2026 ᠤᠨ᠎ᠤ ᠬᠦᠬᠡᠬᠤᠲᠠ ᠵᠢᠨ ᠡᠷᠲᠡᠨ ᠤ᠋ ᠮᠣᠳᠣ ᠨᠠᠷᠠᠲᠤ ᠮᠣᠳᠣ ᠶ᠋ᠢ ᠨᠡᠢᠳᠡᠮ ᠪᠠᠢᠴᠠᠭᠠᠵᠤ ᠬᠠᠮᠠᠭᠠᠯᠠᠬᠤ ᠠᠵᠢᠯ ᠪᠥᠬᠥ᠌ ᠲᠠᠯ᠎ᠠ ᠪᠡᠷ ᠡᠬᠢᠯᠡᠵᠡᠢ
2026-06-23 16:31:40
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

 ᠬᠥᠬᠡᠬᠣᠲᠠ 4 ᠰᠠᠷ᠎ᠠ ᠡᠴᠡ ᠡᠬᠢᠯᠡᠵᠤ 2026 ᠤᠨ ᠤ᠋ ᠡᠷᠲᠡᠨ ᠤ᠋ ᠮᠣᠳᠣ ᠨᠠᠷᠠᠲᠤ ᠮᠣᠳᠣᠨ ᠎ᠤ ᠡᠬᠢ ᠪᠠᠶᠠᠯᠢᠭ ᠢ᠋ ᠨᠡᠢᠳᠡᠮ ᠪᠠᠢᠴᠠᠭᠠᠬᠤ ᠂ ᠬᠠᠮᠠᠭᠠᠯᠠᠬᠤ ᠪᠠ ᠢᠳᠡᠷᠵᠢᠬᠦᠯᠬᠦ ᠠᠵᠢᠯ ᠢ᠋ ᠵᠢᠩᠬᠢᠨᠢ ᠪᠡᠷ ᠡᠬᠢᠯᠡᠭᠦᠯᠤᠨ᠂ ᠡᠷᠲᠡᠨ ᠤ᠋ ᠮᠣᠳᠣ ᠨᠠᠷᠠᠲᠤ ᠮᠣᠳᠣ ᠶ᠋ᠢ ᠬᠠᠮᠠᠭᠠᠯᠠᠬᠤ ᠠᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠬᠤ ᠶ᠋ᠢ  ᠠᠬᠢᠭᠤᠯᠵᠦ ᠪᠤᠢ᠃

ᠲᠤᠰ ᠤᠳᠠᠭᠠᠨ᠎ᠤ ᠡᠷᠲᠡᠨ ᠤ᠋ ᠮᠣᠳᠣ ᠨᠡᠷᠡᠲᠦ ᠮᠣᠳᠣ ᠶ᠋ᠢ ᠨᠡᠢᠳᠡᠮ ᠪᠠᠢᠴᠠᠭᠠᠬᠤ ᠳ᠋ᠤ《ᠡᠷᠲᠡᠨ ᠤ᠋ ᠮᠣᠳᠣ ᠨᠡᠷᠡᠲᠦ ᠮᠣᠳᠣ ᠶ᠋ᠢ ᠨᠡᠢᠳᠡᠮ ᠪᠠᠢᠴᠠᠭᠠᠬᠤ ᠪᠠ ᠬᠢᠨᠠᠨ ᠲᠣᠭ᠍ᠲᠠᠭᠠᠬᠤ ᠮᠡᠷᠭᠡᠵᠢᠯ ᠤ᠋ᠨ ᠵᠢᠷᠤᠮᠵᠢᠯ 》 ᠢ᠋ ᠴᠢᠩᠭ᠎ᠠ ᠵᠢᠷᠤᠮᠯᠠᠨ᠂ ᠮᠡᠷᠭᠡᠵᠢᠯ ᠤ᠋ᠨ ᠠᠵᠢᠯᠲᠠᠨ ᠢ᠋ ᠵᠣᠬᠢᠶᠠᠨ ᠪᠠᠢᠭᠤᠯᠤᠨ ᠱᠢᠶᠠᠩ ᠪᠠᠯᠭᠠᠰᠤ ᠲᠣᠰᠭᠣᠨ᠂ ᠦᠵᠡᠮᠵᠢ ᠶ᠋ᠢᠨ ᠣᠷᠣᠨ ᠱᠢᠭᠤᠢᠲᠤ ᠣᠷᠣᠨ ᠳ᠋ᠤ ᠭᠦᠨᠵᠡᠭᠡᠢᠷᠡᠭᠦᠯᠵᠦ᠂ ᠪᠦᠬᠦᠨ ᠢ᠋ ᠬᠠᠮᠤᠷᠬᠤ᠂ ᠣᠷᠬᠢᠭ᠍ᠳᠠᠭᠤᠯᠤᠯ ᠦᠭᠡᠶ ᠵᠢᠭ᠍ᠰᠠᠭᠠᠨ ᠪᠠᠢᠴᠠᠭᠠᠬᠤ ᠶ᠋ᠢ ᠵᠤᠷᠢᠪᠠ᠃ ᠵᠢᠭ᠍ᠰᠠᠭᠠᠨ ᠪᠠᠢᠴᠠᠭᠠᠬᠤ ᠶᠠᠪᠤᠴᠠ ᠳ᠋ᠤ᠂ ᠠᠵᠢᠯᠲᠠᠳ ᠮᠣᠳᠣᠨ᠎ᠤ ᠲᠥᠷᠥᠯ᠂ ᠮᠣᠳᠣᠨ᠎ᠤ ᠨᠠᠰᠤ ᠵᠢᠯ᠂ ᠤᠷᠭᠤᠯᠲᠠ ᠶ᠋ᠢᠨ ᠪᠠᠢᠳᠠᠯ᠂ ᠤᠷᠭᠤᠴᠠ ᠶ᠋ᠢᠨ ᠨᠥᠬᠥᠴᠡᠯ ᠵᠢᠴᠢ ᠬᠠᠮᠠᠭᠠᠯᠠᠯᠲᠠ ᠶ᠋ᠢᠨ ᠣᠳᠣᠬᠢ ᠪᠠᠢᠳᠠᠯ ᠢ᠋ ᠨᠠᠷᠢᠨ ᠲᠣᠳᠣᠷᠬᠠᠶ ᠲᠡᠮᠳᠡᠭ᠌ᠯᠡᠵᠦ᠍᠂ ᠪᠥᠬᠥ᠌ ᠬᠠᠷᠠᠭᠠᠰᠤ᠂ ᠣᠢᠷ᠎ᠠ ᠵᠠᠢ ᠵᠢᠨ ᠳᠦᠷᠰᠦ ᠱᠢᠩᠭᠡᠭᠡᠯᠲᠡ ᠶ᠋ᠢᠨ ᠮᠠᠲ᠋ᠧᠷᠢᠶᠠᠯ ᠢ᠋ ᠵᠡᠷᠭᠡ ᠪᠡᠷ ᠰᠡᠭᠦᠳᠡᠷᠯᠡᠵᠦ᠍᠂ ᠤᠶᠤᠨᠲᠤ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠮᠣ ᠳ᠋ᠠᠢᠲ᠋ᠠ ᠶ᠋ᠢᠨ ᠲᠠᠪᠴᠠᠩ ᠳ᠋ᠤ ᠲᠦᠱᠢᠭ᠌ᠯᠡᠨ᠂ 《ᠨᠢᠭᠡ ᠮᠣᠳᠣ ᠳ᠋ᠤ ᠨᠢᠭᠡ ᠲᠠᠩᠰᠠ ᠡᠪᠬᠡᠮᠡᠯ》ᠤ᠋ᠨ ᠲᠣᠭᠠᠴᠢᠯᠠᠭ᠍ᠰᠠᠨ ᠬᠠᠮᠢᠶᠠᠷᠤᠯᠲᠠ ᠶ᠋ᠢᠨ ᠲᠠᠩᠰᠠ ᠡᠪᠬᠡᠮᠡᠯ ᠢ᠋ ᠪᠠᠢᠭᠤᠯᠪᠠ᠃ ᠣᠳᠣᠬᠠᠨ ᠪᠣᠯᠲᠠᠯ᠎ᠠ᠂ ᠪᠥᠬᠥ᠌ ᠬᠣᠲᠠ ᠶ᠋ᠢᠨ 166 ᠰᠠᠭᠤᠷᠢ   ᠲᠠᠷᠠᠬᠠᠶ  ᠪᠤᠲᠠᠷᠬᠠᠶ ᠡᠷᠲᠡᠨ ᠤ᠋ ᠮᠣᠳᠣ᠂ 10 ᠪᠠᠯᠠᠷ ᠤᠢ ᠵᠢᠨ ᠦᠨᠳᠦᠰᠦᠨ ᠮᠡᠳᠡᠭᠡ ᠵᠠᠩᠭᠢ ᠶ᠋ᠢ ᠪᠥᠬᠥ᠌  ᠲᠠᠯ᠎ᠠ ᠪᠡᠷ ᠲᠣᠳᠣᠷᠬᠠᠶ ᠣᠢᠯᠠᠭᠠᠪᠠ᠃ ᠬᠦᠬᠡᠬᠤᠲᠠ ᠳ᠋ᠤ ᠨᠢᠭᠡᠳᠦᠭᠡᠷ ᠳᠡᠰ᠎ᠤᠨ ᠡᠷᠲᠡᠨ ᠤ᠋  ᠮᠣᠳᠣ 18 ᠰᠠᠭᠤᠷᠢ᠂ ᠬᠣᠶᠠᠳᠤᠭᠠᠷ   ᠳᠡᠰ  ᠎ᠤᠨ  ᠡᠷᠲᠡᠨ   ᠤ᠋   ᠮᠣᠳᠣ 41 ᠰᠠᠭᠤᠷᠢ᠂ ᠭᠤᠷᠪᠠᠳᠤᠭᠠᠷ ᠳᠡᠰ ᠎ᠤᠨ ᠡᠷᠲᠡᠨ ᠤ᠋ ᠮᠣᠳᠣ 107 ᠰᠠᠭᠤᠷᠢ ᠪᠠᠢᠵᠤ᠂ ᠤᠯᠢᠶᠠᠰᠤ᠂ ᠬᠠᠢᠯᠠᠰᠤ᠂ ᠨᠠᠷᠠᠰᠤ᠂ ᠮᠠᠢᠯᠠᠰᠤ᠂  ᠭᠦᠢᠯᠡᠰᠦᠨ ᠮᠣᠳᠣ ᠪᠡᠷ ᠭᠤᠤᠯᠯᠠᠨ᠎ᠠ᠃ ᠡᠷᠲᠡᠨ ᠤ᠋ ᠮᠣᠳᠣ  ᠨᠠᠷᠠᠲᠤ  ᠮᠣᠳᠣ ᠶ᠋ᠢ  ᠨᠡᠢᠳᠡᠮ ᠪᠠᠢᠴᠠᠭᠠᠭ᠍ᠰᠠᠨ ᠦᠨᠳᠦᠰᠦᠨ ᠮᠡᠳᠡᠭᠡ ᠵᠠᠩᠭᠢ ᠨᠢ ᠬᠣᠢᠱᠢᠳᠠ ᠶ᠋ᠢᠨ ᠱᠢᠨᠵᠢᠯᠡᠬᠦ᠌  ᠤᠬᠠᠭᠠᠨᠴᠢ ᠪᠡᠷ ᠬᠠᠮᠠᠭᠠᠯᠠᠬᠤ ᠪᠠ ᠢᠳᠡᠷᠵᠢᠬᠦᠯᠬᠦ ᠠᠵᠢᠯ ᠢ᠋ ᠥᠷᠨᠢᠭᠦᠯᠬᠦ᠌᠎ᠳᠦ  ᠨᠠᠷᠢᠨ ᠪᠣᠳᠠᠲᠠᠶ ᠲᠣᠭ᠎ᠠ ᠪᠠᠷᠢᠮᠲᠠ ᠶ᠋ᠢᠨ ᠲᠤᠯᠭᠠᠭᠤᠷᠢᠯᠠᠯ ᠬᠠᠩᠭᠠᠬᠤ ᠪᠤᠯᠤᠨ᠎ᠠ᠃

ᠨᠡᠢᠳᠡᠮ ᠪᠠᠢᠴᠠᠭᠠᠯᠲᠠ ᠶ᠋ᠢᠨ ᠠᠵᠢᠯ ᠢ᠋ ᠠᠬᠢᠭᠤᠯᠬᠤ ᠵᠢᠨ ᠲᠠᠰᠢᠷᠠᠮ ᠵᠢᠡᠷ᠂ ᠡᠷᠲᠡᠨ ᠤ᠋ ᠮᠣᠳᠣ ᠨᠠᠷᠠᠲᠤ ᠮᠣᠳᠣ ᠶ᠋ᠢ ᠬᠠᠮᠠᠭᠠᠯᠠᠬᠤ ᠪᠠ ᠢᠳᠡᠷᠵᠢᠬᠦᠯᠬᠦ ᠠᠵᠢᠯ ᠢ᠋ ᠵᠡᠷᠭᠡ ᠪᠡᠷ ᠥᠷᠨᠢᠭᠦᠯᠵᠦ᠍ 《ᠨᠢᠭᠡ ᠮᠣᠳᠣ ᠳ᠋ᠤ  ᠨᠢᠭᠡ   ᠵᠦᠶ᠋ᠯ  ᠤ᠋ᠨ ᠠᠷᠭ᠎ᠠ ᠪᠣᠳᠣᠯᠭ᠎ᠠ ᠶ᠋ᠢ ᠬᠡᠷᠡᠭᠵᠢᠬᠦᠯᠬᠦ᠂ ᠲᠥᠷᠥᠯ ᠬᠤᠪᠢᠶᠠᠨ ᠵᠠᠰᠠᠬᠤ 》 ᠵᠠᠷᠴᠢᠮ ᠢ᠋ ᠪᠠᠷᠢᠮᠲᠠᠯᠠᠨ᠂ ᠢᠯᠵᠢᠷᠡᠭᠰᠠᠨ᠂ ᠤᠷᠭᠤᠯᠲᠠ ᠮᠠᠭᠤᠳᠠᠭ᠍ᠰᠠᠨ᠂ ᠡᠪᠡᠳᠴᠢᠨ ᠬᠣᠷᠣᠬᠠᠶ ᠶ᠋ᠢᠨ ᠬᠥᠨᠥᠭᠡᠯ᠎ᠳᠦ ᠨᠡᠷᠪᠡᠭᠳᠡᠭᠰᠡᠨ ᠵᠡᠷᠭᠡ ᠠᠰᠠᠭᠤᠳᠠᠯ ᠳ᠋ᠤ ᠴᠢᠭ᠌ᠯᠡᠭᠦᠯᠦᠨ᠂ ᠠᠪᠤᠷᠠᠯᠳᠠ ᠶ᠋ᠢᠨ ᠴᠢᠨᠠᠷᠲᠠᠶ ᠬᠠᠮᠠᠭᠠᠯᠠᠬᠤ ᠪᠠ ᠢᠳᠡᠷᠵᠢᠬᠦᠯᠬᠦ ᠠᠷᠭ᠎ᠠ ᠬᠡᠮᠵᠢᠶ᠎ᠡ ᠶ᠋ᠢ ᠨᠠᠷᠢᠯᠢᠭ ᠣᠨᠣᠪᠴᠢᠲᠠᠶ  ᠪᠡᠷ  ᠬᠡᠷᠡᠭᠵᠢᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号