ᠲᠦᠩᠯᠢᠶᠣᠣ ᠬᠣᠲᠠ᠎ᠶᠢᠨ ᠦᠢᠯᠡᠰ ᠪᠤᠰᠬᠠᠬᠤ ᠤᠷᠴᠢᠨ ᠨᠦᠬᠦᠴᠡᠯ ᠠᠮᠢᠵᠢᠷᠠᠯ᠎ᠤᠨ ᠬᠦᠴᠦᠨ ᠵᠢᠡᠷ ᠪᠢᠯᠬᠠᠨ᠎ᠠ
2026-06-24 09:09:46
ᠵᠣᠬᠢᠶᠠᠭ᠍ᠴᠢ᠄
ᠰᠢᠦᠧᠠᠢ ᠢ ᠴᠢᠶᠦᠢ᠍ᠨ ᠸᠠᠩ ᠶᠢᠩ
ᠣᠩᠱᠢᠭ᠍ᠰᠠᠨ ᠣᠳᠠᠭ᠎ᠠ᠄
★★★☆☆

《ᠦᠢᠯᠡᠰ ᠪᠤᠰᠬᠠᠵᠤ ᠰᠠᠷᠠᠭᠤᠯ ᠢᠷᠡᠭᠡᠳᠦᠢ ᠵᠢ ᠴᠤᠭᠴᠠᠯᠠᠨᠠᠮ 》 ᠭᠡᠬᠦ 2026 ᠤᠨ᠎ᠤ ᠦᠢᠯᠡᠰ ᠪᠤᠰᠬᠠᠬᠤ ᠤᠷᠤᠯᠳᠤᠭᠠᠨ ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭᠠᠷᠠᠭᠤᠯᠬᠤ ᠤᠷᠤᠯᠳᠤᠭᠠᠨ ᠎ᠤ ᠲᠦᠩᠯᠢᠶᠣᠣ ᠬᠣᠲᠠ᠎ᠶᠢᠨ ᠠᠩᠬᠠᠨ᠎ᠤ ᠤᠷᠤᠯᠳᠤᠭᠠᠨ ᠵᠢᠴᠢ ᠲᠦᠩᠯᠢᠶᠣᠣ ᠬᠣᠲᠠ᠎ᠶᠢᠨ ᠨᠠᠢ᠍ᠮᠠᠳᠤᠭᠠᠷ ᠬᠤᠭᠤᠴᠠᠭᠠᠨ᠎ᠤ ᠦᠢᠯᠡᠰ ᠪᠤᠰᠬᠠᠬᠤ ᠤᠷᠤᠯᠳᠤᠭᠠᠨ ᠣᠢᠷ᠎ᠠ᠎ᠳᠤ ᠲᠦᠩᠯᠢᠶᠣᠣ ᠬᠣᠲᠠ᠎ᠶᠢᠨ ᠣᠯᠠᠨ ᠨᠡᠶ᠋ᠢᠲᠡ᠎ᠶᠢᠨ ᠳᠠᠳᠤᠯᠭ᠎ᠠ ᠪᠣᠯᠪᠠᠰᠤᠷᠠᠯ᠎ᠤᠨ ᠦᠢᠯᠡᠴᠢᠯᠡᠭᠡᠨ᠎ᠦ ᠲᠥᠪ᠎ᠲᠦ ᠶᠠᠪᠤᠭᠳᠠᠵᠤ᠂ 70  ᠦᠢᠯᠡᠰ ᠪᠤᠰᠬᠠᠬᠤ ᠲᠥᠷᠥᠯ ᠵᠦᠢᠯ ᠬᠠᠮᠲᠤ᠎ᠪᠠᠷ ᠶᠠᠪᠤᠭᠳᠠᠵᠦ᠂ ᠦᠩᠬᠡᠷᠡᠭᠰᠡᠨ ᠬᠤᠭᠤᠴᠠᠭᠠᠨ᠎ᠤ 30 ᠲᠥᠷᠥᠯ ᠵᠦᠢᠯ᠎ᠡᠴᠡ 133.3% ᠪᠡᠷ ᠨᠡᠮᠡᠭᠳᠡᠪᠡ᠃

《ᠨᠡᠮᠡᠭᠳᠡᠯ ᠎ᠦᠨ ᠠᠷᠤ ᠎ᠳᠤ ᠲᠥᠷᠥ  ᠶ᠋ᠢᠨ ᠪᠣᠳᠣᠯᠭ᠎ᠠ ᠶ᠋ᠢᠨ ᠳᠡᠮᠵᠢᠯᠬᠡ ᠦᠷᠬᠦᠯᠵᠢᠯᠡᠨ ᠴᠢᠩᠭᠠᠷᠠᠵᠤ᠂ ᠨᠡᠩ ᠴᠤ᠌ ᠦᠢᠯᠡᠰ ᠪᠤᠰᠬᠠᠭᠴᠢᠳ᠎ᠤᠨ ᠢᠲᠡᠭᠡᠯ ᠵᠣᠷᠢᠭ᠋ ᠲᠠᠰᠤᠷᠠᠯᠲᠠ ᠦᠭᠡᠢ ᠬᠦᠪᠴᠢᠯᠡᠭᠳᠡᠭᠰᠡᠨ ᠎ᠢ ᠤᠯᠵᠤ ᠬᠠᠷᠠᠵᠤ ᠪᠤᠯᠤᠨ᠎ᠠ》ᠭᠡᠵᠦ ᠲᠦᠩᠯᠢᠶᠣᠣ ᠬᠤᠳᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠣᠯᠣᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠸᠠᠩ ᠰᠢᠶᠠᠩ ᠬᠣᠩ ᠵᠠᠳᠠᠯᠤᠨ ᠬᠡᠯᠡᠪᠡ᠃

30 ᠡᠴᠡ 70 ᠪᠣᠯᠤᠭᠰᠠᠨ  ᠨᠢ ᠲᠣᠭᠠᠨ᠎ᠦ ᠬᠤᠪᠢᠷᠠᠯᠲᠠ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠡᠨᠳᠡᠬᠢ ᠰᠢᠨ᠎ᠡ᠎ᠶᠢ ᠡᠭᠦᠳᠬᠦ ᠦᠢᠯᠡᠰ ᠪᠣᠰᠬᠠᠬᠤ ᠤᠷᠴᠢᠨ ᠨᠦᠬᠦᠴᠡᠯ ᠎ᠤᠨ  ᠪᠦᠬᠦᠯᠢ ᠴᠣᠭᠴᠠ᠎ᠶᠢᠨ ᠳᠡᠭᠡᠭᠰᠢᠯᠡᠯᠲᠡ ᠪᠣᠯᠣᠨ᠎ᠠ᠃ ᠪᠥᠬᠥ ᠤᠯᠤᠰ᠎ᠤᠨ ᠦᠢᠯᠡᠰ ᠪᠤᠰᠬᠠᠬᠤ ᠠᠩᠬᠠᠨ᠎ᠤ ᠪᠦᠯᠦᠭ ᠎ᠦᠨ ᠲᠡᠷᠢᠭᠦᠨ᠎ᠦ ᠬᠣᠲᠠ ᠪᠣᠯᠤᠭᠰᠠᠨ᠎ᠤ ᠬᠤᠪᠢ᠎ᠳᠤ᠂ ᠲᠦᠩᠯᠢᠶᠣᠣ ᠬᠣᠲᠠ᠎ᠶᠢᠨ ᠬᠢᠨ ᠦᠢᠯᠡᠰ ᠪᠤᠰᠬᠠᠬᠤ ᠠᠵᠢᠯ ᠣᠯᠭᠣᠯᠲᠠ᠎ᠶᠢ ᠳᠠᠢᠴᠢᠯᠠᠬᠤ᠎ᠪᠡᠷ ᠢᠮᠠᠭᠲᠠ ᠴᠢᠬᠤᠯᠠ ᠭᠠᠷᠳᠠᠴᠠ ᠪᠣᠯᠭᠠᠭᠰᠠᠭᠠᠷ ᠢᠷᠡᠵᠡᠶ᠃ ᠠᠷᠪᠠᠨ ᠳᠥᠷᠪᠡᠳᠦᠭᠡᠷ ᠲᠠᠪᠤᠨ ᠵᠢᠯ᠎ᠦᠨ ᠲᠥᠯᠦᠪᠵᠢᠭᠦᠯᠭᠡ᠎ᠶᠢᠨ ᠬᠤᠭᠤᠴᠠᠭᠠᠨ ᠎ᠠᠴᠠ ᠨᠠᠭᠠᠰᠢ᠂ ᠲᠣᠰ ᠬᠣᠲᠠ ᠦᠢᠯᠡᠰ ᠪᠤᠰᠬᠠᠬᠤ ᠪᠠᠳᠤᠯᠠᠨ ᠳᠠᠭᠠᠭᠠᠬᠤ ᠵᠢᠭᠡᠯᠡᠯᠭᠡ ᠵᠢ ᠨᠡᠶ᠋ᠢᠲᠡ 9.19 ᠳ᠋ᠦᠩᠰᠢᠭᠤᠷ ᠲᠥᠭᠥᠷᠢᠭ ᠲᠠᠯᠪᠢᠵᠦ᠂ ᠨᠢᠭᠡ ᠯᠡ ᠤᠳᠠᠭ᠎ᠠ᠎ᠶᠢᠨ ᠴᠢᠨᠠᠷᠲᠠᠢ ᠦᠢᠯᠡᠰ ᠪᠤᠰᠬᠠᠬᠤ ᠨᠥᠬᠥᠪᠦᠷᠢ ᠵᠢ 283 ᠲᠦᠮᠡᠨ ᠲᠥᠭᠥᠷᠢᠭ ᠲᠠᠷᠬᠠᠭᠠᠵᠦ᠂  ᠦᠢᠯᠡᠰ ᠪᠤᠰᠬᠠᠬᠤ ᠪᠣᠯᠪᠠᠰᠤᠷᠠᠯ᠎ᠢ 10122 ᠬᠥᠮᠥᠨ ᠤᠳᠠᠭ᠎ᠠ ᠥᠷᠨᠢᠭᠦᠯᠵᠦ᠂ ᠦᠢᠯᠡᠰ ᠪᠤᠰᠬᠠᠬᠤ᠎ᠪᠠᠷ 1.1 ᠲᠦᠮᠡ ᠭᠠᠷᠤᠢ ᠬᠥᠮᠥᠨ᠎ᠦ ᠠᠵᠢᠯ ᠣᠯᠭᠣᠯᠲᠠ᠎ᠶᠢ ᠳᠠᠢᠴᠢᠯᠠᠪᠠ᠃ ᠪᠦᠯᠦᠭ ᠪᠦᠯᠦᠭ ᠳᠤᠭ᠎ᠠ ᠪᠠᠷᠢᠮᠳᠠ ᠡᠴᠡ  ᠦᠯᠡᠮᠵᠢ ᠤᠯᠠᠨ ᠦᠢᠯᠡᠰ ᠪᠤᠰᠬᠠᠭᠴᠢᠳ ᠎ᠤᠨ  ᠪᠡᠯᠡ ᠮᠥᠩᠭᠥ᠂ ᠪᠣᠯᠪᠠᠰᠤᠷᠠᠯ᠂ ᠲᠠᠯᠠᠪᠤᠷ ᠭᠠᠵᠠᠷ ᠵᠡᠷᠭᠡ ᠲᠠᠯ᠎ᠠ᠎ᠪᠠᠷ ᠬᠢ ᠬᠦᠴᠢᠷ ᠠᠰᠠᠭᠤᠳᠠᠯ  ᠢ᠋ ᠨᠢᠭᠡᠳ ᠨᠢᠭᠡ᠎ᠪᠡᠷ ᠰᠢᠢᠳᠪᠦᠷᠢᠯᠡᠵᠦ ᠦᠭᠬᠦᠭᠰᠡᠨ᠎ᠢ ᠤᠢᠯᠠᠭᠠᠵᠤ ᠪᠤᠯᠬᠤ ᠶᠤᠮ᠃

《 ᠪᠢᠳᠡ ᠦᠢᠯᠡᠰ ᠪᠤᠰᠬᠠᠭᠴᠢᠳ᠎ᠤᠨ ᠲᠥᠷᠥ᠎ᠶᠢᠨ ᠪᠣᠳᠣᠯᠭ᠎ᠠ ᠵᠢ ᠡᠷᠢᠵᠦ ᠢᠷᠡᠬᠦ ᠎ᠶᠢ ᠬᠦᠯᠢᠶᠡᠵᠦ ᠰᠠᠭᠤᠳᠠᠭ ᠪᠢᠰᠢ᠂ ᠬᠠᠷᠢᠨ ᠲᠥᠷᠥ᠎ᠶᠢᠨ ᠪᠣᠳᠣᠯᠭ᠎ᠠ ᠵᠢᠨ ᠲᠠᠭᠠᠤ ᠲᠡᠳᠡᠨ᠎ᠢ ᠡᠷᠢᠳᠡᠭ》 ᠭᠡᠵᠦ ᠲᠦᠩᠯᠢᠶᠣᠣ ᠬᠤᠳᠠ᠎ᠶᠢᠨ ᠦᠢᠯᠡᠰ ᠪᠣᠰᠬᠠᠬᠤ᠎ᠶᠢ ᠵᠢᠯᠤᠭᠣᠳᠬᠤ ᠲᠥᠪ᠎ᠦᠨ ᠳᠡᠳ᠋ ᠡᠷᠬᠢᠯᠡᠭᠴᠢ ᠲᠤᠶᠠᠭ᠎ᠠ ᠬᠡᠯᠡᠪᠡ᠃ ᠵᠢᠭᠡᠯᠡᠯᠭᠡ᠎ᠶᠢᠨ ᠪᠠᠷᠢᠮᠵᠢᠶ᠎ᠠ᠎ᠶᠢ ᠪᠠᠭᠤᠷᠠᠭᠤᠯᠬᠤ᠎ᠠᠴᠠ ᠳᠠᠮ ᠬᠦᠦ ᠥᠭᠬᠦ ᠡᠷᠴᠢᠮ᠎ᠢ ᠴᠢᠩᠭᠠᠷᠠᠭᠤᠯᠬᠤ ᠬᠦᠷᠲᠡᠯ᠎ᠡ᠂ ᠪᠣᠯᠪᠠᠰᠤᠷᠠᠯ᠎ᠤᠨ ᠬᠠᠮᠤᠷᠬᠤ ᠬᠡᠪᠴᠢᠶ᠎ᠡ᠎ᠶᠢ ᠥᠷᠭᠡᠳᠬᠡᠬᠦ᠎ᠡᠴᠡ ᠨᠥᠬᠥᠪᠦᠷᠢ ᠭᠤᠶᠤᠴᠢᠯᠠᠨ ᠠᠪᠬᠤ ᠶᠠᠪᠤᠴᠠ᠎ᠶᠢ ᠳᠥᠭᠥᠮᠴᠢᠯᠡᠬᠦ ᠬᠦᠷᠲᠡᠯ᠎ᠡ᠂ ᠲᠦᠩᠯᠢᠶᠣᠣ᠎ᠶᠢᠨ ᠦᠢᠯᠡᠰ ᠪᠤᠰᠬᠠᠬᠤ ᠲᠥᠷᠥ᠎ᠶᠢᠨ ᠪᠣᠳᠣᠯᠭ᠎ᠠ ᠵᠠᠯᠭᠠᠭ᠎ᠠ᠎ᠪᠠᠷ ᠰᠢᠨᠡᠴᠢᠯᠡᠭᠳᠡᠭᠰᠡᠬᠡᠷ᠃

ᠲᠥᠷᠥ᠎ᠶᠢᠨ ᠪᠣᠳᠣᠯᠭ᠎ᠠ᠎ᠠᠴᠠ ᠭᠠᠳᠠᠨ᠎ᠠ᠂ ᠲᠦᠩᠯᠢᠶᠣᠣ ᠬᠣᠲᠠ ᠪᠠᠰᠠ ᠨᠠᠩ ᠥᠨᠳᠥᠷ ᠪᠦᠲᠦᠮᠵᠢᠲᠡᠶ ᠦᠢᠯᠡᠴᠢᠯᠡᠭᠡᠨ᠎ᠦ ᠵᠠᠭᠪᠤᠷ᠎ᠢ ᠬᠠᠢᠨ ᠰᠦᠪᠡᠭᠴᠢᠯᠡᠪᠡ᠃ 2025 ᠣᠨ᠎ᠳᠤ  ᠲᠦᠩᠯᠢᠶᠣᠣ ᠬᠣᠲᠠ ᠥᠪᠡᠷᠲᠡᠭᠡᠨ ᠵᠠᠰᠠᠬᠤ ᠣᠷᠣᠨ᠎ᠳᠤ 3D ᠦᠢᠯᠡᠰ ᠪᠤᠰᠬᠠᠬᠤ ᠲᠥᠷᠥᠯ ᠵᠦᠢᠯ᠎ᠦᠨ ᠡᠭᠦᠯᠡᠨ ᠦᠵᠡᠭᠦᠯᠭᠡ᠎ᠶᠢᠨ ᠲᠢᠩᠬᠢᠮ᠎ᠢ ᠬᠠᠮᠤᠭ᠎ᠤᠨ ᠲᠦᠷᠦᠭᠦᠨ᠎ᠳᠦ ᠰᠦᠯᠵᠢᠶᠡᠨ᠎ᠳᠦ ᠭᠠᠷᠭᠠᠪᠠ᠃ ᠦᠢᠯᠡᠰ ᠪᠣᠰᠬᠠᠭ᠍ᠴᠢᠳ ᠡᠨᠳᠡ ᠳᠡᠨᠳᠡ ᠭᠦᠶᠦᠬᠦ ᠦᠬᠡᠢ ᠪᠡᠷ ᠴᠠᠭ ᠲᠤᠬᠠᠢ ᠳ᠋ᠤᠨᠢ ᠴᠢᠨᠠᠷ ᠰᠠᠢᠲᠠᠢ ᠲᠦᠷᠦᠯ ᠵᠦᠢᠯ᠎ᠢ ᠦᠵᠡᠵᠦ ᠤᠢᠯᠠᠭᠠᠨ᠂ ᠪᠡᠯᠡ ᠣᠷᠣᠭᠤᠯᠤᠯᠲᠠ᠎ᠶᠢᠨ ᠪᠠᠢᠭᠤᠯᠤᠮᠵᠢ᠎ᠲᠠᠢ ᠵᠤᠯᠭᠠᠯᠴᠠᠵᠤ ᠨᠡᠪᠴᠢᠭᠦᠯᠬᠦ ᠡᠬᠢ ᠪᠠᠶᠠᠯᠢᠭ᠋ ᠎ᠢ ᠣᠯᠵᠤ ᠪᠣᠯᠣᠨ᠎ᠠ᠃ ᠡᠨᠡ ᠬᠦ᠌ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ ᠨᠢ ᠠᠬᠤᠢ ᠳᠠᠯᠠᠪᠠᠢ ᠳ᠋ᠤ ᠵᠤᠯᠭᠠᠯᠴᠠᠬᠤ ᠤᠯᠠᠮᠵᠢᠯᠠᠯᠲᠤ ᠭᠠᠵᠠᠷ ᠣᠷᠣᠨ ᠪᠠ ᠴᠠᠭ᠎ᠤᠨ ᠬᠢᠵᠠᠭᠠᠷᠯᠠᠯ᠎ᠢ ᠡᠪᠳᠡᠵᠦ᠂ ᠦᠢᠯᠡᠰ ᠪᠤᠰᠬᠠᠬᠤ ᠦᠢᠯᠡᠴᠢᠯᠡᠭᠡ᠎ᠶᠢ《 ᠬᠥᠮᠥᠨ ᠨᠢ ᠡᠬᠢ ᠪᠠᠶᠠᠯᠢᠭ᠎ᠢ ᠡᠷᠢᠬᠦ》 ᠪᠠᠢᠭᠰᠠᠨ᠎ᠠᠴᠠ 《 ᠡᠬᠢ ᠪᠠᠶᠠᠯᠢᠭ᠋᠎ᠢᠶᠠᠷ ᠬᠥᠮᠥᠨ ᠎ᠢ ᠡᠷᠢᠬᠦ》 ᠳᠠᠢᠰᠢ ᠬᠤᠪᠢᠷᠠᠭᠤᠯᠤᠭᠰᠠᠨ ᠪᠠᠢᠨ᠎ᠠ᠃

《 ᠥᠩᠭᠡᠷᠡᠭᠰᠡᠨ᠎ᠳᠦ ᠬᠠᠮᠲᠤᠷᠠᠨ ᠠᠵᠢᠯᠯᠠᠬᠤ ᠡᠲᠡᠭᠡᠳ  ᠢ᠋ ᠡᠷᠢᠵᠦ ᠤᠯᠬᠤ ᠬᠡᠵᠦ ᠪᠤᠰᠤᠳ ᠲᠤ᠌ ᠨᠠᠢᠳᠠᠵᠤ᠂ ᠬᠤᠷᠠᠯ᠎ᠳᠤ ᠣᠷᠣᠯᠴᠠᠨ ᠵᠠᠪᠰᠢᠶᠠᠨ ᠬᠠᠢᠳᠠᠭ ᠪᠠᠢᠭᠰᠠᠨ ᠪᠤᠯ ᠣᠳᠣ᠌ ᠡᠭᠦᠯᠡᠨ ᠦᠵᠡᠭᠦᠯᠭᠡ  ᠶ᠋ᠢᠨ ᠲᠢᠩᠬᠢᠮ᠎ᠡᠴᠡ ᠪᠦᠷᠢᠨ ᠰᠠᠢᠬᠠᠨ ᠤᠢᠯᠠᠭᠠᠵᠤ ᠴᠢᠳᠠᠬᠤ ᠪᠤᠯᠤᠭᠰᠠᠨ᠂ ᠲᠡᠭᠡᠬᠦ ᠮᠦᠷᠳᠡᠭᠡᠨ ᠵᠤᠯᠭᠠᠯᠴᠠᠬᠤ ᠦᠷ᠎ᠡ ᠪᠦᠲᠦᠮᠵᠢ ᠨᠢ ᠨᠡᠯᠢᠶᠡᠳ ᠰᠠᠢᠨ ᠪᠣᠯᠵᠠᠢ》ᠬᠡᠵᠦ ᠥᠩᠭᠡᠷᠡᠭᠰᠡᠨ ᠎ᠤ ᠤᠷᠤᠯᠳᠤᠭᠠᠨ᠎ᠳᠤ ᠣᠷᠣᠯᠴᠠᠵᠤ ᠪᠠᠢᠭᠰᠠᠨ ᠦᠢᠯᠡᠰ ᠪᠣᠰᠬᠠᠭ᠍ᠴᠢ ᠶᠠᠷᠢᠵᠤ ᠪᠠᠢᠯ᠎ᠠ᠃

ᠬᠡᠷᠪᠡ ᠵᠢᠭᠡᠯᠡᠯᠭᠡ ᠪᠠ ᠲᠠᠪᠴᠠᠩ᠎ᠢ《ᠴᠢᠰᠤ ᠶᠡᠭᠦᠯᠡᠵᠦ》 ᠪᠠᠢᠨ᠎ᠠ ᠭᠡᠪᠡᠯ ᠰᠢᠰᠲᠧᠮᠵᠢᠭᠦᠯᠦᠨ ᠪᠣᠢᠵᠢᠭᠤᠯᠬᠤ ᠨᠢ 《ᠴᠢᠰᠤ ᠪᠦᠲᠦᠭᠡᠬᠦ 》 ᠶᠠᠪᠤᠳᠠᠯ ᠪᠣᠯᠣᠨ᠎ᠠ ᠃ ᠲᠦᠩᠯᠢᠶᠣᠣ ᠬᠤᠳᠠ 《ᠦᠢᠯᠡᠰ ᠪᠣᠰᠬᠠᠬᠤ ᠪᠣᠯᠪᠠᠰᠤᠷᠠᠯ᠂ ᠦᠢᠯᠡᠰ ᠪᠣᠰᠬᠠᠬᠤ ᠦᠢᠯᠡᠴᠢᠯᠡᠭᠡ᠂ ᠦᠢᠯᠡᠰ ᠪᠣᠰᠬᠠᠬᠤ ᠨᠡᠪᠴᠢᠭᠦᠯᠦᠯᠲᠡ᠂ ᠦᠢᠯᠡᠰ ᠪᠣᠰᠬᠠᠬᠤ ᠠᠵᠢᠯᠯᠠᠭ᠎ᠠ》ᠭᠡᠬᠦ ᠲᠦᠷᠪᠡᠨ ᠰᠢᠨ᠎ᠡ᠎ᠶᠢ ᠡᠭᠦᠳᠬᠦ ᠬᠣᠯᠪᠤᠭᠠᠯᠠᠨ ᠬᠥᠳᠡᠯᠦᠯᠴᠡᠬᠦ ᠰᠢᠰᠲ᠋ᠧᠮ᠎ᠢ ᠪᠦᠬᠦ ᠲᠠᠯ᠎ᠠ᠎ᠪᠠᠷ ᠪᠠᠢᠭᠤᠯᠵᠤ᠂ ᠦᠢᠯᠡᠰ ᠪᠣᠰᠬᠠᠬᠤ ᠪᠤᠳᠤᠯ ᠦᠬᠡᠢ ᠪᠠᠢᠭᠰᠠᠨ ᠬᠦᠮᠦᠰ᠎ᠢ ᠤᠷᠮᠠᠰᠢᠭᠤᠯᠤᠨ ᠤᠷᠤᠯᠴᠠᠭᠤᠯᠬᠤ ᠡᠴᠡ ᠪᠣᠳᠠᠲᠤ ᠦᠢᠯᠡᠳᠦᠯᠭᠡ ᠵᠢᠨ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ ᠬᠦᠷᠲᠡᠯ᠎ᠡ᠂ᠲᠦᠷᠦᠯ ᠵᠦᠢᠯ᠎ᠦᠨ ᠠᠩᠬᠠᠨ᠎ᠤ ᠦᠢᠯᠡᠰ ᠪᠤᠰᠬᠠᠬᠤ ᠬᠤᠭᠤᠴᠠᠭᠠᠨ᠎ᠤ ᠨᠡᠪᠴᠢᠭᠦᠯᠬᠦ ᠣᠷᠣᠨ ᠵᠠᠢ᠎ᠠᠴᠠ ᠤᠷᠳᠤ ᠬᠤᠭᠤᠴᠠᠭᠠᠨ᠎ᠤ ᠵᠠᠬ᠎ᠠ ᠳᠡᠯᠭᠡᠭᠦᠷ᠎ᠦᠨ ᠥᠷᠭᠡᠵᠢᠯ ᠬᠦᠷᠲᠡᠯ᠎ᠡ᠂ ᠠᠳᠠᠯᠢ ᠪᠤᠰᠤ ᠱᠠᠲᠤᠨ᠎ᠤ ᠦᠢᠯᠡᠰ ᠪᠣᠰᠬᠠᠭ᠍ᠴᠢᠳ ᠴᠥᠮ ᠡᠨᠡᠬᠦ ᠬᠡᠯᠬᠢᠶ᠎ᠡ᠎ᠡᠴᠡ ᠬᠠᠷᠠᠭᠠᠯᠵᠠᠭᠰᠠᠨ ᠳᠡᠮᠵᠢᠯᠭᠡ᠎ᠶᠢ ᠣᠯᠵᠤ ᠪᠣᠯᠣᠨ᠎ᠠ᠃

ᠲᠤᠰ ᠬᠤᠭᠤᠴᠠᠭᠠᠨ᠎ᠤ ᠤᠷᠤᠯᠳᠤᠭᠠᠨ ᠪᠣᠯ 《ᠦᠢᠯᠡᠰ ᠪᠤᠰᠬᠠᠬᠤ ᠠᠵᠢᠯᠯᠠᠭ᠎ᠠ》 ᠶ᠋ᠢᠨ ᠵᠠᠩᠭᠢᠯᠠᠭ᠎ᠠ᠎ᠶ᠋ᠢᠨ ᠴᠢᠬᠤᠯᠠ ᠬᠡᠰᠡᠭ ᠮᠥᠨ᠃ ᠭᠡᠪᠡᠴᠦ᠍ ᠲᠦᠩᠯᠢᠶᠣᠤ᠎ᠶ᠋ᠢᠨ  ᠪᠠᠷᠢᠮᠵᠢᠶ᠎ᠠ ᠨᠢ ᠵᠦᠪᠬᠡᠨ ᠨᠢᠭᠡ ᠤᠳᠠᠭᠠᠨ ᠎ᠤ ᠤᠷᠤᠯᠳᠤᠭᠠᠨ  ᠪᠢᠰᠢ᠂ ᠬᠠᠷᠢᠨ ᠤᠷᠤᠯᠳᠤᠭᠠᠨ᠎ᠳᠤ ᠣᠷᠣᠯᠴᠠᠭ᠍ᠰᠠᠨ ᠪᠣᠶ ᠪᠥᠬᠥᠶ ᠲᠥᠷᠥᠯ ᠵᠦᠶ᠋ᠯ ᠎ᠢ ᠠᠯᠪᠠᠨ ᠎ᠤ ᠲᠠᠯ᠎ᠠ᠎ᠶ᠋ᠢᠨ  ᠦᠶ᠋ᠯᠡᠰ ᠪᠤᠰᠬᠠᠬᠤ ᠲᠥᠷᠥᠯ ᠵᠦᠶ᠋ᠯ᠎ᠦᠨ ᠬᠥᠮᠥᠷᠭᠡ᠎ᠳᠦ ᠣᠷᠣᠭᠤᠯᠵᠤ᠂ ᠤᠬᠠᠭᠤᠯᠤᠨ ᠳᠡᠯᠭᠡᠷᠡᠭᠦᠯᠬᠦ᠌ ᠳᠡᠮᠵᠢᠯᠭᠡ ᠦᠵᠡᠬᠦᠯᠬᠦ᠎ᠶ᠋ᠢᠨ ᠬᠠᠮᠲᠤ᠂ ᠦᠶ᠋ᠯᠡᠰ ᠪᠤᠰᠬᠠᠬᠤ ᠵᠢᠭᠡᠯᠡᠯᠭᠡ᠂ ᠨᠡᠪᠴᠢᠭᠦᠯᠬᠦ᠌ ᠠᠴᠢᠶᠠᠯᠠᠪᠤᠷᠢ ᠵᠡᠷᠭᠡ ᠡᠬᠢ ᠪᠠᠶᠠᠯᠢᠭ ᠎ᠢ ᠵᠣᠯᠭᠠᠭᠤᠯᠳᠠᠭ᠃ ᠡᠯ᠎ᠡ ᠤᠷᠤᠯᠳᠤᠭᠠᠨ᠎ᠤ ᠡᠮᠦᠨ᠎ᠡ ᠭᠤᠷᠪᠠ᠎ᠳᠤ ᠰᠢᠯᠭᠠᠷᠠᠭᠰᠠᠳ᠎ᠲᠤ ᠰᠦᠶ᠋ᠳᠭᠡᠯ ᠬᠤᠷᠢᠶᠠᠬᠤ ᠥᠬᠡᠶ ᠪᠡᠷ  ᠵᠢᠯᠣᠭᠣᠳᠣᠯᠭ᠎ᠠ ᠭᠥᠷᠳᠡᠭᠡᠵᠦ᠍᠂ ᠡᠮᠦᠨ᠎ᠡ ᠬᠣᠶᠠᠷ ᠨᠡᠷ᠎ᠡ ᠨᠢ ᠲᠦᠩᠯᠢᠶᠣᠤ ᠬᠣᠲᠠ᠎ᠵᠢ ᠲᠦᠯᠦᠭᠡᠯᠡᠨ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠷᠤᠯᠳᠤᠭᠠᠨ᠎ᠳᠤ ᠣᠷᠣᠯᠴᠠᠬᠤ ᠪᠤᠯᠤᠨ᠎ᠠ᠃

《ᠤᠷᠤᠯᠳᠤᠭᠠᠨ᠎ᠢ 〈 ᠦᠷ᠎ᠡ ᠰᠠᠴᠤᠬᠤ ᠮᠠᠱᠢᠨ 〉 ᠪᠠ 〈 ᠲᠦᠷᠭᠡᠳᠭᠡᠭᠦᠷ 〉 ᠶ᠋ᠢᠡᠷ  ᠵᠦᠢᠷᠯᠡᠪᠡᠯ  ᠴᠢᠬᠢ ᠰᠣᠩᠭᠣᠬᠤ᠎ᠪᠠ ᠴᠢᠬᠢ ᠪᠣᠢᠵᠢᠭᠤᠯᠬᠤ ᠨᠢ ᠮᠠᠰᠢ ᠴᠢᠬᠤᠯᠠ》 ᠭᠡᠵᠦ᠍ ᠲᠤᠶᠠᠭ᠎ᠠ ᠬᠡᠯᠡᠪᠡ᠃

 ᠪᠡᠯᠡᠳᠭᠡᠯ ᠲᠠᠯᠠᠪᠠᠢ᠎ᠳᠤ᠂ 2009 ᠣᠨ᠎ᠳᠤ ᠲᠦᠷᠦᠭ᠌ᠰᠡᠨ ᠼᠤᠤ ᠢᠦᠢ ᠶᠢᠩ ᠪᠣᠯ ᠲᠦᠩᠯᠢᠶᠣᠤ ᠬᠤᠳᠠ᠎ᠶ᠋ᠢᠨ ᠠᠵᠤ ᠦᠢᠯᠡᠳᠪᠦᠷᠢ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠰᠤᠷᠤᠬ᠍ᠴᠢ ᠪᠥᠭᠡᠳ ᠲᠤᠰ ᠬᠤᠭᠤᠴᠠᠭᠠᠨ ᠎ᠤ ᠨᠠᠰᠤ᠎ᠪᠠᠷ ᠬᠠᠮᠤᠭ᠎ᠤᠨ ᠪᠠᠭ᠎ᠠ ᠣᠷᠣᠯᠴᠠᠭ᠍ᠴᠢ ᠪᠣᠯᠤᠨ᠎ᠠ᠃ ᠲᠡᠷᠡ ᠪᠡᠶ᠎ᠡ᠎ᠪᠡᠨ ᠳᠠᠭᠠᠭᠠᠵᠤ ᠵᠢᠷᠤᠵᠤ ᠲᠥᠯᠥᠪᠯᠡᠭ᠌ᠰᠡᠨ 《ᠺᠧ ᠨᠢᠦ ᡁᠢ ᠬᠤᠸᠠᠨ》 ᠲᠥᠷᠥᠯ ᠵᠦᠢᠯ ᠎ᠶ᠋ᠢᠡᠷ ᠠᠨᠭᠬᠠᠨ ᠎ᠤ ᠰᠢᠯᠭᠠᠷᠠᠭᠤᠯᠤᠯᠲᠠ ᠎ᠳᠦ ᠬᠢᠷᠢ ᠲᠡᠨᠭᠴᠡᠪᠡ᠃ 《ᠱᠢᠯᠭᠠᠷᠠᠭᠤᠯᠬᠤ ᠺᠣᠮᠢᠰ ᠎ᠤᠨ ᠪᠠᠭ᠍ᠰᠢ ᠨᠠᠮᠠᠶ᠋ᠢ ᠮᠠᠰᠢ ᠬᠦᠯᠢᠴᠡᠩᠭᠦᠶ᠎ᠵᠢᠯᠣᠭᠣᠳᠴᠤ᠌ ᠦᠶ᠋ᠯᠡᠰ ᠪᠤᠰᠬᠠᠬᠤ ᠵᠠᠭ᠍ᠪᠤᠷ ᠎ᠢ ᠲᠡᠭᠦᠯᠳᠡᠷᠵᠢᠭᠦᠯᠵᠦ ᠦᠭᠬᠦᠭᠰᠡᠨ ᠶᠤᠮ᠂ ᠡᠨᠡ ᠤᠳᠠᠭᠠᠨ᠎ᠤ ᠤᠷᠤᠯᠳᠤᠭᠠᠨ᠎ᠳᠤ ᠪᠢ ᠦᠶ᠋ᠯᠡᠰ ᠪᠤᠰᠬᠠᠬᠤ ᠲᠤᠬᠠᠶ ᠦᠨᠡᠨ ᠪᠣᠳᠠᠲᠠᠶ ᠲᠠᠨᠢᠯᠲᠠ᠎ᠲᠠᠶ ᠪᠣᠯᠵᠠᠶ》 ᠭᠡᠵᠦ᠍ ᠲᠡᠷᠡ ᠬᠡᠯᠡᠪᠡ᠃

ᠼᠤᠤ ᠢᠦᠢ ᠶᠢᠩ ᠱᠢᠭ 《2000 ᠣᠨ᠎ᠠᠴᠠ ᠰᠡᠭᠦᠯᠡᠷ ᠲᠥᠷᠥᠭ᠌ᠰᠡᠨ》᠂ ᠴᠢᠨᠠᠭ᠍ᠰᠢᠯᠠᠪᠠᠯ 《2005 ᠣᠨ᠎ᠠᠴᠠ ᠰᠡᠭᠦᠯᠡᠷ ᠲᠥᠷᠥᠭ᠌ᠰᠡᠨ》 ᠦᠢᠯᠡᠰ ᠪᠤᠰᠬᠠᠬᠴᠢ ᠪᠣᠯ ᠲᠤᠰ ᠬᠤᠭᠤᠴᠠᠭᠠᠨ ᠎ᠤ ᠤᠷᠤᠯᠳᠤᠭᠠᠨ᠎ᠤ ᠣᠨᠴᠠᠭᠠᠢ ᠵᠢᠱ᠌ᠢᠶ᠎ᠡ ᠪᠢᠰᠢ ᠶᠤᠮ᠃ ᠵᠠᠯᠠᠭᠤᠴᠤᠳ᠎ᠤᠨ ᠱᠢᠨ᠎ᠡ᠎ᠶ᠋ᠢ ᠡᠭᠦᠳᠬᠦ᠌ ᠲᠤᠰᠭᠠᠢ ᠤᠷᠤᠯᠳᠤᠭᠠᠨ᠎ᠢ ᠪᠠᠢᠭᠤᠯᠤᠭ᠍ᠰᠠᠨ ᠨᠢ ᠶᠠᠭ ᠡᠳᠡᠭᠡᠷ ᠵᠣᠷᠢᠭ᠍ᠲᠠᠢ ᠰᠡᠳᠭᠢᠵᠦ᠍ ᠵᠣᠷᠢᠭ᠍ᠲᠠᠢ ᠬᠢᠬᠦ᠌ ᠱᠢᠨ᠎ᠡ ᠨᠢᠭᠡ ᠦᠶ᠎ᠡ᠎ᠶ᠋ᠢᠨ ᠬᠢᠨ᠎ᠳᠦ《ᠱᠢᠨ᠎ᠡ ᠴᠢᠬᠢ ᠪᠣᠢᠵᠢᠭᠤᠯᠬᠤ》 ᠬᠦᠯᠡᠮᠵᠢ ᠪᠠᠢᠭᠤᠯᠵᠤ ᠥᠭ᠌ᠭᠦᠭ᠌ᠰᠡᠨ ᠶᠠᠪᠤᠳᠠᠯ ᠪᠣᠯᠤᠨ᠎ᠠ᠃ 《ᠵᠠᠯᠠᠭᠤ ᠦᠶ᠋ᠯᠡᠰ ᠪᠤᠰᠬᠠᠬᠴᠢ᠎ᠶ᠋ᠢᠨ ᠰᠡᠳᠭᠢᠬᠦᠶ᠎ᠨᠢ ᠰᠡᠪᠡᠭᠦᠨ ᠪᠠᠢᠳᠠᠭ᠃ ᠪᠢᠳᠡ ᠲᠡᠳᠡᠨ᠎ᠤ  〈ᠠᠷᠭ᠎ᠠ ᠤᠬᠠᠭᠠᠨ〉 ᠎ᠶ᠋ᠢᠡᠨ ᠪᠤᠳᠠᠳᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠳ᠋ᠤ ᠵᠠᠪᠰᠢᠶᠠᠨ ᠬᠠᠨᠭᠭᠠᠵᠤ ᠦᠭᠪᠡᠯ ᠵᠤᠬᠢᠨ᠎ᠠ》 ᠭᠡᠵᠦ᠍   ᠵᠠᠯᠠᠭᠤᠴᠤᠳ ᠎ᠤᠨ  ᠦᠢᠯᠡᠰ ᠪᠤᠰᠬᠠᠬᠤ ᠤᠷᠤᠯᠳᠤᠭᠠᠨ ᠎ᠤ ᠲᠦᠷᠦᠯ ᠵᠦᠢᠯ᠎ᠤᠨ ᠬᠠᠷᠢᠭᠤᠴᠠᠯᠭᠠᠲᠠᠨ ᠬᠡᠯᠡᠪᠡ᠃

《ᠪᠥᠬᠥ᠌ ᠤᠯᠤᠰ᠎ᠤᠨ ᠦᠶ᠋ᠯᠡᠰ ᠪᠤᠰᠬᠠᠬᠤ ᠲᠡᠷᠢᠭᠦᠨ᠎ᠦ ᠬᠣᠲᠠ》᠎ᠶ᠋ᠢ ᠡᠭᠦᠳᠦᠨ ᠪᠠᠢᠭᠤᠯᠵᠤ ᠪᠡᠬᠢᠵᠢᠭᠦᠯᠦᠭ᠌ᠰᠡᠨ᠎ᠡᠴᠡ ᠠᠪᠤᠭᠠᠳ 《ᠦᠶ᠋ᠯᠡᠰ ᠪᠤᠰᠬᠠᠬᠤ ᠬᠣᠷᠴᠢᠨ》᠎ᠤ᠋ ᠲᠦᠷᠦᠯ ᠲᠡᠮᠳᠡᠭ ᠎ᠢ ᠦᠷᠭᠦᠯᠵᠢᠯᠡᠨ ᠭᠢᠯᠠᠯᠵᠠᠭᠤᠯᠤᠭ᠍ᠰᠠᠨ ᠬᠦᠷᠲᠡᠯ᠎ᠡ᠂  ᠦᠶ᠋ᠯᠡᠰ ᠪᠤᠰᠬᠠᠬᠤ ᠪᠣᠯᠪᠠᠰᠤᠷᠠᠯ᠂  ᠵᠢᠭᠡᠯᠡᠯᠭᠡ᠂ ᠵᠢᠭᠠᠨ ᠵᠢᠯᠤᠭᠤᠳᠤᠯᠭ᠎ᠠ᠂ ᠦᠶ᠋ᠯᠡᠴᠢᠯᠡᠭᠡ ᠡᠴᠡ ᠠᠪᠤᠭᠠᠳ《ᠦᠶ᠋ᠯᠡᠰ ᠪᠤᠰᠬᠠᠵᠤ ᠱᠢᠨ᠎ᠡ᠎ᠶ᠋ᠢ ᠡᠭᠦᠳᠬᠦ᠌᠂ ᠬᠠᠮᠲᠤᠷᠠᠨ ᠬᠥᠳᠡᠯᠦᠯᠴᠡᠬᠦ᠌》 ᠱᠢᠰᠲ᠋ᠧᠮ᠎ᠢ ᠪᠥᠬᠥ᠌ ᠲᠠᠯ᠎ᠠ ᠎ᠪᠠᠷ ᠪᠠᠢᠭᠤᠯᠬᠤ ᠬᠦᠷᠲᠡᠯ᠎ᠡ᠂ ᠲᠦᠩᠯᠢᠶᠣᠤ ᠬᠣᠲᠠ ᠶᠠᠭ 《ᠪᠥᠬᠥ᠌ ᠲᠠᠯ᠎ᠠ᠎ᠪᠠᠷ ᠬᠤᠷᠳᠤᠴᠠ ᠎ᠪᠠᠨ ᠲᠦᠷᠭᠡᠳᠭᠡᠨ᠂ ᠴᠢᠨᠠᠷ ᠰᠠᠢᠲᠠᠶ ᠳᠠᠪᠠᠯᠲᠠ ᠬᠢᠵᠦ᠍ ᠲᠡᠷᠢᠭᠦᠨ᠎ᠳᠦ ᠣᠷᠣᠬᠤ᠎ᠪᠠᠷ ᠴᠢᠷᠮᠠᠢᠬᠤ》 ᠠᠵᠢᠯ᠎ᠤᠨ ᠱᠠᠭᠠᠷᠳᠠᠯᠭ᠎ᠠ᠎ᠶ᠋ᠢ  ᠦᠶ᠋ᠯᠡᠰ ᠪᠤᠰᠬᠠᠭᠴᠢᠳ᠎ᠤᠨ  ᠬᠦᠷᠲᠡᠮᠵᠢ᠎ᠶ᠋ᠢᠨ ᠲᠥᠷᠥᠭ᠌ᠳᠡᠯ ᠪᠣᠯᠭᠠᠨ ᠬᠤᠪᠢᠷᠠᠭᠤᠯᠵᠤ ᠪᠤᠢ᠃

ᠠᠩᠬᠠᠨ᠎ᠤ ᠤᠷᠤᠯᠳᠤᠭᠠᠨ ᠦᠨᠳᠦᠷᠯᠡᠬᠦ᠎ᠶ᠋ᠢ ᠳᠠᠭᠠᠯᠳᠤᠨ ᠤᠷᠤᠯᠳᠤᠭᠠᠨ  ᠲᠦᠷ ᠵᠠᠪᠰᠠᠷᠯᠠᠪᠠ᠂ᠭᠡᠪᠡᠴᠦ᠍ ᠦᠶ᠋ᠯᠡᠰ ᠪᠤᠰᠬᠠᠬᠤ ᠦᠯᠢᠭᠡᠷ ᠳᠠᠭᠤᠰᠤᠭ᠎ᠠ ᠦᠭᠡᠢ᠃ ᠨᠠᠩ ᠣᠯᠠᠨ ᠲᠥᠷᠥᠯ ᠵᠦᠶ᠋ᠯ ᠡᠨᠡ ᠬᠦ᠌ ᠥᠩ ᠱᠢᠮᠡᠯᠢᠭ ᠨᠤᠳᠤᠭ ᠲᠡᠪᠢᠰᠭᠡᠷ ᠲᠡᠭᠡᠷ᠎ᠡ ᠬᠦᠴᠦᠨ᠎ᠢᠶᠡᠨ ᠬᠤᠷᠠᠮᠳᠤᠭᠤᠯᠵᠤ᠂ ᠦᠶ᠋ᠯᠡᠰ ᠪᠤᠰᠬᠠᠬᠤ᠎ᠪᠠᠷ ᠠᠵᠢᠯ ᠣᠯᠭᠣᠯᠲᠠ᠎ᠶ᠋ᠢ ᠳᠠᠢᠴᠢᠯᠠᠵᠤ ᠳᠠᠬᠢᠨ᠎ᠢᠶᠠᠷ ᠨᠡᠮᠡᠭ᠌ᠳᠡᠬᠦᠯᠬᠦ ᠦᠢᠯᠡᠳᠦᠯ ᠵᠢᠡᠨ ᠦᠷᠭᠦᠯᠵᠢᠯᠡᠨ ᠪᠠᠳᠠᠷᠠᠭᠤᠯᠵᠤ᠂ ᠲᠦᠩᠯᠢᠶᠣᠤ᠎ᠶ᠋ᠢᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠢᠨ᠎ᠡ ᠰᠤᠷᠭᠤᠭ ᠬᠦᠳᠡᠯᠭᠡᠬᠦ ᠬᠦᠴᠦᠨ ᠪᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号