— ᠦᠪᠤᠷ ᠮᠤᠩᠭᠤᠯ ᠤ᠋ᠨ ᠬᠦᠳᠡᠬᠡ ᠲᠤᠰᠬᠤᠨ ᠢ᠋ ᠪᠦᠬᠦ ᠲᠠᠯ᠎ᠠ ᠪᠡᠷ ᠬᠦᠭᠵᠢᠬᠦᠯᠦᠨ ᠮᠠᠨᠳᠤᠭᠤᠯᠬᠤ ᠵᠢ ᠲᠦᠷᠬᠡᠳᠬᠡᠨ ᠠᠬᠢᠭᠤᠯᠵᠤ ᠪᠠᠢᠬᠤ ᠲᠤᠬᠠᠢ ᠮᠡᠳᠡᠬᠡᠯᠡᠯ
ᠮᠠᠯ ᠠᠵᠤ ᠠᠬᠤᠢ ᠲᠠᠷᠢᠶᠠᠯᠠᠩ ᠪᠤᠯ ᠦᠪᠤᠷ ᠮᠤᠩᠭᠤᠯ ᠤ᠋ᠨ ᠤᠯᠠᠮᠵᠢᠯᠠᠯᠳᠤ ᠲᠠᠪᠠᠭᠤᠯᠢᠭ ᠠᠵᠤ ᠦᠢᠯᠡᠰ ᠶᠤᠮ᠃ ᠤᠢᠷ᠎ᠠ ᠵᠢᠨ ᠵᠢᠯ ᠳ᠋ᠤ ᠮᠠᠨ ᠤ᠋ ᠤᠷᠤᠨ ᠮᠠᠯ ᠠᠵᠤ ᠠᠬᠤᠢ ᠲᠠᠷᠢᠶᠠᠯᠠᠡᠭ ᠢ᠋ ᠬᠦᠴᠦᠯᠡᠨ ᠬᠦᠭᠵᠢᠭᠦᠯᠬᠦ ᠶ᠋ᠢᠨ ᠳᠠᠭᠠᠤ ᠨᠠᠭᠤᠷ ᠪᠦᠷᠢᠳᠦ᠂ ᠤᠰᠤᠨ ᠴᠦᠬᠦᠷᠤᠮ᠂ ᠬᠦᠢᠲᠡᠨ ᠤᠰᠤ ᠵᠢᠴᠢ ᠬᠤᠵᠢᠷᠯᠢᠭ ᠤᠰᠤᠨ ᠤᠷᠤᠨ ᠤ᠋ ᠡᠬᠢ ᠪᠠᠶᠠᠯᠢᠭ ᠲᠠᠭᠠᠨ ᠲᠦᠰᠢᠭᠯᠡᠨ ᠠᠮᠢ ᠠᠬᠤᠢ ᠶ᠋ᠢᠨ ᠵᠢᠭᠠᠰᠤᠨ ᠠᠵᠤ ᠠᠬᠤᠢ᠂ ᠲᠦᠬᠦᠭᠡᠷᠦᠮᠵᠢᠲᠦ ᠵᠢᠭᠠᠰᠤᠨ ᠠᠵᠤ ᠠᠬᠤᠢ ᠬᠢᠭᠡᠳ ᠤᠰᠤᠨ ᠲᠤᠳᠤᠷᠭ᠎ᠠ ᠵᠢᠨ ᠲᠠᠷᠢᠶᠠᠨ ᠤ᠋ ᠵᠢᠭᠠᠰᠤᠨ ᠠᠵᠤ ᠠᠬᠤᠢ ᠵᠡᠷᠭᠡ ᠤᠯᠠᠨ ᠡᠰᠢᠵᠢᠭᠰᠡᠨ ᠵᠢᠭᠠᠰᠤᠨ ᠠᠵᠤ ᠠᠬᠤᠢ ᠶ᠋ᠢᠨ ᠬᠦᠭᠵᠢᠯᠲᠡ ᠵᠢ ᠰᠦᠪᠡᠭᠴᠢᠯᠡᠵᠦ᠂ ᠮᠠᠯᠴᠢᠨ ᠲᠠᠷᠢᠶᠠᠴᠢᠨ ᠤ᠋ ᠤᠷᠤᠯᠭ᠎ᠠ ᠵᠢ ᠨᠡᠮᠡᠭᠳᠡᠭᠦᠯᠬᠦ ᠠᠷᠭ᠎ᠠ ᠵᠠᠮ ᠢ᠋ ᠦᠷᠭᠡᠳᠭᠡᠵᠦ ᠪᠠᠢᠨ᠎ᠠ᠃
ᠲᠦᠷᠦᠭᠦᠬᠡᠨ ᠪᠠᠶᠠᠨᠨᠠᠭᠤᠷ ᠬᠣᠲᠠ ᠶ᠋ᠢᠨ ᠤᠷᠠᠳ ᠤ᠋ᠨ ᠳᠤᠮᠳᠠᠳᠤ ᠬᠣᠰᠢᠭᠤᠨ ᠤ᠋ ᠮᠦ᠍ ᠶᠠᠡᠭ ᠬᠠᠢ ᠨᠤᠭᠤ ᠭᠠᠵᠠᠷ ᠲᠦ᠍ ᠲᠡᠵᠢᠭᠡᠨ ᠦᠷᠡᠵᠢᠭᠦᠯᠦᠭᠰᠡᠨ 500 ᠵᠢᠩ ᠯᠤᠤ ᠰᠠᠮ ᠢ᠋ ᠤᠯᠤᠰ ᠠᠯᠤᠰᠯᠠᠨ ᠬᠠᠷᠢ ᠬᠤᠯᠠ ᠵᠢᠨ ᠯᠠᠤᠰ ᠲᠦ᠍ ᠭᠠᠷᠭᠠᠪᠠ᠃ ᠡᠨᠡ ᠪᠦᠯᠦᠭ ᠯᠤᠤ ᠰᠠᠮ ᠨᠢ ᠲᠤᠬᠠᠶ ᠶ᠋ᠢᠨ ᠭᠠᠵᠠᠷ ᠤ᠋ᠨ ᠬᠤᠢ ᠮᠸᠩ ᠲᠠᠷᠢᠶᠠᠯᠠᠩ ᠮᠠᠯ ᠠᠵᠤ ᠠᠬᠤᠶ ᠶ᠋ᠢᠨ ᠲᠤᠰᠬᠠᠶ ᠬᠣᠷᠰᠢᠶ᠎ᠠ ᠶ᠋ᠢᠨ ᠤᠰᠤᠨ ᠭᠠᠷᠤᠯᠲᠠ ᠶ᠋ᠢᠨ ᠲᠡᠵᠢᠭᠡᠨ ᠦᠷᠡᠵᠢᠭᠦᠯᠬᠦ᠌ ᠰᠠᠭᠤᠷᠢᠨ ᠡᠴᠡ ᠢᠷᠡᠯᠲᠡ ᠲᠡᠶ ᠪᠠᠢᠵᠤ᠂ ᠰᠢᠯᠢᠳᠡᠭ ᠰᠠᠶ᠋ᠢᠨ ᠤᠰᠤᠨ ᠰᠤᠷᠪᠤᠯᠵᠢ ᠪᠣᠯᠤᠨ ᠬᠦᠳᠡᠷ ᠡᠯᠪᠡᠭ ᠠᠭᠤᠯᠤᠭᠳᠠᠭᠰᠠᠨ ᠬᠤᠵᠢᠷᠯᠢᠭ ᠭᠠᠵᠠᠷ ᠤ᠋ᠨ ᠲᠡᠵᠢᠭᠡᠨ ᠦᠷᠡᠵᠢᠭᠦᠯᠬᠦ᠌ ᠳᠠᠪᠠᠭᠤᠯᠢᠭ ᠨᠢ ᠯᠤᠤ ᠰᠠᠮ ᠪᠠ ᠨᠢ᠋ᠮᠠᠯᠵᠢ ᠶ᠋ᠢᠨ ᠮᠢᠠᠬᠨ ᠤ᠋ ᠰᠢᠮ᠎ᠠ ᠰᠢᠬᠦᠰᠤ ᠪᠤᠯᠤᠨ ᠦᠨᠦᠷ ᠠᠮᠳᠠ ᠵᠢ ᠰᠠᠢᠵᠢᠷᠠᠭᠤᠯᠵᠤ᠂ ᠭᠠᠳᠠᠭᠠᠳᠤ ᠶ᠋ᠢᠨ ᠵᠠᠬ᠎ᠠ ᠳᠡᠯᠭᠡᠭᠦᠷ ᠤ᠋ᠨ ᠬᠠᠯᠠᠭᠤᠨ ᠬᠦᠷᠢᠶᠡᠯᠡᠯ ᠢ᠋ ᠤᠯᠵᠤ ᠪᠠᠢᠨ᠎ᠠ᠃ ᠬᠤᠢ ᠮᠸᠩ ᠲᠤᠰᠬᠠᠢ ᠬᠤᠷᠰᠢᠶ᠎ᠡ ᠶ᠋ᠢᠨ ᠬᠢᠨ ᠨᠢᠳᠤᠨᠤᠨ ᠤ᠋ ᠵᠢᠯ ᠤ᠋ᠨ ᠰᠡᠬᠦᠯᠴᠢ ᠪᠡᠷ ᠠᠩᠬᠠᠨ ᠤ᠋ ᠪᠦᠯᠦᠭ ᠤ᠋ᠨ 800 ᠵᠢᠩ ᠨᠠᠢ᠍ᠮᠠᠯᠵᠢ ᠪᠠᠨ ᠮᠠᠯᠠᠶ᠋ᠢᠰᠢᠶᠠ ᠳ᠋ᠥ᠍ ᠭᠠᠷᠭᠠᠵᠤ᠂ ᠡᠨᠡ ᠵᠢᠯ ᠤ᠋ᠨ ᠲᠡᠵᠢᠭᠡᠨ ᠦᠷᠡᠵᠢᠭᠦᠯᠵᠦ ᠪᠠᠢᠭ᠎ᠠ ᠯᠤᠤ ᠰᠠᠮ ᠤ᠋ᠨ ᠭᠠᠷᠤᠯᠲᠠ ᠨᠢ ᠵᠢᠱ᠌ᠢᠯᠳᠡ ᠪᠡᠷ 30 ᠲᠦᠮᠡᠨ ᠵᠢᠡᠭ ᠳ᠋ᠦ ᠬᠦᠷᠴᠦ᠂ 30% ᠭᠠᠷᠤᠢ ᠵᠢ ᠨᠢ ᠵᠡᠭᠦᠨ ᠡᠮᠦᠨᠡᠲᠦ᠍ ᠠᠽᠢᠶ᠎ᠠ ᠶ᠋ᠢᠨ ᠤᠯᠤᠰ ᠤ᠋ᠳ ᠲᠦ᠍ ᠭᠠᠷᠭᠠᠨ᠂ ᠭᠠᠳᠠᠭᠠᠳᠤ ᠶ᠋ᠢᠨ ᠵᠠᠬ᠎ᠠ ᠳᠡᠯᠭᠡᠭᠦᠷ ᠶ᠋ᠢᠡᠨ ᠦᠷᠬᠦᠯᠵᠢᠯᠡᠨ ᠦᠷᠭᠡᠳᠭᠡᠬᠦ ᠪᠡᠷ ᠲᠦᠯᠦᠪᠯᠡᠵᠦ ᠪᠤᠢ᠃
ᠤᠳᠤᠬᠠᠨ ᠳ᠋ᠦ ᠮᠠᠨ ᠤ᠋ ᠤᠷᠤᠨ ᠨᠢᠭᠡᠨᠲᠡ ᠬᠤᠵᠢᠷᠯᠢᠭ ᠭᠠᠵᠠᠷ ᠤ᠋ᠨ ᠲᠡᠵᠢᠭᠡᠨ ᠦᠷᠡᠵᠢᠭᠦᠯᠬᠦ᠌ ᠣᠷᠣᠨ᠂ ᠤᠰᠤᠨ ᠲᠤᠲᠤᠷᠭ᠎ᠠ ᠵᠢᠨ ᠲᠠᠷᠢᠶᠠᠨ ᠤ᠋ ᠲᠠᠵᠢᠬᠡᠨ ᠦᠷᠡᠵᠢᠬᠦᠯᠬᠦ ᠤᠷᠤᠨ ᠵᠡᠷᠭᠡ ᠵᠢᠭᠠᠰᠤᠨ ᠠᠵᠤ ᠠᠬᠤᠢ ᠵᠢᠨ 4 ᠶᠡᠬᠡ ᠤᠨᠴᠠᠯᠢᠬᠳᠤ ᠲᠡᠵᠢᠭᠡᠨ ᠦᠷᠡᠵᠢᠭᠦᠯᠬᠦ᠌ ᠴᠢᠳᠠᠮᠵᠢᠳᠤ ᠣᠷᠣᠨ ᠢ᠋ ᠪᠦᠷᠢᠯᠳᠦᠭᠦᠯᠵᠦ᠂ ᠮᠥᠷᠭᠥ᠌ ᠵᠢᠭᠠᠰᠤ᠂ ᠬᠡᠯᠲᠡᠭᠡ ᠵᠢᠭᠠᠰᠤ᠂ ᠠᠯᠠᠭᠠᠨ᠎ᠠ ᠰᠣᠭᠣᠰᠤ ᠵᠡᠷᠭᠡ ᠤᠯᠠᠮᠵᠢᠯᠠᠯᠲᠤ᠌ ᠴᠡᠩᠭᠡᠭ ᠤᠰᠤ ᠵᠢᠨ ᠵᠢᠭᠠᠰᠤᠨ ᠤ᠋ ᠡᠭᠦᠯᠳᠡᠷ ᠢ᠋ ᠲᠠᠵᠢᠬᠡᠨ ᠦᠷᠡᠵᠢᠬᠦᠯᠬᠦ ᠡᠴᠡ ᠡᠮᠦᠨᠡᠲᠦ᠍ ᠠᠮᠧᠷᠢᠺᠠ ᠵᠢᠨ ᠴᠠᠭᠠᠨ ᠵᠦᠢᠷᠠᠢ ᠰᠠᠮ᠂ ᠳᠤᠮᠳᠠᠳᠤ ᠶ᠋ᠢᠨ ᠬᠠᠪᠴᠢ ᠨᠢ᠋ᠮᠠᠯᠵᠢ ᠵᠡᠷᠭᠡ ᠥᠨᠳᠥᠷ ᠨᠡᠮᠡᠯᠲᠡ ᠥᠷᠲᠡᠭ ᠪᠥᠬᠥᠶ ᠤᠨᠴᠠᠯᠢᠬᠳᠤ ᠡᠭᠦᠯᠳᠡᠷ ᠢ᠋ ᠲᠠᠵᠢᠬᠡᠨ ᠦᠷᠡᠵᠢᠬᠦᠯᠬᠦ ᠲᠠᠢᠰᠢ ᠬᠤᠪᠢᠷᠠᠭᠤᠯᠵᠤ᠂ ᠣᠯᠠᠨ ᠡᠰᠢᠲᠦ᠍ ᠤᠰᠤᠨ ᠭᠠᠷᠤᠯᠳᠠ ᠵᠢ ᠪᠣᠶ ᠪᠣᠯᠭᠠᠪᠠ᠃ ᠡᠭᠦᠨ ᠤ᠋ ᠬᠠᠮᠲᠤ᠌ ᠪᠠᠷᠢᠮᠵᠢᠶᠠᠵᠢᠭᠤᠯᠤᠭᠰᠠᠨ᠂ ᠤᠶᠤᠨᠴᠢᠯᠠᠭᠰᠠᠨ ᠲᠡᠵᠢᠭᠡᠨ ᠦᠷᠡᠵᠢᠭᠦᠯᠬᠦ᠌ ᠵᠠᠭᠪᠤᠷ ᠲᠦ᠍ ᠲᠦᠰᠢᠭᠯᠡᠨ᠂ ᠮᠠᠨ ᠤ᠋ ᠤᠷᠤᠨ ᠤ᠋ ᠠᠵᠤ ᠦᠢᠯᠡᠳᠪᠦᠷᠢᠵᠢᠭᠰᠡᠨ ᠤᠰᠤᠨ ᠭᠠᠷᠤᠯᠲᠠ ᠶ᠋ᠢᠨ ᠲᠡᠵᠢᠭᠡᠨ ᠦᠷᠡᠵᠢᠭᠦᠯᠬᠦ᠌ ᠦᠢᠯᠡᠰ ᠴᠦ᠍ ᠰᠢᠪᠲᠤᠯᠤᠯᠲᠠ ᠶ᠋ᠢᠨ ᠴᠢᠨᠠᠷᠲᠠᠢ ᠬᠥᠭᠵᠢᠯᠲᠡ ᠲᠡᠶ ᠪᠣᠯᠪᠠ᠃
ᠬᠢᠩᠭᠠᠨ ᠠᠶ᠋ᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ᠍ ᠬᠣᠰᠢᠭᠤᠨ ᠤ᠋ ᠤᠶᠤᠨᠴᠢ ᠵᠢᠭᠠᠰᠤᠨ ᠠᠵᠤ ᠠᠬᠤᠶ ᠶ᠋ᠢᠨ ᠡᠷᠬᠢᠯᠳᠡᠲᠦ ᠤᠰᠤ ᠵᠢ ᠠᠰᠢᠭᠯᠠᠨ ᠡᠬᠡ ᠬᠠᠭᠤᠷᠠᠢ ᠵᠢᠨ ᠲᠦᠬᠦᠭᠡᠷᠦᠮᠵᠢ ᠳ᠋ᠦ ᠲᠡᠵᠢᠭᠡᠨ ᠦᠷᠡᠵᠢᠭᠦᠯᠬᠦ ᠰᠠᠭᠤᠷᠢᠨ ᠤ᠋ ᠲᠡᠵᠢᠭᠡᠨ ᠦᠷᠡᠵᠢᠭᠦᠯᠬᠦ ᠲᠠᠰᠤᠭ ᠲᠦ᠍ ᠰᠣᠯᠣᠩᠭᠠᠨ ᠲᠤᠯᠤ᠂ ᠠᠲ᠋ᠯᠠᠨᠲ ᠤ᠋ᠨ ᠲᠤᠯᠤ ᠵᠡᠷᠬᠡ ᠵᠢᠭᠠᠰᠤᠨ ᠤ᠋ ᠵᠤᠢᠯ ᠤ᠋ᠳ ᠡᠷᠬᠡ ᠴᠢᠯᠦᠬᠡ ᠲᠠᠢ ᠱᠤᠩᠪᠠᠵᠤ᠂ ᠨᠠᠭᠠᠰᠢ ᠴᠠᠭᠠᠰᠢ ᠰᠦᠯᠵᠢᠯᠳᠦᠨᠠ᠃ ᠲᠤᠬᠠᠢ ᠶ᠋ᠢᠨ ᠭᠠᠵᠠᠷ ᠤ᠋ᠨ ᠬᠢᠨ ᠤᠯᠤᠰ ᠤ᠋ᠨ ᠳᠣᠲᠣᠭᠠᠳᠤ ᠶ᠋ᠢᠨ ᠲᠡᠷᠢᠭᠦᠨ ᠤ᠋ ᠤᠰᠤᠨ ᠭᠠᠷᠤᠯᠲᠠ ᠶ᠋ᠢᠨ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠲᠠᠢ ᠬᠠᠮᠲᠤᠷᠠᠨ 《ᠡᠷᠬᠢᠯᠳᠡᠲᠦ ᠤᠰᠤ ᠵᠢ ᠠᠰᠢᠭᠯᠠᠨ ᠡᠬᠡ ᠬᠠᠭᠤᠷᠠᠢ ᠵᠢᠨ ᠲᠦᠬᠦᠭᠡᠷᠦᠮᠵᠢ ᠳ᠋ᠦ ᠲᠡᠵᠢᠭᠡᠨ ᠦᠷᠡᠵᠢᠭᠦᠯᠬᠦ ᠠᠵᠢᠯᠯᠠᠭᠠᠨ ᠤ᠋ ᠳᠦᠷᠢᠮᠵᠢᠯ》 ᠵᠡᠷᠭᠡ 10 ᠭᠠᠷᠤᠢ ᠵᠦᠢᠯ ᠤ᠋ᠨ ᠠᠵᠤ ᠠᠬᠤᠶ᠋ᠢᠯᠠᠯ ᠤ᠋ᠨ ᠪᠠᠷᠢᠮᠵᠢᠶ᠎ᠠ ᠵᠢ ᠲᠣᠭᠲᠠᠭᠠᠵᠤ᠂ ᠬᠠᠬᠢᠷ ᠬᠠᠭᠤᠷᠠᠢ ᠭᠠᠵᠠᠷ ᠣᠷᠣᠨ ᠳ᠋ᠦ ᠳᠠᠯᠠᠢ ᠶ᠋ᠢᠨ ᠭᠠᠷᠤᠯᠳᠠ ᠵᠢ ᠬᠡᠪᠴᠢᠶᠡᠵᠢᠭᠦᠯᠦᠨ ᠠᠵᠤ ᠦᠢᠯᠡᠳᠪᠦᠷᠢᠵᠢᠭᠦᠯᠦᠨ ᠲᠡᠵᠢᠭᠡᠨ ᠦᠷᠡᠵᠢᠭᠦᠯᠬᠦ ᠪᠠᠷᠢᠮᠵᠢᠶ᠎ᠡ ᠶ᠋ᠢᠨ ᠬᠤᠭᠤᠰᠤᠨ ᠢ᠋ ᠨᠦᠬᠦᠪᠦᠷᠢᠯᠡᠪᠡ᠃ ᠲᠤᠰ ᠰᠠᠭᠤᠷᠢᠨ ᠤ᠋ ᠬᠢᠨ ᠲᠡᠵᠢᠭᠡᠨ ᠦᠷᠡᠵᠢᠭᠦᠯᠦᠭᠰᠡᠨ ᠣᠨᠴᠠᠯᠢᠭᠲᠤ᠌ ᠡᠭᠦᠯᠳᠡᠷ ᠤ᠋ᠨ ᠲᠠᠯᠠᠢ ᠵᠢᠨ ᠭᠠᠷᠤᠯᠳᠠ ᠪᠠᠨ ᠪᠡᠭᠡᠵᠢᠩ᠂ ᠮᠦᠭᠳᠡᠨ ᠵᠡᠷᠭᠡ ᠶᠡᠬᠡ ᠬᠣᠲᠠ ᠳ᠋ᠤ ᠪᠣᠷᠣᠯᠠᠭᠤᠯᠵᠤ᠂ ᠵᠢᠯ ᠤ᠋ᠨ ᠦᠢᠯᠡᠳᠬᠦᠨ ᠤ᠋ ᠥᠷᠲᠡᠭ ᠨᠢ 4000 ᠲᠦᠮᠡᠨ ᠲᠥᠭᠥᠷᠢᠭ ᠲᠦ᠍ ᠬᠦᠷᠴᠦ ᠪᠤᠢ᠃ ᠲᠤᠰ ᠰᠠᠭᠤᠷᠢᠨ ᠤ᠋ ᠬᠢᠨ ᠤᠳᠤ ᠶᠠᠭ ᠤᠢᠷ᠎ᠡ ᠬᠠᠪᠢ ᠵᠢᠨ ᠭᠠᠴᠠᠭ᠎ᠠ ᠲᠤᠰᠬᠤᠨ ᠤ᠋ ᠠᠷᠠᠳ ᠢ᠋ ᠳᠠᠭᠠᠭᠤᠯᠤᠨ ᠲᠠᠯᠠᠢ ᠵᠢᠨ ᠭᠠᠷᠤᠯᠳᠠ ᠲᠠᠵᠢᠬᠡᠨ ᠦᠷᠡᠵᠢᠬᠦᠯᠬᠦ ᠠᠵᠢᠯ ᠵᠢᠡᠨ ᠪᠡᠯᠡᠳᠬᠡᠵᠤ᠂ ᠮᠠᠯᠴᠢᠨ ᠲᠠᠷᠢᠶᠠᠴᠢᠨ ᠬᠡᠷᠪᠡ ᠯᠤᠤ ᠰᠠᠮ ᠲᠡᠵᠢᠭᠡᠬᠦ ᠳ᠋ᠦ ᠬᠦᠷᠪᠡᠯ ᠪᠠᠷᠢᠮᠵᠢᠶᠡᠳᠤ ᠬᠦᠯᠡᠮᠵᠢ ᠨᠢᠬᠡᠪᠤᠷᠢ ᠡᠴᠡ ᠨᠢᠭᠡ ᠪᠦᠯᠦᠭ ᠤᠳᠠᠭ᠎ᠠ ᠳ᠋ᠤ ᠤᠯᠬᠤ ᠴᠡᠪᠡᠷ ᠤᠷᠤᠯᠭ᠎ᠠ ᠨᠢ 1.5 — 2 ᠲᠦᠮᠡᠨ ᠲᠦᠭᠦᠷᠢᠭ ᠲᠦ᠍ ᠬᠦᠷᠬᠦ ᠪᠤᠯᠤᠨ᠎ᠠ᠃
2025 ᠣᠨ ᠳ᠋ᠤ ᠮᠠᠨ ᠤ᠋ ᠤᠷᠤᠨ ᠤ᠋ ᠤᠰᠤᠨ ᠭᠠᠷᠤᠯᠲᠠ ᠶ᠋ᠢᠨ ᠪᠦᠲᠦᠭᠡᠭᠳᠡᠭᠦᠨ ᠤ᠋ ᠶᠡᠷᠦᠡᠭᠬᠡᠢ ᠭᠠᠷᠤᠯᠲᠠ 12.02 ᠲᠦᠮᠡᠨ ᠲᠣᠨ ᠳ᠋ᠤ ᠬᠦᠷᠴᠦ᠍᠂ ᠲᠡᠬᠡᠷ᠎ᠠ ᠵᠢᠯ ᠤ᠋ᠨ ᠬᠢ ᠡᠴᠡ ᠪᠠᠨ 3.98% ᠪᠡᠷ ᠨᠡᠮᠡᠭᠳᠡᠪᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠡᠴᠡ ᠪᠤᠭᠤᠲᠤ᠌᠂ ᠣᠷᠳᠣᠰ ᠵᠡᠷᠭᠡ ᠭᠠᠵᠠᠷ ᠤ᠋ᠨ 2650 ᠮᠦ᠍ ᠴᠦᠬᠦᠷᠤᠮ ᠢ᠋ ᠲᠦᠬᠦᠭᠡᠷᠦᠮᠵᠢ ᠪᠤᠯᠭᠠᠨ ᠪᠦᠲᠦᠭᠡᠨ ᠪᠠᠢᠭᠤᠯᠬᠤ ᠵᠢ ᠳᠡᠮᠵᠢᠵᠦ᠂ ᠪᠥᠬᠥ᠌ ᠣᠷᠣᠨ ᠤ᠋ ᠴᠢᠬᠤᠯᠠ ᠭᠤᠤᠯ ᠮᠥᠷᠡᠨ ᠪᠠ ᠨᠠᠭᠤᠷ ᠴᠥᠭᠥᠷᠥᠮ ᠳ᠋ᠤ 3008 ᠲᠦᠮᠡᠨ ᠵᠢᠷᠠᠭᠠᠬᠠᠶ ᠲᠠᠯᠪᠢᠵᠤ᠂ ᠵᠢᠭᠠᠰᠤᠨ ᠠᠵᠤ ᠠᠬᠤᠢ ᠵᠢᠨ ᠳᠤᠲᠠᠭᠤᠳᠠᠯ ᠢ᠋ ᠲᠠᠰᠤᠷᠠᠯᠲᠠ ᠥᠬᠡᠶ ᠨᠥᠬᠥᠪᠥᠷᠢᠯᠡᠨ᠂ ᠤᠰᠤᠨ ᠭᠠᠷᠤᠯᠲᠠ ᠶ᠋ᠢᠨ ᠬᠡᠪᠴᠢᠶ᠎ᠡ ᠵᠢ ᠪᠤᠵᠠᠭᠠᠶ᠋ᠢᠷᠠᠭᠤᠯᠵᠤ᠂ ᠮᠠᠯᠴᠢᠨ ᠲᠠᠷᠢᠶᠠᠴᠢᠨ ᠤ᠋ ᠣᠷᠣᠯᠭ᠎ᠠ ᠪᠠᠨ ᠨᠡᠮᠡᠭᠳᠡᠭᠦᠯᠬᠦ᠌ ᠠᠷᠭ᠎ᠠ ᠵᠠᠮ ᠢ᠋ ᠦᠷᠭᠦᠯᠵᠢᠯᠡᠨ ᠥᠷᠭᠡᠳᠬᠡᠪᠡ᠃