤᠬᠢᠶᠠᠨ ᠪᠠᠶ᠋ᠢᠭᠤᠯᠤᠨ ᠦᠷᠨᠢᠬᠦᠯᠵᠤ᠂《ᠰᠤᠷᠭᠠᠭᠤᠯᠢ᠎ᠶᠢᠨ ᠬᠣᠭᠣᠷᠣᠨᠳᠣᠬᠢ ᠬᠣᠯᠪᠣᠭᠠᠲᠤ᠌ ᠤᠷᠤᠯᠳᠤᠭᠠᠨ — ᠣᠷᠣᠨ ᠪᠦᠰᠡ᠎ᠶᠢᠨ ᠰᠢᠯᠭᠠᠷᠠᠭᠤᠯᠤᠯᠲᠠ— ᠬᠣᠲᠠ᠎ᠶᠢᠨ ᠲᠡᠰ᠎ᠤᠨ ᠤᠷᠤᠯᠳᠤᠭᠠᠨ》 ᠤ᠋ ᠰᠢᠰᠲ᠋ᠧᠮ᠎ᠢ ᠪᠦᠷᠢᠯᠳᠦᠭᠦᠯᠵᠦ᠍᠂ ᠡᠯ᠎ᠡ ᠰᠤᠷᠭᠠᠭᠤᠯᠢ᠎ᠨᠤᠭᠤᠳ ᠴᠦᠮ ᠰᠤᠷᠤᠭᠴᠢᠳ᠎ᠤᠨ ᠡᠳᠦᠷ ᠪᠦᠷᠢ 2 ᠴᠠᠭ᠎ᠤᠨ ᠶᠡᠷᠦᠩᠬᠡᠶ᠋ᠢᠯᠡᠭᠰᠡᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠴᠠᠭ᠎ᠢ ᠦᠨᠡᠨ ᠬᠦ᠌ ᠪᠠᠲᠤᠯᠠᠵᠤ ᠪᠤᠢ᠃
ᠨᠠᠶ᠋ᠮᠠᠨ ᠬᠣᠰᠢᠭᠤ ᠰᠠᠭᠤᠷᠢ ᠲᠥᠬᠥᠭᠡᠷᠦᠮᠵᠢ᠎ᠶᠢᠨ ᠪᠥᠲᠥᠭᠡᠨ ᠪᠠᠶ᠋ᠢᠭᠤᠯᠤᠯᠲᠠ᠎ᠶᠢ ᠴᠢᠩᠭᠠᠳᠬᠠᠵᠤ᠂ ᠪᠡᠶ᠎ᠡ᠎ᠶᠢᠨ ᠲᠠᠮᠢᠷ᠎ᠤᠨ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢ ᠪᠡᠬᠢᠵᠢᠭᠦᠯᠵᠦ᠍᠂ ᠤᠷᠤᠯᠳᠤᠭᠠᠨ᠎ᠤ ᠠᠵᠢᠯᠯᠠᠭ᠎ᠠ᠎ᠶᠢ ᠪᠠᠶᠠᠯᠢᠭᠵᠢᠭᠤᠯᠪᠡ; ᠵᠠᠷᠤᠳ ᠬᠣᠰᠢᠭᠤ 5 ᠪᠠᠭ᠎ᠠ ᠰᠤᠷᠭᠠᠭᠤᠯᠢ᠎ᠶᠢ ᠲᠤᠷᠰᠢᠯᠲᠠ᠎ᠶᠢᠨ ᠰᠤᠷᠭᠠᠭᠤᠯᠢ᠎ᠪᠠᠷ ᠲᠣᠭᠲᠠᠭᠠᠵᠤ᠂ ᠪᠥᠬᠥ᠌ ᠬᠣᠰᠢᠭᠤᠨ᠎ᠤ ᠪᠠᠭ᠎ᠠ ᠰᠤᠷᠭᠠᠭᠤᠯᠢ᠎ᠶᠢᠨ ᠲᠠᠪᠤᠳᠤᠭᠠᠷ ᠤᠨ᠂ ᠵᠢᠷᠭᠤᠳᠤᠭᠠᠷ ᠣᠨ᠎ᠤ ᠬᠤᠭᠤᠴᠠᠭᠠᠨ ᠡᠴᠦᠰ᠎ᠦᠨ ᠰᠢᠯᠭᠠᠯᠲᠠ᠎ᠳᠤ ᠪᠡᠶ᠎ᠡ᠎ᠶᠢᠨ ᠲᠠᠮᠢᠷ ᠪᠣᠯᠤᠨ ᠡᠷᠡᠭᠦᠯ ᠮᠡᠨᠳᠦ᠎ᠶᠢᠨ ᠰᠢᠯᠭᠠᠯᠲᠠ᠎ᠶᠢ ᠨᠡᠮᠡᠵᠦ᠍᠂ ᠡᠯ᠎ᠡ ᠭᠠᠵᠠᠷ᠎ᠤᠨ᠎ᠬᠢᠨ ᠯᠠᠪᠳᠠᠭᠤᠨ ᠪᠠᠲᠤᠲᠠᠶ ᠠᠯᠬᠤᠮ᠎ᠢ ᠰᠦᠪᠡᠭᠴᠢᠯᠡᠪᠡ᠃
ᠦᠨᠡᠯᠡᠨ ᠵᠢᠱ᠌ᠢᠯᠳᠡ ᠪᠡᠷ ᠬᠥᠳᠡᠯᠭᠡᠭᠦᠷ ᠪᠣᠯᠭᠠᠵᠤ᠂ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ᠌ ᠬᠡᠯᠬᠢᠶ᠎ᠡ᠎ᠶᠢ ᠪᠠᠶ᠋ᠢᠭᠤᠯᠪᠡ
ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢ ᠠᠬᠢᠭᠤᠯᠬᠤ᠎ᠳᠤ᠂ ᠦᠨᠡᠯᠡᠯᠲᠡ᠎ᠶᠢᠨ ᠥᠭᠡᠷᠡᠴᠢᠯᠡᠯᠲᠡ᠎ᠶᠢᠨ ᠬᠦᠳᠦᠯᠦᠨ ᠳᠠᠭᠠᠭᠤᠯᠬᠤ ᠪᠠ ᠴᠢᠳᠠᠪᠤᠷᠢᠲᠠᠨ ᠬᠥᠮᠦᠵᠢᠭᠦᠯᠬᠦ᠌ ᠬᠡᠯᠬᠢᠢ᠎ᠡ᠎ᠶᠢ ᠪᠠᠶ᠋ᠢᠭᠤᠯᠬᠤ᠎ᠠᠴᠠ ᠰᠠᠯᠵᠤ ᠴᠢᠳᠠᠬᠤ ᠦᠭᠡᠢ ᠶᠤᠮ᠃ ᠲᠦᠩᠯᠢᠶᠣᠤ ᠬᠣᠲᠠ ᠰᠤᠷᠭᠠᠭᠤᠯᠢ᠎ᠶᠢᠨ ᠪᠡᠶ᠎ᠡ᠎ᠶᠢᠨ ᠲᠠᠮᠢᠷ᠎ᠤᠨ ᠦᠨᠡᠯᠡᠯᠲᠡ᠎ᠶᠢᠨ ᠥᠭᠡᠷᠡᠴᠢᠯᠡᠯᠲᠡ᠎ᠶᠢ ᠢᠳᠡᠪᠬᠢᠲᠡᠶ ᠠᠬᠢᠭᠤᠯᠵᠤ᠂ ᠳᠤᠮᠳᠠᠳᠤ ᠰᠤᠷᠭᠠᠭᠤᠯᠢ᠎ᠶᠢᠨ ᠰᠢᠯᠭᠠᠯᠲᠠ᠎ᠶᠢᠨ ᠥᠭᠡᠷᠡᠴᠢᠯᠡᠯᠲᠡ᠎ᠶᠢᠨ ᠠᠭᠤᠯᠭ᠎ᠠ᠎ᠶᠢ ᠨᠠᠶ᠋ᠢᠳᠠᠪᠤᠷᠢᠵᠢᠭᠤᠯᠵᠤ᠂ ᠪᠡᠶ᠎ᠡ᠎ᠶᠢᠨ ᠲᠠᠮᠢᠷ᠎ᠤᠨ ᠰᠢᠯᠭᠠᠯᠲᠠ᠎ᠶᠢᠨ ᠬᠤᠪᠢ᠎ᠶᠢ 80 ᠬᠤᠪᠢ ᠪᠣᠯᠭᠠᠨ ᠳᠡᠭᠡᠭᠰᠢᠯᠡᠭᠦᠯᠵᠦ᠍᠂《ᠪᠡᠶ᠎ᠡ᠎ᠶᠢᠨ ᠲᠠᠮᠢᠷ᠎ᠢ ᠴᠢᠬᠤᠯᠠᠴᠢᠯᠠᠬᠤ》 ᠢᠯᠡ ᠲᠣᠳᠣ ᠤᠳᠤᠷᠢᠳᠤᠮᠵᠢ᠎ᠶᠢ ᠳᠠᠮᠵᠢᠭᠤᠯᠪᠠ᠃ ᠣᠯᠠᠩᠬᠢ ᠰᠤᠷᠭᠠᠭᠤᠯᠢ᠎ᠨᠤᠭᠤᠳ ᠰᠤᠷᠤᠭᠴᠢᠳ᠎ᠤᠨ ᠡᠳᠦᠷ ᠲᠤᠲᠤᠮ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ᠂ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠰᠢᠯᠭᠠᠨ ᠪᠠᠶ᠋ᠢᠴᠠᠭᠠᠬᠤ᠂ ᠪᠡᠶ᠎ᠡ᠎ᠶᠢᠨ ᠲᠠᠮᠢᠷ᠎ᠤᠨ ᠦᠨᠳᠦᠰᠦᠨ ᠮᠡᠷᠭᠡᠵᠢᠯ ᠴᠢᠳᠠᠪᠤᠷᠢ ᠪᠣᠯᠤᠨ ᠲᠤᠰᠬᠠᠶ ᠵᠦᠢᠯ᠎ᠦᠨ ᠪᠡᠶ᠎ᠡ᠎ᠶᠢᠨ ᠲᠠᠮᠢᠷ᠎ᠤᠨ ᠮᠡᠷᠭᠡᠵᠢᠯ᠎ᠦᠨ ᠴᠢᠳᠠᠪᠤᠷᠢ᠎ᠶᠢᠨ ᠰᠢᠯᠭᠠᠯᠲᠠ᠎ᠶᠢ ᠬᠠᠷᠢᠯᠴᠠᠨ ᠤᠶᠠᠯᠳᠤᠭᠤᠯᠤᠭᠰᠠᠨ ᠰᠢᠯᠭᠠᠨ ᠪᠠᠶ᠋ᠢᠴᠠᠭᠠᠬᠤ ᠲᠣᠭᠲᠠᠴᠠ᠎ᠶᠢ ᠪᠠᠶ᠋ᠢᠭᠤᠯᠤᠭᠰᠠᠨ᠎ᠤ ᠬᠠᠮᠲᠤ᠌ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠠᠵᠢᠯ᠎ᠤᠨ ᠶᠠᠰᠤ ᠴᠢᠨᠠᠷ᠎ᠢ ᠦᠨᠡᠯᠡᠬᠦ᠌ ᠰᠢᠰᠲᠸᠮᠳᠦ ᠣᠷᠣᠭᠤᠯᠤᠨ᠂ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠤᠨ ᠳᠠᠩᠰᠠ ᠡᠪᠬᠡᠮᠡᠯ᠎ᠢ ᠪᠦᠷᠢᠨᠰᠢᠭᠦᠯᠵᠦ᠍᠂ ᠪᠡᠶ᠎ᠡ᠎ᠶᠢᠨ ᠲᠠᠮᠢᠷ᠎ᠢ 《ᠳᠡᠳ᠋ ᠬᠢᠴᠢᠶᠡᠯ》 ᠪᠢᠰᠢ᠂ ᠬᠠᠷᠢᠨ ᠰᠤᠷᠤᠯᠭᠠᠯᠤᠭᠠ ᠵᠡᠷᠭᠡ᠎ᠳᠦᠨᠢ ᠴᠢᠬᠤᠯᠠᠴᠢᠯᠠᠭᠰᠠᠨ ᠥᠰᠦᠨ ᠪᠣᠶ᠋ᠢᠵᠢᠬᠤ᠎ᠳᠤ ᠵᠠᠪᠠᠯ ᠰᠤᠷᠬᠤ ᠬᠢᠴᠢᠶᠡᠯ ᠪᠣᠯᠭᠠᠭᠰᠠᠨ ᠪᠠᠶ᠋ᠢᠨ᠎ᠠ᠃

ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ᠌ ᠲᠠᠯ᠎ᠠ᠎ᠪᠠᠷ᠂ ᠲᠦᠩᠯᠢᠶᠣᠤ ᠬᠣᠲᠠ ᠪᠡᠶ᠎ᠡ᠎ᠶᠢᠨ ᠲᠠᠮᠢᠷ᠎ᠤᠨ ᠰᠤᠷᠭᠠᠭᠤᠯᠢ + ᠰᠤᠷᠭᠠᠭᠤᠯᠢ ᠬᠠᠮᠲᠤᠷᠠᠨ ᠬᠥᠮᠦᠵᠢᠭᠦᠯᠬᠦ᠌ ᠲᠥᠯᠥᠪᠯᠡᠭᠡ ᠵᠢ ᠪᠠᠶ᠋ᠢᠭᠤᠯᠵᠤ ᠂ ᠬᠣᠲᠠ᠎ᠶᠢᠨ ᠪᠡᠶ᠎ᠡ᠎ᠶᠢᠨ ᠲᠠᠮᠢᠷ᠎ᠤᠨ ᠰᠤᠷᠭᠠᠭᠤᠯᠢ ᠨᠢ ᠬᠣᠷᠴᠢᠨ ᠲᠣᠭᠣᠷᠢᠭ᠎ᠤᠨ ᠳᠤᠮᠳᠠᠳᠤ ᠪᠠᠭ᠎ᠠ ᠰᠤᠷᠭᠠᠭᠤᠯᠢ᠎ᠲᠠᠶ ᠬᠠᠮᠲᠤᠷᠠᠨ᠂ ᠰᠤᠷᠭᠠᠭᠴᠢ᠎ᠶᠢ ᠰᠣᠩᠭᠣᠨ ᠲᠣᠮᠢᠯᠠᠵᠤ ᠰᠤᠷᠭᠠᠭᠤᠯᠢ᠎ᠳᠤ ᠣᠷᠣᠭᠤᠯᠤᠨ ᠵᠢᠯᠣᠭᠣᠳᠣᠭᠤᠯᠵᠤ᠂ ᠰᠢᠯᠢᠳᠡᠭ ᠲᠠᠮᠢᠷᠴᠢᠨ᠎ᠢ ᠰᠣᠩᠭᠣᠨ ᠲᠣᠮᠢᠯᠠᠵᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠷᠤᠯᠳᠤᠭᠠᠨ᠎ᠳᠤ ᠣᠷᠣᠯᠴᠠᠭᠤᠯᠤᠨ᠂ 《 ᠪᠠᠭ᠎ᠠ ᠰᠤᠷᠭᠠᠭᠤᠯᠢ ᠰᠠᠭᠤᠷᠢ ᠲᠠᠯᠪᠢᠬᠤ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ ᠮᠡᠷᠭᠡᠵᠢᠯ ᠴᠢᠳᠠᠪᠤᠷᠢ᠎ᠪᠠᠨ ᠴᠢᠩᠭᠠᠳᠬᠠᠬᠤ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠳᠤ ᠴᠢᠳᠠᠪᠤᠷᠢᠲᠠᠨ ᠬᠥᠮᠦᠵᠢᠭᠦᠯᠬᠦ᠌》ᠪᠡᠯᠡᠳᠬᠡᠯ ᠴᠢᠳᠠᠪᠤᠷᠢᠲᠠᠨ᠎ᠤ ᠬᠡᠯᠬᠢᠶ᠎ᠡ᠎ᠶᠢ ᠠᠩᠬ᠎ᠠ ᠠᠯᠬᠤᠮ ᠪᠠᠶ᠋ᠢᠭᠤᠯᠪᠠ᠃ ᠣᠶ᠋ᠢᠷ᠎ᠠ᠎ᠶᠢᠨ ᠵᠢᠯ᠎ᠳᠦ ᠲᠦᠩᠯᠢᠶᠣᠤ ᠬᠣᠲᠠ᠂ ᠥᠪᠡᠷᠲᠡᠭᠡᠨ ᠵᠠᠰᠠᠬᠤ ᠣᠷᠣᠨ᠎ᠤ ᠲᠠᠰ᠂ ᠤᠯᠤᠰ᠎ᠤᠨ ᠳᠡᠰ᠎ᠤᠨ ᠲᠠᠮᠢᠷᠴᠢᠨ᠎ᠢ ᠨᠡᠢᠲᠡ 200 ᠰᠢᠬᠠᠮ ᠬᠥᠮᠦᠵᠢᠭᠦᠯᠵᠦ᠍᠂ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠤᠭᠰᠠᠨ ᠴᠢᠳᠠᠪᠤᠷᠢᠲᠠᠨ᠎ᠢ ᠬᠥᠮᠦᠵᠢᠭᠦᠯᠬᠦ᠌ ᠦᠷ᠎ᠡ ᠪᠦᠲᠦᠮᠵᠢ ᠠᠯᠬᠤᠮ ᠠᠯᠬᠤᠮ᠎ᠢᠶᠠᠷ ᠢᠯᠡᠷᠡᠪᠡ᠃
ᠰᠤᠷᠪᠤᠯᠵᠢᠯᠠᠬᠰᠠᠨᠤ ᠲᠠᠷᠠᠭ᠎ᠠ᠄
ᠲᠥᠷᠥ᠎ᠶᠢᠨ ᠪᠣᠳᠣᠯᠭ᠎ᠠ᠎ᠪᠠᠷ ᠰᠠᠭᠤᠷᠢ᠎ᠶᠢ ᠬᠠᠮᠠᠭᠠᠯᠠᠬᠤ᠎ᠠᠴᠠ ᠰᠠᠭᠤᠷᠢ ᠲᠠᠯᠪᠢᠬᠤ ᠬᠦᠷᠲᠡᠯ᠎ᠡ᠂ ᠬᠢᠴᠢᠶᠡᠯ᠎ᠦᠨ ᠲᠠᠩᠬᠢᠮ᠎ᠤᠨ ᠰᠢᠨ᠎ᠡ᠎ᠶᠢ ᠡᠭᠦᠳᠬᠦ᠌᠎ᠡᠴᠡ ᠤᠷᠤᠯᠳᠤᠭᠠᠨ᠎ᠢ ᠬᠥᠲᠥᠯᠥᠨ ᠳᠠᠭᠠᠭᠤᠯᠬᠤ ᠬᠦᠷᠲᠡᠯ᠎ᠡ᠂ ᠥᠭᠡᠷᠡᠴᠢᠯᠡᠯᠲᠡ᠎ᠶᠢ ᠦᠨᠡᠯᠡᠬᠦ᠌᠎ᠡᠴᠡ ᠴᠢᠳᠠᠪᠤᠷᠢᠲᠠᠨ᠎ᠢ ᠬᠦᠷᠭᠡᠬᠦ᠌ ᠬᠦᠷᠲᠡᠯ᠎ᠡ᠂ ᠲᠦᠩᠯᠢᠶᠣᠤ ᠬᠣᠲᠠ᠎ᠶᠢᠨ ᠪᠡᠶ᠎ᠡ᠎ᠶᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠠᠵᠢᠯ ᠨᠢᠭᠡᠨᠲᠡ ᠰᠢᠰᠲ᠋ᠧᠮ᠎ᠲᠡᠶ ᠪᠦᠷᠢᠨ ᠪᠦᠲᠦᠨ ᠠᠷᠭ᠎ᠠ ᠵᠠᠮ᠎ᠢ ᠪᠦᠷᠢᠯᠳᠦᠭᠦᠯᠪᠡ᠃ ᠲᠦᠩᠯᠢᠶᠤᠣ᠎ᠶ᠋ᠢᠨ ᠦᠢᠯᠡᠳᠦᠯᠭᠡ ᠭᠡᠷᠡᠴᠢᠯᠡᠭᠰᠡᠨ᠎ᠨᠢ᠄ ᠪᠡᠶ᠎ᠡ ᠲᠠᠮᠢᠷ ᠪᠠ ᠰᠤᠷᠭᠠᠨ ᠬᠥᠮᠦᠵᠢᠯ᠎ᠦᠨ ᠠᠭᠤᠰᠤᠯᠴᠠᠯ᠎ᠨᠢ《ᠪᠡᠶ᠎ᠡ ᠲᠠᠮᠢᠷ + ᠰᠤᠷᠭᠠᠨ ᠬᠥᠮᠦᠵᠢᠯ》᠎ᠤ᠋ᠨ ᠳᠥᠭᠦᠮ ᠬᠢᠯᠪᠠᠷ ᠨᠡᠮᠡᠬᠦ᠌ ᠦᠢᠯᠡᠳᠦᠯ ᠪᠢᠰᠢ᠂ ᠬᠠᠷᠢᠨ ᠵᠠᠯᠠᠭᠤᠴᠤᠳ ᠪᠠᠭᠠᠴᠤᠳ᠎ᠤᠨ ᠡᠷᠡᠭᠦᠯ ᠮᠡᠨᠳᠦ᠎ᠪᠡᠷ ᠭᠤᠤᠯ ᠪᠣᠯᠭᠠᠭᠰᠠᠨ ᠦᠰᠦᠨ ᠪᠤᠢᠵᠢᠯᠳᠠ ᠵᠢᠨ ᠰᠢᠰᠲᠧᠮ᠎ᠦᠨ ᠳᠠᠬᠢᠨ ᠴᠤᠭᠴᠠᠯᠠᠯᠳᠠ ᠪᠣᠯᠤᠨ᠎ᠠ᠃ ᠲᠦᠩᠯᠢᠶᠣᠤ ᠬᠤᠳᠠ ᠦᠷᠭᠦᠯᠵᠢᠯᠡᠨ《ᠠᠭᠤᠰᠤᠯᠴᠠᠯ》 ᠳᠡᠭᠡᠷ᠎ᠡ ᠠᠷᠭ᠎ᠠ ᠤᠬᠠᠭᠠᠨ ᠭᠠᠷᠭᠠᠵᠤ᠂《ᠨᠡᠶ᠋ᠢᠯᠡᠯ》 ᠳᠡᠭᠡᠷ᠎ᠡ ᠬᠦᠴᠦ᠍ ᠣᠷᠣᠭᠤᠯᠵᠤ᠂ ᠨᠡᠩ ᠤᠯᠠᠨ ᠵᠠᠯᠠᠭᠤᠴᠤᠳ ᠪᠠᠭᠠᠴᠤᠳ ᠪᠡᠶ᠎ᠡ᠎ᠶᠢᠨ ᠲᠠᠮᠢᠷ᠎ᠤᠨ ᠪᠣᠯᠪᠠᠰᠤᠷᠠᠯ ᠳᠤᠮᠳᠠ ᠡᠴᠡ ᠪᠠᠶᠠᠷ ᠴᠡᠩᠭᠡᠯ ᠡᠳ᠋ᠯᠡᠨ᠂ ᠪᠡᠶ᠎ᠡ ᠮᠠᠬᠠᠪᠣᠳ ᠵᠢᠡᠨ ᠴᠢᠭᠢᠷᠠᠭᠵᠢᠭᠤᠯᠵᠤ᠂ ᠬᠥᠮᠦᠨ ᠴᠢᠨᠠᠷᠵᠢᠡᠨ ᠲᠡᠭᠦᠯᠳᠡᠷᠵᠢᠭᠦᠯᠵᠦ᠍᠂ ᠡᠷᠴᠢ ᠵᠣᠷᠢᠭ᠎ᠵᠢᠡᠨ ᠳᠠᠪᠲᠠᠨ ᠪᠣᠯᠪᠠᠰᠤᠷᠠᠭᠤᠯᠬᠤ ᠵᠢ ᠠᠬᠢᠭᠤᠯᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠶ᠋ᠢᠭᠤᠯᠤᠯᠲᠠ ᠳ᠋ᠤ ᠬᠦᠴᠦᠨ ᠨᠡᠮᠡᠷᠢᠯᠡᠨ᠎ᠡ᠃