ᠮᠡᠷᠭᠡᠵᠢᠯ ᠲᠠᠢ ᠬᠦᠮᠦᠰ ᠲᠤ᠌ ᠤᠷᠮ᠎ᠠ ᠬᠠᠢᠷᠠᠯᠠᠭᠰᠠᠨ 《ᠤᠯᠠᠭᠠᠨᠴᠠᠪ ᠤ᠋ᠨ ᠤᠬᠠᠭᠠᠨ》
2026-06-23 09:56:29
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

ᠴᠠᠭᠠᠷᠠᠭ᠍ᠰᠠᠨ ᠮᠡᠷᠭᠡᠵᠢᠯ᠎ᠲᠡᠶ ᠪᠣᠯᠪᠠᠴᠤ᠌ ᠡᠷᠬᠡ ᠰᠦᠷᠲᠦ ᠭᠡᠷᠡᠴᠢᠯᠡᠯ ᠦᠬᠡᠢ᠎ᠠᠴᠠ ᠪᠣᠯᠵᠣ ᠠᠵᠢᠯ ᠡᠷᠢᠬᠦ᠌ ᠳ᠋ᠤ ᠢᠲᠡᠭᠡᠯ ᠵᠣᠷᠢᠭ᠎ᠢᠶᠠᠷ ᠳᠤᠲᠠᠮᠠᠭ ᠪᠠᠢᠳᠠᠭ᠃ ᠡᠨᠡ ᠨᠢ ᠦᠷᠭᠡᠨ ᠤᠯᠠᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠲᠡᠭᠦᠰᠦᠭ᠌ᠰᠡᠳ ᠤ᠋ᠨ ᠠᠵᠢᠯ ᠡᠷᠢᠬᠦ ᠳ᠋ᠤ ᠭᠠᠴᠢᠭ᠍ᠳᠠᠭᠤᠯᠬᠤ  ᠨᠡᠢᠳᠡᠮ᠎ᠦᠨ ᠬᠦᠴᠢᠷ  ᠠᠰᠠᠭᠤᠳᠠᠯ  ᠪᠣᠯᠤᠨ᠎ᠠ᠃

ᠤᠯᠠᠭᠠᠨᠴᠠᠪ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠮᠠᠱᠢᠨ ᠴᠠᠬᠢᠯᠭᠠᠨ᠎ᠤ ᠮᠡᠷᠭᠡᠵᠢᠯ᠎ᠦᠨ ᠰᠠᠯᠪᠤᠷᠢ᠎ᠶ᠋ᠢᠨ ᠭᠤᠷᠪᠠᠳᠤᠭᠠᠷ ᠣᠨ᠎ᠤ ᠣᠶᠤᠲᠠᠨ ᠸᠠᠩ ᠯᠸᠢ ᠡᠢᠮᠦ ᠵᠣᠪᠠᠨᠢᠯ᠎ᠳᠤ ᠲᠤᠯᠭᠠᠷᠠᠵᠤ ᠥᠩᠭᠡᠷᠡᠵᠡᠶ᠃ ᠲᠡᠭᠦᠰᠭᠦ ᠣᠢᠷᠠᠳᠴᠦ ᠠᠵᠢᠯ ᠡᠷᠢᠬᠦ ᠴᠠᠭ ᠪᠤᠯᠪᠠ᠃ ᠲᠤᠬᠠᠶ᠎ᠶ᠋ᠢᠨ ᠭᠠᠵᠠᠷ ᠲᠦ᠍ ᠠᠷᠪᠢᠨ ᠨᠡᠷᠡᠲᠡᠢ ᠪᠤᠳᠤᠯᠳᠠ ᠵᠢᠨ ᠬᠦᠴᠤᠨ ᠤ᠋ ᠠᠵᠤ ᠠᠬᠤᠢᠯᠠᠯ ᠪᠠᠢᠭᠰᠠᠨ ᠴᠤ᠌ ᠳᠡᠭᠡᠳᠦ ᠲᠡᠰ᠎ᠤᠨ ᠮᠡᠷᠭᠡᠵᠢᠯ ᠴᠢᠳᠠᠪᠤᠷᠢ᠎ᠶ᠋ᠢᠨ ᠦᠨᠡᠮᠯᠡᠯ ᠥᠬᠡᠶ ᠲᠡᠷᠡ ᠪᠡᠷ ᠰᠠᠢᠨ ᠠᠵᠢᠯ᠎ᠤᠨ ᠪᠠᠢᠷᠢ ᠵᠢ  ᠪᠦᠯᠳᠡᠢᠳᠡᠯ᠎ᠠ  ᠬᠠᠷᠠᠵᠦ  ᠪᠠᠢᠭᠠᠳ ᠠᠯᠳᠠᠬᠤ  ᠯᠡ ᠬᠡᠷᠡᠭ ᠪᠣᠯᠵᠠᠶ᠃

《ᠰᠤᠷᠭᠠᠭᠤᠯᠢ᠎ᠶ᠋ᠢᠨ 17 ᠲᠤᠰᠭᠠᠶ ᠮᠡᠷᠭᠡᠵᠢᠯ ᠳᠡᠭᠡᠳᠦ ᠵᠡᠷᠭᠡ᠎ᠶ᠋ᠢᠨ ᠠᠵᠢᠯᠴᠢᠨ ᠤ᠋ ᠮᠡᠷᠭᠡᠵᠢᠯ ᠴᠢᠳᠠᠪᠤᠷᠢ᠎ᠶ᠋ᠢᠨ ᠳᠡᠰ᠎ᠤᠨ ᠬᠢᠨᠠᠨ ᠲᠣᠭ᠍ᠲᠠᠭᠠᠯᠲᠠ᠎ᠵᠢᠨ ᠦᠡᠭᠭᠡᠷᠡᠭᠡᠭᠰᠡᠨ ᠢ᠋ ᠬᠠᠷᠠᠭᠠᠳ᠂ ᠮᠢᠨᠤ ᠲᠤᠭᠳᠤᠯᠤᠨ ᠪᠠᠶᠠᠷᠯᠠᠭᠰᠠᠨ ᠎ᠢ ᠦᠭᠡ ᠪᠡᠷ ᠢᠯᠡᠳᠭᠡᠵᠦ ᠳᠡᠢᠯᠬᠦ ᠦᠭᠡᠢ᠂ ᠱᠢᠯᠭᠠᠯᠲᠠ᠎ᠶ᠋ᠢ ᠤᠷᠤᠭ᠍ᠰᠢᠲᠠᠶ ᠲᠤᠭᠤᠯᠵᠤ᠂ ᠲᠡᠭᠦᠰᠭᠦ ᠦᠶ᠎ᠡ᠎ᠳᠦ ᠲᠡᠭᠦᠰᠭᠦ ᠦᠨᠡᠮᠯᠡᠯ᠎ᠢᠶᠡᠨ ᠠᠪᠴᠤ᠌ ᠳᠡᠢᠯᠬᠦ ᠮᠥᠷᠲᠡᠭᠡᠨ ᠪᠠᠰᠠ ᠳᠡᠭᠡᠳᠦ  ᠲᠡᠰ᠎ᠤᠨ ᠴᠠᠬᠢᠯᠭᠠᠨ ᠤ᠋ ᠠᠵᠢᠯᠴᠢᠨ᠎ᠤ ᠦᠨᠡᠮᠯᠡᠯ᠎ᠢ ᠴᠦ᠍ ᠣᠯᠵᠤ ᠳᠡᠢᠯᠳᠡᠭ ᠯᠠ ᠶᠤᠮ ᠪᠣᠯ ᠪᠤᠳᠤᠯᠳᠠ ᠵᠢᠨ ᠬᠦᠴᠦᠨ ᠤ᠋ ᠠᠵᠤ ᠠᠬᠤᠢᠯᠠᠯ᠎ᠳᠤ ᠠᠵᠢᠯ ᠤᠯᠬᠤ ᠳ᠋ᠤ ᠨᠠᠩ ᠪᠠᠲᠤᠯᠠᠭ᠎ᠠ᠎ᠲᠠᠶ ᠪᠣᠯᠤᠨ᠎ᠠ ︾ ᠬᠡᠵᠤ ᠸᠠᠩ ᠯᠸᠢ  ᠬᠢᠨᠡᠨ ᠲᠣᠭ᠍ᠲᠠᠭᠠᠯᠲᠠ ᠵᠢᠨ ᠠᠯᠪᠠᠨ ᠵᠠᠷᠯᠠᠯ  ᠢ᠋ ᠵᠢᠭᠠᠭᠠᠳ ᠪᠠᠶᠠᠷᠯᠠᠨ᠎ᠠ᠃

ᠤᠳᠠᠯ ᠥᠬᠡᠶ ᠬᠦᠷᠴᠦ᠍ ᠢᠷᠡᠬᠦ᠌ ᠭᠡᠵᠦ᠍ ᠪᠠᠢᠭ᠎ᠠ ᠡᠨᠡ ᠬᠦ᠌ ᠮᠡᠷᠭᠡᠵᠢᠯ ᠴᠢᠳᠠᠪᠤᠷᠢ᠎ᠶ᠋ᠢᠨ ᠬᠢᠷᠢ ᠬᠡᠮ ᠤ᠋ᠨ 《ᠦᠨᠡᠮᠯᠡᠯ》 ᠨᠢ   ᠸᠠᠩ  ᠯᠸᠢ ᠵᠢᠨ ᠨᠤᠲᠤᠭ ᠤᠰᠤᠨ᠎ᠳᠠᠭᠠᠨ ᠦᠨᠳᠦᠰᠦᠯᠡᠵᠤ᠂ ᠪᠤᠳᠤᠯᠲᠠ ᠵᠢᠨ ᠬᠦᠴᠤᠨ ᠤ᠋ ᠠᠵᠤ  ᠦᠶ᠋ᠯᠡᠰ᠎ᠲᠦ  ᠣᠷᠣᠯᠴᠠᠬᠤ  ᠢᠲᠡᠭᠡᠯ  ᠵᠣᠷᠢᠭ ᠢ᠋  ᠡᠷᠴᠢᠯᠡᠯ᠎ᠡ᠃

ᠸᠠᠩ ᠯᠸᠢ᠎ᠶ᠋ᠢᠨ ᠢᠲᠡᠭᠡᠯ ᠨᠢ ᠤᠯᠠᠭᠠᠨᠴᠠᠪ᠎ᠤᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠠᠮᠢ ᠠᠬᠤᠶ᠎ᠶ᠋ᠢᠨ ᠲᠠᠯ᠎ᠠ ᠎ᠪᠠᠷ  ᠬᠢ ᠭᠦᠨᠵᠡᠭᠡᠶ ᠬᠤᠪᠢᠷᠠᠯᠲᠠ᠎ᠶ᠋ᠢ ᠬᠠᠷᠠᠭᠤᠯᠵᠤ ᠪᠠᠢᠨ᠎ᠠ᠃ ᠵᠢᠯ ᠤ᠋ᠨ ᠡᠬᠢᠨ ᠡᠴᠡ ᠨᠠᠭᠠᠰᠢ᠂ ᠤᠯᠠᠭᠠᠨᠴᠠᠪ ᠬᠣᠲᠠ ᠪᠤᠳᠤᠯᠲᠠ ᠵᠢᠨ ᠬᠦᠴᠦᠨ᠂ ᠬᠢᠮᠢ᠎ᠶ᠋ᠢᠨ ᠠᠵᠤ ᠦᠶ᠋ᠯᠡᠳᠪᠦᠷᠢ᠂ ᠱᠢᠨ᠎ᠡ ᠡᠨᠧᠷᠭᠢ ᠵᠡᠷᠭᠡ ᠭᠤᠤᠯᠯᠠᠬᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠶᠡᠬᠡ ᠬᠠᠨᠳᠤᠰᠢ᠎ᠶ᠋ᠢ ᠴᠢᠩᠭ᠎ᠠ ᠡᠵᠡᠮᠳᠡᠵᠦ᠍᠂ ᠬᠡᠷᠡᠭ᠌ᠴᠡᠭᠡ᠎ᠶ᠋ᠢ ᠤᠷᠢᠳ᠎ᠢᠶᠠᠷ ᠣᠢᠯᠠᠭᠠᠬᠤ᠂ ᠨᠠᠷᠢᠯᠢᠭ ᠣᠨᠣᠪᠴᠢᠲᠠᠢ ᠪᠣᠯᠪᠠᠰᠤᠷᠠᠯ ᠬᠦᠷᠲᠡᠭᠡᠨ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ᠂ ᠳᠡᠰ᠎ᠤᠨ ᠦᠨᠡᠯᠡᠯᠲᠡ᠎ᠪᠡᠷ ᠶᠠᠰᠤ ᠴᠢᠨᠠᠷ ᠎ᠢ ᠳᠡᠭᠡᠭ᠌ᠰᠢᠯᠡᠭᠦᠯᠬᠦ᠌᠂ ᠠᠵᠢᠯ ᠣᠯᠭᠣᠬᠤ ᠦᠶ᠋ᠯᠡᠴᠢᠯᠡᠭᠡ᠎ᠪᠡᠷ ᠦᠨᠳᠦᠰᠦᠨ ᠵᠦᠶ᠋ᠯ᠎ᠢ ᠪᠠᠲᠤᠯᠠᠬᠤ ᠪᠥᠬᠥ᠌ ᠬᠡᠯᠬᠢᠶᠡᠨ᠎ᠦ ᠠᠵᠢᠯ᠎ᠤᠨ ᠰᠡᠳᠭᠢᠴᠡ᠎ᠶ᠋ᠢ ᠪᠠᠷᠢᠮᠲᠠᠯᠠᠵᠤ᠂ ᠮᠡᠷᠭᠡᠵᠢᠯ ᠲᠠᠢ ᠴᠢᠳᠠᠪᠤᠷᠢᠲᠠᠨ ᠎ᠢ ᠰᠤᠷᠬᠤ ᠳ᠋ᠤ ᠬᠦᠰᠡᠯ ᠬᠦᠭᠡᠭᠡᠴᠡᠯᠳᠤᠯ ᠲᠠᠢ ᠪᠤᠯᠭᠠᠵᠤ᠂ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠠᠰ  ᠳᠡᠪᠱᠢᠭᠦᠯᠬᠦ᠂ ᠠᠵᠤ ᠠᠬᠤᠶ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠪᠠᠲᠤ ᠪᠠᠬᠢ ᠴᠢᠳᠠᠪᠤᠷᠢᠲᠠᠨ᠎ᠤ ᠲᠤᠯᠭᠠᠭᠤᠷᠢᠯᠠᠯ ᠬᠠᠡᠭᠭᠠᠵᠤ ᠪᠤᠢ᠃

ᠠᠵᠤ ᠠᠬᠤᠢᠯᠠᠯ ᠤ᠋ᠨ ᠬᠡᠷᠡᠭᠴᠡᠭᠡ ᠶ᠋ᠢ ᠤᠢᠯᠠᠭᠠᠨ ᠨᠠᠷᠢᠯᠢᠭ ᠣᠨᠣᠪᠴᠢᠲᠠᠢ ᠪᠣᠯᠪᠠᠰᠤᠷᠠᠯ  ᠬᠦᠷᠳᠡᠭᠡᠪᠡ 

ᠠᠵᠤ ᠦᠶ᠋ᠯᠡᠰ᠎ᠦᠨ ᠴᠢᠳᠠᠪᠤᠷᠢᠲᠠᠨ ᠎ᠤ ᠳᠤᠲᠠᠭᠤᠳᠠᠯ ᠎ᠢ ᠲᠣᠳᠣᠷᠬᠠᠶ ᠣᠢᠯᠠᠭᠠᠬᠤ᠎ᠶ᠋ᠢᠨ ᠲᠥᠯᠥᠭᠡ᠂ ᠤᠯᠠᠭᠠᠨᠴᠠᠪ ᠬᠤᠲᠠ ᠵᠢᠨ ᠬᠥᠮᠦᠨ ᠎ᠦ ᠬᠦᠴᠦᠨ ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠲᠤ ᠭᠦᠨᠵᠡᠭᠡᠢᠷᠡᠨ᠂ ᠠᠵᠤ ᠠᠬᠤᠢᠯᠠᠯ᠎ᠤᠨ ᠦᠶ᠋ᠯᠡᠳᠪᠦᠷᠢ᠎ᠶ᠋ᠢᠨ ᠲᠠᠰᠤᠭ ᠪᠦᠷᠢ ᠵᠢᠨ ᠪᠣᠳᠠᠲᠠᠢ ᠪᠠᠢᠳᠠᠯ᠎ᠢ ᠲᠣᠳᠣᠷᠬᠠᠶ ᠣᠢᠯᠠᠭᠠᠪᠠ᠃ ᠳ᠋ᠠᠢᠲ᠋ᠠ ᠵᠢ ᠠᠵᠢᠯᠯᠠᠭᠤᠯᠬᠤ ᠪᠠ ᠬᠠᠮᠠᠭᠠᠯᠠᠬᠤ᠂ ᠨᠠᠷᠢᠯᠢᠭ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠡᠬᠢ 180 ᠭᠤᠤᠯ ᠠᠵᠢᠯ᠎ᠤᠨ ᠪᠠᠢᠷᠢ᠎ᠶ᠋ᠢᠨ ᠠᠵᠢᠯᠴᠢᠨ ᠬᠡᠷᠡᠭ᠌ᠯᠡᠬᠦ᠌ ᠪᠠᠷᠢᠮᠵᠢᠶ᠎ᠠ᠎ᠶ᠋ᠢ ᠲᠣᠳᠣᠷᠬᠠᠶ ᠪᠣᠯᠭᠠᠵᠤ᠂ ᠠᠵᠢᠯ᠎ᠤᠨ ᠪᠠᠢᠷᠢᠨ᠎ᠳᠤ ᠪᠠᠢᠭ᠎ᠠ 1000 ᠭᠠᠷᠤᠶ ᠠᠵᠢᠯᠲᠠᠨ ᠠᠵᠢᠯᠴᠢᠨ᠂ ᠠᠵᠢᠯ ᠬᠦᠯᠢᠶᠡᠵᠦ᠍ ᠪᠠᠢᠭ᠎ᠠ ᠣᠯᠠᠨ ᠲᠦᠮᠡᠨ᠎ᠦ ᠮᠡᠷᠭᠡᠵᠢᠯ ᠴᠢᠳᠠᠪᠤᠷᠢ ᠪᠠᠨ ᠳᠡᠭᠡᠭ᠌ᠰᠢᠯᠡᠭᠦᠯᠬᠦ᠌ ᠬᠡᠷᠡᠭ᠌ᠴᠡᠭᠡ᠎ᠶ᠋ᠢ ᠬᠥᠳᠡᠯᠦᠩᠭᠦᠶ ᠎ᠪᠡᠷ ᠱᠢᠨᠡᠳᠭᠡᠬᠦ᠌  ᠲᠣᠭ᠎ᠠ  ᠪᠠᠷᠢᠮᠲᠠ᠎ᠶ᠋ᠢᠨ ᠬᠥᠮᠥᠷᠭᠡ᠎ᠳᠦ  ᠣᠷᠣᠭᠤᠯᠪᠠ᠃

ᠡᠨᠡ ᠬᠦ᠌ ᠨᠠᠷᠢᠨ ᠪᠣᠳᠠᠲᠠᠶ 《ᠬᠡᠷᠡᠭ᠌ᠴᠡᠭᠡ᠎ᠶ᠋ᠢᠨ ᠨᠠᠷᠢᠨ ᠲᠠᠩᠰᠠ》 ᠳ᠋ᠤ ᠲᠦᠱᠢᠭ᠌ᠯᠡᠨ᠂ ᠤᠯᠠᠭᠠᠨᠴᠠᠪ ᠬᠣᠲᠠ ᠬᠡᠷ᠎ᠦᠨ ᠡᠭᠦᠳᠡᠨ᠎ᠳᠦᠨᠢ  ᠪᠣᠯᠪᠠᠰᠤᠷᠠᠯ᠎ᠬᠦᠷᠲᠡᠭᠡᠨ᠂ ᠮᠡᠷᠭᠡᠵᠢᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠢᠴᠢᠶᠡᠯ ᠢ᠋ ᠨᠡᠢᠲᠡ 4052 ᠬᠥᠮᠦᠨ ᠤᠳᠠᠭ᠎ᠠ ᠣᠷᠣᠪᠠ᠃ ᠡᠭᠦᠨ᠎ᠢᠶᠡᠷ ᠪᠠᠷᠠᠬᠤ ᠥᠬᠡᠶ᠂ ᠪᠥᠬᠥ᠌ ᠬᠣᠲᠠ᠎ᠳᠤ ᠬᠣᠲᠠ᠎ᠶ᠋ᠢᠨ ᠲᠠᠰ᠎ᠠᠴᠠ ᠳᠡᠭᠡᠭ᠌ᠰᠢᠬᠢ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠲᠦᠷᠦᠯ ᠲᠡᠮᠳᠡᠭ ᠢ᠋ ᠨᠡᠢᠲᠡ 15 ᠴᠤᠬᠴᠠᠯᠠᠵᠦ᠂ ᠬᠣᠲᠠ᠎ᠶ᠋ᠢᠨ ᠲᠠᠰ᠎ᠤᠨ 《ᠠᠵᠢᠯ ᠮᠡᠷᠭᠡᠵᠢᠯ᠎ᠦᠨ ᠪᠣᠯᠪᠠᠰᠤᠷᠠᠯ + ᠬᠥᠳᠡᠯᠮᠦᠷᠢ ᠦᠶ᠋ᠯᠡᠴᠢᠯᠡᠭᠡ 》 ᠶ᠋ᠢᠨ ᠬᠤᠤᠰ ᠲᠦᠷᠦᠯ ᠲᠡᠮᠳᠡᠭ ᠢ᠋ 10 ᠡᠭᠦᠳᠤᠨ᠂ 2026 ᠣᠨ᠎ᠳᠤ ᠤᠨᠴᠠᠯᠢᠭ᠍ᠳᠤ ᠲᠦᠷᠦᠯ ᠲᠡᠮᠳᠡᠭ ᠲᠦ᠍ ᠲᠦᠱᠢᠭ᠌ᠯᠡᠨ᠂ 579 ᠬᠥᠮᠦᠨ ᠤᠳᠠᠭ᠎ᠠ ᠳ᠋ᠤ ᠲᠤᠰᠭᠠᠶ ᠪᠣᠯᠪᠠᠰᠤᠷᠠᠯ ᠬᠦᠷᠲᠡᠭᠡᠵᠤ ᠂ ᠬᠥᠮᠦᠨ ᠪᠠ ᠠᠵᠢᠯ᠎ᠤᠨ ᠪᠠᠢᠷᠢ᠎ᠶ᠋ᠢᠨ ᠵᠣᠬᠢᠴᠠᠯᠳᠤᠬᠤ ᠬᠡᠮᠵᠢᠶ᠎ᠡ᠎ᠶ᠋ᠢ  ᠪᠦᠲᠦᠮᠵᠢᠲᠡᠶ   ᠳᠡᠭᠡᠭ᠌ᠰᠢᠯᠡᠭᠦᠯᠪᠡ᠃

ᠦᠨᠡᠯᠡᠯᠲᠡ ᠵᠢᠨ ᠬᠠᠭᠤᠴᠢᠨ  ᠵᠤᠷᠰᠢᠯ  ᠢ᠋  ᠡᠪᠳᠡᠨ ᠴᠢᠳᠠᠪᠤᠷᠢᠳᠡᠨ᠎ᠢ ᠬᠦᠨᠳᠤᠳᠭᠡᠨ  ᠬᠡᠷᠡᠭᠯᠡᠪᠡ

ᠤᠯᠠᠭᠠᠨᠴᠠᠪ᠎ᠤᠨ ᠴᠢᠳᠠᠪᠤᠷᠢᠲᠠᠨ᠎ᠢ ᠦᠨᠡᠯᠡᠬᠦ 《ᠪᠠᠷᠢᠮᠵᠢᠶ᠎ᠠ 》 ᠳ᠋ᠤ ᠬᠤᠪᠢᠷᠠᠯᠲᠠ ᠭᠠᠷᠴᠤ᠌᠂ ᠰᠤᠷᠤᠯᠭ᠎ᠠ᠎ᠶ᠋ᠢᠨ ᠨᠠᠮᠲᠠᠷ ᠪᠣᠯᠤᠨ ᠬᠢᠷᠢ ᠬᠡᠮ᠎ᠦᠨ 《ᠨᠢᠭᠤᠭ᠍ᠳᠠᠮᠠᠯ ᠪᠠᠷᠢᠮᠵᠢᠶ᠎ᠠ》 ᠶ᠋ᠢ ᠪᠦᠲᠦᠮᠵᠢᠲᠡᠶ  ᠡᠪᠳᠡᠪᠡ᠃

ᠨᠢᠭᠡ ᠲᠠᠯ᠎ᠠ᠎ᠪᠠᠷ ᠂ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠴᠢᠳᠠᠪᠤᠷᠢᠲᠠᠨ ᠬᠥᠮᠦᠵᠢᠭᠦᠯᠬᠦ᠌ ᠪᠠᠷᠢᠮᠵᠢᠶ᠎ᠠ ᠬᠢᠭᠡᠳ ᠤᠯᠤᠰ᠎ᠤᠨ ᠠᠵᠢᠯ ᠮᠡᠷᠭᠡᠵᠢᠯ᠎ᠦᠨ ᠪᠠᠷᠢᠮᠵᠢᠶ᠎ᠠ᠎ᠶ᠋ᠢ 《 ᠵᠠᠪᠰᠠᠷ ᠥᠬᠡᠶ ᠵᠣᠯᠭᠠᠭᠤᠯᠬᠤ》 ᠶ᠋ᠢ ᠪᠡᠶᠡᠯᠡᠭᠦᠯᠪᠡ᠃ ᠤᠯᠠᠭᠠᠨᠴᠠᠪ ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠲᠦᠷᠦᠭᠦᠦ ᠪᠦᠯᠦᠭ᠎ᠦᠨ 17 ᠲᠤᠰᠭᠠᠶ ᠮᠡᠷᠭᠡᠵᠢᠯ᠎ᠳᠡᠭᠡᠳᠦ ᠵᠡᠷᠭᠡ᠎ᠶ᠋ᠢᠨ ᠠᠵᠢᠯᠴᠢᠨ ᠤ᠋ ᠮᠡᠷᠭᠡᠵᠢᠯ ᠴᠢᠳᠠᠪᠤᠷᠢ᠎ᠶ᠋ᠢᠨ ᠳᠡᠰ ᠤ᠋ᠨ ᠬᠢᠨᠡᠨ ᠲᠤᠭᠳᠠᠭᠠᠯᠲᠠ ᠵᠢᠨ ᠨᠤᠲᠠᠯᠠᠯᠲᠠ᠎ᠶ᠋ᠢ ᠤᠷᠤᠭ᠍ᠰᠢᠲᠠᠶ ᠲᠤᠭᠤᠯᠵᠠᠢ᠃ ᠡᠨᠡ ᠨᠢ 12 ᠠᠵᠢᠯ ᠮᠡᠷᠭᠡᠵᠢᠯ (ᠠᠵᠢᠯ ᠲᠥᠷᠥᠯ︶ᠢ᠋ ᠬᠠᠮᠤᠷᠴᠤ᠌᠂ ᠡᠯᠧᠺᠲ᠋ᠷᠣᠨ  ᠮᠡᠳᠡᠭᠡ  ᠵᠠᠩᠭᠢ᠂ ᠲᠣᠨᠣᠭ᠍ᠯᠠᠯ ᠦᠶ᠋ᠯᠡᠳᠬᠦ ᠂ ᠱᠢᠨ᠎ᠡ  ᠡᠨᠧᠷᠭᠢ  ᠵᠡᠷᠭᠡ  ᠭᠤᠤᠯᠯᠠᠬᠤ ᠠᠵᠤ ᠦᠶ᠋ᠯᠡᠰ᠎ᠦᠨ ᠴᠢᠭ᠌ᠯᠡᠯ᠎ᠲᠡᠶ ᠪᠥᠬᠥ᠌ ᠲᠠᠯ᠎ᠠ᠎ᠪᠠᠷ ᠵᠤᠯᠭᠠᠭᠤᠯᠵᠤ᠂ ᠵᠠᠯᠠᠭᠤ ᠰᠤᠷᠤᠭ᠍ᠴᠢᠳ᠎ᠤᠨ《ᠰᠤᠷᠭᠠᠭᠤᠯᠢ᠎ᠶ᠋ᠢᠨ ᠬᠦᠷᠢᠶᠡᠨ᠎ᠦ ᠬᠢᠴᠢᠶᠡᠯ᠎ᠦᠨ ᠲᠠᠩᠬᠢᠮ 》 ᠡᠴᠡ 《 ᠲᠣᠰ ᠭᠠᠵᠠᠷ᠎ᠤᠨ ᠦᠶ᠋ᠯᠡᠳᠪᠦᠷᠢ᠎ᠶ᠋ᠢᠨ ᠲᠠᠰᠤᠭ》 ᠲᠦ᠍ ᠠᠵᠢᠯ ᠣᠯᠭᠣᠬᠤ ᠲᠦᠷᠭᠡᠨ ᠵᠠᠮ᠎ᠢ ᠦᠨᠡᠨ ᠬᠦ᠌ ᠨᠡᠪᠲᠡᠷᠡᠭᠦᠯᠪᠡ᠃

ᠨᠥᠭᠥᠭᠡ ᠲᠠᠯ᠎ᠠ᠎ᠪᠠᠷ᠂ ᠥᠷᠭᠡᠨ ᠠᠭᠤᠳᠠᠮ ᠲᠠᠷᠢᠶᠠᠨ ᠭᠠᠵᠠᠷ ᠲᠦ᠍ ᠴᠤ᠌ ᠱᠢᠨ᠎ᠡ ᠠᠵᠠ ᠲᠣᠬᠢᠶᠠᠯ ᠢᠷᠡᠵᠡᠢ᠃ ᠤᠯᠠᠭᠠᠨᠴᠠᠪ ᠬᠣᠲᠠ ᠮᠠᠯᠴᠢᠨ ᠲᠠᠷᠢᠶᠠᠴᠢᠨ᠎ᠤ ᠠᠵᠢᠯ ᠮᠡᠷᠭᠡᠵᠢᠯ᠎ᠦᠨ ᠳᠡᠰ ᠤ᠋ᠨ ᠦᠨᠡᠯᠡᠯᠲᠡ ᠬᠢᠬᠦ ᠵᠢ ᠬᠡᠷᠡᠭ᠌ᠵᠢᠭᠦᠯᠬᠦ᠌ ᠠᠷᠭ᠎ᠠ᠎ᠶ᠋ᠢ ᠨᠡᠢᠲᠡᠯᠡᠵᠦ᠍᠂ ᠳᠠᠷᠢᠵᠤ ᠲᠡᠵᠢᠭᠡᠬᠦ᠌᠂ ᠮᠠᠯ᠎ᠤᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠡᠳ᠋ᠱᠢᠭᠦᠯᠬᠦ᠌᠂ ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭ᠎ᠠ ᠵᠡᠷᠭᠡ ᠬᠦᠷᠢᠶᠡᠨ᠎ᠳᠡᠬᠢ 《ᠨᠤᠲᠤᠭ᠎ᠤᠨ ᠲᠤᠰᠭᠠᠶ ᠮᠡᠷᠭᠡᠵᠢᠯᠲᠡᠨ》᠂《ᠲᠠᠷᠢᠮᠠᠯ᠎ᠤᠨ ᠮᠡᠷᠭᠡᠵᠢᠯᠲᠡᠨ》᠂ 《ᠬᠦᠳᠡᠭᠡ ᠵᠢᠨ ᠦᠶ᠋ᠯᠡᠰ ᠪᠤᠰᠬᠠᠭᠴᠢ》 ᠳ᠋ᠤ ᠲᠤᠰᠭᠠᠶ ᠦᠨᠡᠯᠡᠯᠲᠡ ᠬᠢᠬᠦ᠌ ᠠᠷᠭ᠎ᠠ ᠵᠠᠮ᠎ᠢ ᠨᠡᠭᠡᠭᠡᠵᠦ᠍᠂ ᠰᠤᠷᠤᠯᠭ᠎ᠠ᠎ᠶ᠋ᠢᠨ ᠨᠠᠮᠲᠠᠷ᠂ ᠬᠢᠷᠢ ᠬᠡᠮ ᠂ ᠪᠡᠶ᠎ᠡ᠎ᠶ᠋ᠢᠨ ᠭᠠᠷᠤᠯ᠎ᠤᠨ ᠬᠢᠵᠠᠭᠠᠷᠯᠠᠯ᠎ᠢ ᠡᠪᠳᠡᠵᠦ᠍᠂ ᠪᠣᠳᠠᠲᠠᠢ ᠠᠵᠢᠯᠯᠠᠭ᠎ᠠ᠎ᠶ᠋ᠢ ᠴᠢᠬᠤᠯᠠᠴᠢᠯᠠᠬᠤ᠂ ᠪᠣᠳᠠᠲᠠᠢ ᠠᠮᠵᠢᠯᠲᠠ᠎ᠶ᠋ᠢ ᠴᠢᠬᠤᠯᠠᠴᠢᠯᠠᠬᠤ᠂ ᠬᠤᠪᠢ ᠨᠡᠮᠡᠷᠢ ᠎ᠶ᠋ᠢ ᠴᠢᠬᠤᠯᠠᠴᠢᠯᠠᠬᠤ ᠎ᠶ᠋ᠢ ᠪᠠᠷᠢᠮᠲᠠᠯᠠᠵᠤ᠂ ᠲᠠᠷᠢᠶᠠᠨ ᠭᠠᠵᠠᠷ ᠲᠡᠬᠢ ᠮᠡᠷᠭᠡᠵᠢᠯ ᠲᠠᠢ ᠴᠢᠳᠠᠪᠤᠷᠢᠲᠠᠨ᠎ᠢ  ᠮᠡᠷᠭᠡᠵᠢᠯ᠎ᠦᠨ ᠴᠣᠯᠠ ᠲᠠᠢ ᠪᠤᠯᠭᠠᠬᠤ᠂ ᠦᠨᠡᠮᠯᠡᠯ ᠠᠪᠴᠤ ᠲᠡᠢᠯᠬᠦ ᠪᠤᠯᠭᠠᠬᠤ᠂ ᠨᠠᠡᠭ ᠶᠡᠭᠡ  ᠦᠨ᠎ᠠ  ᠦᠷᠳᠡᠭ  ᠡᠭᠦᠳᠴᠦ  ᠲᠡᠢᠯᠬᠦ  ᠪᠤᠯᠭᠠᠬᠤ  ᠪᠡᠷ ᠪᠤᠢ᠃

ᠱᠢᠩ ᠾᠧ ᠱᠢᠶᠠᠨ ᠤ᠋ ᠵᠠᠩ ᠵᠢᠤᠸᠠᠨ ᠪᠣᠯ ᠡᠨᠡ ᠬᠦ᠌ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠬᠦᠷᠲᠡᠭ᠌ᠴᠢ ᠪᠤᠯᠤᠨ᠎ᠠ᠃ ᠥᠩᠭᠡᠷᠡᠭ᠌ᠰᠡᠨ᠎ᠳᠦ ᠰᠤᠷᠤᠯᠭ᠎ᠠ᠎ᠶ᠋ᠢᠨ ᠨᠠᠮᠲᠠᠷ ᠦᠭᠡᠢ᠂ ᠬᠣᠯᠪᠣᠭ᠍ᠳᠠᠯ ᠪᠦᠬᠦᠢ ᠲᠤᠷᠱᠢᠯᠭ᠎ᠠ᠎ᠪᠠᠷ ᠳᠤᠲᠠᠮᠠᠭ ᠪᠠᠢᠭ᠍ᠰᠠᠨ ᠲᠡᠷᠡ ᠠᠵᠢᠯ ᠡᠷᠢᠬᠦ᠌ ᠦᠶ᠎ᠠ ᠳ᠋ᠤ ᠬᠡᠳᠦᠨᠲᠡ ᠬᠠᠳᠠᠭᠠᠰᠤ ᠮᠥᠷᠭᠥᠭᠰᠡᠨ ᠦᠩᠭᠡᠷᠡᠯᠲᠡ ᠲᠠᠢ᠃ ᠠᠷᠠᠳ᠎ᠲᠤ ᠲᠥᠬᠥᠮ ᠦᠵᠡᠭᠦᠯᠬᠦ᠌ ᠮᠡᠷᠭᠡᠵᠢᠯ ᠴᠢᠳᠠᠪᠤᠷᠢ᠎ᠶ᠋ᠢᠨ ᠦᠨᠡᠯᠡᠯᠲᠡ᠎ᠶ᠋ᠢᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢᠨ ᠠᠴᠢ᠎ᠪᠠᠷ ᠲᠡᠷᠡ ᠦᠨ᠎ᠡ ᠲᠦᠯᠦᠪᠦᠷᠢ ᠥᠬᠡᠶ ᠠᠰᠠᠷᠠᠭᠴᠢ᠎ᠶ᠋ᠢᠨ ᠪᠣᠯᠪᠠᠰᠤᠷᠠᠯ᠎ᠳᠤ ᠣᠷᠣᠯᠴᠠᠭᠠᠳ᠂ ᠠᠰᠠᠷᠠᠭᠴᠢ᠎ᠶ᠋ᠢᠨ ᠠᠩᠬ᠎ᠠ ᠵᠡᠷᠭᠡ᠎ᠶ᠋ᠢᠨ ᠠᠵᠢᠯ᠎ᠤᠨ ᠦᠨᠡᠮᠯᠡᠯ ᠵᠢᠡᠨ ᠤᠷᠤᠭ᠍ᠰᠢᠲᠠᠶ ᠱᠢᠯᠭᠠᠨ ᠠᠪᠴᠤ᠂ ᠲᠤᠬᠠᠶ᠎ᠶ᠋ᠢᠨ ᠭᠠᠵᠠᠷ᠎ᠤᠨ ᠨᠢᠭᠡᠨ ᠬᠡᠦᠬᠡᠳ᠎ᠦᠨ ᠴᠡᠴᠡᠷᠯᠢᠭ᠎ᠦᠨ ᠲᠤᠰᠭᠠᠶ  ᠠᠰᠠᠷᠠᠭ᠍ᠴᠢ  ᠪᠣᠯᠵᠠᠶ᠃

ᠵᠠᠩ ᠵᠢᠤᠸᠠᠨ᠄ 《ᠥᠩᠭᠡᠷᠡᠭ᠌ᠰᠡᠨ᠎ᠳᠦ  ᠶᠡᠷᠦ  ᠨᠢ ᠲᠣᠭ᠍ᠲᠠᠪᠤᠷᠢᠲᠠᠢ ᠠᠵᠢᠯ ᠤᠯᠵᠤ ᠳᠡᠢᠯᠬᠦ᠌ ᠦᠭᠡᠢ ᠲᠤᠯᠡ ᠵᠣᠪᠠᠵᠤ ᠰᠠᠭᠤᠵᠤ ᠪᠠᠢᠭ᠍ᠰᠠᠨ᠂ ᠤᠳᠤ ᠭᠡᠷ᠎ᠦᠨ᠎ᠢᠶᠡᠨ ᠡᠭᠦᠳᠡᠨ᠎ᠳᠦ 〈ᠪᠤᠳᠠᠭᠠᠨ ᠠᠶᠠᠭ᠎ᠠ〉 ᠤᠯᠤᠭᠠᠳ᠂ ᠠᠮᠢᠳᠤᠷᠠᠯ ᠶᠠᠪᠤᠬᠤ ᠲᠤᠳᠤᠮ ᠰᠠᠢᠵᠢᠷᠠᠵᠤ ᠪᠠᠢᠨ᠎ᠠ 》  ᠭᠡᠵᠦ᠍ ᠰᠤᠷᠪᠤᠯᠵᠢᠯᠠᠭᠴᠢ᠎ᠳᠤ ᠢᠨᠢᠶᠡᠮᠰᠦᠭ᠌ᠯᠡᠨ ᠶᠠᠷᠢᠯ᠎ᠠ᠃

ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠤᠨ ᠲᠠᠪᠴᠠᠩ ᠪᠠᠢᠭᠤᠯᠵᠤ ᠬᠦᠮᠦᠵᠢᠬᠦ  ᠳ᠋ᠤ ᠬᠦᠴᠦᠨ ᠨᠡᠮᠡᠷᠢᠯᠡᠪᠡ

ᠮᠡᠷᠭᠡᠵᠢᠯ ᠬᠢᠭᠡᠳ ᠦᠨᠡᠮᠯᠡᠯ ᠲᠠᠢ ᠪᠤᠯᠤᠭᠰᠠᠨ ᠤ᠋ ᠲᠠᠷᠠᠭ᠎ᠠ ᠪᠠᠰᠠ ᠮᠡᠷᠭᠡᠵᠢᠯ ᠵᠢᠡᠨ ᠪᠠᠳᠠᠷᠠᠭᠤᠯᠬᠤ ᠪᠠ ᠬᠦᠮᠦᠵᠢᠬᠦ ᠲᠠᠪᠴᠠᠩ ᠪᠠᠢᠬᠤ ᠬᠡᠷᠡᠭ᠌ᠲᠡᠶ᠃ ᠤᠯᠠᠭᠠᠨᠴᠠᠪ ᠬᠣᠲᠠ ᠮᠡᠷᠭᠡᠵᠢᠯ ᠤ᠋ᠨ ᠴᠢᠳᠠᠪᠤᠷᠢᠲᠠᠨ᠎ᠢ ᠮᠡᠷᠭᠡᠵᠢᠯ ᠵᠢᠡᠨ ᠪᠠᠳᠠᠷᠠᠭᠤᠯᠵᠦ ᠠᠳᠠᠯᠢᠳᠭᠠᠬᠤ᠂ ᠬᠠᠷᠢᠯᠴᠠᠨ ᠰᠣᠯᠢᠯᠴᠠᠬᠤ᠂ ᠬᠦᠮᠦᠵᠢᠵᠦ  ᠴᠢᠳᠠᠪᠤᠷᠢᠲᠠᠨ ᠪᠣᠯᠬᠤ ᠱᠢᠯᠢᠳᠡᠭ  ᠲᠠᠪᠴᠠᠩ ᠎ᠢ  ᠨᠠᠷᠢᠨ ᠨᠢᠮᠪᠠᠶ  ᠴᠤᠭᠴᠠᠯᠠᠵᠠᠢ᠃

ᠤᠯᠠᠭᠠᠨᠴᠠᠪ ᠬᠣᠲᠠ᠎ᠶ᠋ᠢᠨ ᠭᠤᠷᠪᠠᠳᠤᠭᠠᠷ ᠬᠤᠭᠤᠴᠠᠭᠠᠨ᠎ᠤ ᠠᠵᠢᠯ ᠮᠡᠷᠭᠡᠵᠢᠯ᠎ᠦᠨ ᠤᠷᠤᠯᠳᠤᠭᠠᠨ᠎ᠤ ᠲᠤᠬᠠᠶ᠎ᠶ᠋ᠢᠨ ᠲᠠᠯᠠᠪᠠᠢ᠎ᠳᠤ 14 ᠵᠦᠢᠯ᠎ᠤᠨ ᠤᠷᠤᠯᠳᠤᠭᠠᠨ᠎ᠳᠤ ᠦᠷᠢᠰᠦᠯᠳᠦᠭᠦ ᠦᠷᠢᠰᠦᠯᠳᠦᠭᠴᠢᠳ ᠴᠤᠭ᠍ᠯᠠᠷᠠᠪᠠ᠃ ᠠᠵᠤ ᠦᠢᠯᠡᠰ ᠎ᠦᠨ ᠬᠡᠷᠡᠭᠴᠡᠭᠡ᠎ᠳᠤ ᠳᠤᠬᠢᠷᠠᠭᠰᠠᠨ ᠨᠠᠷᠢᠨ ᠨᠢᠭᠲᠠ ᠠᠵᠢᠯ᠎ᠠᠴᠠ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ ᠳ᠋ᠤ ᠲᠤᠬᠢᠷᠠᠬᠤ ᠥᠪᠡᠷᠮᠢᠴᠡ ᠣᠨᠴᠠᠯᠢᠭ᠎ᠲᠠᠶ ᠡᠷᠳᠡᠮ ᠴᠢᠳᠠᠪᠤᠷᠢ ᠬᠦᠷᠲᠡᠯ᠎ᠡ ᠵᠠᠯᠠᠭᠤ ᠤᠷᠠᠨ ᠳᠠᠷᠬᠠᠳ ᠨᠢᠭᠡ ᠲᠠᠢᠰᠠᠨ᠎ᠠ ᠦᠷᠢᠰᠦᠯᠳᠦᠵᠦ᠍᠂ ᠨᠠᠷᠢᠯᠢᠭ ᠣᠨᠣᠪᠴᠢᠲᠠᠢ ᠠᠵᠢᠯᠯᠠᠭ᠎ᠠ ᠨᠢᠭᠡᠪᠦᠷᠢ᠂ ᠨᠠᠷᠢᠨ ᠨᠢᠮᠪᠠᠢ ᠠᠵᠢᠯ᠎ᠤᠨ ᠭᠤᠭᠴᠤᠭ᠎ᠠ ᠨᠢᠭᠡᠪᠦᠷᠢ ᠨᠢ ᠴᠥᠮ ᠱᠢᠨ᠎ᠡ ᠴᠠᠭ ᠦᠶ᠎ᠡ᠎ᠶ᠋ᠢᠨ ᠤᠷᠠᠨ ᠳᠠᠷᠬᠠᠳ᠎ᠤᠨ ᠦᠨᠳᠤᠷ  ᠲᠦᠪᠰᠢᠨ ᠪᠦᠬᠦᠢ  ᠮᠡᠷᠭᠡᠵᠢᠯ  ᠴᠢᠳᠠᠪᠤᠷᠢ  ᠵᠢ ᠬᠠᠷᠠᠭᠤᠯᠤᠭᠰᠠᠨ ᠪᠠᠢᠨ᠎ᠠ᠃

ᠵᠢᠯ ᠤ᠋ᠨ ᠡᠬᠢᠨ᠎ᠠᠴᠠ ᠨᠠᠭᠠᠰᠢ᠂ ᠲᠤᠰ ᠬᠣᠲᠠ᠎ᠳᠤ ᠮᠡᠷᠭᠡᠵᠢᠯ᠎ᠦᠨ ᠴᠢᠳᠠᠪᠤᠷᠢᠲᠠᠨ 2563 ᠨᠡᠮᠡᠭ᠌ᠳᠡᠵᠦ᠍᠂ ᠳᠡᠭᠡᠳᠦ ᠳᠡᠰ᠎ᠤᠨ ᠮᠡᠷᠭᠡᠵᠢᠯ ᠎ᠦᠨ ᠴᠢᠳᠠᠪᠤᠷᠢᠲᠠᠨ 948 ᠨᠡᠮᠡᠭ᠌ᠳᠡᠨ᠂ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶ᠋ᠢᠨ ᠪᠦᠲᠦᠴᠡ ᠦᠷᠭᠦᠯᠵᠢᠯᠡᠨ ᠱᠢᠯᠢᠳᠡᠭ᠌ᠵᠢᠵᠦ᠍᠂ ᠳᠡᠭᠡᠳᠦ ᠳᠡᠰ᠎ᠤᠨ ᠮᠡᠷᠭᠡᠵᠢᠯ᠎ᠦᠨ ᠴᠢᠳᠠᠪᠤᠷᠢᠲᠠᠨ᠎ᠤ  ᠡᠵᠡᠯᠡᠬᠦ᠌  ᠬᠠᠷᠢᠴᠠᠯ  ᠲᠣᠭ᠍ᠲᠠᠭᠤᠨ᠎ᠢᠶᠠᠷ ᠳᠡᠭᠡᠭ᠌ᠰᠢᠯᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号