ᠳᠤᠮᠳᠠᠳᠤ ᠤᠷᠤᠰ᠎ᠤᠨ ᠰᠤᠷᠭᠠᠨ ᠬᠥᠮᠦᠵᠢᠯ᠎ᠦᠨ ᠤᠨ — ᠳᠤᠮᠳᠠᠳᠤ ᠤᠷᠤᠰ᠎ᠤᠨ ᠰᠤᠷᠤᠭ᠍ᠴᠢᠳ᠎ᠤᠨ ᠰᠣᠯᠢᠯᠴᠠᠭ᠎ᠠ ᠦᠢᠯᠡᠳᠦᠯᠭᠡ᠎ᠶᠢᠨ ᠠᠵᠢᠯᠯᠠᠭ᠎ᠠ ᠡᠬᠢᠯᠡᠵᠡᠢ
2026-06-23 10:27:07
ᠵᠣᠬᠢᠶᠠᠭ᠍ᠴᠢ᠄
​ᠨᠠᠪᠴᠢ
ᠣᠩᠱᠢᠭ᠍ᠰᠠᠨ ᠣᠳᠠᠭ᠎ᠠ᠄
★★★☆☆

 ᠤᠢᠷ᠎ᠠ ᠳ᠋ᠤ᠂ ᠳᠤᠮᠳᠠᠳᠤ ᠤᠷᠤᠰ᠎ᠤᠨ ᠰᠤᠷᠭᠠᠨ ᠬᠥᠮᠦᠵᠢᠯ᠎ᠦᠨ ᠣᠨ ︱ ᠳᠤᠮᠳᠠᠳᠤ ᠤᠷᠤᠰ᠎ᠤᠨ ᠰᠤᠷᠤᠭ᠍ᠴᠢᠳ᠎ᠤᠨ ᠰᠣᠯᠢᠯᠴᠠᠭ᠎ᠠ ᠦᠢᠯᠡᠳᠦᠯᠭᠡ᠎ᠶᠢᠨ ᠠᠵᠢᠯᠯᠠᠭ᠎ᠠ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠳᠤ ᠡᠬᠢᠯᠡᠪᠡ᠃

ᠲᠣᠰ ᠤᠳᠠᠭᠠᠨ᠎ᠤ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠵᠢᠯᠣᠭᠣᠳᠤᠯᠭ᠎ᠠ ᠳᠣᠣᠷ᠎ᠠ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠬᠢᠭᠡᠳ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠨᠡᠢᠭᠡᠮᠯᠢᠭ᠎ᠦᠨ ᠭᠠᠳᠠᠭᠠᠳᠤ᠎ᠶᠢᠨ ᠰᠤᠷᠤᠭ᠍ᠴᠢᠳ᠎ᠤᠨ ᠰᠤᠷᠭᠠᠨ ᠬᠦᠮᠦᠵᠢᠯ᠎ᠤᠨ ᠬᠠᠮᠢᠶᠠᠷᠤᠯᠳᠠ ᠵᠢᠨ ᠬᠤᠪᠢᠶᠠᠷᠢ ᠨᠡᠢᠬᠡᠮᠯᠢᠭ ᠡᠴᠡ ᠬᠠᠮᠳᠤᠷᠠᠨ ᠭᠤᠤᠯᠯᠠᠨ ᠡᠷᠬᠢᠯᠡᠪᠡ᠃ ᠡᠬᠢᠯᠡᠯᠲᠡ᠎ᠶᠢᠨ ᠶᠣᠰᠣᠯᠠᠯ ᠳᠡᠭᠡᠷ᠎ᠡ᠂ ᠳᠤᠮᠳᠠᠳᠤ ᠣᠷᠣᠰ᠎ᠤᠨ ᠰᠤᠷᠤᠭ᠍ᠴᠢᠳ᠎ᠤᠨ ᠲᠥᠯᠥᠭᠡᠯᠡᠭᠴᠢ ᠬᠠᠷᠢᠯᠴᠠᠨ ᠳᠤᠷᠠᠰᠬᠠᠯ᠎ᠤᠨ ᠪᠣᠳᠠᠰ ᠪᠡᠯᠡᠭᠯᠡᠵᠦ᠂《ᠪᠢ ᠳᠤᠮᠳᠠᠳᠤ ᠤᠯᠤᠰ ᠪᠠ ᠣᠷᠣᠰ ᠤᠯᠤᠰ᠎ᠲᠤ ᠨᠠᠢᠵᠠ᠎ᠲᠠᠢ ᠪᠠᠢᠬᠤ ᠲᠥᠯᠥᠪᠯᠡᠭᠡ》 ᠶ᠋ᠢ ᠡᠬᠢᠯᠡᠬᠦᠯᠦᠭᠰᠡᠨ ᠪᠠᠢᠨ᠎ᠠ᠃ ᠡᠭᠦᠨ᠎ᠦ ᠳᠠᠷᠠᠭ᠎ᠠ ᠪᠡᠷ᠂ ᠳᠤᠮᠳᠠᠳᠤ ᠤᠷᠤᠰ᠎ᠤᠨ ᠤᠷᠠᠨ ᠰᠠᠢᠬᠠᠨ᠎ᠤ ᠬᠠᠮᠲᠤᠷᠠᠭᠰᠠᠨ ᠲᠣᠭᠯᠠᠯᠲᠠ ᠭᠣᠢᠳᠠ ᠰᠠᠢᠬᠠᠨ ᠶᠠᠪᠤᠭᠳᠠᠵᠤ᠂ ᠬᠣᠶᠠᠷ ᠤᠯᠤᠰ᠎ᠤᠨ ᠵᠠᠯᠠᠭᠤᠴᠤᠳ᠎ᠤᠨ ᠵᠠᠯᠠᠭᠤ ᠨᠠᠰᠤᠨ᠎ᠤ ᠴᠤᠭ ᠵᠢᠪᠬᠤᠭ᠎ᠠ ᠪᠣᠯᠣᠨ ᠳᠤᠮᠳᠠᠳᠤ ᠤᠷᠤᠰ᠎ᠤᠨ ᠰᠣᠶᠣᠯ᠎ᠤᠨ ᠠᠭᠤᠰᠤᠯᠴᠠᠯ᠎ᠤᠨ ᠥᠪᠡᠷᠮᠢᠴᠡ ᠷᠢᠳᠢ ᠰᠢᠳᠢ᠎ᠶᠢ ᠠᠮᠢᠳᠤᠯᠢᠭ᠋᠎ᠢᠶᠠᠷ ᠢᠯᠡᠷᠡᠭᠦᠯᠪᠡ᠃ ᠠᠵᠢᠯᠯᠠᠭ᠎ᠠ ᠵᠢᠨ ᠲᠤᠬᠠᠢ᠎ᠶᠢᠨ ᠲᠠᠯᠠᠪᠠᠢ᠎ᠳᠤ ᠳᠤᠮᠳᠠᠳᠤ ᠤᠷᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠬᠦᠯᠭᠡ᠂ ᠵᠣᠬᠢᠶᠠᠮᠠᠯ ᠤᠶᠤᠨ ᠴᠢᠳᠠᠪᠤᠷᠢ ᠵᠢᠴᠢ ᠣᠶᠤᠨᠴᠢ ᠲᠣᠨᠣᠭᠯᠠᠯ᠎ᠤᠨ ᠦᠵᠡᠭᠦᠯᠭᠡ᠂ ᠪᠦᠲᠦᠭᠡᠯᠴᠢ ᠦᠢᠯᠡᠳᠬᠦᠨ᠎ᠤ ᠦᠵᠡᠭᠦᠯᠭᠡ᠂ ᠵᠠᠯᠠᠭᠤᠴᠤᠳ᠎ᠤᠨ ᠰᠣᠶᠣᠯ᠎ᠤᠨ ᠰᠣᠯᠢᠯᠴᠠᠭ᠎ᠠ᠂ ᠵᠠᠩ ᠦᠢᠯᠡ᠎ᠶᠢᠨ ᠪᠡᠶᠡᠴᠢᠯᠡᠨ ᠣᠢᠯᠠᠭᠠᠯᠲᠠ ᠵᠡᠷᠭᠡ ᠤᠯᠠᠨ ᠲᠦᠷᠦᠯ᠎ᠦᠨ ᠣᠨᠴᠠᠯᠢᠭ᠍ᠲᠤ ᠠᠵᠢᠯᠯᠠᠭ᠎ᠠ᠎ᠶᠢ ᠥᠷᠨᠢᠭᠦᠯᠵᠦ᠂ ᠳᠤᠮᠳᠠᠳᠤ ᠤᠷᠤᠰ ᠬᠣᠶᠠᠷ ᠤᠯᠤᠰ᠎ᠤᠨ ᠵᠠᠯᠠᠭᠤᠴᠤᠳ᠎ᠲᠤ ᠤᠯᠠᠨ ᠡᠰᠢᠵᠢᠭᠰᠡᠨ᠂ ᠭᠦᠨ ᠳᠠᠪᠬᠤᠷᠭ᠎ᠠ᠎ᠶᠢᠨ ᠰᠣᠯᠢᠯᠴᠠᠭ᠎ᠠ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠤᠨ ᠥᠭᠴᠡᠢ᠃

ᠲᠤᠰ ᠤᠳᠠᠭ᠎ᠠ᠎ᠶᠢᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ᠎ᠤ 《ᠳᠤᠮᠳᠠᠳᠤ ᠤᠷᠤᠰ᠎ᠤᠨ ᠰᠤᠷᠭᠠᠨ ᠬᠥᠮᠦᠵᠢᠯ᠎ᠦᠨ ᠣᠨ》 ᠤ᠋ ᠭᠤᠤᠯ ᠪᠤᠯᠬᠤ ᠠᠵᠢᠯᠯᠠᠭ᠎ᠠ ᠪᠣᠯᠤᠭᠰᠠᠨ᠎ᠤ ᠬᠤᠪᠢ᠎ᠳᠤ ᠳᠤᠮᠳᠠᠳᠤ ᠤᠷᠤᠰ᠎ᠤᠨ ᠵᠠᠯᠠᠭᠤᠴᠤᠳ᠎ᠤᠨ ᠰᠣᠶᠣᠯ᠎ᠤ᠋ᠨ ᠳᠤᠯᠢᠳᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠠᠮᠲᠤᠷᠠᠯᠴᠠᠭᠠᠨ᠎ᠤ ᠵᠠᠮ᠎ᠢ ᠴᠢᠨᠠᠭᠰᠢᠳᠠ ᠨᠠᠪᠲᠠᠷᠡᠭᠦᠯᠵᠦ᠂ ᠬᠣᠶᠠᠷ ᠤᠯᠤᠰ᠎ᠤᠨ ᠵᠠᠯᠠᠭᠤᠴᠤᠳ᠎ᠤᠨ  ᠰᠣᠯᠢᠯᠴᠠᠭ᠎ᠠ ᠪᠣᠯᠣᠨ ᠪᠦᠬᠦ ᠲᠠᠯ᠎ᠠ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠳᠤᠮᠳᠠᠳᠤ ᠤᠷᠤᠰ᠎ᠤᠨ ᠦᠶ᠎ᠡ᠎ᠶᠢᠨ ᠦᠶ᠎ᠡ᠎ᠳᠡᠭᠡᠨ ᠨᠥᠬᠥᠷᠰᠡᠭ ᠪᠠᠢᠬᠤ᠂ ᠡᠶᠡᠯᠳᠡᠭ ᠬᠥᠷᠰᠢ᠎ᠶᠢᠨ ᠬᠠᠷᠢᠯᠴᠠᠨ ᠬᠠᠪᠰᠤᠷᠤᠯᠴᠠᠬᠤ ᠰᠠᠭᠤᠷᠢ᠎ᠶᠢ ᠦᠷᠭᠦᠯᠵᠢᠯᠡᠨ ᠪᠠᠲᠤᠳᠬᠠᠵᠤ᠂ ᠳᠤᠮᠳᠠᠳᠤ ᠤᠷᠤᠰ᠎ᠤᠨ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠨᠥᠬᠥᠷᠰᠡᠭ ᠬᠠᠮᠲᠤᠷᠠᠯᠴᠠᠭ᠎ᠠ᠎ᠶᠢᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号