ᠬᠥᠬᠡᠬᠣᠲᠠ᠎ᠶᠢᠨ ᠵᠠᠯᠠᠭᠤᠴᠤᠳ ᠪᠠᠭᠠᠴᠤᠳ ᠤ᠋ᠨ ᠰᠢᠳᠠᠮ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠬᠥᠭᠵᠢᠶᠡᠨᠲᠠᠢ᠎ᠶᠠᠪᠤᠭᠳᠠᠯ᠎ᠠ
2026-06-22 11:38:54
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

2026 ᠣᠨ᠎ᠤ ᠬᠥᠬᠡᠬᠣᠲᠠ᠎ᠶᠢᠨ ᠵᠠᠯᠠᠭᠤᠴᠤᠳ ᠪᠠᠭᠠᠴᠤᠳ(ᠳᠤᠮᠳᠠᠳᠤ ᠪᠠᠭ᠎ᠠ ᠰᠤᠷᠭᠠᠭᠤᠯᠢ᠎ᠶᠢᠨ ᠰᠣᠷᠣᠭ᠍ᠴᠢ)ᠤ᠋ᠨ ᠰᠢᠳᠠᠮ ᠪᠥᠮᠪᠥᠭᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤᠢᠷ᠎ᠠ᠎ᠳᠦ  ᠤᠮᠠᠷᠠᠲᠤ᠎ᠶᠢᠨ ᠬᠥᠯ ᠪᠥᠮᠪᠥᠭᠡ᠎ᠶᠢᠨ ᠪᠣᠯᠪᠠᠰᠤᠷᠠᠯ᠎ᠤᠨ ᠰᠠᠭᠤᠷᠢᠨ᠎ᠳᠦ  ᠬᠥᠭᠵᠢᠶᠡᠨᠲᠠᠢ ᠶᠠᠪᠤᠭᠳᠠᠪᠠ᠃ ᠤᠷᠤᠯᠳᠤᠭᠠᠨ᠎ᠢ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠬᠦᠬᠡᠬᠤᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠠᠴᠠ ᠬᠠᠮᠲᠤᠷᠠᠨ ᠡᠷᠭᠢᠯᠡᠵᠦ᠂ ᠬᠥᠬᠡᠬᠣᠲᠠ᠎ᠶᠢᠨ ᠰᠢᠳᠠᠮ ᠪᠥᠮᠪᠥᠭᠡ᠎ᠶᠢᠨ ᠨᠡᠢᠭᠡᠮᠯᠢᠭ ᠳᠠᠭᠠᠭᠠᠴᠢᠯᠠᠨ ᠡᠷᠭᠢᠯᠡᠭᠰᠡᠨ ᠪᠠᠢᠨ᠎ᠠ᠃ ᠪᠦᠬᠦ ᠬᠤᠳᠠ᠎ᠶᠢᠨ 18 ᠳᠤᠭᠤᠢᠯᠠᠩ᠎ᠤᠨ 287 ᠲᠠᠮᠢᠷᠴᠢᠨ ᠣᠷᠣᠯᠴᠠᠵᠠᠢ᠃

6 ᠰᠠᠷ᠎ᠠ᠎ᠶᠢᠨ 6 ᠎ᠤ᠋ ᠡᠳᠦᠷ  ᠪᠠᠭ᠎ᠠ ᠰᠤᠷᠭᠠᠭᠤᠯᠢ᠎ᠶᠢᠨ ᠳᠤᠭᠤᠢᠯᠠᠩ᠎ᠤᠨ ᠤᠷᠤᠯᠳᠤᠭᠠᠨ ᠶᠠᠪᠤᠭᠳᠠᠵᠤ᠂ 6 ᠰᠠᠷ᠎ᠠ᠎ᠶᠢᠨ 13᠎ᠤ᠋ ᠡᠳᠦᠷ᠎ᠡᠴᠡ 14᠎ᠤ᠋ ᠡᠳᠦᠷ ᠪᠣᠯᠲᠠᠯ᠎ᠠ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠳᠤᠭᠤᠢᠯᠠᠩ᠎ᠤᠨ ᠤᠷᠤᠯᠳᠤᠭᠠᠨ ᠶᠠᠪᠤᠭᠳᠠᠪᠠ᠃ ᠤᠷᠤᠯᠳᠤᠭᠠᠨ ᠨᠢ ᠠᠳᠠᠯᠢ ᠪᠤᠰᠤ ᠨᠠᠰᠤᠨ᠎ᠤ ᠵᠠᠯᠠᠭᠤᠴᠤᠳ ᠪᠠᠭᠠᠴᠤᠳ᠎ᠲᠤ ᠥᠪᠡᠷ᠎ᠤᠨ ᠤᠷ᠎ᠠ ᠮᠡᠷᠭᠡᠵᠢᠯ᠎ᠶ᠋ᠢᠡᠨ ᠳᠡᠯᠭᠡᠨ ᠦᠵᠡᠭᠦᠯᠬᠦ᠂ ᠰᠣᠯᠢᠯᠴᠠᠬᠤ ᠲᠠᠪᠴᠠᠩ ᠬᠠᠩᠭᠠᠵᠤ᠂ ᠰᠢᠳᠠᠮ ᠪᠥᠮᠪᠥᠭᠡ᠎ᠶᠢᠨ ᠬᠥᠳᠡᠯᠭᠡᠭᠡᠨ᠎ᠦ ᠰᠤᠷᠭᠠᠭᠤᠯᠢ᠎ᠶᠢᠨ ᠬᠦᠷᠢᠶᠡᠨ᠎ᠳᠡᠬᠢ ᠲᠦᠭᠡᠮᠡᠯᠵᠢᠯᠲᠡ ᠪᠠ ᠬᠥᠭᠵᠢᠯᠲᠡ᠎ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃

ᠰᠢᠳᠠᠮ ᠪᠥᠮᠪᠥᠭᠡ ᠪᠣᠯ ᠨᠢᠭᠡ ᠵᠦᠢᠯ᠎ᠦᠨ ᠣᠶᠤᠨ ᠤᠬᠠᠭᠠᠨ᠂ ᠵᠤᠷᠢᠭ ᠰᠦᠰᠦ᠂ ᠳᠤᠷ᠎ᠠ ᠰᠣᠨᠢᠷᠬᠠᠯ᠂ ᠬᠠᠮᠵᠢᠯᠴᠠᠭ᠎ᠠ᠎ᠶᠢ ᠨᠢᠭᠡᠳᠬᠡᠭᠰᠡᠨ ᠬᠠᠮᠲᠤ᠎ᠶᠢᠨ ᠪᠡᠶ᠎ᠡ ᠲᠠᠮᠢᠷ᠎ᠤᠨ ᠲᠦᠷᠦᠯ ᠵᠦᠢᠯ ᠪᠣᠯᠣᠨ᠎ᠠ᠃ ᠤᠷᠤᠯᠳᠤᠭᠠᠨ᠎ᠤ ᠲᠠᠯᠠᠪᠤᠷ᠎ᠲᠤ᠂ ᠲᠠᠮᠢᠷᠴᠢᠳ ᠴᠤᠭ ᠵᠢᠪᠬᠤᠭ᠎ᠠ ᠲᠡᠭᠦᠯᠳᠡᠷ᠂ ᠲᠡᠮᠡᠴᠡᠯ᠎ᠦᠨ ᠵᠣᠷᠢᠭ᠋ ᠪᠠᠳᠠᠷᠠᠩᠭᠤᠢ ᠪᠡᠷ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠲᠡᠮᠡᠴᠡᠬᠦ ᠤᠷᠤᠯᠳᠤᠭᠠᠨ᠎ᠤ ᠳᠦᠷᠰᠦ ᠪᠠᠢᠳᠠᠯ᠎ᠢ ᠭᠦᠢᠴᠡᠳ ᠢᠯᠡᠷᠡᠭᠦᠯᠦᠭᠰᠡᠨ ᠪᠠᠢᠨ᠎ᠠ᠃

ᠣᠢᠷ᠎ᠠ᠎ᠶᠢᠨ ᠵᠢᠯ᠎ᠦᠳ᠎ᠲᠦ ᠬᠥᠬᠡᠬᠣᠲᠠ᠎ᠶᠢᠨ ᠵᠠᠯᠠᠭᠤᠴᠤᠳ ᠪᠠᠭᠠᠴᠤᠳ᠎ᠤᠨ ᠰᠢᠳᠠᠮ ᠪᠥᠮᠪᠥᠭᠡ᠎ᠶᠢᠨ ᠬᠥᠳᠡᠯᠭᠡᠭᠡᠨ ᠦᠳᠲᠡᠷ ᠲᠦᠷᠭᠡᠨ ᠬᠥᠭᠵᠢᠵᠦ᠂ ᠣᠷᠣᠯᠴᠠᠬᠤ ᠬᠥᠮᠥᠰ ᠦᠷᠭᠦᠯᠵᠢᠯᠡᠨ ᠨᠡᠮᠡᠭᠳᠡᠵᠦ ᠪᠤᠢ᠃ ᠲᠣᠰ ᠤᠳᠠᠭᠠᠨ᠎ᠤ ᠮᠠᠩᠯᠠᠢ ᠰᠢᠯᠭᠠᠷᠠᠭᠤᠯᠬᠤ ᠤᠷᠤᠯᠳᠤᠭᠠᠨ ᠨᠢ ᠤᠷᠤᠯᠳᠤᠭᠠᠨ᠎ᠢᠶᠠᠷ ᠬᠣᠯᠪᠣᠭᠠᠰᠤ ᠪᠣᠯᠭᠠᠵᠤ᠂ ᠵᠠᠯᠠᠭᠤᠴᠤᠳ ᠪᠠᠭᠠᠴᠤᠳ᠎ᠤᠨ ᠰᠢᠳᠠᠮ ᠪᠥᠮᠪᠥᠭᠡ᠎ᠶᠢᠨ ᠬᠥᠳᠡᠯᠭᠡᠭᠡᠨ᠎ᠳᠦ ᠣᠷᠣᠯᠴᠠᠬᠤ ᠬᠠᠯᠠᠭᠤᠨ ᠤᠷᠮ᠎ᠠ᠎ᠶᠢ ᠬᠥᠭᠵᠢᠭᠡᠵᠦ᠂ ᠬᠥᠬᠡᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠬᠢᠴᠢᠶᠡᠯ᠎ᠦᠨ ᠭᠠᠳᠠᠨᠠᠬᠢ ᠪᠡᠶ᠎ᠡ᠎ᠶᠢᠨ ᠲᠠᠮᠢᠷ᠎ᠤᠨ ᠠᠮᠢᠳᠤᠷᠠᠯ᠎ᠢ  ᠪᠠᠶᠠᠯᠢᠭ᠍ᠵᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号