2026 ᠣᠨ ᠎ᠤ ᠬᠥᠬᠡᠬᠣᠲᠠ᠎ᠶ᠋ᠢᠨ ᠨᠡᠢᠭᠡᠮ ᠲᠣᠭᠣᠷᠢᠭ᠎ᠤᠨ ᠪᠡᠶ᠎ᠡ᠎ᠶ᠋ᠢᠨ ᠲᠠᠮᠢᠷ ᠎ᠤᠨ ᠴᠤᠭ᠍ᠯᠠᠭᠠᠨ ᠵᠢᠴᠢ 《ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ》᠎ᠶ᠋ᠢ ᠨᠡᠢᠭᠡᠮ ᠲᠣᠭᠣᠷᠢᠭ ᠎ᠲᠤ ᠣᠷᠣᠭᠤᠯᠬᠤ ᠠᠵᠢᠯᠯᠠᠭ᠎ᠠ ᠶᠠᠪᠤᠭ᠍ᠳᠠᠪᠠ
2026-06-23 16:26:04
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ 2026 ᠣᠨ᠎ᠤ ᠬᠥᠬᠡᠬᠣᠲᠠ᠎ᠶ᠋ᠢᠨ ᠨᠡᠢᠭᠡᠮ ᠲᠣᠭᠣᠷᠢᠭ ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠢᠴᠢ 《ᠡᠷᠡᠭᠦᠯ ᠮᠡᠨᠳᠦ᠍᠎ᠶ᠋ᠢᠨ ᠲᠦᠷᠭᠡᠨ ᠲᠡᠷᠭᠡ》᠎ᠶ᠋ᠢ ᠨᠡᠢᠭᠡᠮ ᠲᠣᠭᠣᠷᠢᠭ᠎ᠲᠤ ᠣᠷᠣᠭᠤᠯᠬᠤ ᠠᠵᠢᠯᠯᠠᠭ᠎ᠠ ᠬᠦᠬᠡᠬᠤᠲᠠ᠎ᠶᠢᠨ ᠰᠠᠢᠬᠠᠨ ᠲᠣᠭᠣᠷᠢᠭ᠎ᠤᠨ ᠲᠣᠷᠭᠠᠨ ᠵᠠᠮ ᠎ᠤᠨ ᠴᠡᠴᠡᠷᠯᠢᠭ ᠎ᠦᠨ ᠰᠠᠭ᠍ᠰᠤᠨ ᠪᠥᠮᠪᠥᠭᠡ᠎ᠶ᠋ᠢᠨ ᠲᠠᠯᠠᠪᠤᠷ᠎ᠲᠦ  ᠶᠠᠪᠤᠭ᠍ᠳᠠᠪᠠ᠃

ᠲᠣᠰ ᠤᠳᠠᠭᠠᠨ ᠎ᠤ ᠠᠵᠢᠯᠯᠠᠭ᠎ᠠ ᠎ᠶ᠋ᠢ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠠᠴᠠ ᠭᠤᠤᠯᠯᠠᠨ ᠡᠷᠭᠢᠯᠡᠵᠦ᠍᠂ ᠰᠠᠢᠬᠠᠨ ᠲᠣᠭᠣᠷᠢᠭ ᠎ᠤᠨ  ᠰᠣᠶᠣᠯ  ᠪᠡᠶ᠎ᠡ᠎ᠶ᠋ᠢᠨ  ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ ᠳᠠᠭᠠᠭᠠᠴᠢᠯᠠᠨ ᠡᠷᠭᠢᠯᠡᠵᠦ᠍᠂ 《ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠎ᠢ ᠬᠥᠭ᠌ᠵᠢᠭᠦᠯᠵᠦ᠍ ᠠᠷᠠᠳ ᠲᠦᠮᠡᠨ ᠎ᠦ ᠪᠡᠶ᠎ᠡ ᠮᠠᠬᠠᠪᠣᠳ᠎ᠢ ᠴᠢᠭᠢᠷᠠᠭ᠍ᠵᠢᠭᠤᠯᠬᠤ》 ᠵᠣᠷᠢᠯᠲᠠ ᠎ᠶ᠋ᠢ ᠭᠦᠨᠵᠡᠭᠡᠶ ᠲᠤᠭᠤᠰᠢᠯᠠᠭᠤᠯᠵᠦ᠂ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠪᠡᠶ᠎ᠡ᠎ᠶ᠋ᠢᠨ ᠲᠠᠮᠢᠷ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ  ᠪᠥᠬᠥ᠌ ᠠᠷᠠᠳ ᠎ᠤᠨ ᠡᠷᠡᠭᠦᠯ ᠮᠡᠨᠳᠦ᠍᠎ᠶ᠋ᠢᠨ ᠤᠬᠠᠮᠰᠠᠷ᠎ᠢ  ᠳᠡᠭᠡᠭ᠌ᠰᠢᠯᠡᠭᠦᠯᠬᠦ᠌᠎ᠪᠡᠷ  ᠵᠣᠷᠢᠯᠭ᠎ᠠ ᠎ᠪᠠᠨ ᠪᠣᠯᠭᠠᠵᠠᠶ᠃ ᠲᠤᠰ ᠠᠵᠢᠯᠯᠠᠭ᠎ᠠ ᠳ᠋ᠤ  ᠨᠡᠢᠭᠡᠮ ᠲᠣᠭᠣᠷᠢᠭ ᠎ᠤᠨ ᠰᠠᠭᠤᠭᠠᠯᠢ ᠠᠷᠠᠳ᠂ ᠪᠡᠶ᠎ᠡ ᠎ᠶ᠋ᠢᠨ ᠲᠠᠮᠢᠷ ᠎ᠤᠨ ᠨᠡᠢᠭᠡᠮᠯᠢᠭ ᠎ᠤᠨ ᠠᠵᠢᠯᠲᠠᠨ᠂ ᠰᠠᠢᠨ ᠳᠤᠷᠠᠴᠤᠳ ᠎ᠢ  ᠪᠠᠭ᠍ᠲᠠᠭᠠᠭ᠍ᠰᠠᠨ 300 ᠱᠢᠬᠠᠮ ᠬᠥᠮᠦᠨ ᠣᠷᠣᠯᠴᠠᠵᠠᠶ᠃

ᠨᠡᠢᠭᠡᠮ ᠲᠣᠭᠣᠷᠢᠭ᠎ᠤᠨ ᠪᠡᠶ᠎ᠡ᠎ᠶ᠋ᠢᠨ ᠲᠠᠮᠢᠷ ᠎ᠤᠨ ᠴᠤᠭ᠍ᠯᠠᠭᠠᠨ᠎ᠤ ᠲᠤᠬᠠᠶ᠎ᠶ᠋ᠢᠨ ᠲᠠᠯᠠᠪᠠᠶ᠎ᠳᠤ ᠡᠬᠢᠯᠡᠯᠲᠠ᠎ᠶᠢᠨ ᠶᠤᠰᠤᠯᠠᠯ᠂ ᠲᠣᠭ᠍ᠯᠠᠯᠲᠠ᠂ ᠰᠣᠨᠢᠷᠬᠠᠯᠲᠠᠶ ᠲᠣᠭ᠍ᠯᠠᠭᠠᠮ᠂ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠣᠭᠣᠳᠣᠭ᠍ᠴᠢ᠎ᠶ᠋ᠢᠨ ᠬᠢᠴᠢᠶᠡᠯ  ᠵᠡᠷᠭᠡ ᠭᠣᠭ᠍ᠴᠣᠭ᠎ᠠ ᠲᠣᠬᠢᠷᠠᠭᠤᠯᠪᠠ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠶ᠋ᠢᠨ ᠠᠭᠤᠷ ᠠᠮᠢᠰᠭᠤᠯ ᠬᠥᠷ ᠬᠥᠭ᠌ᠵᠢᠶᠡᠨ᠎ᠶ᠋ᠢᠡᠷ ᠪᠢᠯᠬᠠᠵᠦ᠂ ᠬᠥᠬᠡᠬᠣᠲᠠ᠎ᠶ᠋ᠢᠨ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠢᠳᠡᠪᠬᠢᠲᠡᠶ ᠥᠭᠡᠳᠡᠯᠡᠨ ᠳᠠᠪᠱᠢᠬᠤ ᠣᠶᠤᠨ ᠰᠠᠨᠠᠭᠠᠨ ᠎ᠤ  ᠳᠦᠷᠰᠦ  ᠪᠠᠢᠳᠠᠯ᠎ᠢ  ᠭᠦᠶ᠋ᠴᠡᠳ  ᠢᠯᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号