ᠮᠥᠩᠭᠥᠨ ᠭᠦᠢᠯᠭᠡᠭᠡᠨ᠎ᠢᠶᠡᠷ ᠡᠨᠧᠷᠬᠢ ᠤᠯᠭᠤᠵᠤ ᠨᠡᠭᠡᠭᠡᠯᠲᠡ ᠬᠢᠬᠦ ᠪᠡᠷ ᠢᠷᠡᠭᠡᠳᠦᠢ᠎ᠶᠢ ᠬᠥᠲᠥᠯᠥᠨ ᠳᠠᠭᠠᠭᠤᠯᠤᠨ᠎ᠠ
2026-06-23 09:40:30
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

 —   ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠎ᠶᠢᠨ ᠨᠠᠮ ᠎ᠤᠨ ᠬᠤᠷᠢᠶ᠎ᠠ ᠵᠢᠨ ᠱᠦᠵᠢ᠂  ᠪᠠᠩᠬᠢ ᠎ᠶᠢᠨ ᠳᠠᠷᠤᠭ᠎ᠠ᠂ ᠤᠯᠤᠰ ᠎ᠤᠨ ᠭᠠᠳᠠᠭᠠᠳᠤ ᠭᠤᠪᠢᠭᠤᠯᠭ᠎ᠠ ᠎ᠶᠢᠨ ᠬᠠᠮᠢᠶᠠᠷᠤᠯᠲᠠ᠎ᠶᠢᠨ ᠲᠣᠪᠴᠢᠶᠠᠨ ᠎ᠤ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠬᠤᠪᠢᠶᠠᠷᠢ ᠲᠣᠪᠴᠢᠶᠠᠨ ᠎ᠤ ᠳᠠᠷᠤᠭ᠎ᠠ ᠯᠢᠦᠢ ᠸᠧᠢ ᠶ᠋ᠢ ᠰᠤᠷᠪᠤᠯᠵᠢᠯᠠᠭᠰᠠᠨ ᠨᠢ

         

 2026 ᠣᠨ᠎ᠤ 4 ᠰᠠᠷ᠎ᠠ᠎ᠶᠢᠨ 9 ᠎ᠤ᠋ ᠡᠳᠦᠷ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠳᠠᠷᠤᠮᠠᠯᠯᠠᠨ ᠲᠠᠷᠬᠠᠭᠠᠭᠰᠠᠨ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠶᠡᠷᠦᠩᠬᠡᠢ ᠲᠥᠰᠥᠯ》 ᠢ᠋ ᠢᠯᠡ ᠪᠡᠷ ᠨᠡᠢᠲᠡᠯᠡᠪᠡ᠃ ᠥᠭᠡᠷᠡᠴᠢᠯᠡᠯᠲᠡ᠎ᠶᠢᠨ ᠡᠭᠦᠷᠭᠡ᠎ᠶᠢ ᠬᠡᠷᠬᠢᠨ ᠲᠦᠷᠭᠡᠳᠬᠡᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠴᠢᠨᠠᠷ ᠰᠠᠢᠲᠠᠢ ᠪᠦᠲᠦᠭᠡᠨ ᠪᠠᠶ᠋ᠢᠭᠤᠯᠬᠤ᠎ᠳᠤ ᠮᠥᠩᠭᠥᠨ ᠭᠦᠢᠯᠭᠡᠭᠡᠨ᠎ᠦ ᠬᠥᠳᠡᠯᠭᠡᠬᠦ ᠡᠨᠧᠷᠭᠢ ᠵᠢ ᠨᠡᠮᠡᠷᠢᠯᠡᠬᠦ ᠲᠤᠬᠠᠢ ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠬᠤᠪᠢᠶᠠᠷᠢ ᠪᠠᠩᠬᠢ᠎ᠶᠢᠨ ᠨᠠᠮ᠎ᠤᠨ ᠬᠤᠷᠢᠶ᠎ᠠ ᠵᠢᠨ ᠱᠦᠵᠢ᠂ ᠪᠠᠩᠬᠢ᠎ᠶᠢᠨ ᠳᠠᠷᠤᠭ᠎ᠠ᠂ ᠤᠯᠤᠰ ᠎ᠤᠨ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠬᠤᠪᠢᠶᠠᠷᠢ ᠲᠣᠪᠴᠢᠶ᠎ᠠ᠎ᠶᠢᠨ ᠳᠠᠷᠤᠭ᠎ᠠ ᠯᠢᠦᠢ ᠸᠧᠢ᠎ᠶᠢ ᠰᠤᠷᠪᠤᠯᠵᠢᠯᠠᠪᠠ᠃

ᠯᠢᠦᠢ ᠸᠧᠢ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠵᠥᠪᠰᠢᠶᠡᠷᠡᠭᠳᠡᠭᠰᠡᠨ᠎ᠡᠴᠡ ᠨᠠᠭᠠᠰᠢ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠬᠤᠪᠢᠶᠠᠷᠢ ᠪᠠᠩᠬᠢ ᠤᠷᠢᠳ᠎ᠢᠶᠠᠷ ᠬᠡᠷᠡᠭᠵᠢᠭᠦᠯᠵᠦ ᠤᠷᠢᠳ᠎ᠢᠶᠠᠷ ᠲᠤᠷᠰᠢᠬᠤ᠂ ᠵᠣᠷᠢᠭ᠍ᠲᠠᠢ᠎ᠪᠠᠷ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠮᠥᠩᠭᠥᠨ ᠭᠦᠢᠯᠭᠡᠭᠡᠨ᠎ᠦ ᠥᠭᠡᠷᠡᠴᠢᠯᠡᠯᠲᠡ ᠵᠢᠨ ᠰᠢᠨ᠎ᠡ ᠵᠢ ᠡᠭᠦᠳᠬᠦ ᠵᠡᠷᠭᠡ ᠭᠣᠣᠯ ᠡᠭᠦᠷᠭᠡ᠎ᠶᠢ ᠴᠢᠩᠭ᠎ᠠ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠨᠢᠨ ᠳᠡᠭᠡᠷ᠎ᠡ ᠨᠢ ᠬᠦᠴᠦᠯᠡᠵᠦ᠂ ᠡᠯ᠎ᠡ ᠵᠦᠢᠯ᠎ᠦᠨ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠤᠨ  ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠨᠠᠷᠢᠯᠢᠭ᠍ᠵᠢᠭᠤᠯᠵᠤ᠂ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠵᠤ ᠪᠠᠢᠨ᠎ᠠ ᠬᠡᠵᠤ ᠢᠯᠡᠳᠬᠡᠪᠡ᠃

ᠳᠤᠮᠳᠠᠳᠤ ᠮᠣᠩᠭᠣᠯ᠎ᠤᠨ ᠬᠢᠯᠢ ᠠᠯᠤᠰᠯᠠᠭᠰᠠᠨ ᠰᠢᠯᠵᠢᠬᠡ ᠲᠣᠭᠠᠴᠠᠭ᠎ᠠ ᠬᠢᠬᠦ ᠬᠡᠪᠴᠢᠶ᠎ᠡ᠎ᠶᠢ ᠤᠯᠠᠮ ᠥᠷᠭᠡᠳᠬᠡᠪᠡ᠃ ᡁᠢ ᠹᠦ ᠪᠤᠤ᠂ ᠵᠢᠷᠭᠢᠶ᠎ᠡ᠎ᠪᠡᠷ ᠲᠣᠭᠠᠴᠠᠭ᠎ᠠ ᠬᠢᠬᠦ ᠪᠠ ᠮᠣᠩᠭᠣᠯ ᠤᠯᠤᠰ᠎ᠤᠨ Hipay ᠴᠦᠩᠬᠦ ᠵᠡᠷᠬᠡ ᠲᠡᠪᠴᠡᠩ᠎ᠤᠨ ᠬᠠᠷᠢᠯᠴᠠᠨ ᠨᠡᠪᠲᠡᠷᠡᠬᠦ ᠵᠠᠮ᠎ᠢ ᠨᠡᠪᠲᠡᠷᠡᠭᠦᠯᠦᠭᠰᠡᠨ᠎ᠦ ᠰᠠᠭᠤᠷᠢᠨ ᠳᠡᠭᠡᠷ᠎ᠡ᠂ 2026 ᠣᠨ᠎ᠤ 5 ᠰᠠᠷ᠎ᠠ᠎ᠳᠤ ᠡᠷᠢᠶᠡᠨ ᠬᠤᠳᠠ ᠬᠢᠯᠢ᠎ᠶᠢᠨ ᠪᠣᠭᠣᠮᠲᠠ ᠨᠢ ᠮᠣᠩᠭᠣᠯ ᠤᠯᠤᠰ ᠎ᠤᠨ   Socialpay ᠡᠯᠧᠺᠲᠷᠣᠨ ᠴᠦᠩᠬᠦ ᠲᠡᠪᠴᠡᠩ᠎ᠤᠨ ᠳᠤᠮᠳᠠᠳᠤ ᠤᠯᠤᠰ᠎ᠤᠨ ᠬᠢᠯᠢ᠎ᠳᠤ ᠺᠣᠳ᠋ ᠰᠢᠷᠪᠢᠵᠦ ᠲᠣᠭᠠᠴᠠᠭ᠎ᠠ ᠬᠢᠬᠦ ᠲᠤᠬᠠᠢᠯᠠᠭᠰᠠᠨ ᠠᠵᠢᠯ᠎ᠢ ᠠᠮᠵᠢᠯᠲᠠ ᠲᠠᠢ ᠳᠡᠯᠭᠡᠷᠡᠭᠦᠯᠪᠡ᠃ ᠣᠳᠣᠬᠠᠨ᠎ᠳᠤ ᠲᠤᠮᠳᠠᠳᠤ ᠤᠯᠤᠰ᠎ᠤᠨ ᠬᠢᠯᠢ᠎ᠳᠦ ᠣᠷᠣᠵᠤ ᠢᠷᠡᠭᠰᠡᠨ ᠮᠣᠩᠭᠣᠯ ᠤᠯᠤᠰ᠎ᠤᠨ ᠬᠥᠮᠥᠰ HiPay᠂ Socialpay᠂ Pass ᠵᠡᠷᠭᠡ ᠣᠯᠠᠨ ᠵᠦᠢᠯ᠎ᠦᠨ ᠮᠣᠩᠭᠣᠯ ᠤᠯᠤᠰ᠎ᠤᠨ ᠲᠤᠬᠠᠢ ᠵᠢᠨ ᠭᠠᠵᠠᠷ᠎ᠤᠨ ᠡᠯᠧᠺᠲᠷᠣᠨ ᠴᠦᠩᠬᠦ ᠵᠢᠨ ᠲᠠᠪᠴᠠᠩ᠎ᠢᠶᠡᠷ ᠳᠤᠮᠳᠠᠳᠤ ᠤᠯᠤᠰ᠎ᠤᠨ ᠬᠢᠯᠢ ᠎ᠳ᠋ᠤ᠌ ᠬᠠᠮᠲᠤᠷᠠᠨ ᠠᠵᠢᠯᠯᠠᠬᠤ ᠺᠣᠳ᠋᠎ᠲᠠᠢ ᠬᠤᠳᠠᠯᠳᠤᠭᠠᠨ᠎ᠤ ᠡᠷᠦᠬᠡ ᠵᠢᠨ ᠬᠢᠨ᠎ᠳᠤ ᠰᠢᠭᠤᠳ ᠺᠣᠳ᠋ ᠰᠢᠷᠪᠢᠵᠦ ᠲᠣᠭᠠᠴᠠᠭ᠎ᠠ ᠬᠢᠬᠦ ᠪᠤᠯᠵᠤ᠂ 《ᠨᠢᠭᠡ ᠭᠠᠷ ᠤᠲᠠᠰᠤ ᠵᠢ ᠬᠣᠶᠠᠷ ᠤᠯᠤᠰ ᠲᠤ᠌ ᠨᠢᠬᠡᠳᠦᠯᠳᠡᠢ  ᠬᠡᠷᠡᠭᠯᠡᠬᠦ᠂ ᠲᠤᠰ ᠤᠯᠤᠰ᠎ᠤᠨ ᠵᠣᠭᠣᠰ᠎ᠢᠶᠠᠷ ᠲᠡᠰᠦᠯᠦᠨ ᠪᠤᠳᠤᠬᠤ᠂ ᠺᠣᠳ᠋ ᠰᠢᠷᠪᠢᠵᠦ ᠨᠡᠪᠲᠡᠷᠡᠬᠦ》ᠵᠢ ᠪᠡᠶᠡᠯᠡᠭᠦᠯᠵᠦ᠂ ᠬᠢᠯᠢ᠎ᠶᠢᠨ ᠪᠣᠭᠣᠮᠲᠠ᠎ᠶᠢᠨ ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ᠂ ᠬᠣᠨᠣᠭ ᠪᠠᠭᠤᠳᠠᠯ ᠵᠡᠷᠭᠡ ᠪᠠᠭ᠎ᠠ ᠲᠣᠭᠠᠨ᠎ᠤ ᠥᠨᠳᠥᠷ ᠳᠠᠪᠲᠠᠮᠵᠢᠲᠤ ᠬᠡᠷᠡᠭᠯᠡᠭᠡᠨ᠎ᠦ  ᠪᠠᠢᠳᠠᠯ᠎ᠳᠤ ᠣᠨᠣᠪᠴᠢᠲᠠᠶ ᠵᠤᠬᠢᠴᠠᠵᠤ᠂ ᠬᠢᠯᠢ ᠠᠯᠤᠰᠯᠠᠨ ᠲᠣᠭᠠᠴᠠᠭ᠎ᠠ ᠬᠢᠬᠦ ᠪᠡᠶᠡᠴᠢᠯᠡᠨ ᠣᠢᠯᠠᠭᠠᠯᠲᠠ᠎ᠵᠢ ᠤᠯᠠᠮ ᠳᠡᠭᠡᠭᠰᠢᠯᠡᠭᠦᠯᠦᠭᠰᠡᠨ ᠪᠠᠢᠨ᠎ᠠ᠃

ᠮᠥᠩᠭᠥᠨ ᠭᠦᠢᠯᠭᠡᠭᠡᠨ᠎ᠦ ᠬᠦᠴᠦᠨ ᠵᠢᠡᠷ ᠪᠤᠰᠤᠳ᠎ᠤᠨ ᠬᠠᠩᠭᠠᠬᠰᠠᠨ ᠮᠠᠲᠧᠷᠢᠶᠠᠯ᠎ᠢ  ᠪᠣᠯᠪᠠᠰᠤᠷᠠᠭᠤᠯᠬᠤ ᠠᠵᠤ ᠠᠬᠤᠢᠯᠠᠯ ᠎ᠢ ᠨᠠᠷᠢᠯᠢᠭ᠋ ᠣᠨᠣᠪᠴᠢᠲᠠᠢ ᠲᠡᠮᠵᠢᠵᠦ ᠲᠤᠰᠠᠯᠠᠵᠤ ᠪᠠᠢᠨ᠎ᠠ᠃ ᠪᠤᠰᠤᠳ᠎ᠤᠨ ᠬᠠᠩᠭᠠᠬᠰᠠᠨ ᠮᠠᠲᠧᠷᠢᠶᠠᠯ ᠎ᠢ  ᠪᠣᠯᠪᠠᠰᠤᠷᠠᠭᠤᠯᠬᠤ ᠠᠵᠤ ᠠᠬᠤᠢᠯᠠᠯ᠎ᠤᠨ《ᠡᠳ᠋ ᠬᠥᠷᠥᠩᠭᠡ ᠴᠢᠬᠤᠯᠠ ᠪᠢᠰᠢ᠂ ᠪᠡᠯᠡᠨ ᠵᠣᠭᠣᠰ᠎ᠬᠡᠷᠡᠭᠳᠡᠢ ᠪᠠᠢᠬᠤ》 ᠣᠨᠴᠠᠯᠢᠭ᠋᠎ᠲᠤ ᠴᠢᠭᠯᠡᠭᠦᠯᠦᠨ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠵᠢᠯᠣᠭᠣᠳᠤᠨ ᠵᠠᠬᠢᠶᠠᠯᠠᠭ᠎ᠠ᠂ ᠬᠤᠷᠢᠶᠠᠪᠠᠰᠤ ᠵᠣᠬᠢᠬᠤ ᠲᠠᠩᠰᠠᠨ᠎ᠤ ᠵᠣᠭᠣᠰ ᠵᠡᠷᠭᠡ᠎ᠳᠤ ᠰᠠᠭᠤᠷᠢᠯᠠᠭᠰᠠᠨ ᠢᠲᠡᠭᠡᠮᠵᠢ᠎ᠶᠢᠨ ᠲᠥᠷᠥᠯ᠎ᠦᠨ ᠢᠲᠡᠭᠡᠮᠵᠢᠲᠦ ᠵᠢᠭᠡᠯᠡᠯᠭᠡ᠎ᠶᠢᠨ ᠦᠢᠯᠡᠳᠭᠦᠨ᠎ᠢ ᠢᠳᠡᠪᠬᠢᠲᠡᠢ ᠰᠦᠪᠡᠭᠴᠢᠯᠡᠵᠦ᠂ ᠤᠯᠠᠮᠵᠢᠯᠠᠯᠲᠤ ᠪᠡᠷᠢᠴᠠᠭᠠᠨ᠎ᠤ ᠡᠳ᠋᠎ᠲᠦ ᠲᠦᠰᠢᠭᠯᠡᠬᠦ ᠪᠠᠢᠳᠠᠯ᠎ᠢ ᠰᠤᠯᠠᠷᠠᠭᠤᠯᠵᠤ᠂ 《ᠪᠠᠷᠢᠴᠠᠭᠠᠨ᠎ᠤ ᠡᠳ᠋ ᠳᠤᠲᠠᠭᠳᠠᠬᠤ᠂ ᠪᠡᠯᠡ ᠬᠤᠷᠠᠮᠳᠤᠭᠤᠯᠬᠤ᠎ᠳᠤ ᠬᠦᠴᠢᠷᠲᠡᠢ》ᠪᠠᠢᠭᠰᠠᠨ ᠬᠦᠴᠢᠷ ᠠᠰᠠᠭᠤᠳᠠᠯ ᠎ᠢ ᠦᠨᠡᠨ ᠬᠦ᠌ ᠰᠢᠢᠳᠪᠦᠷᠢᠯᠡᠪᠡ᠃ 2026 ᠣᠨ ᠎ᠤ 5 ᠰᠠᠷ᠎ᠠ᠎ᠶᠢᠨ ᠡᠴᠦᠰ ᠪᠣᠯᠲᠠᠯ᠎ᠠ᠂ ᠭᠤᠷᠪᠠᠨ ᠶᠡᠬᠡ ᠬᠡᠰᠡᠭ᠎ᠤᠷᠤᠨ ᠳ᠋ᠡᠬᠢ  ᠪᠤᠰᠤᠳ ᠎ᠤᠨ ᠬᠠᠩᠭᠠᠬᠰᠠᠨ ᠮᠠᠲᠧᠷᠢᠶᠠᠯ᠎ᠢ ᠪᠣᠯᠪᠠᠰᠤᠷᠠᠭᠤᠯᠬᠤ ᠠᠵᠤ ᠠᠬᠤᠢᠯᠠᠯ᠎ᠳ᠋ᠤ ᠦᠭᠭᠦᠭᠰᠡᠨ ᠵᠢᠭᠡᠯᠡᠯᠭᠡ᠎ᠶᠢᠨ ᠬᠡᠮᠵᠢᠶ᠎ᠡ ᠨᠡᠶ᠋ᠢᠲᠡ 6672 ᠲᠦᠮᠡᠨ ᠲᠥᠭᠥᠷᠢᠭ᠎ᠲᠦ ᠬᠦᠷᠴᠦ᠂ ᠬᠢᠯᠢ ᠵᠢᠨ ᠪᠣᠭᠣᠮᠲᠠ᠎ᠶᠢᠨ 《ᠨᠡᠪᠲᠡᠷᠡᠬᠦ ᠵᠠᠮ᠎ᠤᠨ ᠠᠷᠠᠯᠵᠢᠶ᠎ᠠ》ᠡᠴᠡ 《ᠰᠠᠭᠤᠷᠢᠰᠢᠵᠤ ᠪᠣᠯᠪᠠᠰᠤᠷᠠᠭᠤᠯᠬᠤ》 ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ ᠪᠤᠢ᠃

ᠲᠤᠰᠬᠠᠢ ᠢᠲᠡᠭᠡᠮᠵᠢᠲᠦ ᠵᠢᠭᠡᠯᠡᠯᠭᠡ᠎ᠶᠢᠨ ᠦᠢᠯᠡᠳᠬᠦᠨ᠎ᠢᠶᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦ᠎ᠳᠤ ᠡᠨᠧᠷᠭᠢ ᠣᠯᠭᠣᠪᠠ᠃ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ ᠳ᠋ᠤ ᠵᠠᠷᠤᠴᠠᠭᠤᠯᠬᠤ ᠪᠡᠯᠡ ᠮᠦᠩᠬᠦ ᠵᠢ ᠬᠤᠷᠠᠮᠳᠤᠭᠤᠯᠬᠤ ᠳ᠋ᠤ ᠬᠦᠴᠢᠷᠳᠡᠢ ᠪᠠᠢᠬᠤ ᠠᠰᠠᠭᠤᠳᠠᠯ᠎ᠤᠨ ᠲᠣᠭᠣᠷᠢᠨ᠎ᠳᠤ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠵᠦᠷᠢᠶᠡᠴᠢᠯᠡᠭᠰᠡᠨ ᠢᠲᠡᠭᠡᠮᠵᠢᠲᠦ ᠵᠢᠭᠡᠯᠡᠯᠭᠡ᠎ᠶᠢᠨ ᠦᠢᠯᠡᠳᠭᠦᠨ᠎ᠤ ᠰᠢᠨ᠎ᠡ᠎ᠶᠢ ᠡᠭᠦᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠢᠯᠠᠯ᠎ᠤᠨ ᠮᠥᠩᠭᠥᠨ ᠭᠦᠢᠯᠭᠡᠭᠡᠨ ᠎ᠦ ᠦᠢᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠵᠢ ᠬᠥᠲᠥᠯᠥᠨ ᠵᠢᠯᠤᠭᠣᠳᠪᠠ᠃ ᠣᠳᠣᠬᠠᠨ᠎ᠳᠤ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢᠲᠠᠨ᠎ᠤ ᠵᠢᠭᠡᠯᠡᠯᠭᠡ》᠂《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ e ᠵᠢᠭᠡᠯᠡᠯᠭᠡ》᠂ 《ᠲᠤᠰᠬᠠᠢᠵᠢᠭᠰᠡᠨ ᠨᠠᠷᠢᠯᠢᠭᠵᠢᠭᠰᠡᠨ ᠣᠨᠴᠠᠯᠢᠭᠳᠤ ᠰᠢᠨ᠎ᠡ ᠠᠵᠤ ᠠᠬᠤᠢᠯᠠᠯ ᠳ᠋ᠤ ᠲᠠᠯᠪᠢᠬᠤ  ᠵᠢᠭᠡᠯᠡᠯᠭᠡ》᠂《ᠰᠢᠨ᠎ᠡ᠎ᠶᠢ ᠡᠭᠦᠳᠬᠦ ᠬᠤᠪᠢ ᠬᠤᠷᠠᠮᠳᠤᠭᠤᠯᠬᠤ ᠵᠢᠭᠡᠯᠡᠯᠭᠡ》 ᠵᠡᠷᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠥᠷᠥᠯ᠎ᠦᠨ ᠢᠲᠡᠭᠡᠮᠵᠢᠲᠦ ᠵᠢᠭᠡᠯᠡᠯᠭᠡ᠎ᠶᠢᠨ ᠦᠢᠯᠡᠳᠬᠦᠨ᠎ᠢ ᠨᠡᠶ᠋ᠢᠲᠡ 60 ᠭᠠᠷᠤᠢ ᠨᠡᠢᠳᠡᠯᠡᠪᠡ᠃ 2026 ᠣᠨ᠎ᠤ 5 ᠰᠠᠷ᠎ᠠ᠎ᠳᠤ᠂ ᠬᠥᠬᠡᠬᠣᠲᠠ᠎ᠶᠢᠨ ᠬᠡᠰᠡᠭ᠎ᠤᠨ ᠬᠣᠷᠢᠨᠭᠡᠷ ᠰᠢᠨ᠎ᠡ ᠲᠣᠭᠣᠷᠢᠭ᠋᠎ᠤᠨ ᠡᠭᠦᠯᠡᠨ ᠬᠦᠨᠳᠡᠢ ᠵᠢᠨ ᠢᠨᠲᠧᠷ ᠰᠦᠯᠵᠢᠶᠡᠨ᠎ᠦ ᠲᠥᠷᠥᠯ ᠵᠦᠢᠯ᠎ᠦᠨ ᠢᠨᠵᠧᠨᠧᠷᠢᠩ᠎ᠳᠦ ᠬᠠᠮᠤᠭ᠎ᠤᠨ ᠶᠡᠬᠡ ᠪᠡᠯᠡ ᠬᠤᠷᠠᠮᠳᠤᠭᠤᠯᠵᠤ ᠪᠤᠯᠬᠤ ᠬᠡᠮᠵᠢᠶ᠎ᠡ ᠵᠢ 14 ᠳ᠋ᠦᠩᠰᠢᠭᠤᠷ ᠲᠥᠭᠥᠷᠢᠭ᠎ᠢᠶᠡᠷ ᠲᠤᠬᠳᠠᠭᠠᠵᠡᠢ᠃

ᠪᠣᠳᠠᠲᠠᠢ ᠠᠵᠢᠯᠯᠠᠨ ᠪᠣᠭᠣᠮᠲᠠ ᠰᠢᠪᠲᠤᠯᠵᠤ ᠤᠯᠠᠨ ᠵᠦᠢᠯ᠎ᠦᠨ ᠰᠢᠨ᠎ᠡ᠎ᠶᠢ ᠡᠭᠦᠳᠦᠭᠰᠡᠨ ᠰᠢᠪᠲᠤᠯᠤᠯᠲᠠ᠎ᠶᠢ ᠪᠡᠶᠡᠯᠡᠭᠦᠯᠪᠡ᠃ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠳᠤᠮᠳᠠᠬᠢ ᠬᠦᠴᠢᠷ ᠲᠦᠪᠡᠭᠲᠡᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂《ᠬᠦᠴᠢᠷ ᠠᠰᠠᠭᠤᠳᠠᠯ᠎ᠢ ᠵᠣᠷᠢᠭ᠍ᠲᠠᠢ ᠰᠢᠢᠳᠪᠦᠷᠢᠯᠡᠵᠦ᠂ ᠬᠦᠨᠳᠦ ᠡᠭᠦᠷᠭᠡ᠎ᠶᠢ ᠵᠣᠷᠢᠭ᠍ᠲᠠᠢ ᠡᠭᠦᠷᠬᠡᠯᠡᠬᠦ》 ᠵᠣᠷᠢᠭ᠋ ᠰᠠᠨᠠᠭ᠎ᠠ᠎ᠪᠠᠷ ᠲᠠᠰᠤᠷᠠᠯᠲᠠ ᠦᠭᠡᠢ ᠰᠦᠪᠡᠭᠴᠢᠯᠡᠨ ᠲᠤᠷᠰᠢᠵᠤ᠂ ᠪᠣᠭᠣᠮᠢ᠎ᠶᠢ ᠰᠢᠪᠲᠤᠯᠪᠠ᠃ 2026 ᠣᠨ᠎ᠤ 5 ᠰᠠᠷ᠎ᠠ᠎ᠳᠤ᠂ ᠮᠠᠨ᠎ᠤ ᠣᠷᠣᠨ᠎ᠤ ᠲᠡᠮᠦᠷ ᠵᠠᠮ ᠎ᠤᠨ ᠲᠡᠭᠡᠭᠡᠪᠦᠷᠢ᠎ᠶᠢᠨ ᠠᠵᠤ ᠠᠬᠤᠢᠯᠠᠯ᠎ᠳᠤ 42 ᠲᠦᠮᠡᠨ ᠲᠥᠭᠥᠷᠢᠭ᠎ᠦᠨ ᠲᠡᠮᠦᠷ ᠵᠠᠮ᠎ᠤᠨ ᠪᠠᠷᠢᠮᠲᠠ ᠦᠨᠡᠮᠯᠡᠯ ᠎ᠢᠶᠡᠷ ᠵᠢᠭᠡᠯᠡᠯᠭᠡ ᠠᠪᠬᠤ᠎ᠶᠢ ᠨᠠᠢᠳᠠᠪᠤᠷᠢᠵᠢᠭᠤᠯᠵᠤ᠂ ᠲᠡᠮᠦᠷ ᠵᠠᠮ᠎ᠤᠨ  ᠪᠠᠷᠢᠮᠲᠠ ᠦᠨᠡᠮᠯᠡᠯ᠎ᠢ ᠳᠠᠨᠵᠢᠯᠠᠵᠤ ᠪᠡᠯᠡ ᠬᠤᠷᠠᠮᠳᠤᠭᠤᠯᠵᠤ ᠪᠤᠯᠬᠤ ᠰᠢᠪᠲᠤᠯᠤᠯᠲᠠ᠎ᠶᠢ ᠪᠡᠶᠡᠯᠡᠭᠦᠯᠪᠡ;  2026 ᠣᠨ᠎ᠤ 6 ᠰᠠᠷ᠎ᠠ᠎ᠳᠤ᠂ ᠬᠥᠬᠡᠬᠣᠲᠠ᠎ᠶᠢᠨ ᠬᠡᠰᠡᠭ᠂ ᠡᠷᠢᠶᠡᠨ ᠬᠣᠲᠠ᠎ᠶᠢᠨ ᠬᠡᠰᠡᠭ ᠲᠡᠬᠢ ᠴᠢᠯᠦᠬᠡᠳᠤ ᠠᠷᠠᠯᠵᠢᠶᠠᠨ᠎ᠤ ᠬᠡᠰᠡᠭ᠎ᠤᠨ ᠳᠣᠲᠣᠷᠠᠬᠢ ᠠᠩᠬᠠᠳᠠᠭ᠍ᠴᠢ ᠣᠯᠠᠨ ᠲᠠᠯᠠᠲᠤ ᠲᠥᠪ ᠪᠠᠩᠬᠢ᠎ᠶᠢᠨ ᠲᠣᠭᠠᠴᠢᠯᠠᠭᠰᠠᠨ ᠵᠣᠭᠣᠰᠤᠨ᠎ᠤ ᠬᠥᠭᠥᠷᠭᠡ᠎ᠶᠢᠨ ᠬᠢᠯᠢ ᠠᠯᠤᠰᠯᠠᠭᠰᠠᠨ ᠠᠷᠠᠳ᠎ᠤᠨ ᠵᠣᠭᠣᠰᠤᠨ᠎ᠤ ᠭᠤᠪᠢᠭᠤᠯᠭ᠎ᠠ᠎ᠶᠢᠨ ᠲᠤᠬᠠᠢᠯᠠᠭᠰᠠᠨ ᠠᠵᠢᠯ᠎ᠢ ᠨᠠᠢᠳᠠᠪᠤᠷᠢᠵᠢᠭᠤᠯᠵᠤ᠂ ᠬᠢᠯᠢ ᠠᠯᠤᠰᠯᠠᠭᠰᠠᠨ ᠪᠡᠯᠡ ᠮᠥᠩᠭᠥ᠎ᠶᠢ ᠳ᠋ᠦᠩᠨᠡᠨ ᠪᠤᠳᠤᠬᠤ ᠰᠢᠨ᠎ᠡ ᠵᠠᠮ ᠎ᠢ ᠨᠡᠭᠡᠭᠡᠵᠦ᠂ ᠬᠢᠯᠢ ᠠᠯᠤᠰᠯᠠᠭᠰᠠᠨ ᠪᠡᠯᠡ ᠮᠥᠩᠭᠥ᠎ᠶᠢ ᠭᠤᠪᠢᠭᠤᠯᠤᠨ ᠦᠭᠬᠦ ᠬᠤᠭᠤᠴᠠᠭ᠎ᠠ ᠨᠢ《ᠡᠳᠦᠷ》᠎ᠤ᠋ᠨ ᠬᠤᠭᠤᠴᠠᠭ᠎ᠠ ᠪᠠᠢᠬᠰᠠᠨ ᠡᠴᠡ《ᠰᠧᠺᠦ᠋ᠨ᠋ᠳ᠋》ᠪᠤᠯᠵᠤ᠂ ᠠᠵᠤ ᠠᠬᠤᠢᠯᠠᠯ᠎ᠤᠨ ᠠᠷᠠᠯᠵᠢᠶᠠᠨ᠎ᠤ ᠥᠪᠡᠷ᠎ᠦᠨ ᠥᠷᠲᠡᠭ᠎ᠢ 50%᠎ᠡᠴᠡ ᠳᠡᠭᠡᠭᠰᠢ ᠪᠠᠭᠤᠷᠠᠭᠤᠯᠤᠭᠰᠠᠨ ᠪᠠᠢᠨ᠎ᠠ᠃

ᠦᠷᠭᠦᠯᠵᠢᠯᠡᠬᠦ ᠬᠥᠭᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠪᠣᠬᠢᠷᠲᠤᠯ ᠦᠭᠡᠢ ᠪᠡᠯᠡ ᠬᠤᠷᠠᠮᠳᠤᠭᠤᠯᠬᠤ ᠰᠢᠨ᠎ᠡ ᠠᠷᠭ᠎ᠠ ᠵᠠᠮ᠎ᠢ ᠨᠡᠪᠲᠡᠷᠡᠭᠦᠯᠪᠡ᠃ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠣᠨᠴᠠᠯᠢᠭ᠍ᠲᠤ ᠠᠵᠤ ᠦᠢᠯᠡᠰ᠎ᠦᠨ ᠬᠥᠭᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠮᠥᠩᠭᠥᠨ ᠭᠦᠢᠯᠭᠡᠭᠡᠨ᠂ ᠬᠡᠯᠪᠡᠷᠢ᠎ᠶᠢ ᠬᠤᠪᠢᠷᠠᠭᠤᠯᠬᠤ ᠮᠥᠩᠭᠥᠨ ᠭᠦᠢᠯᠭᠡᠭᠡᠨ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷᠲᠠᠢ ᠮᠥᠩᠭᠥᠨ ᠭᠦᠢᠯᠭᠡᠭᠡᠨ᠎ᠦ ᠰᠦᠪᠡᠭᠴᠢᠯᠡᠯᠲᠡ᠎ᠶᠢᠨ ᠦᠢᠯᠡᠳᠦᠯᠭᠡ᠎ᠶᠢ ᠭᠦᠨᠵᠡᠭᠡᠢ ᠠᠬᠢᠭᠤᠯᠵᠤ᠂ ᠬᠦᠴᠦ᠎ᠪᠡᠨ ᠲᠥᠪᠯᠡᠷᠡᠭᠦᠯᠦᠨ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ᠎ᠪᠠᠨ ᠬᠤᠪᠢᠷᠠᠭᠤᠯᠬᠤ ᠪᠠ ᠠᠮᠢ ᠠᠬᠤᠢ᠎ᠶᠢᠨ ᠬᠠᠮᠠᠭᠠᠯᠠᠯᠲᠠ᠎ᠶᠢ ᠵᠤᠬᠢᠴᠠᠭᠤᠯᠤᠨ ᠬᠥᠭᠵᠢᠭᠦᠯᠬᠦ ᠰᠢᠨ᠎ᠡ ᠪᠠᠢᠷᠢᠰᠢᠯ᠎ᠢ ᠴᠤᠭᠴᠠᠯᠠᠪᠠ᠃ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ᠎ᠶᠢᠨ ᠲᠡᠮᠳᠡᠭ ᠢᠯᠡᠷᠬᠡᠢᠯᠡᠯᠳᠤ ᠮᠥᠩᠭᠥᠨ ᠭᠦᠢᠯᠭᠡᠭᠡᠨ᠎ᠦ ᠰᠢᠨ᠎ᠡ᠎ᠶᠢ ᠡᠭᠦᠳᠬᠦ᠎ᠪᠡᠷ ᠰᠢᠪᠲᠤᠯᠤᠯᠲᠠ᠎ᠶᠢᠨ ᠴᠡᠭ ᠪᠣᠯᠭᠠᠵᠤ᠂ ᠮᠠᠨᠵᠤᠤᠷ ᠎ᠤᠨ ᠬᠡᠰᠡᠭ᠎ᠲᠤ᠌ ᠠᠵᠤ ᠠᠬᠤᠢᠯᠠᠯ᠎ᠤᠨ ᠮᠣᠳᠣᠨ ᠪᠦᠲᠦᠭᠡᠭᠳᠡᠬᠦᠨ᠎ᠦ 《ᠠᠮᠢᠳᠤ ᠪᠣᠳᠠᠰ ᠎ᠤᠨ ᠣᠯᠠᠨ ᠶᠠᠩᠵᠤᠲᠤ ᠴᠢᠨᠠᠷ + ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ᠎ᠶᠢᠨ ᠲᠡᠮᠳᠡᠭ ᠢᠯᠡᠷᠬᠡᠢᠯᠡᠯ》ᠳ᠋ᠤ ᠬᠣᠯᠪᠣᠭᠳᠠᠭᠰᠠᠨ ᠲᠦᠷᠦᠬᠦᠦ ᠨᠢᠬᠡ ᠬᠤᠪᠢ ᠵᠢᠭᠡᠯᠡᠯᠭᠡ᠎ᠶᠢ 1370 ᠲᠦᠮᠡᠨ ᠲᠥᠭᠥᠷᠢᠭ ᠨᠠᠢᠳᠠᠪᠤᠷᠢᠵᠢᠭᠤᠯᠪᠠ; ᠡᠷᠢᠶᠡᠨ ᠬᠣᠲᠠ᠎ᠶᠢᠨ ᠬᠡᠰᠡᠭ ᠲᠦ᠍ ᠠᠵᠤ ᠠᠬᠤᠢᠯᠠᠯ᠎ᠤᠨ《ᠪᠣᠬᠢᠷᠲᠤᠯ ᠦᠭᠡᠢ ᠦᠢᠯᠡᠳᠪᠦᠷᠢ + ᠪᠢᠯᠸᠲ ᠭᠠᠷᠲᠠᠮ ᠵᠢᠡᠷ ᠪᠡᠯᠡᠨ ᠵᠣᠭᠣᠰ ᠰᠣᠯᠢᠬᠤ》 ᠲᠦᠷᠦᠬᠦᠦ ᠨᠢᠬᠡ ᠬᠤᠪᠢ ᠠᠵᠢᠯᠯᠠᠭ᠎ᠠ ᠳ᠋ᠤ 1023.51 ᠲᠦᠮᠡᠨ ᠲᠥᠭᠥᠷᠢᠭ᠎ᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠡᠬᠢ ᠪᠠᠶᠠᠯᠢᠭ᠋ ᠎ᠢ ᠡᠷᠭᠢᠯᠳᠦᠭᠦᠯᠦᠨ ᠠᠰᠢᠭ᠍ᠯᠠᠬᠤ ᠲᠥᠷᠥᠯ ᠵᠦᠢᠯ᠎ᠦᠨ ᠪᠡᠯᠡ ᠬᠤᠷᠠᠮᠳᠤᠭᠤᠯᠬᠤ ᠥᠪᠡᠷ᠎ᠦᠨ ᠥᠷᠲᠡᠭ ᠨᠢ ᠥᠨᠳᠥᠷ᠂ ᠡᠷᠭᠢᠯᠲᠡ ᠨᠢ ᠤᠳᠠᠭᠠᠨ ᠪᠠᠢᠭ᠎ᠠ ᠪᠡᠷᠬᠡᠰᠢᠶᠡᠯ᠎ᠢ ᠠᠷᠢᠯᠭᠠᠵᠤ᠂ ᠮᠥᠩᠭᠥᠨ ᠭᠦᠢᠯᠭᠡᠭᠡᠨ᠎ᠢᠶᠡᠷ ᠪᠣᠬᠢᠷᠲᠤᠯ ᠦᠭᠡᠢ ᠡᠷᠭᠢᠯᠳᠡᠲᠦ ᠠᠵᠤ ᠠᠬᠤᠢ᠎ᠶᠢ ᠳᠡᠮᠵᠢᠬᠦ᠎ᠳᠦ ᠲᠡᠷᠡ ᠭᠡᠪ ᠵᠢᠡᠷ ᠨᠢ ᠲᠡᠯᠭᠡᠷᠡᠭᠦᠯᠵᠤ ᠪᠣᠯᠬᠤ ᠦᠢᠯᠡᠳᠦᠯᠭᠡ᠎ᠶᠢᠨ ᠵᠠᠭᠪᠤᠷ᠎ᠢ ᠬᠠᠩᠭᠠᠪᠠ᠃

ᠲᠦᠷᠦ᠎ᠶᠢᠨ ᠪᠣᠳᠣᠯᠭ᠎ᠠ ᠪᠡᠷ ᠡᠨ᠋ᠸᠷᠭᠢ ᠤᠯᠭᠤᠵᠤ ᠬᠢᠯᠢ ᠳᠠᠭᠠᠤ ᠣᠷᠣᠨ᠎ᠤ ᠮᠥᠩᠭᠥᠨ ᠭᠦᠢᠯᠭᠡᠭᠡᠨ᠎ᠦ ᠰᠢᠨ᠎ᠡ᠎ᠶᠢ ᠡᠭᠦᠳᠬᠦ ᠎ᠵᠢ ᠠᠬᠢᠭᠤᠯᠪᠠ᠃ ᠰᠠᠨᠠᠭᠠᠴᠢᠯᠠᠭ᠎ᠠ᠎ᠡᠴᠡ᠎ᠪᠠᠨ ᠤᠷᠢᠳ᠎ᠢᠶᠠᠷ ᠨᠡᠪᠲᠡᠷᠡᠯᠴᠡᠨ ᠬᠠᠷᠢᠭᠤ ᠮᠡᠳᠡᠭᠦᠯᠵᠦ᠂ ᠳᠡᠭᠡᠷ᠎ᠠ ᠱᠠᠲᠤᠨ᠎ᠤ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠣᠯᠬᠤ᠎ᠪᠠᠷ ᠢᠳᠡᠪᠬᠢᠯᠡᠨ ᠴᠢᠷᠮᠠᠢᠵᠤ᠂ ᠬᠢᠯᠢ ᠠᠯᠤᠰᠯᠠᠭᠰᠠᠨ ᠠᠷᠠᠯᠵᠢᠶ᠎ᠠ᠎ᠶᠢ ᠥᠨᠳᠥᠷ ᠲᠦᠪᠰᠢᠨ᠎ᠢᠶᠡᠷ ᠴᠢᠯᠦᠭᠡᠲᠡᠢ ᠪᠣᠯᠭᠠᠬᠤ ᠪᠠ ᠬᠢᠯᠢ ᠬᠢᠵᠠᠭᠠᠷ ᠣᠷᠣᠨ᠎ᠤ ᠠᠷᠠᠯᠵᠢᠶᠠᠨ᠎ᠤ ᠭᠠᠳᠠᠭᠠᠳᠤ ᠭᠤᠪᠢᠭᠤᠯᠭ᠎ᠠ᠎ᠶᠢᠨ ᠣᠷᠣᠯᠭ᠎ᠠ ᠵᠠᠷᠤᠯᠭ᠎ᠠ᠎ᠶᠢᠨ ᠵᠦᠷᠢᠶ᠎ᠠ ᠵᠢ ᠲᠤᠯᠭᠠᠨ ᠪᠤᠳᠤᠬᠤ 2 ᠵᠦᠢᠯ᠎ᠦᠨ ᠲᠤᠷᠰᠢᠯᠲᠠ ᠎ᠶᠢᠨ ᠴᠡᠭ ᠎ᠤᠨ ᠲᠥᠷᠥ᠎ᠶᠢᠨ ᠪᠣᠳᠣᠯᠭ᠎ᠠ ᠎ᠶᠢ ᠨᠢᠭᠡᠨᠲᠡ ᠵᠥᠪᠰᠢᠶᠡᠷᠡᠬᠦᠯᠦᠭᠰᠡᠨ ᠪᠥᠭᠡᠳ ᠡᠨᠡ 2 ᠵᠦᠢᠯ᠎ᠦᠨ ᠲᠤᠷᠰᠢᠯᠲᠠ᠎ᠶᠢᠨ ᠴᠡᠭ ᠎ᠤᠨ ᠲᠥᠷᠥ᠎ᠶᠢᠨ ᠪᠣᠳᠣᠯᠭ᠎ᠠ᠎ᠶᠢ ᠵᠡᠷᠬᠡ ᠪᠡᠷ ᠲᠡᠮᠡᠴᠡᠨ ᠣᠯᠣᠭᠰᠠᠨ ᠪᠥᠬᠥ ᠤᠯᠤᠰ᠎ᠤᠨ ᠴᠣᠷ ᠎ᠤᠨ ᠭᠠᠭᠴᠠ ᠮᠤᠵᠢ ᠣᠷᠣᠨ ᠪᠣᠯᠪᠡ᠃ 2026 ᠣᠨ᠎ᠤ 6 ᠰᠠᠷ᠎ᠠ᠎ᠳᠤ᠂ ᠤᠯᠤᠰ᠎ᠤᠨ ᠭᠠᠳᠠᠭᠠᠳᠤ ᠭᠤᠪᠢᠭᠤᠯᠭ᠎ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠵᠥᠪᠰᠢᠶᠡᠷᠡᠯ᠎ᠢᠶᠡᠷ ᠬᠢᠯᠢ ᠠᠯᠤᠰᠯᠠᠭᠰᠠᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠲᠠᠪᠴᠠᠩ ᠎ᠤᠨ ᠰᠢᠨ᠎ᠡ ᠬᠡᠯᠪᠡᠷᠢ᠎ᠶᠢᠨ ᠬᠢᠯᠢ᠎ᠶᠢᠨ ᠭᠠᠳᠠᠨᠠᠬᠢ ᠤᠯᠤᠰ᠎ᠤᠨ ᠠᠷᠠᠯᠵᠢᠶᠠᠨ᠎ᠤ ᠲᠤᠬᠠᠢᠯᠠᠭᠰᠠᠨ ᠠᠵᠢᠯ ᠎ᠤᠨ ᠠᠬᠤᠢ ᠪᠠᠢᠳᠠᠯ᠎ᠢ ᠬᠢᠨᠠᠨ ᠰᠢᠯᠭᠠᠬᠤ ᠬᠡᠷᠡᠭᠯᠡᠬᠡᠨ᠎ᠤ ᠦᠵᠡᠭᠳᠡᠯ ᠪᠠᠢᠳᠠᠯ᠎ᠤᠨ ᠲᠤᠷᠰᠢᠯᠲᠠ᠎ᠶᠢᠨ ᠴᠡᠭ᠎ᠤᠨ ᠠᠵᠢᠯ᠎ᠳᠤ ᠣᠷᠣᠯᠴᠠᠵᠤ᠂ ᠪᠦᠬᠦ ᠤᠯᠤᠰ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠯᠤᠭ᠎ᠠ ᠣᠷᠣᠨ ᠪᠦᠰᠡ ᠠᠯᠤᠰᠯᠠᠨ ᠬᠠᠮᠵᠢᠯᠴᠠᠨ ᠬᠠᠮᠲᠤᠷᠠᠯᠴᠠᠬᠤ᠎ᠶᠢ ᠴᠢᠩᠭᠠᠳᠬᠠᠪᠠ᠃ ᠡᠭᠦᠨ᠎ᠦ ᠬᠠᠮᠲᠤ᠂ ᠳᠡᠭᠡᠷ᠎ᠠ ᠱᠠᠲᠤᠨ᠎ᠡᠴᠡ ᠬᠢᠯᠢ᠎ᠶᠢᠨ ᠭᠠᠳᠠᠨᠠᠬᠢ ᠪᠠᠢᠭᠤᠯᠤᠮᠵᠢ᠎ᠶᠢᠨ ᠬᠢᠯᠢ᠎ᠶᠢᠨ ᠳᠣᠲᠣᠷᠠᠬᠢ ᠭᠠᠳᠠᠭᠠᠳᠤ ᠭᠤᠪᠢᠭᠤᠯᠭ᠎ᠠ᠎ᠶᠢᠨ ᠲᠠᠩᠰᠠᠨ ᠡᠷᠦᠬᠡ᠎ᠶᠢᠨ ᠭᠤᠪᠢᠭᠤᠯᠭ᠎ᠠ᠎ᠶᠢ ᠲᠡᠰᠦᠯᠦᠨ ᠪᠤᠳᠤᠵᠤ ᠭᠤᠪᠢᠭᠤᠯᠬᠤ ᠪᠠ ᠠᠷᠠᠳ᠎ᠤᠨ ᠵᠣᠭᠣᠰ ᠬᠢᠭᠡᠳ ᠭᠠᠳᠠᠭᠠᠳᠤ ᠭᠤᠪᠢᠭᠤᠯᠭ᠎ᠠ᠎ᠶᠢᠨ ᠡᠭᠦᠰᠦᠮᠡᠯ ᠦᠢᠯᠡᠳᠬᠦᠨ᠎ᠦ ᠠᠷᠠᠯᠵᠢᠶ᠎ᠠ ᠵᠡᠷᠭᠡ ᠭᠠᠳᠠᠭᠠᠳᠤ ᠭᠤᠪᠢᠭᠤᠯᠭ᠎ᠠ᠎ᠶᠢᠨ ᠲᠤᠷᠰᠢᠯᠲᠠ᠎ᠶᠢᠨ ᠴᠡᠭ᠎ᠤᠨ ᠲᠥᠷᠥ᠎ᠶᠢᠨ ᠪᠣᠳᠣᠯᠭ᠎ᠠ᠎ᠶᠢ ᠥᠪᠥᠷ ᠮᠣᠩᠭᠣᠯ ᠎ᠤᠨ ᠴᠢᠯᠦᠭᠡᠲᠦ ᠠᠷᠠᠯᠵᠢᠶᠠᠨ ᠎ᠤ ᠲᠤᠷᠰᠢᠯᠲᠠ ᠵᠢᠨ ᠤᠷᠤᠨ᠎ᠳᠦ ᠬᠡᠷᠡᠭᠵᠢᠭᠦᠯᠬᠦ ᠵᠢ ᠭᠤᠶᠤᠴᠢᠯᠠᠪᠠ᠃ ᠡᠯ᠎ᠡ ᠵᠦᠢᠯ ᠎ᠦᠨ ᠲᠦᠷᠦ᠎ᠶᠢᠨ ᠪᠣᠳᠣᠯᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ ᠬᠡᠷᠡᠭᠵᠢᠭᠦᠯᠬᠦ᠎ᠶᠢ ᠳᠠᠭᠠᠯᠳᠤᠨ᠂ ᠲᠦᠷᠦ᠎ᠶᠢᠨ ᠪᠣᠳᠣᠯᠭ᠎ᠠ᠎ᠶᠢᠨ ᠬᠠᠮᠳᠤᠷᠠᠯ ᠦᠢᠯᠡᠳᠦᠯ ᠴᠢᠳᠠᠪᠬᠢ᠎ᠶᠢ ᠠᠯᠬᠤᠮ ᠠᠯᠬᠤᠮ᠎ᠢᠶᠠᠷ ᠪᠠᠳᠠᠷᠠᠭᠤᠯᠵᠤ᠂ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠢᠯᠢ ᠠᠯᠤᠰᠯᠠᠭᠰᠠᠨ ᠠᠷᠠᠯᠵᠢᠶᠠᠨ᠎ᠤ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠳ᠋ᠤ  ᠳᠥᠭᠥᠮ ᠦᠵᠡᠬᠦᠯᠬᠦ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠬᠦ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号