ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ᠎ᠠ
2026-06-23 11:08:02
ᠵᠣᠬᠢᠶᠠᠭ᠍ᠴᠢ᠄
​ ᠬᠤ᠌ ᠬᠤᠤ ᠶᠠᠨ ᠹᠦ᠋ ᠵᠢᠩ
ᠣᠩᠱᠢᠭ᠍ᠰᠠᠨ ᠣᠳᠠᠭ᠎ᠠ᠄
★★★☆☆

— ᠰᠢ ᠵᠢᠨ ᠫᠢᠩ ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠤᠷᠨᠢᠯ ᠰᠢᠬᠦᠮᠵᠢ (ᠬᠤᠶᠠᠷ)


ᠪᠤᠳᠠᠳᠠᠢ ᠶᠠᠪᠤᠳᠠᠯ ᠢ᠋ ᠤᠷᠤᠨ ᠨᠤᠳᠤᠭ ᠲᠤ᠌ ᠰᠢᠢᠳᠪᠤᠷᠢᠯᠡᠵᠤ᠂ ᠭᠤᠤᠯᠯᠠᠬᠤ ᠡᠷᠭᠡ ᠵᠢ ᠡᠷᠬᠡᠪᠰᠢ ᠲᠥᠪ ᠬᠣᠷᠢᠶ᠎ᠠ᠎ᠳ᠋ᠤ ᠲᠦᠪᠯᠡᠷᠡᠬᠦᠯᠬᠦ ᠭᠡᠷᠡᠭᠳᠠᠢ᠃ ᠮᠠᠨ᠎ᠤ ᠨᠠᠮ᠎ᠤᠨ 105 ᠵᠢᠯ᠎ᠦᠨ ᠭᠡᠷᠡᠯ ᠰᠠᠴᠤᠷᠠᠩᠭᠤᠢ ᠨᠠᠮ᠎ᠤᠨ ᠲᠡᠦᠬᠡ᠎ᠶᠢ ᠡᠷᠭᠢᠴᠡᠭᠦᠯᠬᠦᠶ᠎ᠠ᠂ ᠶᠡᠭᠡ ᠰᠠᠯᠬᠢ ᠰᠢᠷᠦᠬᠦᠨ ᠤᠷᠤᠰᠬᠠᠯ ᠴᠢᠨᠠᠭᠰᠢᠯᠠᠪᠠᠯ ᠲᠤᠬᠰᠢᠨ ᠰᠠᠯᠬᠢ ᠰᠢᠷᠦᠭᠦᠨ ᠲᠠᠪᠠᠯᠭᠠᠨ᠎ᠤ ᠴᠢᠬᠤᠯᠠ ᠶᠡᠬᠡ ᠰᠢᠯᠭᠠᠯᠲᠠ᠎ᠶᠢ ᠲᠠᠭᠠᠭᠠᠵᠤ᠂ ᠬᠡᠷᠬᠢᠨ ᠲᠦᠭᠰᠢᠬᠦᠷᠢᠳᠤ ᠪᠠᠢᠳᠠᠯ ᠢ᠋ ᠬᠤᠪᠢᠷᠠᠭᠤᠯᠵᠤ᠂ ᠰᠦᠷ ᠳᠠᠯᠠᠶ᠋ᠢᠴᠠᠲᠠᠢ ᠲᠤᠤᠯᠢᠰ᠎ᠢ ᠪᠢᠴᠢᠭᠯᠡᠭᠰᠡᠨ ᠪᠤᠢ? ᠰᠢᠨ᠎ᠡ ᠴᠠᠭ ᠦᠶ᠎ᠡ᠎ᠶᠢᠨ ᠶᠡᠷᠦ᠍ ᠪᠤᠰᠤ᠎ᠶᠢᠨ ᠠᠶᠠᠨ᠎ᠢ ᠪᠠᠷᠠᠯᠠᠬᠤᠶ᠎ᠠ᠂ 1 ᠳ᠋ᠦᠩᠰᠢᠭᠤᠷ ᠭᠠᠷᠤᠢ ᠨᠠᠮ᠎ᠤᠨ ᠭᠡᠰᠢᠭᠦᠨ᠎ᠲᠡᠶ᠂ 14 ᠳ᠋ᠦᠩᠰᠢᠭᠤᠷ ᠭᠠᠷᠤᠢ ᠬᠥᠮᠦᠨ ᠠᠮᠠ᠎ᠲᠠᠶ ᠳᠡᠯᠡᠬᠡᠢ᠎ᠶᠢᠨ ᠨᠢᠭᠡᠳᠦᠭᠡᠷ ᠲᠤᠮᠤ ᠲᠦᠷᠦ᠍ ᠪᠠᠷᠢᠭᠴᠢ ᠨᠠᠮ ᠬᠡᠷᠬᠢᠨ ᠰᠡᠳᠬᠢᠯ ᠨᠢᠭᠡᠳᠤᠨ ᠬᠦᠴᠦ᠎ᠪᠡᠨ ᠬᠠᠮᠲᠤᠳᠬᠠᠵᠤ᠂ ᠠᠷᠠᠳ ᠲᠦᠮᠡᠨ᠎ᠢ ᠳᠠᠭᠠᠭᠤᠯᠤᠨ ᠨᠡᠩ ᠶᠡᠬᠡ ᠰᠢᠨ᠎ᠡ ᠭᠠᠶ᠋ᠢᠬᠠᠮᠰᠢᠭ᠎ᠢ ᠡᠭᠦᠳᠴᠦ ᠴᠢᠳᠠᠬᠰᠠᠨ ᠪᠤᠢ?

ᠦᠨᠳᠦᠰᠦᠨ ᠲᠤᠷᠰᠢᠯᠭ᠎ᠠ ᠨᠢ ᠳᠠᠷᠤᠢ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠶᠠᠪᠤᠳᠠᠯ ᠪᠤᠯᠤᠨ᠎ᠠ᠃ ᠶᠡᠷᠦᠩᠬᠡᠶ ᠱᠦᠵᠢ ᠰᠢ ᠵᠢᠨ ᠫᠢᠩ᠄ 《ᠮᠠᠨ᠎ᠤ ᠡᠨᠡ ᠬᠦ᠌ ᠲᠣᠮᠣ ᠨᠠᠮ᠎ᠢᠶᠠᠨ ᠰᠠᠶ᠋ᠢᠲᠤᠷ ᠵᠠᠰᠠᠵᠤ᠂ ᠮᠠᠨ᠎ᠤ ᠡᠨᠡ ᠬᠦ᠌ ᠲᠣᠮᠣ ᠤᠯᠤᠰ᠎ᠢᠶᠠᠨ ᠰᠠᠶ᠋ᠢᠲᠤᠷ ᠵᠠᠰᠠᠵᠤ᠂ ᠨᠠᠮ᠎ᠤᠨ ᠪᠦᠯᠬᠦᠮᠳᠡᠯ ᠪᠠ ᠲᠥᠪᠯᠡᠷᠡᠯ ᠨᠢᠭᠡᠳᠦᠯ᠎ᠢ ᠪᠠᠲᠤᠯᠠᠬᠤ ᠪᠣᠯ ᠲᠤᠶ᠋ᠢᠯ᠎ᠤᠨ ᠴᠢᠬᠤᠯᠠ᠂ ᠨᠠᠮ᠎ᠤᠨ ᠲᠥᠪ ᠬᠣᠷᠢᠶ᠎ᠠ ᠵᠢᠨ ᠡᠷᠬᠡ ᠰᠦᠷ᠎ᠢ ᠬᠠᠮᠠᠭᠠᠯᠠᠬᠤ ᠪᠣᠯ ᠲᠤᠶ᠋ᠢᠯ᠎ᠤᠨ ᠴᠢᠬᠤᠯᠠ ᠶᠤᠮ ᠭᠡᠳᠡᠭ ᠢ᠋ ᠨᠠᠮ ᠤ᠋ᠨ ᠲᠡᠤᠭᠡ᠂ ᠰᠢᠨ᠎ᠠ ᠲᠤᠮᠳᠠᠳᠤ ᠤᠯᠤᠰ ᠤ᠋ᠨ ᠬᠦᠭᠵᠢᠯᠳᠠ ᠵᠢᠨ ᠲᠡᠤᠭᠡ ᠴᠦᠮ ᠪᠢᠳᠠᠨ ᠳ᠋ᠤ ᠬᠡᠯᠡᠵᠤ ᠦᠭᠴᠠᠢ》 ᠭᠡᠵᠦ᠍ ᠭᠦᠨᠵᠡᠭᠡᠶ ᠵᠢᠭᠠᠵᠤ ᠭᠠᠷᠭᠠᠪᠠ᠃

ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ᠂ ᠡᠷᠬᠡᠪᠰᠢ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠶ᠋ᠢᠵᠤ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠪᠠᠶ᠋ᠢᠭᠠᠳ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠲᠣᠭᠲᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠬᠤ ᠬᠡᠷᠡᠭᠲᠡᠢ᠃

ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠠᠮᠠᠭᠠᠯᠠᠬᠤ ᠪᠣᠯ ᠨᠢᠭᠡᠨ ᠪᠣᠯᠪᠠᠰᠤᠷᠠᠩᠭᠤᠢ ᠮᠠᠷᠺᠰ᠎ᠤᠨ ᠦᠵᠡᠯ᠎ᠦᠨ ᠲᠦᠷᠦ᠍ ᠪᠠᠷᠢᠭᠴᠢ ᠨᠠᠮ᠎ᠤᠨ ᠴᠢᠬᠤᠯᠠ ᠶᠡᠬᠡ ᠨᠠᠮ ᠪᠠᠶ᠋ᠢᠭᠤᠯᠬᠤ ᠵᠠᠷᠴᠢᠮ ᠮᠥᠨ

ᠨᠢᠭᠡ ᠤᠯᠤᠰ᠂ ᠨᠢᠭᠡ ᠲᠦᠷᠦ᠎ᠶᠢᠨ ᠨᠠᠮ᠎ᠳᠤ ᠤᠳᠤᠷᠢᠳᠬᠤ ᠭᠣᠣᠯᠯᠠᠭᠴᠢ ᠪᠣᠯ ᠲᠤᠶ᠋ᠢᠯ᠎ᠤᠨ ᠴᠢᠬᠤᠯᠠ ᠶᠤᠮ᠃

ᠪᠦᠬᠦ᠌ ᠨᠠᠮ᠎ᠢᠶᠠᠷ᠎ᠢᠶᠠᠨ ᠭᠣᠣᠯᠯᠠᠭᠴᠢ ᠲᠠᠢ᠂ ᠨᠠᠮ᠎ᠤᠨ ᠲᠥᠪ ᠬᠣᠷᠢᠶ᠎ᠠ ᠡᠷᠬᠡ ᠰᠦᠷ ᠲᠠᠢ ᠪᠠᠶ᠋ᠢᠪᠠᠯ ᠨᠠᠮ ᠪᠠ ᠤᠯᠤᠰ ᠣᠷᠣᠨ ᠰᠠᠶᠢ ᠬᠦᠴᠦᠨ ᠴᠢᠳᠠᠯ᠎ᠲᠠᠶ ᠪᠠᠶ᠋ᠢᠵᠤ ᠴᠢᠳᠠᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠠᠶ᠋ᠢᠳᠠᠯ᠎ᠤᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠠᠭᠤᠤ ᠶᠡᠬᠡ ᠲᠡᠦᠬᠡ᠎ᠶᠢᠨ ᠰᠠᠨᠠᠭᠠᠴᠢᠯᠠᠭᠠᠲᠤ᠌ ᠵᠣᠷᠢᠭ ᠰᠠᠨᠠᠭ᠎ᠠ᠂ ᠯᠤᠲᠤ᠌ ᠶᠡᠬᠡ ᠤᠯᠤᠰ ᠲᠦᠷᠦ᠎ᠶᠢᠨ ᠰᠥᠰᠥ᠍ ᠵᠣᠷᠢᠭ᠂ ᠪᠠᠲᠤ᠌ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ᠂ ᠠᠯᠢ ᠤᠯᠠᠨ ᠬᠦᠨᠳᠦ ᠶᠡᠬᠡ ᠠᠶᠤᠯ ᠲᠦᠭᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠤᠷᠳᠤ ᠬᠤᠭᠤᠴᠠᠭᠠᠨ᠎ᠤ ᠲᠤᠷᠰᠢ ᠰᠢ᠌ᠳᠪᠦᠷᠢᠯᠡᠬᠦ᠌ ᠭᠡᠰᠡᠨ ᠪᠣᠯᠪᠠᠴᠤ᠌ ᠰᠢ᠌ᠳᠪᠦᠷᠢᠯᠡᠭᠡᠳᠦᠢ ᠪᠠᠶ᠋ᠢᠭᠰᠠᠨ ᠮᠠᠰᠢ ᠤᠯᠠᠨ ᠬᠦᠴᠢᠷ ᠠᠰᠠᠭᠤᠳᠠᠯ᠎ᠢ ᠰᠢ᠌ᠳᠪᠦᠷᠢᠯᠡᠵᠦ᠍᠂ ᠮᠠᠰᠢ ᠤᠯᠠᠨ ᠠᠯᠤᠰ ᠬᠡᠳᠤ᠎ᠳᠦ ᠬᠣᠯᠪᠣᠭᠳᠠᠬᠤ ᠶᠡᠬᠡ ᠶᠠᠪᠤᠳᠠᠯ ᠴᠢᠬᠤᠯᠠ ᠶᠠᠪᠤᠳᠠᠯ᠎ᠢ ᠪᠦᠲᠦᠭᠡᠵᠦ᠍᠂ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ᠍ ᠴᠢᠨᠠᠷᠲᠠᠢ ᠠᠮᠵᠢᠯᠲᠠ ᠣᠯᠵᠤ᠂ ᠲᠡᠦᠬᠡᠲᠦ᠍ ᠴᠢᠨᠠᠷᠲᠠᠢ ᠬᠤᠪᠢᠰᠤᠯᠲᠠ ᠭᠠᠷᠴᠤ᠌᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠬᠤᠷᠢᠬᠯᠠᠬᠳᠠᠰᠢ ᠦᠭᠡᠢ ᠲᠡᠦᠬᠡᠨ ᠠᠬᠢᠴᠠ᠎ᠳᠤ ᠣᠷᠣᠪᠠ᠃

ᠰᠢᠨ᠎ᠡ ᠴᠠᠭ ᠦᠶ᠎ᠡ᠎ᠡᠴᠡ ᠨᠠᠭᠠᠰᠢ ᠮᠠᠨ᠎ᠤ ᠤᠯᠤᠰ᠎ᠤᠨ ᠠᠵᠤ ᠠᠬᠤᠢ ᠨᠡᠶ᠋ᠢᠭᠡᠮ᠎ᠦᠨ ᠬᠥᠭᠵᠢᠯᠲᠡ ᠰᠢᠨ᠎ᠡ ᠡᠭᠦᠳᠦᠯᠲᠡ᠎ᠶᠢᠨ ᠴᠢᠨᠠᠷᠲᠠᠢ ᠠᠬᠢᠯᠳᠠ᠂ ᠰᠢᠪᠲᠤᠯᠤᠯᠲᠠ᠎ᠶᠢᠨ ᠴᠢᠨᠠᠷᠲᠠᠢ ᠬᠤᠪᠢᠰᠤᠯᠲᠠ᠂ ᠲᠡᠦᠬᠡᠲᠦ᠍ ᠴᠢᠨᠠᠷᠲᠠᠢ ᠠᠮᠵᠢᠯᠲᠠ ᠣᠯᠤᠭᠰᠠᠨ᠎ᠤ ᠦᠨᠳᠦᠰᠦ ᠨᠢ ᠶᠡᠷᠦᠩᠬᠡᠢ ᠱᠦᠵᠢ ᠰᠢ ᠵᠢᠨ ᠫᠢᠩ᠎ᠦᠨ ᠠᠶᠠᠯᠠᠯ᠎ᠢ ᠵᠢᠯᠣᠭᠣᠳᠤᠨ ᠵᠠᠯᠠᠭᠤᠷ᠎ᠢ ᠠᠳᠬᠤᠭᠰᠠᠨ᠎ᠳᠤ ᠪᠠᠶ᠋ᠢᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠰᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠶ᠋ᠢᠨ᠎ᠠ᠃

2016 ᠣᠨ᠎ᠤ ᠠᠯᠳᠠᠨ ᠨᠠᠮᠤᠷ ᠤ᠋ᠨ ᠤᠯᠠᠷᠢᠯ ᠳ᠋ᠤ᠂ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠡᠴᠡ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠲᠥᠪ ᠬᠣᠷᠢᠶ᠎ᠠ ᠵᠢᠨ ᠭᠣᠣᠯᠯᠠᠭᠴᠢ᠂ ᠪᠦᠬᠦ᠌ ᠨᠠᠮ᠎ᠤᠨ ᠭᠣᠣᠯᠯᠠᠭᠴᠢ᠎ᠶᠢᠨ ᠪᠠᠶ᠋ᠢᠷᠢ ᠰᠠᠭᠤᠷᠢ᠎ᠶᠢ ᠲᠣᠳᠣᠷᠬᠠᠶ᠋ᠢᠯᠠᠪᠠ᠃ 2021 ᠣᠨ᠎ᠤ 11 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠡᠴᠡ ᠨᠠᠮ᠎ᠤᠨ ᠭᠤᠷᠪᠠᠳᠤᠭᠠᠷ ᠲᠡᠦᠬᠡ᠎ᠶᠢᠨ ᠰᠢ᠌ᠳᠪᠦᠷᠢ᠎ᠶᠢ ᠪᠠᠲᠤᠯᠠᠵᠤ᠂ ᠴᠢᠬᠤᠯᠠ ᠶᠡᠬᠡ ᠤᠯᠤᠰ ᠲᠦᠷᠦ᠎ᠶᠢᠨ ᠨᠤᠲᠠᠯᠠᠯᠲᠠ ᠬᠢᠪᠠ᠄

《ᠨᠠᠮ᠎ᠡᠴᠡ ᠰᠢ ᠵᠢᠨ ᠫᠢᠩ ᠨᠦᠬᠦᠷ ᠤ᠋ᠨ ᠨᠠᠮ ᠤ᠋ᠨ ᠲᠦᠪ ᠬᠤᠷᠢᠶ᠎ᠠ ᠵᠢᠨ ᠭᠤᠤᠯᠯᠠᠬᠴᠢ ᠂ ᠪᠦᠬᠦ᠌ ᠨᠠᠮ᠎ᠤᠨ ᠭᠣᠣᠯᠯᠠᠭᠴᠢ᠎ᠶᠢᠨ ᠪᠠᠶ᠋ᠢᠷᠢ ᠰᠠᠭᠤᠷᠢ᠎ᠶᠢ ᠲᠣᠭᠲᠠᠭᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠬᠤ ᠪᠠᠶ᠋ᠢᠷᠢ ᠰᠠᠭᠤᠷᠢ᠎ᠶᠢ ᠲᠣᠭᠲᠠᠭᠠᠭᠰᠠᠨ ᠨᠢ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶᠢᠨ ᠬᠦᠰᠡᠯ ᠡᠷᠡᠮᠡᠯᠵᠡᠯ᠎ᠢ ᠲᠤᠰᠬᠠᠵᠤ᠂ ᠰᠢᠨ᠎ᠡ ᠴᠠᠭ ᠦᠶ᠎ᠡ᠎ᠶᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠲᠡᠦᠬᠡᠨ ᠠᠬᠢᠴᠠ᠎ᠶᠢ ᠠᠬᠢᠭᠤᠯᠬᠤ᠎ᠳᠤ ᠰᠢ᠌ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠲᠠᠶ ᠶᠤᠮ》᠃

《ᠬᠣᠶᠠᠷ᠎ᠢ ᠲᠣᠭᠲᠠᠭᠠᠬᠰᠡᠨ》 ᠪᠣᠯ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢᠬᠢ ᠬᠠᠮᠤᠭ᠎ᠤᠨ ᠴᠢᠬᠤᠯᠠ ᠤᠯᠤᠰ ᠲᠥᠷᠥ᠎ᠶᠢᠨ ᠦᠷ᠎ᠡ ᠪᠦᠲᠦᠭᠡᠯ ᠮᠥᠨ᠂ ᠴᠠᠭ ᠦᠶ᠎ᠡ᠎ᠶᠢᠨ ᠤᠷᠢᠶᠠᠯᠠᠭ᠎ᠠ᠂ ᠲᠡᠦᠬᠡ᠎ᠶᠢᠨ ᠰᠣᠩᠭᠣᠯᠲᠠ᠂ ᠠᠷᠠᠳ᠎ᠤᠨ ᠰᠡᠳᠬᠢᠯ᠎ᠦᠨ ᠬᠠᠨᠳᠤᠰᠢ ᠮᠥᠨ᠃ 《ᠬᠣᠶᠠᠷ᠎ᠢ ᠲᠣᠭᠲᠠᠭᠠᠬᠰᠡᠨ》 ᠪᠣᠯ ᠨᠠᠮ ᠪᠠ ᠤᠯᠤᠰ᠎ᠤᠨ ᠠᠵᠢᠯ ᠦᠢᠯᠡᠰ᠎ᠦᠨ ᠲᠡᠦᠬᠡᠲᠦ᠍ ᠴᠢᠨᠠᠷᠲᠠᠢ ᠠᠮᠵᠢᠯᠲᠠ ᠤᠯᠬᠤ᠂ ᠲᠡᠦᠬᠡᠲᠦ᠍ ᠴᠢᠨᠠᠷᠲᠠᠢ ᠬᠤᠪᠢᠰᠤᠯᠲᠠ ᠭᠠᠷᠬᠤ᠎ᠶᠢ ᠠᠬᠢᠭᠤᠯᠬᠤ ᠰᠢ᠌ᠳᠪᠦᠷᠢᠯᠡᠭᠴᠢ ᠴᠢᠨᠠᠷᠲᠠᠢ ᠬᠦᠴᠦᠨ ᠵᠦᠢᠯ ᠮᠥᠨ᠂ ᠨᠠᠮ ᠪᠠ ᠠᠷᠠᠳ ᠲᠦᠮᠡᠨ᠎ᠦ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠢ ᠢᠯᠠᠨ ᠳᠠᠪᠠᠬᠤ᠂ ᠠᠯᠢᠪᠠ ᠲᠣᠭᠲᠠᠭᠠᠯᠳᠤ ᠪᠤᠰᠤ ᠴᠢᠨᠠᠷ᠎ᠢ ᠠᠷᠭᠠᠴᠠᠭᠠᠬᠤ᠎ᠶᠢᠨ ᠬᠠᠮᠤᠭ᠎ᠤᠨ ᠶᠡᠬᠡ ᠲᠣᠭᠲᠠᠭᠠᠯᠲᠤ᠌ ᠴᠢᠨᠠᠷ᠂ ᠬᠠᠮᠤᠭ᠎ᠤᠨ ᠶᠡᠬᠡ ᠢᠳᠡᠭᠡᠯ ᠵᠤᠷᠢᠭ᠂ ᠬᠠᠮᠤᠭ᠎ᠤᠨ ᠶᠡᠬᠡ ᠪᠠᠲᠤᠯᠠᠭ᠎ᠠ ᠮᠥᠨ᠂ ᠠᠵᠤ ᠠᠬᠤᠢ᠎ᠶᠢᠨ ᠲᠦᠷᠭᠡᠨ ᠬᠥᠭᠵᠢᠯᠲᠡ ᠪᠠ ᠨᠡᠶ᠋ᠢᠭᠡᠮ᠎ᠦᠨ ᠤᠷᠳᠤ ᠬᠤᠭᠤᠴᠠᠭᠠᠨ᠎ᠤ ᠲᠣᠭᠲᠠᠭᠤᠨ ᠪᠠᠶ᠋ᠢᠳᠠᠯ ᠭᠡᠬᠦ᠌ ᠬᠣᠶᠠᠷ ᠶᠡᠬᠡ ᠭᠠᠶ᠋ᠢᠬᠠᠮᠰᠢᠭ᠎ᠢ ᠲᠠᠰᠤᠷᠠᠯᠳᠠ ᠦᠭᠡᠢ ᠦᠷᠭᠦᠯᠵᠢᠯᠡᠨ ᠪᠢᠴᠢᠭᠯᠡᠬᠦ᠌᠎ᠶᠢᠨ ᠢᠯᠠᠯᠲᠠ ᠤᠯᠬᠤ᠎ᠶᠢᠨ ᠦᠨᠳᠦᠰᠦ ᠮᠥᠨ ᠭᠡᠳᠡᠭ᠎ᠢ ᠦᠢᠯᠡᠳᠦᠯᠭᠡ ᠭᠦᠨᠵᠡᠭᠡᠢ ᠬᠠᠷᠠᠭᠤᠯᠪᠠ᠃

ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ᠎ᠳᠤ ᠡᠩ ᠲᠡᠷᠢᠭᠦᠨ᠎ᠳᠦ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ᠎ᠠ

2026 ᠣᠨ᠎ᠤ 1 ᠰᠠᠷ᠎ᠠ᠎ᠶᠢᠨ 8 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠪᠠᠶ᠋ᠢᠩᠭᠤ᠎ᠶᠢᠨ ᠬᠣᠷᠢᠶ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠂ ᠪᠦᠬᠦ᠌ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠂ ᠠᠷᠠᠳ᠎ᠤᠨ ᠳᠡᠭᠡᠳᠦ ᠰᠢᠭᠦᠬᠦ᠌ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭᠠᠬᠤ ᠬᠣᠷᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠠᠵᠢᠯ᠎ᠤᠨ ᠮᠡᠳᠡᠭᠦᠯᠦᠯᠲᠡ᠎ᠶᠢ ᠰᠣᠨᠣᠰᠪᠠ᠃

2015 ᠣᠨ᠎ᠡᠴᠡ ᠤᠳᠤ ᠪᠣᠯᠲᠠᠯ᠎ᠠ᠂ ᠵᠢᠯ ᠪᠦᠷᠢ ᠨᠢᠭᠡ ᠤᠳᠠᠭ᠎ᠠ ᠢᠩᠭᠢᠵᠦ᠍ ᠬᠠᠷᠢᠭᠤ ᠮᠡᠳᠡᠭᠦᠯᠬᠦ᠌ ᠨᠢ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠴᠢᠬᠤᠯᠠ ᠲᠦᠷᠢᠮ᠎ᠦᠨ ᠲᠤᠬᠢᠷᠠᠭᠤᠯᠤᠯᠳᠠ ᠪᠣᠯᠤᠭᠰᠠᠨ ᠪᠠᠶ᠋ᠢᠨ᠎ᠠ᠃

ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢᠨ ᠬᠠᠮᠤᠭ᠎ᠤᠨ ᠵᠠᠩᠭᠢᠯᠠᠭ᠎ᠠ ᠨᠢ ᠤᠯᠤᠰ ᠲᠦᠷᠦ᠎ᠶᠢᠨ ᠤᠳᠤᠷᠢᠳᠤᠯᠭ᠎ᠠ ᠪᠣᠯᠤᠨ᠎ᠠ᠃

ᠠᠯᠢ ᠤᠯᠠᠨ ᠲᠦᠷᠢᠮ ᠠᠷᠭ᠎ᠠ ᠬᠡᠮᠵᠢᠶ᠎ᠡ ᠨᠢ ᠪᠦᠬᠦ᠌ ᠨᠠᠮ᠎ᠤᠨ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠢ᠎ᠠ᠎ᠲᠠᠶ ᠳᠡᠭᠡᠳᠦ ᠬᠡᠮᠵᠢᠢ᠎ᠡ᠎ᠪᠡᠷ ᠨᠢᠭᠡᠳᠦᠯᠲᠡᠢ ᠪᠠᠶ᠋ᠢᠬᠤ᠎ᠳᠤ ᠬᠦᠴᠦᠲᠡᠢ ᠪᠠᠲᠤᠯᠠᠭ᠎ᠠ ᠬᠠᠩᠭᠠᠵᠤ᠂ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠨᠡᠩ ᠪᠠᠲᠤ᠌ ᠴᠢᠩᠭ᠎ᠠ ᠬᠦᠴᠦᠨ᠎ᠲᠡᠶ ᠪᠣᠯᠬᠤ᠎ᠶᠢ ᠦᠨᠡᠨ ᠬᠦ᠌ ᠪᠠᠲᠤᠯᠠᠪᠠ᠃

ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠰᠢᠰᠲ᠋ᠧᠮ᠎ᠢ ᠴᠢᠩᠭᠠᠳᠬᠠᠵᠤ᠂ ᠬᠢᠵᠠᠭᠠᠯᠠᠰᠢ ᠦᠭᠡᠢ ᠪᠠᠲᠤ᠌ ᠴᠢᠩᠭ᠎ᠠ ᠤᠳᠤᠷᠢᠳᠬᠤ ᠬᠦᠴᠦᠨ᠂ ᠵᠣᠬᠢᠶᠠᠨ ᠪᠠᠶ᠋ᠢᠭᠤᠯᠬᠤ ᠬᠦᠴᠦᠨ᠂ ᠬᠡᠷᠡᠭᠵᠢᠭᠦᠯᠬᠦ᠌ ᠬᠦᠴᠦᠨ ᠎ᠢ ᠪᠦᠷᠢᠯᠳᠦᠭᠦᠯᠦᠨ᠎ᠡ —

ᠠᠷᠠᠳᠴᠢᠯᠠᠯ ᠲᠥᠪᠯᠡᠷᠡᠯ᠎ᠦᠨ ᠶᠣᠰᠣ᠎ᠶᠢ ᠲᠤᠭᠤᠰᠢᠯᠠᠭᠤᠯᠤᠨ ᠬᠡᠷᠡᠭᠵᠢᠭᠦᠯᠵᠦ᠍᠂ ᠰᠢᠨᠵᠢᠯᠡᠬᠦ᠌ ᠤᠬᠠᠭᠠᠨᠴᠢ᠎ᠪᠠᠷ ᠰᠢᠢᠳᠪᠦᠷᠢᠲᠦ᠍ ᠪᠣᠳᠣᠯᠭ᠎ᠠ ᠲᠣᠭᠲᠠᠭᠠᠬᠤ᠂ ᠠᠷᠠᠳᠴᠢᠯᠠᠯ᠎ᠢᠶᠠᠷ ᠰᠢᠢᠳᠪᠦᠷᠢᠲᠦ᠍ ᠪᠣᠳᠣᠯᠭ᠎ᠠ ᠲᠣᠭᠲᠠᠭᠠᠬᠤ᠎ᠶᠢ ᠪᠡᠶᠡᠯᠡᠭᠦᠯᠦᠨ᠎ᠡ —

2025 ᠣᠨ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠰᠠᠨᠠᠭᠤᠯᠭ᠎ᠠ᠎ᠶᠢ ᠬᠢᠨᠠᠨ ᠵᠥᠪᠯᠡᠵᠦ᠍ ᠪᠠᠲᠤᠯᠠᠪᠠ᠃

ᠰᠢᠨ᠎ᠡ ᠴᠠᠭ ᠦᠶ᠎ᠡ᠎ᠡᠴᠡ ᠨᠠᠭᠠᠰᠢ᠂ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠮᠡᠳᠡᠭᠦᠯᠦᠯᠲᠡ᠂ ᠨᠠᠮ᠎ᠤᠨ ᠪᠥᠬᠥᠳᠡ ᠬᠤᠷᠠᠯ᠎ᠤᠨ ᠪᠢᠴᠢᠭ ᠮᠠᠲ᠋ᠧᠷᠢᠶᠠᠯ᠎ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠂ ᠴᠢᠬᠤᠯᠠ ᠶᠡᠬᠡ ᠥᠭᠡᠷᠡᠴᠢᠯᠡᠯᠲᠡ ᠬᠥᠭᠵᠢᠯᠲᠡ᠎ᠶᠢᠨ ᠠᠷᠭ᠎ᠠ ᠬᠡᠮᠵᠢᠶ᠎ᠡ ᠬᠦᠷᠲᠡᠯ᠎ᠡ᠂ ᠣᠯᠠᠨ ᠵᠦᠢᠯ᠎ᠦᠨ ᠠᠷᠭ᠎ᠠ ᠬᠡᠯᠪᠡᠷᠢ᠂ ᠣᠯᠠᠨ ᠵᠦᠢᠯ᠎ᠦᠨ ᠠᠷᠭ᠎ᠠ ᠵᠠᠮ᠎ᠢᠶᠠᠷ ᠳᠠᠮᠵᠢᠭᠤᠯᠤᠨ ᠠᠷᠠᠳᠴᠢᠯᠠᠯ᠎ᠢ ᠥᠷᠭᠡᠳᠬᠡᠵᠦ᠍᠂ ᠡᠯ᠎ᠡ ᠵᠦᠢᠯ᠎ᠦᠨ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠶᠢᠨ ᠬᠥᠭᠵᠢᠯᠲᠡ᠎ᠶᠢᠨ ᠪᠣᠳᠠᠲᠤ᠌ ᠪᠠᠶ᠋ᠢᠳᠠᠯ᠎ᠲᠠᠶ ᠭᠦᠢᠴᠡᠳ ᠨᠡᠶ᠋ᠢᠴᠡᠬᠦ᠌᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠨᠡᠶ᠋ᠢᠴᠡᠬᠦ᠌᠂ ᠦᠢᠯᠡᠳᠦᠯᠭᠡ ᠪᠠ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ᠌᠎ᠶᠢ ᠦᠨᠡᠨ ᠬᠦ᠌ ᠪᠠᠲᠤᠯᠠᠪᠠ᠃

ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠯ ᠨᠠᠮ᠎ᠤᠨ ᠲᠥᠪ ᠬᠤᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠠᠮᠠᠭᠠᠯᠠᠬᠤ ᠦᠨᠳᠦᠰᠦᠨ ᠱᠠᠭᠠᠷᠳᠠᠯᠭ᠎ᠠ ᠮᠥᠨ

《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶᠢᠨ ᠬᠤᠭᠤᠴᠠᠭ᠎ᠠ ᠪᠣᠯ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ᠌ ᠵᠠᠩᠭᠢᠯᠠᠭ᠎ᠠ᠎ᠶᠢᠨ ᠨᠢᠭᠡ ᠶᠠᠪᠤᠴᠠ ᠮᠥᠨ᠃

ᠢᠷᠡᠭᠡᠳᠦᠢ᠎ᠪᠡᠨ ᠪᠠᠷᠠᠯᠠᠬᠤᠶ᠎ᠠ ᠠᠵᠠ ᠲᠣᠬᠢᠶᠠᠯ᠎ᠤᠯᠠᠨ ᠪᠤᠢ — 《ᠠᠷᠪᠠᠨ ᠲᠠᠪᠤᠳᠤᠭᠠᠷ ᠲᠠᠪᠤᠨ ᠵᠢᠯ 》 ᠦ᠋ᠨ ᠡᠬᠢᠯᠡᠯᠲᠡ ᠵᠢᠨ ᠵᠢᠯ᠎ᠤᠨ ᠠᠩᠬᠠᠨ᠎ᠤ ᠤᠯᠠᠷᠢᠯ᠎ᠤᠨ ᠠᠵᠤ ᠠᠬᠤᠢ ᠡᠷᠴᠢᠮᠲᠡᠢ ᠪᠠᠢᠵᠤ᠂ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠠᠳᠠᠯᠢ ᠬᠤᠭᠤᠴᠠᠭᠠᠨ᠎ᠤ ᠬᠢ᠎ᠡᠴᠡ 5% ᠪᠡᠷ ᠨᠡᠮᠡᠭᠳᠡᠵᠦ᠍᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ ᠥᠷᠨᠢᠨ ᠬᠥᠭᠵᠢᠵᠦ᠍᠂ ᠳᠤᠮᠳᠠᠳᠤ ᠤᠯᠤᠰ᠎ᠤᠨ ᠠᠵᠤ ᠠᠬᠤᠢ᠎ᠶᠢᠨ ᠤᠷᠳᠤ ᠬᠤᠭᠤᠴᠠᠭ᠎ᠠ᠎ᠪᠠᠷ ᠰᠠᠶ᠋ᠢᠵᠢᠷᠠᠬᠤ ᠦᠨᠳᠦᠰᠦᠨ ᠪᠠᠶ᠋ᠢᠳᠠᠯ ᠬᠤᠪᠢᠷᠠᠭ᠎ᠠ ᠦᠭᠡᠢ᠃ ᠤᠯᠠᠨ ᠤᠯᠤᠰ᠎ᠤᠨ ᠤᠳᠤᠷᠢᠳᠬᠤ ᠬᠥᠮᠦᠰ ᠵᠠᠯᠭᠠᠭ᠎ᠠ᠎ᠪᠠᠷ ᠳᠤᠮᠳᠠᠳᠤ ᠤᠯᠤᠰ᠎ᠲᠤ᠌ ᠠᠶ᠋ᠢᠯᠴᠢᠯᠠᠵᠤ᠂ ᠳᠤᠮᠳᠠᠳᠤ ᠤᠯᠤᠰ ᠶᠠᠭ ᠪᠦᠬᠦ᠌ ᠪᠥᠮᠪᠥᠷᠴᠡᠭ᠎ᠦᠨ ᠭᠠᠳᠠᠭᠠᠳᠤ ᠬᠠᠷᠢᠯᠴᠠᠭᠠᠨ᠎ᠤ 《ᠲᠠᠲᠠᠬᠤ ᠬᠦᠴᠦᠨ᠎ᠦ ᠲᠥᠪ》 ᠪᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠰᠢᠨ᠎ᠡ ᠵᠢᠷᠤᠭ ᠲᠥᠰᠦᠪ᠎ᠢ ᠳᠡᠯᠭᠡᠨ ᠦᠵᠡᠭᠦᠯᠵᠦ᠍ ᠪᠠᠶ᠋ᠢᠨ᠎ᠠ᠃

ᠰᠢᠨ᠎ᠡ ᠠᠵᠠ ᠲᠣᠬᠢᠶᠠᠯ᠎ᠳᠤ ᠲᠤᠯᠭᠠᠷᠠᠬᠤ ᠳᠤᠳᠤᠮ᠂ ᠰᠢᠨ᠎ᠡ ᠥᠷᠢᠰᠥᠯᠳᠦᠭᠡᠨ᠎ᠳᠦ ᠲᠤᠯᠭᠠᠷᠠᠬᠤ ᠳᠤᠳᠤᠮ᠂ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢᠨ 《ᠲᠣᠭᠲᠠᠪᠤᠷᠢᠵᠢᠭᠤᠯᠤᠭᠴᠢ》 ᠵᠢᠨ ᠦᠢᠯᠡᠳᠦᠯ᠎ᠢ ᠤᠯᠠᠮ ᠪᠠᠳᠠᠷᠠᠭᠤᠯᠬᠤ ᠬᠡᠷᠡᠭᠲᠡᠢ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠪᠠᠶ᠋ᠢᠯᠳᠤᠬᠤ ᠪᠤᠳᠤᠯᠭ᠎ᠠ᠎ᠶᠢᠨ ᠵᠢᠷᠤᠭ ᠲᠥᠯᠥᠪᠯᠡᠭᠡ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠰᠠᠢ᠌ᠨ ᠡᠬᠢᠯᠡᠯᠲᠡ ᠬᠦᠷᠳᠡᠯ᠎ᠡ᠂ ᠠᠨᠭᠬᠠᠨ᠎ᠤ ᠠᠯᠬᠤᠭ᠎ᠠ ᠵᠢ ᠯᠠᠪᠳᠠᠭᠤᠨ ᠪᠠᠳᠤᠳᠠᠢ ᠠᠯᠬᠤᠬᠤ ᠲᠣᠳᠣᠷᠬᠠᠢ ᠱᠠᠭᠠᠷᠳᠠᠯᠭ᠎ᠠ ᠬᠦᠷᠲᠡᠯ᠎ᠡ᠂ ᠲᠠᠬᠢᠭᠠᠳ ᠡᠨᠡ ᠵᠢᠯ᠎ᠦᠨ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ ᠬᠦᠷᠲᠡᠯ᠎ᠡ ᠁ ᠨᠠᠮ᠎ᠤᠨ ᠲᠥᠪ ᠬᠤᠷᠢᠶ᠎ᠠ ᠵᠢᠨ ᠲᠣᠭᠲᠠᠭᠠᠭᠰᠠᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠎ᠶᠢᠨ ᠰᠢ᠌ᠳᠪᠦᠷᠢᠲᠦ᠍ ᠪᠤᠳᠤᠯᠭ᠎ᠠ᠂ ᠲᠣᠳᠣᠷᠬᠠᠢ ᠠᠵᠢᠯ᠎ᠤᠨ ᠰᠡᠳᠬᠢᠴᠡ᠂ ᠡᠭᠦᠷᠭᠡ᠂ ᠲᠦᠷᠦ᠎ᠶᠢᠨ ᠪᠤᠳᠤᠯᠭ᠎ᠠ᠎ᠶᠢ ᠴᠥᠮ ᠭᠦᠢᠴᠡᠳ ᠨᠤᠲᠠᠯᠠᠯᠲᠠ ᠬᠢᠵᠦ᠍᠂ ᠲᠠᠬᠢᠨ ᠳᠠᠪᠲᠠᠨ ᠰᠤᠳᠤᠯᠵᠤ ᠳᠤᠷᠠᠳᠤᠭᠰᠠᠨ ᠶᠤᠮ᠃ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠦᠨᠡᠨ ᠬᠦ᠌ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠡᠷᠬᠡᠪᠰᠢ ᠪᠦᠬᠦ᠌ ᠨᠠᠮ᠎ᠢᠶᠠᠷ᠎ᠢᠶᠠᠨ ᠰᠡᠳᠬᠢᠯ ᠨᠢᠭᠡᠳᠴᠦ᠍᠂ ᠪᠦᠬᠦ᠌ ᠤᠯᠤᠰ᠎ᠢᠶᠠᠷ᠎ᠢᠶᠠᠨ ᠨᠢᠭᠡ ᠬᠥᠯᠭᠡ ᠰᠢᠳᠠᠷ᠎ᠠ ᠪᠣᠯᠬᠤ᠎ᠶᠢ ᠪᠠᠷᠢᠮᠲᠠᠯᠠᠵᠤ᠂ ᠰᠢᠰᠲ᠋ᠧᠮ᠎ᠦᠨ ᠣᠶ᠋ᠢᠯᠠᠭᠠᠭᠳᠠᠬᠤᠨ᠎ᠢᠶᠠᠨ ᠴᠢᠩᠭᠠᠳᠬᠠᠵᠤ᠂ ᠪᠠᠶ᠋ᠢᠷᠢ ᠲᠣᠭᠲᠠᠭᠠᠯᠲᠠ᠎ᠪᠠᠨ ᠣᠨᠣᠪᠴᠢᠲᠠᠢ ᠣᠯᠵᠤ᠂ ᠰᠠᠨᠠᠭᠠᠴᠢᠯᠠᠭ᠎ᠠ᠎ᠡᠴᠡ᠎ᠪᠠᠨ ᠠᠵᠢᠯᠯᠠᠵᠤ᠂ ᠬᠠᠮᠵᠢᠯᠴᠠᠨ ᠬᠤᠷᠰᠢᠯᠴᠠᠬᠤ ᠬᠡᠷᠡᠭᠲᠡᠢ᠃

ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠨᠢ ᠪᠥᠬᠥ᠌ ᠲᠠᠯ᠎ᠠ᠎ᠶᠢ ᠬᠠᠮᠢᠶᠠᠷᠴᠤ᠌᠂ ᠠᠯᠤᠰ ᠬᠡᠲᠦ᠎ᠶᠢ ᠡᠵᠡᠮᠳᠡᠵᠦ᠂ ᠦᠨᠳᠦᠰᠦᠨ ᠵᠦᠢᠯ᠎ᠢ ᠬᠠᠮᠢᠶᠠᠷᠴᠤ᠌᠂ ᠡᠷᠡᠰ ᠪᠠᠲᠤ᠌ ᠤᠯᠤᠰ ᠲᠥᠷᠥ᠎ᠶᠢᠨ ᠣᠪᠣᠷ᠂ ᠰᠢᠨᠵᠢᠯᠡᠬᠦ᠌ ᠤᠬᠠᠭᠠᠨᠴᠢ ᠦᠵᠡᠯ ᠰᠠᠨᠠᠭᠠᠨ᠎ᠤ ᠠᠷᠭ᠎ᠠ᠎ᠪᠠᠷ ᠡᠷᠡᠰ ᠬᠦᠴᠦᠲᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠴᠢᠳᠠᠬᠤ ᠡᠰᠡᠬᠦ᠌᠎ᠨᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠪᠥᠬᠥ᠌ ᠲᠠᠯ᠎ᠠ᠎ᠳᠤ ᠰᠢᠭᠤᠳ ᠬᠣᠯᠪᠣᠭᠳᠠᠨ᠎ᠠ᠃

《ᠪᠣᠳᠠᠲᠠᠢ᠎ᠡᠴᠡ ᠡᠭᠦᠰᠬᠦ᠌᠎ᠶᠢ ᠪᠠᠷᠢᠮᠲᠠᠯᠠᠵᠤ᠂ ᠵᠢᠮ᠎ᠡ ᠶᠣᠰᠣ᠎ᠪᠠᠷ ᠠᠵᠢᠯᠯᠠᠵᠤ᠂ ᠤᠬᠠᠮᠰᠠᠷ᠎ᠡᠴᠡ᠎ᠪᠠᠨ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠳᠦᠮᠵᠢ ᠭᠠᠷᠭᠠᠵᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ ᠬᠡᠷᠡᠭᠲᠡᠢ》᠃ ᠶᠡᠷᠦᠩᠬᠡᠢ ᠱᠦᠵᠢ ᠰᠢ ᠵᠢᠨ ᠫᠢᠩ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠠᠩᠭᠢᠯᠠᠭ᠎ᠠ᠎ᠶᠢᠨ ᠦᠶ᠎ᠡ᠎ᠳᠦ ᠤᠷᠢᠶᠠᠯᠠᠭ᠎ᠠ ᠭᠠᠷᠭᠠᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ᠌᠎ᠶᠢ ᠵᠣᠷᠢᠭᠵᠢᠭᠤᠯᠪᠠ᠃

ᠰᠢᠨ᠎ᠡ ᠠᠶᠠᠨ᠎ᠳᠤ ᠡᠷᠡᠮᠡᠬᠡᠶ᠋ᠢᠯᠡᠨ ᠤᠷᠤᠭᠰᠢᠯᠠᠬᠤ᠎ᠳᠤ᠂ ᠡᠷᠬᠡᠪᠰᠢ ᠨᠠᠮ᠎ᠤᠨ ᠲᠥᠪ ᠬᠤᠷᠢᠶ᠎ᠠ ᠵᠢᠨ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ ᠠᠵᠢᠯ᠎ᠤᠨ ᠱᠠᠭᠠᠷᠳᠠᠯᠭ᠎ᠠ᠎ᠶᠢ ᠪᠣᠳᠠᠲᠠᠢ ᠠᠵᠢᠯ᠎ᠤᠨ ᠳᠤᠮᠳᠠ᠎ᠪᠠᠨ ᠡᠷᠡᠰ ᠭᠤᠶ᠋ᠢᠪᠢᠰᠢ ᠦᠭᠡᠢ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ ᠵᠢᠨ ᠵᠣᠷᠢᠭ ᠰᠠᠨᠠᠭ᠎ᠠ᠎ᠶᠢ ᠲᠤᠭᠤᠰᠢᠯᠠᠭᠤᠯᠬᠤ᠎ᠶᠢ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠎ᠶᠢ ᠲᠥᠯᠥᠪᠵᠢᠭᠦᠯᠬᠦ᠌  ᠴᠢᠬᠤᠯᠠ ᠶᠡᠬᠡ ᠲᠦᠷᠦ᠎ᠶᠢᠨ ᠪᠤᠳᠤᠯᠭ᠎ᠠ᠎ᠶᠢ ᠲᠣᠭᠲᠠᠭᠠᠬᠤ᠂ ᠴᠢᠬᠤᠯᠠ ᠶᠡᠬᠡ ᠡᠭᠦᠷᠭᠡ᠎ᠶᠢ ᠪᠠᠶ᠋ᠢᠷᠢᠯᠠᠭᠤᠯᠬᠤ᠂ ᠴᠢᠬᠤᠯᠠ ᠶᠡᠬᠡ ᠠᠵᠢᠯ᠎ᠢ ᠠᠬᠢᠭᠤᠯᠬᠤ ᠦᠢᠯᠡᠳᠦᠯᠭᠡ᠎ᠳᠡᠭᠡᠨ ᠢᠯᠡᠷᠡᠭᠦᠯᠵᠦ᠍᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠤᠷᠳᠤ ᠬᠤᠭᠤᠴᠠᠭ᠎ᠠ᠎ᠪᠠᠷ ᠵᠢᠳᠬᠦᠨ ᠴᠢᠷᠮᠠᠶ᠋ᠢᠵᠤ᠂ ᠨᠠᠮ᠎ᠳᠠᠭᠠᠨ ᠣᠰᠣᠯᠳᠠᠬᠤ ᠦᠭᠡᠢ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ᠂ ᠴᠠᠭ ᠦᠶ᠎ᠡ᠎ᠳᠦ ᠣᠰᠣᠯᠳᠠᠬᠤ ᠦᠭᠡᠢ ᠠᠮᠵᠢᠯᠲᠠ ᠪᠦᠲᠦᠮᠵᠢ᠎ᠶᠢ ᠴᠢᠷᠮᠠᠶ᠋ᠢᠨ ᠡᠭᠦᠳᠬᠦ᠌ ᠬᠡᠷᠡᠭᠲᠡᠢ᠃

ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ ᠵᠢᠨ ᠪᠠᠲᠤ᠌ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠪᠦᠯᠬᠦᠮᠳᠡᠨ ᠨᠢᠭᠡᠳᠴᠦ᠍᠂ ᠡᠷᠡᠯᠬᠡᠭᠯᠡᠨ ᠲᠡᠮᠡᠴᠡᠪᠡᠯ᠂ 《ᠳᠤᠮᠳᠠᠳᠤ ᠤᠯᠤᠰ ᠨᠡᠷᠡᠮᠵᠢᠲᠦ᠍》 ᠲᠤᠮᠤ ᠬᠥᠯᠭᠡ ᠣᠩᠭᠣᠴᠠ ᠯᠠᠪᠲᠠᠢ ᠳᠠᠪᠠᠯᠭᠠᠨ᠎ᠢ ᠵᠦᠰᠦᠨ ᠤᠷᠤᠭᠰᠢᠯᠠᠵᠤ᠂ ᠰᠠᠯᠬᠢ ᠪᠣᠷᠣᠭᠠᠨ᠎ᠳᠤ ᠰᠠᠭᠠᠳ ᠦᠭᠡᠢ ᠤᠷᠤᠭᠰᠢᠯᠠᠵᠤ ᠴᠢᠳᠠᠨ᠎ᠠ!

   ( ᠰᠢᠨᠬᠤᠸᠠ ᠬᠤᠷᠢᠶ᠎ᠠ ᠵᠢᠨ ᠪᠡᠭᠡᠵᠢᠩ ᠤ᠋ᠨ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号