ᠥᠪᠥᠷ ᠮᠣᠩᠭᠣᠯ ᠨᠠᠰᠤᠵᠢᠯ ᠤ᠋ᠨ ᠠᠰᠠᠷᠠᠮᠵᠢ ᠶ᠋ᠢᠨ ᠬᠦᠷᠢᠶᠡᠨ ᠤ᠋ ᠬᠤᠳᠠᠯ ᠬᠠᠭᠤᠷᠮᠠᠭ ᠤᠬᠠᠭᠤᠯᠭ᠎ᠠ ᠶ᠋ᠢᠨ ᠬᠠᠤᠯᠢ ᠡᠴᠡ ᠵᠥᠷᠢᠴᠡᠭ᠌ᠰᠡᠨ ᠰᠦᠪᠡᠭ᠌ᠴᠢ ᠵᠢ ᠴᠤᠬᠯᠠᠭᠤᠯᠵᠤ ᠪᠤᠢ
2026-06-23 10:12:42
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠨᠠᠰᠤᠵᠢᠯ ᠤ᠋ᠨ ᠠᠰᠠᠷᠠᠮᠵᠢ ᠶ᠋ᠢᠨ ᠬᠦᠷᠢᠶᠡᠨ ᠤ᠋ ᠬᠤᠳᠠᠯ ᠬᠠᠭᠤᠷᠮᠠᠭ ᠤᠬᠠᠭᠤᠯᠭ᠎ᠠ᠂ ᠬᠡᠷᠡᠭ᠌ᠯᠡᠭᠡ ᠵᠢ ᠤᠳᠤᠷᠢᠳᠬᠤ ᠵᠡᠷᠭᠡ ᠦᠵᠡᠭ᠌ᠳᠡᠯ ᠢ᠋ ᠦᠷᠭᠦᠯᠵᠢᠯᠡᠨ ᠴᠡᠭ᠌ᠴᠡᠯᠡᠨ ᠵᠠᠰᠠᠵᠤ᠂ ᠨᠠᠰᠤᠲᠠᠢᠴᠤᠳ ᠤ᠋ᠨ ᠬᠠᠤᠯᠢ ᠶᠣᠰᠣᠨ ᠤ᠋ ᠡᠷᠬᠡ ᠠᠱᠢᠭ ᠪᠠ ᠡᠳ᠋ ᠬᠥᠷᠥᠩᠭᠡ ᠶ᠋ᠢᠨ ᠠᠮᠤᠷ ᠲᠦᠪᠱᠢᠨ ᠢ᠋ ᠦᠨᠡᠨ ᠬᠦ᠌ ᠬᠠᠮᠠᠭᠠᠯᠠᠬᠤ ᠶ᠋ᠢᠨ ᠲᠥᠯᠥᠭᠡ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠶ᠋ᠢᠨ ᠬᠢᠨ ᠣᠢᠷ᠎ᠠ ᠳ᠋ᠤ ᠠᠯᠪᠠᠨ ᠵᠠᠷᠯᠠᠯ ᠨᠡᠢᠲᠡᠯᠡᠵᠦ᠍᠂ ᠨᠡᠢᠭᠡᠮ ᠨᠡᠢᠲᠡ ᠡᠴᠡ ᠨᠠᠰᠤᠵᠢᠯ ᠤ᠋ᠨ ᠠᠰᠠᠷᠠᠮᠵᠢ ᠶ᠋ᠢᠨ ᠬᠦᠷᠢᠶᠡᠨ ᠤ᠋ ᠡᠯ᠎ᠡ ᠲᠥᠷᠥᠯ ᠤ᠋ᠨ ᠬᠠᠤᠯᠢ ᠡᠴᠡ ᠵᠥᠷᠢᠴᠡᠭ᠌ᠰᠡᠨ ᠰᠦᠪᠡᠭ᠌ᠴᠢ ᠵᠢ ᠣᠷᠳᠣ ᠬᠤᠭᠤᠴᠠᠭ᠎ᠠ ᠪᠡᠷ  ᠢᠯᠡ ᠪᠡᠷ  ᠴᠤᠬᠯᠠᠭᠤᠯᠵᠤ ᠪᠠᠢᠨ᠎ᠠ᠃

ᠲᠣᠰ ᠤᠳᠠᠭᠠᠨ ᠤ᠋ ᠰᠦᠪᠡᠭ᠌ᠴᠢ ᠴᠤᠭ᠍ᠯᠠᠭᠤᠯᠬᠤ ᠳ᠋ᠤ ᠣᠯᠠᠨ ᠲᠦᠮᠡᠨ ᠤ᠋ ᠲᠤᠰᠭᠠᠯ ᠲᠥᠪᠯᠡᠷᠡᠩᠭᠦᠶ᠂ ᠨᠠᠰᠤᠵᠢᠯ ᠤ᠋ᠨ ᠠᠰᠠᠷᠠᠮᠵᠢ ᠶ᠋ᠢᠨ ᠦᠶ᠋ᠯᠡᠴᠢᠯᠡᠭᠡ᠂ ᠡᠷᠡᠭᠦᠯᠵᠢᠯ ᠤ᠋ᠨ ᠢᠳᠡᠭᠡᠨ᠂ ᠡᠩ ᠤ᠋ᠨ ᠢᠳᠡᠭᠡᠨ᠂  ᠹᠢᠽᠢᠺ ᠵᠠᠰᠠᠯ ᠤ᠋ᠨ ᠦᠶ᠋ᠯᠡᠳᠬᠦᠨ ᠵᠡᠷᠭᠡ ᠳᠥᠷᠪᠡᠨ ᠶᠡᠬᠡ ᠭᠤᠤᠯᠳᠠᠯᠭ᠎ᠠ ᠲᠠᠢ ᠬᠦᠷᠢᠶᠡᠨ ᠳ᠋ᠤ ᠠᠩᠬᠠᠷᠤᠯ ᠢ᠋ᠶ᠋ᠡᠨ ᠲᠥᠪᠯᠡᠷᠡᠭᠦᠯᠪᠡ᠃ ᠡᠭᠦᠨ ᠳ᠋ᠤ ᠦᠶ᠋ᠯᠡᠴᠢᠯᠡᠭᠡᠨ ᠤ᠋ ᠲᠦᠬᠦᠭᠡᠷᠦᠮᠵᠢ ᠵᠢ ᠬᠡᠳᠦ ᠲᠠᠪᠠᠭᠤᠯᠤᠨ ᠤᠬᠠᠭᠤᠯᠬᠤ᠂ ᠬᠢᠷᠢ ᠬᠡᠮ ᠤ᠋ᠨ ᠵᠡᠷᠭᠡ ᠳᠡᠰ ᠢ᠋ ᠬᠠᠭᠤᠷᠮᠠᠭ᠍ᠯᠠᠨ ᠬᠡᠷᠡᠭ᠌ᠯᠡᠬᠦ᠌᠂ ᠡᠮᠴᠢᠯᠡᠭᠡ ᠨᠠᠰᠤᠵᠢᠯ ᠢ᠋ ᠤᠶᠠᠯᠳᠤᠭᠤᠯᠬᠤ ᠵᠢ ᠬᠠᠭᠤᠷᠮᠠᠬᠯᠠᠨ ᠤᠬᠠᠭᠤᠯᠬᠤ ᠵᠡᠷᠭᠡ ᠠᠵᠢᠯᠯᠠᠭ᠎ᠠ; ᠡᠷᠡᠭᠦᠯ ᠮᠠᠨᠳᠤ ᠶ᠋ᠢᠨ ᠲᠠᠢᠯᠤᠮᠵᠢ ᠬᠢᠬᠦ᠌᠂ ᠰᠦᠶ᠋ᠳᠭᠡᠯ ᠬᠤᠷᠢᠶᠠᠬᠤ ᠥᠬᠡᠶ ᠪᠡᠷ ᠠᠯᠪᠠᠨ ᠵᠢᠷᠤᠮ ᠤ᠋ᠨ ᠡᠮᠴᠢᠯᠡᠭᠡ ᠬᠢᠬᠦ᠂ ᠡᠷᠡᠭᠦᠯᠵᠢᠯ ᠤ᠋ᠨ ᠬᠡᠷᠡᠭ ᠤ᠋ᠨ ᠵᠢᠱ᠌ᠢᠶ᠎ᠡ ᠵᠢ ᠬᠤᠳᠠᠯ ᠢ᠋ᠶ᠋ᠡᠷ ᠵᠣᠬᠢᠶᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠡᠷᠡᠭᠦᠯᠵᠢᠯ ᠤ᠋ᠨ ᠢᠳᠡᠭᠡᠨ ᠨᠢ ᠡᠪᠡᠳᠴᠢᠨ ᠢ᠋ ᠵᠠᠰᠠᠵᠤ ᠡᠪᠡᠳᠴᠢᠨ ᠢ᠋ ᠰᠡᠷᠭᠡᠢᠯᠡᠬᠦ᠌᠂ ᠡᠮ ᠢ᠋ ᠣᠷᠣᠯᠠᠭᠤᠯᠬᠤ ᠦᠢᠯᠡᠳᠦᠯ ᠲᠠᠢ ᠭᠡᠵᠦ ᠬᠤᠳᠠᠯ ᠬᠠᠭᠤᠷᠮᠠᠭ ᠢ᠋ᠶ᠋ᠡᠷ ᠤᠬᠠᠭᠤᠯᠬᠤ ᠠᠵᠢᠯᠯᠠᠭ᠎ᠠ; ᠤᠳᠠᠭᠠᠨ ᠴᠢᠨᠠᠷᠲᠠᠶ ᠡᠪᠡᠳᠴᠢᠨ ᠢ᠋ ᠰᠤᠪᠢᠯᠠᠬᠤ᠂ ᠡᠷᠡᠭᠦᠯᠵᠢᠯ ᠤ᠋ᠨ ᠡᠮᠴᠢᠯᠡᠭᠡ ᠬᠢᠬᠦ᠌ ᠵᠡᠷᠭᠡ ᠦᠢᠯᠡᠳᠦᠯ ᠴᠢᠳᠠᠮᠵᠢ ᠵᠢ ᠬᠤᠳᠠᠯ ᠢ᠋ᠶ᠋ᠡᠷ ᠵᠣᠬᠢᠶᠠᠵᠤ᠂ ᠨᠠᠰᠤᠲᠠᠶ ᠬᠡᠷᠡᠭ᠌ᠯᠡᠭ᠌ᠴᠢᠳ ᠢ᠋ ᠪᠤᠷᠤᠭᠤ ᠪᠡᠷ ᠵᠢᠯᠣᠭᠣᠳᠭᠤ ᠠᠵᠢᠯᠯᠠᠭ᠎ᠠ; ᠦᠨ᠎ᠡ ᠲᠥᠯᠥᠪᠦᠷᠢ ᠥᠬᠡᠶ ᠪᠡᠷ ᠪᠡᠶᠡᠴᠢᠯᠡᠨ ᠣᠢᠯᠠᠭᠠᠬᠤ᠂ ᠬᠡᠷ ᠲᠤᠨᠢ ᠬᠦᠷᠴᠦ᠍ ᠪᠣᠷᠣᠯᠠᠭᠤᠯᠬᠤ᠂ ᠱᠢᠭᠤᠳ ᠨᠡᠪᠲᠡᠷᠡᠭᠦᠯᠭᠡ ᠪᠡᠷ ᠪᠠᠷᠠᠭ᠎ᠠ ᠪᠤᠷᠤᠯᠠᠭᠤᠯᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠡᠩ ᠤ᠋ᠨ ᠦᠶ᠋ᠯᠡᠳᠬᠦᠨ᠂ ᠡᠮᠴᠢᠯᠡᠭᠡᠨ ᠤ᠋ ᠪᠤᠰᠤ ᠪᠠᠭᠠᠵᠢ ᠬᠡᠷᠡᠭ᠌ᠰᠡᠯ ᠢ᠋ ᠡᠪᠡᠳᠴᠢᠨ ᠵᠠᠰᠠᠵᠤ ᠡᠪᠡᠳᠴᠢᠨ ᠰᠡᠷᠭᠡᠢᠯᠡᠬᠦ᠌ ᠴᠢᠳᠠᠮᠵᠢ ᠲᠠᠢ ᠭᠡᠵᠦ᠍ ᠬᠤᠳᠠᠯ ᠬᠠᠭᠤᠷᠮᠠᠭ ᠢ᠋ᠶ᠋ᠡᠷ ᠤᠬᠠᠭᠤᠯᠵᠤ᠂ ᠨᠠᠰᠤᠲᠠᠢᠴᠤᠳ ᠤ᠋ᠨ ᠬᠡᠷᠡᠭ᠌ᠯᠡᠭᠡ ᠵᠢ ᠤᠳᠤᠷᠢᠳᠬᠤ ᠠᠵᠢᠯᠯᠠᠭ᠎ᠠ ᠵᠡᠷᠭᠡ ᠵᠢ ᠪᠠᠬᠲᠠᠭᠠᠪᠠ᠃

ᠣᠯᠠᠨ ᠲᠦᠮᠡᠨ ᠤ᠋ ᠢᠯᠡᠴᠢᠯᠡᠨ ᠮᠡᠳᠡᠭᠦᠯᠬᠦ᠌ ᠳ᠋ᠤ ᠲᠥᠬᠥᠮ ᠦᠵᠡᠭᠦᠯᠬᠦ᠌ ᠶ᠋ᠢᠨ ᠲᠥᠯᠥᠭᠡ᠂ ᠥᠪᠥᠷ ᠮᠣᠩᠭᠣᠯ ᠢᠯᠡᠴᠢᠯᠡᠨ ᠮᠡᠳᠡᠭᠦᠯᠬᠦ᠌ ᠣᠯᠠᠨ ᠠᠷᠭ᠎ᠠ ᠵᠠᠮ ᠢ᠋ ᠨᠡᠪᠲᠡᠷᠡᠭᠦᠯᠪᠡ᠃ ᠬᠣᠲᠠ ᠶ᠋ᠢᠨ ᠠᠷᠠᠳ 12315 ᠵᠠᠭᠠᠯᠳᠤᠬᠤ ᠢᠯᠡᠴᠢᠯᠡᠨ ᠮᠡᠳᠡᠭᠦᠯᠬᠦ᠌ ᠤᠲᠠᠰᠤ ᠪᠡᠷ ᠤᠲᠠᠰᠤᠳᠠᠬᠤ ᠪᠤᠶᠤ 12315 ᠠᠯᠪᠠᠨ ᠰᠦᠯᠵᠢᠶ᠎ᠡ᠂ ᠵᠢᠷᠭᠢᠶ᠎ᠡ ᠂ ᡁᠢ ᠹᠦ ᠪᠤᠤ  ᠪᠢᠴᠢᠯ ᠫᠷᠤᠭ᠌ᠷᠠᠮ ᠢ᠋ᠶ᠋ᠡᠷ ᠳᠠᠮᠵᠢᠭᠤᠯᠤᠨ ᠰᠦᠯᠵᠢᠶᠡᠨ ᠳᠡᠭᠡᠷ᠎ᠡ ᠰᠦᠪᠡᠭ᠌ᠴᠢ ᠵᠢᠴᠢ ᠭᠡᠷᠡᠴᠢ ᠪᠠᠨ ᠲᠤᠱᠢᠶᠠᠵᠤ ᠪᠣᠯᠤᠨ᠎ᠠ; ᠪᠠᠰᠠ ᠬᠣᠯᠪᠣᠭ᠍ᠳᠠᠯ ᠪᠦᠬᠦᠢ ᠮᠠᠲ᠋ᠧᠷᠢᠶᠠᠯ ᠢ᠋ ᠲᠣᠭ᠍ᠲᠠᠭ᠍ᠰᠠᠨ ᠢᠮᠧᠯ ᠳ᠋ᠤ ᠶᠠᠪᠤᠭᠤᠯᠬᠤ ᠪᠤᠶᠤ ᠬᠠᠷᠢᠶ᠎ᠠ ᠭᠠᠵᠠᠷ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ  ᠲᠦ᠍  ᠬᠦᠷᠴᠦ ᠢᠯᠡᠴᠢᠯᠡᠨ ᠮᠡᠳᠡᠭᠦᠯᠵᠦ᠍ ᠪᠣᠯᠤᠨ᠎ᠠ᠃

ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠡᠴᠡ ᠢᠯᠡᠴᠢᠯᠡᠨ ᠮᠡᠳᠡᠭᠦᠯᠦᠭ᠌ᠰᠡᠨ ᠰᠦᠪᠡᠭ᠌ᠴᠢ ᠳ᠋ᠤ ᠬᠡᠷᠡᠭ ᠶᠠᠪᠤᠳᠠᠯ ᠳ᠋ᠤ ᠬᠣᠯᠪᠣᠭ᠍ᠳᠠᠭ᠍ᠰᠠᠨ ᠭᠤᠤᠯ ᠴᠣᠭ᠍ᠴᠠ ᠶ᠋ᠢᠨ ᠨᠡᠷᠡᠢᠳᠦᠯ᠂ ᠬᠠᠶᠢᠭ᠂ ᠰᠦᠯᠵᠢᠶᠡᠨ ᠤ᠋ ᠲᠠᠩᠰᠠᠨ ᠨᠣᠮᠧᠷ ᠵᠢᠴᠢ ᠪᠣᠳᠠᠲᠠᠶ ᠠᠰᠠᠭᠤᠳᠠᠯ ᠢ᠋ ᠲᠣᠳᠣᠷᠬᠠᠢᠯᠠᠬᠤ ᠴᠢᠬᠤᠯᠠᠲᠠᠶ᠃ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠦᠨᠡᠨ ᠨᠡᠷ᠎ᠡ ᠪᠡᠷ ᠢ᠋ᠶ᠋ᠡᠨ ᠢᠯᠡᠴᠢᠯᠡᠨ ᠮᠡᠳᠡᠭᠦᠯᠦᠭ᠌ᠰᠡᠳ ᠤ᠋ᠨ ᠮᠡᠳᠡᠭᠡ ᠵᠠᠩᠭᠢ ᠵᠢ ᠴᠢᠩᠭ᠎ᠠ ᠬᠠᠮᠠᠭᠠᠯᠠᠵᠤ᠂ ᠪᠠᠢᠴᠠᠭᠠᠨ ᠳᠣᠲᠣᠯᠠᠭ᠍ᠰᠠᠨ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠠᠵᠢᠯᠯᠠᠭ᠎ᠠ ᠵᠢ ᠬᠠᠤᠯᠢ ᠶᠣᠰᠣᠭᠠᠷ ᠴᠢᠩᠭ᠎ᠠ ᠪᠠᠢᠴᠠᠭᠠᠨ ᠱᠢᠶ᠋ᠳᠪᠦᠷᠢᠯᠡᠨ᠎ᠡ᠃  ᠡᠭᠦᠨ ᠤ᠋ ᠬᠠᠮᠲᠤ ᠮᠠᠭᠤ ᠰᠠᠨᠠᠭ᠎ᠠ ᠲᠠᠢ ᠪᠡᠷ ᠢᠯᠡᠴᠢᠯᠡᠨ ᠮᠡᠳᠡᠭᠦᠯᠬᠦ᠌᠂ ᠭᠦᠳᠭᠡᠨ ᠵᠠᠭᠠᠯᠳᠤᠵᠤ ᠬᠤᠤᠷᠯᠠᠬᠤ ᠵᠢ ᠴᠢᠩᠭ᠎ᠠ ᠴᠠᠭᠠᠵᠠᠯᠠᠵᠤ᠂ ᠵᠥᠷᠢᠴᠡᠭ᠌ᠰᠡᠳ ᠵᠣᠬᠢᠬᠤ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠡᠭᠦᠷᠭᠡᠯᠡᠨ᠎ᠡ ᠭᠡᠵᠦ ᠰᠠᠨᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号