ᠮᠡᠷᠭᠡᠵᠢᠯ᠎ᠦᠨ ᠲᠣᠨᠣᠬᠯᠠᠯ ᠤᠨ ᠠᠨᠭᠬᠠᠨ᠎ᠤ ᠢᠵᠢ ᠪᠠ ᠵᠠᠩᠭᠢᠯᠠᠭ᠎ᠠ᠎ᠶ᠋ᠢᠨ ᠰᠡᠯᠪᠢᠭ ᠲᠣᠨᠣᠭ᠎ᠢ ᠳᠡᠯᠭᠡᠷᠡᠭᠦᠯᠦᠨ ᠬᠡᠷᠡᠭ᠌ᠯᠡᠬᠦ᠌ ᠶ᠋ᠢ ᠵᠣᠷᠢᠭ᠍ᠵᠢᠭᠤᠯᠤᠨ ᠳᠡᠮᠵᠢᠵᠦ᠍ ᠂ ᠲᠣᠨᠣᠬᠯᠠᠯ ᠦᠶ᠋ᠯᠡᠳᠬᠦ᠌ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠬᠤ᠎ᠶ᠋ᠢᠨ ᠲᠦᠯᠦᠬᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ 2026 ᠣᠨ᠎ᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠲᠣᠨᠣᠬᠯᠠᠯ᠎ᠤᠨ ᠠᠩᠬᠠᠨ᠎ᠤ ᠢᠵᠢ ᠪᠠ ᠵᠠᠩᠭᠢᠯᠠᠭ᠎ᠠ᠎ᠶ᠋ᠢᠨ ᠰᠡᠯᠪᠢᠭ ᠲᠣᠨᠣᠭ᠎ᠤᠨ ᠲᠦᠷᠦᠬᠦᠦ ᠪᠦᠯᠦᠭ ᠤᠳᠠᠭ᠎ᠠ᠎ᠶᠢᠨ ᠦᠶ᠋ᠯᠡᠳᠬᠦᠨ᠎ᠢ ᠮᠡᠳᠡᠭᠦᠯᠦᠨ ᠵᠦᠪᠰᠢᠶᠠᠷᠡᠬᠦᠯᠬᠦ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ ᠪᠤᠢ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ᠎ᠦᠨ ᠲᠣᠨᠣᠭᠯᠠᠯ᠎ᠤᠨ ᠠᠨᠭᠬᠠᠨ᠎ᠤ ᠢᠵᠢ ᠵᠠᠩᠭᠢᠯᠠᠭ᠎ᠠ ᠶ᠋ᠢᠨ ᠰᠡᠯᠪᠢᠭ ᠲᠣᠨᠣᠭ ᠵᠢᠴᠢ ᠱᠢᠨ᠎ᠡ ᠮᠠᠲ᠋ᠧᠷᠢᠶᠠᠯ᠎ᠤᠨ ᠲᠦᠷᠦᠬᠦᠦ ᠪᠦᠯᠦᠭ ᠤᠳᠠᠭ᠎ᠠ ᠵᠢ ᠮᠠᠭᠠᠳᠯᠠᠨ ᠲᠣᠭ᠍ᠲᠠᠭᠠᠬᠤ ᠬᠠᠮᠢᠶᠠᠷᠤᠯᠲᠠ᠎ᠶ᠋ᠢᠨ ᠠᠷᠭ᠎ᠠ 》 ᠶᠣᠰᠣᠭᠠᠷ᠂ ᠮᠡᠷᠭᠡᠵᠢᠯ᠎ᠦᠨ ᠲᠣᠨᠣᠬᠯᠠᠯ᠎ᠤᠨ ᠠᠨᠭᠬᠠᠨ᠎ᠤ ᠢᠵᠢ ᠪᠣᠯ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠠᠩᠬ᠎ᠠ ᠤᠳᠠᠭ᠎ᠠ ᠰᠤᠳᠤᠯᠤᠨ ᠦᠶ᠋ᠯᠡᠳᠦᠭ᠌ᠰᠡᠨ ᠪᠥᠭᠡᠳ ᠲᠤᠷᠱᠢᠨ ᠬᠡᠷᠡᠭ᠌ᠯᠡᠬᠦ᠌᠎ᠪᠡᠷ ᠳᠠᠮᠵᠢᠭᠠᠳ ᠵᠢᠷᠤᠭ ᠲᠥᠯᠥᠪᠯᠡᠭᠡ᠎ᠶ᠋ᠢᠨ ᠱᠠᠭᠠᠷᠳᠠᠯᠭ᠎ᠠ᠎ᠳᠤ ᠭᠦᠷᠦᠭ᠌ᠰᠡᠨ ᠦᠶ᠋ᠯᠡᠳᠬᠦᠨ᠎ᠢ ᠵᠢᠭᠠᠵᠤ ᠪᠣᠶ᠂ ᠲᠡᠷᠡ᠎ᠨᠢ ᠦᠨᠳᠦᠰᠦᠨ ᠣᠭ ᠶᠣᠰᠣ᠂ ᠮᠡᠷᠭᠡᠵᠢᠯ᠎ᠦᠨ ᠱᠤᠭᠤᠮ᠂ ᠪᠦᠲᠦᠴᠡ᠎ᠶ᠋ᠢᠨ ᠵᠢᠷᠤᠭ ᠲᠥᠯᠥᠪᠯᠡᠭᠡ᠂ ᠦᠶ᠋ᠯᠡᠳᠬᠦ᠌ ᠤᠷᠠᠯᠠᠯ ᠵᠡᠷᠭᠡ ᠲᠠᠯ᠎ᠠ᠎ᠪᠠᠷ ᠱᠢᠨ᠎ᠡ᠎ᠶ᠋ᠢ ᠡᠭᠦᠳᠬᠦ᠌ ᠱᠢᠪᠲᠤᠯᠤᠯᠲᠠ᠎ᠲᠠᠶ ᠪᠣᠯᠵᠣ᠂ ᠦᠶ᠋ᠯᠡᠳᠬᠦᠨ᠎ᠦ ᠴᠢᠳᠠᠮᠵᠢ ᠪᠠ ᠴᠢᠳᠠᠮᠵᠢ᠎ᠶ᠋ᠢᠨ ᠭᠦᠶ᠋ᠴᠡᠳᠭᠡᠯ ᠲᠣᠭ᠎ᠠ᠎ᠶ᠋ᠢᠨ ᠲᠠᠯ᠎ᠠ᠎ᠪᠠᠷ ᠨᠡᠯᠢᠶᠡᠳ ᠶᠡᠬᠡ ᠳᠡᠭᠡᠭ᠌ᠰᠢᠯᠡᠯᠲᠡ᠎ᠲᠡᠶ ᠪᠣᠯᠵᠣ᠂ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠬᠦ᠌ ᠡᠷᠬᠡ᠎ᠲᠡᠶ ᠪᠣᠯᠤᠭᠰᠠᠨ ᠪᠤᠯᠪᠠᠴᠤ ᠢᠵᠢ ᠪᠦᠷᠢᠨ ᠲᠣᠨᠣᠬᠯᠠᠯ᠂ ᠲᠠᠩ ᠮᠠᠱᠢᠨ᠎ᠤ ᠲᠣᠨᠣᠬᠯᠠᠯ᠂ ᠵᠠᠩᠭᠢᠯᠠᠭ᠎ᠠ᠎ᠶ᠋ᠢᠨ ᠰᠡᠯᠪᠢᠭ ᠲᠣᠨᠣᠭ ᠵᠡᠷᠭᠡ᠎ᠶ᠋ᠢ ᠪᠠᠭ᠍ᠲᠠᠭᠠᠭ᠍ᠰᠠᠨ ᠢᠯᠡᠳᠲᠡ ᠵᠠᠬ᠎ᠠ ᠳᠡᠯᠭᠡᠭᠦᠷ᠎ᠦᠨ ᠠᠮᠵᠢᠯᠲᠠ ᠪᠦᠲᠦᠮᠵᠢ᠎ᠶ᠋ᠢ ᠬᠠᠷᠠᠬᠠᠨ ᠣᠯᠤᠭᠠᠳᠤᠶ ᠪᠠᠢᠨ᠎ᠠ᠃ ᠱᠢᠨ᠎ᠡ ᠮᠠᠲ᠋ᠧᠷᠢᠶᠠᠯ᠎ᠤᠨ ᠲᠦᠷᠦᠭᠦᠦ ᠪᠦᠯᠦᠭ ᠤᠳᠠᠭ᠎ᠠ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠠᠩᠬᠠᠨ᠎ᠤ ᠱᠢᠨ᠎ᠡ ᠡᠭᠦᠳᠦᠯᠲᠡ ᠪᠤᠶᠤ ᠢᠯᠡᠳᠲᠡ ᠮᠡᠷᠭᠡᠵᠢᠯ᠎ᠦᠨ ᠱᠢᠪᠲᠤᠯᠤᠯᠲᠠ᠎ᠶ᠋ᠢ ᠪᠡᠶᠡᠯᠡᠭᠦᠯᠵᠦ᠍᠂ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠪᠦᠲᠦᠭᠡᠭ᠌ᠳᠡᠬᠦᠨ ᠦ ᠥᠮᠴᠢᠯᠡᠬᠦ᠌ ᠡᠷᠬᠡ᠎ᠲᠡᠶ᠂ ᠵᠠᠬ᠎ᠠ ᠳᠡᠯᠭᠡᠭᠦᠷ ᠲᠸ᠋ ᠣᠷᠣᠬᠤ ᠡᠬᠢᠨ᠎ᠦ ᠬᠤᠭᠤᠴᠠᠭᠠᠨ ᠳᠤ ᠬᠡᠪᠴᠢᠶᠡᠵᠢᠭᠦᠯᠦᠨ ᠬᠡᠷᠡᠭ᠌ᠯᠡᠬᠦ᠌ ᠪᠠ ᠥᠷᠢᠰᠦᠯᠳᠦᠬᠦ᠌ ᠳᠠᠪᠠᠭᠤᠯᠢᠭ᠎ᠢ ᠪᠦᠷᠢᠯᠳᠦᠬᠦᠯᠦᠭᠡᠳᠦᠢ ᠱᠢᠨ᠎ᠡ ᠮᠠᠲ᠋ᠧᠷᠢᠶᠠᠯ᠎ᠤᠨ ᠦᠶ᠋ᠯᠡᠳᠬᠦᠨ᠎ᠢ ᠵᠢᠭᠠᠵᠤ ᠪᠣᠶ᠃
ᠲᠣᠰ ᠤᠳᠠᠭ᠎ᠠ ᠭᠤᠶᠤᠴᠢᠯᠠᠨ ᠮᠡᠳᠡᠭᠦᠯᠦᠭ᠌ᠰᠡᠨ ᠠᠩᠬᠠᠨ᠎ᠤ ᠢᠵᠢ ᠲᠥᠬᠥᠭᠡᠷᠦᠮᠵᠢ ᠪᠠ ᠠᠩᠬᠠᠨ᠎ᠤ ᠪᠦᠯᠦᠭ ᠵᠠᠩᠭᠢᠯᠠᠭ᠎ᠠ᠎ᠶ᠋ᠢᠨ ᠰᠡᠯᠪᠢᠭ ᠲᠣᠨᠣᠭ᠎ᠤᠨ ᠦᠶ᠋ᠯᠡᠳᠬᠦᠨ᠎ᠢ ᠮᠠᠭᠠᠳᠯᠠᠨ ᠲᠣᠭ᠍ᠲᠠᠭᠠᠬᠤ ᠬᠡᠪᠴᠢᠶ᠎ᠡ ᠨᠢ ᠳᠡᠭᠡᠳᠦ ᠲᠠᠰ᠎ᠤᠨ ᠠᠵᠤ ᠦᠶ᠋ᠯᠡᠳᠪᠦᠷᠢ᠎ᠶ᠋ᠢᠨ ᠡᠬᠡ ᠮᠠᠱᠢᠨ᠂ ᠡᠯᠧᠺᠲ᠋ᠷᠣᠨ ᠲᠤᠰᠭᠠᠶ ᠲᠥᠬᠥᠭᠡᠷᠦᠮᠵᠢ᠂ ᠴᠠᠬᠢᠯᠭᠠᠨ ᠬᠦᠴᠦᠨ᠎ᠦ ᠲᠣᠨᠣᠭ᠍ᠯᠠᠯ᠂ ᠲᠣᠮᠣ ᠬᠡᠯᠪᠡᠷᠢ᠎ᠶ᠋ᠢᠨ ᠠᠭᠤᠷᠬᠠᠶ ᠪᠠ ᠲᠡᠮᠦᠷᠯᠢᠭ ᠪᠣᠯᠪᠠᠰᠤᠷᠠᠭᠤᠯᠬᠤ ᠲᠣᠨᠣᠭ᠍ᠯᠠᠯ᠂ ᠴᠢᠯᠠᠭᠤᠨ ᠲᠣᠰᠣ ᠪᠠ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠲᠣᠮᠣ ᠬᠡᠯᠪᠡᠷᠢ᠎ᠶ᠋ᠢᠨ ᠲᠣᠨᠣᠭ᠍ᠯᠠᠯ᠂ ᠲᠡᠷᠢᠭᠦᠨ᠎ᠦ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ ᠲᠣᠨᠣᠭ᠍ᠯᠠᠯ᠂ ᠲᠡᠷᠢᠭᠦᠨ᠎ᠦ ᠵᠢᠮᠲᠦ ᠵᠠᠮ ᠬᠠᠷᠢᠯᠴᠠᠭᠠᠨ᠎ᠤ ᠲᠣᠨᠣᠭ᠍ᠯᠠᠯ᠂ ᠣᠩᠭᠣᠴᠠ ᠰᠠᠯ ᠬᠢᠭᠡᠳ ᠳᠠᠯᠠᠢ ᠲᠠᠩᠭᠢᠰ᠎ᠤᠨ ᠢᠨᠵᠧᠨᠧᠷᠢᠩ ᠤᠨ ᠲᠣᠨᠣᠭ᠍ᠯᠠᠯ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠲᠣᠨᠣᠭ᠍ᠯᠠᠯ ᠂ ᠪᠠᠷᠢᠯᠭ᠎ᠠ᠎ᠶ᠋ᠢᠨ ᠲᠤᠮᠤ ᠮᠧᠬᠠᠨᠢᠭ᠂ ᠱᠢᠨ᠎ᠡ ᠬᠡᠯᠪᠡᠷᠢ᠎ᠶ᠋ᠢᠨ ᠬᠥᠩᠭᠡᠨ ᠠᠵᠤ ᠦᠢᠯᠡᠳᠪᠦᠷᠢ ᠪᠠ ᠨᠡᠬᠡᠮᠡᠯ᠎ᠦᠨ ᠮᠠᠱᠢᠨ᠂ ᠡᠮᠴᠢᠯᠡᠭᠡᠨ᠎ᠦ ᠳᠡᠭᠡᠳᠦ ᠲᠡᠰ᠎ᠤᠨ ᠲᠣᠨᠣᠭ᠍ᠯᠠᠯ᠂ ᠨᠠᠷᠢᠯᠢᠭ ᠬᠡᠮᠵᠢᠭᠦᠷᠯᠢᠭ ᠴᠠᠭ᠍ᠯᠢᠭ᠂ ᠮᠡᠷᠭᠡᠵᠢᠯ ᠲᠣᠨᠣᠭ᠍ᠯᠠᠯ᠎ᠤᠨ ᠵᠠᠩᠭᠢᠯᠠᠭ᠎ᠠ᠎ᠶ᠋ᠢᠨ ᠢᠵᠢ ᠪᠦᠷᠢᠳᠦᠭᠦᠯᠬᠦ᠌ ᠵᠢᠴᠢ ᠰᠠᠭᠤᠷᠢ ᠲᠣᠨᠣᠭ ᠵᠢᠴᠢ ᠠᠵᠤ ᠦᠶ᠋ᠯᠡᠳᠪᠦᠷᠢ᠎ᠶ᠋ᠢᠨ ᠮᠠᠱᠢᠨ ᠬᠥᠮᠦᠨ ᠵᠡᠷᠭᠡ ᠤᠶᠤᠨᠲᠤ ᠲᠣᠨᠣᠭ᠍ᠯᠠᠯ ᠂ ᠲᠤᠮᠤ ᠬᠡᠯᠪᠡᠷᠢ᠎ᠶ᠋ᠢᠨ ᠥᠪᠴᠢ ᠲᠣᠨᠣᠭ᠍ᠯᠠᠯ ᠂ ᠲᠡᠷᠢᠭᠦᠨ᠎ᠦ ᠲᠠᠷᠢᠶᠠᠯᠠᠩ᠎ᠤᠨ ᠮᠠᠱᠢᠨ᠎ᠤ ᠲᠣᠨᠣᠭ᠍ᠯᠠᠯ᠂ ᠮᠠᠱᠢᠨ ᠲᠡᠷᠭᠡ ᠵᠢᠴᠢ ᠵᠠᠩᠭᠢᠯᠠᠭ᠎ᠠ᠎ᠶ᠋ᠢᠨ ᠱᠢᠰᠲ᠋ᠧᠮ᠎ᠦᠨ ᠤᠭ᠍ᠰᠠᠷᠠᠭ᠎ᠠ ᠲᠣᠨᠣᠭ ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ ᠵᠢ ᠬᠠᠮᠤᠷᠴᠦ ᠪᠤᠢ᠃