ᠥᠪᠦᠷ ᠮᠤᠩᠭᠤᠯ ᠮᠡᠳᠡᠭᠡ ᠵᠠᠩᠭᠢ ᠴᠢᠮᠡᠭᠡ ᠬᠣᠯᠪᠣᠭᠠᠨ᠎ᠤ ᠦᠶ᠋ᠯᠡᠰ᠎ᠦᠨ ᠠᠶᠤᠯᠬᠦᠢ ᠦᠶ᠋ᠯᠡᠳᠪᠦᠷᠢᠯᠡᠯ᠎ᠦᠨ ᠠᠵᠢᠯ᠎ᠤᠨ ᠲᠤᠬᠠᠶ ᠳᠠᠬᠢᠨ ᠪᠠᠢᠷᠢᠯᠠᠭᠤᠯᠤᠯᠲᠠ ᠬᠢᠵᠡᠢ
2026-06-23 10:23:43
ᠵᠣᠬᠢᠶᠠᠭ᠍ᠴᠢ᠄
​ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠢᠷ᠎ᠠ᠎ᠶᠢᠨ ᠡᠳᠦᠷ᠂ ᠥᠪᠥᠷ ᠮᠣᠩᠭᠣᠯ᠎ᠤᠨ ᠮᠡᠳᠡᠬᠡ ᠵᠠᠨᠭᠭᠢ ᠴᠢᠮᠡᠭᠡ ᠬᠣᠯᠪᠣᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠡᠴᠡ ᠦᠪᠦᠷ ᠮᠤᠡᠭᠭᠤᠯ᠎ᠤᠨ ᠮᠡᠳᠡᠭᠡ ᠵᠠᠩᠭᠢ ᠴᠢᠮᠡᠭᠡ ᠬᠣᠯᠪᠣᠭᠠᠨ᠎ᠤ ᠦᠶ᠋ᠯᠡᠰ᠎ᠦᠨ ᠠᠶᠤᠯᠭᠦᠢ ᠦᠶ᠋ᠯᠡᠳᠪᠦᠷᠢᠯᠡᠯ᠎ᠦᠨ ᠠᠵᠢᠯ᠎ᠢ ᠴᠠᠭ ᠲᠤᠬᠠᠶ᠎ᠳᠤᠨᠢ ᠳᠠᠬᠢᠨ ᠪᠠᠢᠷᠢᠯᠠᠭᠤᠯᠵᠠᠢ᠃

ᠬᠤᠷᠠᠯ᠎ᠡᠴᠡ᠂ ᠣᠳᠣᠬᠠᠨ᠎ᠤ ᠠᠵᠢᠯ ᠲᠥᠷᠥᠯ᠎ᠦᠨ ᠠᠶᠤᠯᠬᠦᠢ ᠦᠶ᠋ᠯᠡᠳᠪᠦᠷᠢᠯᠡᠯ᠎ᠦᠨ ᠪᠠᠢᠳᠠᠯ ᠪᠠ ᠡᠭᠦᠷᠭᠡ᠎ᠶ᠋ᠢ ᠵᠠᠳᠠᠯᠵᠤ᠂ ᠡᠯ᠎ᠠ ᠠᠵᠤ ᠠᠬᠤᠢᠯᠠᠯ᠎ᠤᠨ ᠬᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠶᠠᠮᠤᠨ ᠬᠢᠭᠡᠳ ᠦᠪᠡᠷᠳᠡᠭᠡᠨ ᠵᠠᠰᠠᠬᠤ ᠤᠷᠤᠨ᠎ᠤ ᠪᠠᠢᠷᠢᠯᠠᠭᠤᠯᠤᠯᠳᠡ ᠵᠢ ᠨᠠᠷᠢᠨ ᠨᠢᠮᠪᠠᠢ ᠲᠤᠭᠤᠰᠢᠯᠠᠭᠤᠯᠬᠤ ᠬᠡᠷᠡᠭᠳᠡᠢ ᠬᠡᠵᠦ ᠱᠠᠭᠠᠷᠳᠠᠵᠠᠢ᠃

ᠨᠢᠭᠡ᠎ᠳᠦ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠬᠡᠷᠡᠭ᠌ᠲᠡᠶ᠃  ᠠᠵᠤ ᠠᠬᠤᠢᠯᠠᠯ᠎ᠤᠨ ᠭᠣᠣᠯ ᠤᠳᠤᠷᠢᠳᠤᠯᠭ᠎ᠠ ᠲᠦᠷᠦᠭᠦᠯᠡᠨ ᠬᠢᠵᠦ᠍᠂ ᠪᠡᠶ᠎ᠡ᠎ᠪᠡᠷ᠎ᠢᠶᠡᠨ ᠠᠳᠭᠤᠵᠤ᠂ ᠪᠦᠲᠦᠮᠵᠢᠲᠡᠢ ᠠᠷᠭ᠎ᠠ ᠬᠡᠮᠵᠢᠢ᠎ᠡ ᠠᠪᠴᠤ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠬᠠᠷᠢᠭᠤᠴᠠᠯᠭ᠎ᠠ᠎ᠶ᠋ᠢ ᠦᠨᠳᠦᠰᠦᠨ ᠱᠠᠲᠤ ᠪᠠ ᠠᠵᠢᠯ᠎ᠤᠨ ᠪᠠᠢᠷᠢ᠎ᠳᠠᠭᠠᠨ ᠨᠠᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ᠎ᠦᠨ ᠡᠨᠳᠡᠯ ᠭᠠᠷᠬᠤ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠢ᠃ ᠬᠣᠶᠠᠷ᠎ᠲᠤ᠂ ᠭᠤᠤᠯᠳᠠᠯᠭ᠎ᠠ᠎ᠶ᠋ᠢ ᠳᠣᠪᠣᠢᠯᠭᠠᠨ ᠴᠡᠭ᠌ᠴᠡᠯᠡᠨ ᠵᠠᠰᠠᠬᠤ ᠬᠡᠷᠡᠭ᠌ᠲᠡᠶ᠃ ᠴᠢᠮᠡᠭᠡ ᠬᠣᠯᠪᠣᠭᠠᠨ᠎ᠤ ᠲᠤᠤᠷ ᠰᠦᠯᠵᠢᠶ᠎ᠠ᠎ᠶᠢᠨ ᠠᠵᠢᠯᠯᠠᠭᠠᠨ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠮᠤᠷ ᠲᠦᠪᠱᠢᠨ᠂ ᠴᠢᠮᠡᠭᠡ ᠬᠣᠯᠪᠣᠭᠠᠨ᠎ᠤ ᠪᠠᠢᠭᠤᠯᠤᠯᠲᠠ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠶᠤᠯ ᠲᠦᠭ᠌ᠰᠢᠭᠦᠷᠢ ᠵᠢᠨ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠦᠨᠳᠦᠰᠦ᠎ᠡᠴᠡ ᠨᠢ ᠵᠠᠰᠠᠬᠤ ᠲᠦᠪᠱᠢᠨ᠎ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠬᠦ᠌ ᠬᠡᠷᠡᠭ᠌ᠲᠡᠢ᠃  ᠭᠤᠷᠪᠠ᠎ᠳᠤ᠂ ᠮᠡᠳᠡᠭᠡ ᠵᠠᠩᠭᠢ ᠴᠢᠮᠡᠭᠡ ᠬᠣᠯᠪᠣᠭᠠᠨ᠎ᠤ ᠦᠶ᠋ᠯᠡᠰ᠎ᠦᠨ ᠠᠶᠤᠯᠭᠦᠢ ᠦᠶ᠋ᠯᠡᠳᠪᠦᠷᠢᠯᠡᠯ᠎ᠦᠨ ᠰᠠᠭᠤᠷᠢ᠎ᠶ᠋ᠢ ᠪᠡᠬᠢᠵᠢᠭᠦᠯᠬᠦ ᠬᠡᠷᠡᠭᠳᠡᠢ᠃ ᠠᠶᠤᠯᠬᠦᠢ ᠦᠢᠯᠡᠳᠪᠦᠷᠢᠯᠡᠯ᠎ᠦᠨ ᠬᠠᠤᠯᠢ ᠲᠣᠭ᠍ᠲᠠᠭᠠᠯ᠂ ᠲᠦᠭ᠌ᠰᠢᠭᠦᠷᠢ᠎ᠶ᠋ᠢ ᠢᠯᠭᠠᠨ ᠲᠠᠨᠢᠬᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠱᠢᠶ᠋ᠳᠪᠦᠷᠢᠲᠦ ᠪᠣᠳᠣᠯᠭ᠎ᠠ ᠵᠡᠷᠭᠡ ᠲᠤᠰᠭᠠᠶ ᠵᠦᠢᠯ᠎ᠦᠨ ᠪᠣᠯᠪᠠᠰᠤᠷᠠᠯ᠎ᠢ ᠪᠦᠬᠦ᠌ ᠲᠠᠯ᠎ᠠ᠎ᠪᠠᠷ ᠵᠣᠬᠢᠶᠠᠨ ᠪᠠᠢᠭᠤᠯᠤᠨ ᠥᠷᠨᠢᠭᠦᠯᠵᠦ᠍᠂ ᠠᠮᠤᠷ ᠲᠦᠪᠱᠢᠨ᠎ᠦ ᠦᠵᠡᠯ ᠤᠬᠠᠮᠰᠠᠷ ᠬᠢᠭᠡᠳ ᠲᠤᠰᠭᠠᠶ ᠮᠡᠷᠭᠡᠵᠢᠯ᠎ᠦᠨ ᠴᠢᠳᠠᠪᠤᠷᠢ᠎ᠶ᠋ᠢ ᠳᠡᠭᠡᠭᠰᠢᠯᠡᠭᠦᠯᠬᠦ ᠬᠡᠷᠡᠭ᠌ᠲᠡᠶ;ᠪᠦᠬᠦ᠌ ᠠᠵᠢᠯᠲᠠᠨ᠎ᠤ ᠠᠶᠤᠯᠬᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢᠨ ᠳᠦᠷᠢᠮ ᠪᠣᠯᠤᠨ ᠳᠦᠷᠢᠮ ᠲᠣᠭ᠍ᠲᠠᠭᠠᠯ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠠᠵᠢᠯᠲᠠᠨ᠂ ᠪᠡᠯᠡ ᠮᠥᠩᠭᠥ᠌᠂ ᠡᠬᠢ ᠪᠠᠶᠠᠯᠢᠭ ᠪᠣᠯᠤᠨ ᠮᠡᠷᠭᠡᠵᠢᠯ᠎ᠦᠨ ᠣᠷᠣᠭᠤᠯᠤᠯᠲᠠ᠎ᠶ᠋ᠢᠨ ᠪᠠᠲᠤᠯᠠᠭ᠎ᠠ᠎ᠶ᠋ᠢᠨ ᠡᠷᠴᠢᠮ᠎ᠢᠶᠡᠨ ᠨᠡᠮᠡᠭ᠌ᠳᠡᠭᠦᠯᠵᠦ᠍᠂ ᠠᠶᠤᠯᠭᠦᠢ ᠦᠢᠯᠡᠳᠪᠦᠷᠢᠯᠡᠯ᠎ᠦᠨ ᠨᠥᠬᠥᠴᠡᠯ᠎ᠢ ᠦᠨᠡᠨ ᠬᠦ᠌ ᠰᠠᠢᠵᠢᠷᠠᠭᠤᠯᠬᠤ ᠬᠡᠷᠡᠭ᠌ᠲᠡᠶ;ᠠᠮᠤᠷ ᠲᠦᠪᠱᠢᠨ᠎ᠦ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠡᠨᠳᠡᠯ᠎ᠦᠨ ᠬᠡᠷᠡᠭ᠎ᠦᠨ ᠵᠢᠱ᠌ᠢᠶ᠎ᠡ᠎ᠪᠡᠷ ᠰᠡᠷᠡᠮᠵᠢᠯᠡᠭᠦᠯᠬᠦ᠌ ᠬᠥᠮᠦᠵᠢᠯ᠎ᠢ ᠥᠷᠨᠢᠭᠦᠯᠵᠦ᠍᠂ ᠪᠣᠯᠪᠠᠰᠤᠷᠠᠯ ᠤᠬᠠᠭᠤᠯᠭ᠎ᠠ᠎ᠶ᠋ᠢᠨ ᠦᠷ᠎ᠡ ᠪᠦᠲᠦᠮᠵᠢ᠎ᠶ᠋ᠢ ᠥᠷᠭᠡᠳᠭᠡᠨ᠂ ᠬᠥᠮᠦᠨ ᠪᠦᠬᠦᠨ ᠠᠮᠤᠷ ᠲᠦᠪᠱᠢᠨ᠎ᠢ ᠮᠡᠳᠡᠬᠦ᠌᠂ ᠪᠠᠴᠢᠮ ᠪᠠᠢᠳᠠᠯ᠎ᠢ ᠠᠷᠭᠠᠴᠠᠭᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠪᠥᠬᠥ᠌ ᠣᠷᠣᠨ᠎ᠤ ᠮᠡᠳᠡᠭᠡ ᠵᠠᠩᠭᠢ ᠴᠢᠮᠡᠭᠡ ᠬᠣᠯᠪᠣᠭᠠᠨ᠎ᠤ ᠦᠶ᠋ᠯᠡᠰ᠎ᠦᠨ ᠠᠶᠤᠯᠭᠦᠢ ᠦᠶ᠋ᠯᠡᠳᠪᠦᠷᠢᠯᠡᠯ᠎ᠦᠨ ᠦᠵᠡᠯ ᠰᠠᠨᠠᠭᠠᠨ᠎ᠤ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠪᠡᠬᠢᠵᠢᠭᠦᠯᠬᠦ᠌ ᠬᠡᠷᠡᠭ᠌ᠲᠡᠶ ᠭᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号