ᠠᠰᠠᠭᠤᠳᠠᠯ᠎ᠳᠤ ᠰᠢᠭᠤᠳ ᠬᠠᠨᠳᠤᠵᠦ ᠴᠡᠭᠴᠡᠯᠡᠨ ᠰᠠᠢᠵᠢᠷᠠᠭᠤᠯᠬᠤ᠎ᠶᠢ ᠠᠳᠬᠤᠨ ᠪᠣᠳᠠᠲᠠᠢ᠎ᠶᠢ ᠡᠷᠬᠢᠮᠯᠡᠨ ᠬᠦᠴᠢᠷ ᠠᠰᠠᠭᠤᠳᠠᠯ᠎ᠢ ᠤᠨᠤᠴᠠᠳᠠᠢ ᠰᠢᠢᠳᠪᠦᠷᠢᠯᠡᠵᠤ ᠪᠥᠬᠥ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠬᠤ ᠪᠠ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ ᠪᠣᠶ
2026-06-24 09:22:52
ᠵᠣᠬᠢᠶᠠᠭ᠍ᠴᠢ᠄
ᠪᠠᠢ ᠳ᠋ᠠᠨ ᠶᠠᠩ ᠯᠢᠦ ᠯᠢ ᠰᠢᠤᠸᠠᠢ ᠶᠣᠣ ᠪᠠᠶᠠᠰᠬᠤᠯᠠᠩ
ᠣᠩᠱᠢᠭ᠍ᠰᠠᠨ ᠣᠳᠠᠭ᠎ᠠ᠄
★★★☆☆

ᠣᠢᠷ᠎ᠠ᠎ᠶᠢᠨ ᠡᠳᠦᠷ᠎ᠦᠳ᠎ᠲᠦ᠂ ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠰᠤᠷᠤᠯᠴᠠᠬᠤ ᠬᠡᠷᠡᠭᠯᠡᠬᠦ᠎ᠶᠢ ᠤᠶᠠᠯᠳᠤᠭᠤᠯᠬᠤ᠎ᠶᠢ ᠴᠢᠬᠤᠯᠠᠴᠢᠯᠠᠵᠤ᠂ 《ᠣᠳᠣᠬᠠᠨ᠎ᠳᠤ ᠴᠡᠭᠴᠡᠯᠡᠨ ᠰᠠᠢᠵᠢᠷᠠᠭᠤᠯᠬᠤ》 ᠪᠠ 《ᠤᠷᠳᠤ ᠬᠤᠭᠤᠴᠠᠭ᠎ᠠ᠎ᠪᠠᠷ ᠪᠠᠶ᠋ᠢᠭᠤᠯᠬᠤ》 ᠶ᠋ᠢ ᠤᠶᠠᠯᠳᠤᠭᠤᠯᠬᠤ᠎ᠶᠢ ᠪᠠᠷᠢᠮᠲᠠᠯᠠᠵᠤ᠂ ᠠᠰᠠᠭᠤᠳᠠᠯ᠎ᠳᠤ ᠰᠢᠭᠤᠳ ᠬᠠᠨᠳᠤᠵᠦ ᠴᠡᠭᠴᠡᠯᠡᠨ ᠰᠠᠢᠵᠢᠷᠠᠭᠤᠯᠬᠤ᠎ᠶᠢ ᠠᠳᠬᠤᠨ᠂ ᠪᠣᠳᠠᠲᠠᠢ᠎ᠶᠢ ᠡᠷᠬᠢᠮᠯᠡᠨ ᠬᠦᠴᠢᠷ ᠠᠰᠠᠭᠤᠳᠠᠯ᠎ᠢ ᠤᠨᠤᠴᠠᠳᠠᠢ ᠰᠢᠢᠳᠪᠦᠷᠢᠯᠡᠵᠦ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠠᠷᠠᠳ᠎ᠲᠤ ᠪᠤᠶᠠᠨ ᠦᠢᠯᠡᠳᠬᠦ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠵᠤ ᠪᠤᠢ᠃

ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ 《ᠨᠡᠶ᠋ᠢᠲᠡ᠎ᠶᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶᠢ ᠪᠠᠲᠤ ᠡᠵᠡᠮᠳᠡᠵᠦ᠂ ᠠᠷᠠᠳ ᠲᠦᠮᠡᠨ᠎ᠦ ᠬᠦᠴᠢᠷᠳᠡᠯ᠎ᠢ ᠰᠢᠢᠳᠪᠦᠷᠢᠯᠡᠬᠦ᠂ ᠨᠠᠮ ᠤ᠋ᠨ ᠵᠢᠡᠨ ᠡᠮᠦᠨ᠎ᠡ ᠡᠴᠡ ᠬᠦᠴᠢᠷ ᠢ᠋ ᠰᠢᠢᠳᠪᠤᠷᠢᠯᠡᠬᠦ ᠤᠯᠤᠰ ᠲᠦᠷᠦ ᠵᠢᠨ ᠬᠠᠷᠢᠭᠤᠴᠠᠯᠭ᠎ᠠ᠎ᠳᠦ ᠰᠠᠭᠤᠷᠢᠯᠠᠨ᠂ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ ᠵᠢᠨ ᠡᠯ᠎ᠡ ᠵᠦᠢᠯ᠎ᠦᠨ ᠡᠭᠦᠷᠭᠡ᠎ᠶᠢ ᠥᠨᠳᠥᠷ ᠪᠠᠷᠢᠮᠵᠢᠶ᠎ᠠ᠎ᠪᠠᠷ ᠨᠢᠭᠡ ᠴᠣᠭᠴᠠᠵᠢᠭᠤᠯᠤᠨ ᠠᠬᠢᠭᠤᠯᠵᠤ᠂ ᠭᠦᠨᠵᠡᠭᠡᠢ ᠰᠤᠷᠤᠯᠴᠠᠬᠤ᠂ ᠦᠨᠡᠨ ᠬᠦ᠌ ᠪᠠᠢᠴᠠᠭᠠᠬᠤ᠂ ᠪᠣᠳᠠᠲᠠᠢ ᠴᠡᠭᠴᠡᠯᠡᠨ ᠰᠠᠢᠵᠢᠷᠠᠭᠤᠯᠬᠤ ᠳᠡᠭᠡᠷ᠎ᠡ ᠬᠦᠴᠦ ᠲᠠᠯᠪᠢᠵᠤ᠂ ᠰᠤᠷᠤᠯᠴᠠᠯᠭ᠎ᠠ ᠬᠥᠮᠦᠵᠢᠯ ᠬᠢᠭᠡᠳ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠭᠦᠨᠵᠡᠭᠡᠢ ᠠᠭᠤᠰᠤᠯᠴᠠᠬᠤ᠂ ᠪᠣᠳᠠᠲᠠᠢ᠎ᠳᠤ ᠨᠠᠢᠳᠠᠪᠤᠷᠢᠵᠢᠬᠤ᠎ᠶᠢ ᠠᠬᠢᠭᠤᠯᠪᠠ᠃ 《ᠶᠡᠬᠡ᠎ᠪᠡᠷ ᠰᠤᠷᠪᠤᠯᠵᠢᠯᠠᠬᠤ᠂ ᠶᠡᠬᠡ᠎ᠪᠡᠷ ᠵᠢᠭ᠍ᠰᠠᠭᠠᠨ ᠪᠠᠢᠴᠠᠭᠠᠬᠤ᠂ ᠶᠡᠬᠡ᠎ᠪᠡᠷ ᠰᠢᠢᠳᠪᠦᠷᠢᠯᠡᠬᠦ》 ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠴᠡᠭ᠎ᠲᠦ ᠰᠠᠭᠤᠵᠤ ᠪᠠᠢᠴᠠᠭᠠᠨ ᠰᠤᠳᠤᠯᠬᠤ᠂ ᠭᠣᠣᠯᠳᠠᠯᠭ᠎ᠠ᠎ᠲᠠᠢ ᠪᠣᠯᠵᠣᠨ ᠰᠤᠷᠪᠤᠯᠵᠢᠯᠠᠬᠤ᠂ ᠲᠤᠰᠬᠠᠢ ᠰᠡᠳᠦᠪ᠎ᠢᠶᠡᠷ ᠰᠣᠷᠪᠤᠯᠵᠢᠯᠡᠯ ᠢ᠋ ᠬᠦᠯᠢᠶᠡᠨ ᠠᠪᠬᠤ᠂ ᠬᠡᠷᠡᠭ᠎ᠲᠦ ᠴᠢᠭᠯᠡᠭᠦᠯᠦᠨ ᠳᠣᠷᠣᠭ᠍ᠰᠢ ᠪᠠᠭᠤᠵᠤ ᠰᠤᠷᠪᠤᠯᠵᠢᠯᠠᠬᠤ ᠵᠡᠷᠭᠡ ᠠᠷᠭ᠎ᠠ ᠮᠠᠶᠢᠭ᠋᠎ᠢᠶᠠᠷ ᠵᠠᠬᠢᠳᠠᠯ ᠰᠣᠷᠪᠤᠯᠵᠢᠯᠠᠯ ᠤ᠋ᠨ ᠠᠰᠠᠭᠤᠳᠠᠯ᠎ᠢ ᠰᠢᠢᠳᠪᠦᠷᠢᠯᠡᠬᠦ᠎ᠶᠢ ᠱᠠᠯᠠᠪᠳᠠᠭᠤᠯᠤᠨ ᠠᠬᠢᠭᠤᠯᠵᠤ᠂ ᠤᠯᠠᠨ ᠲᠦᠮᠡᠨ᠎ᠦ ᠰᠠᠨᠠᠯ ᠰᠠᠨᠠᠭᠤᠯᠭ᠎ᠠ᠎ᠶᠢ ᠨᠢᠭᠤᠷᠲᠠᠨ ᠥᠷᠭᠡᠨ᠎ᠢᠶᠡᠷ ᠰᠣᠨᠣᠰᠴᠤ᠂ ᠵᠠᠬᠢᠳᠠᠯ ᠰᠣᠷᠪᠤᠯᠵᠢᠯᠠᠯ ᠤ᠋ᠨ ᠰᠠᠯᠠᠭ᠎ᠠ ᠮᠥᠴᠢᠷ᠎ᠦᠨ ᠠᠷᠠᠳ ᠲᠦᠮᠡᠨ᠎ᠳᠦ ᠦᠢᠯᠡᠴᠢᠯᠡᠬᠦ ᠰᠠᠭᠤᠷᠢ᠎ᠶᠢ ᠦᠷᠭᠦᠯᠵᠢᠯᠡᠨ ᠪᠠᠳᠤᠳᠬᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ᠎ᠲᠠᠢ ᠰᠠᠨᠠᠭᠠᠴᠢᠯᠠᠭ᠎ᠠ᠎ᠡᠴᠡ᠎ᠪᠠᠨ ᠪᠠᠷᠢᠮᠵᠢᠶᠠᠯᠠᠵᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ᠂ ᠵᠠᠬᠢᠳᠠᠯ ᠰᠤᠷᠪᠤᠯᠵᠢᠯᠠᠯ᠎ᠤᠨ ᠵᠥᠷᠢᠴᠡᠯ᠎ᠢ ᠨᠠᠮᠳᠠᠭᠤᠯᠤᠨ ᠰᠢᠢᠳᠪᠦᠷᠢᠯᠡᠬᠦ ᠵᠢᠨ ᠪᠣᠭᠣᠮᠲᠠ ᠰᠢᠪᠲᠤᠯᠬᠤ ᠪᠠ ᠵᠠᠬᠢᠳᠠᠯ ᠰᠤᠷᠪᠤᠯᠵᠢᠯᠠᠯ᠎ᠤᠨ ᠲᠣᠪᠣᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢᠴᠢ ᠵᠥᠷᠢᠴᠡᠯ ᠵᠠᠭᠤᠷᠠᠯᠳᠤᠭᠠᠨ᠎ᠢ ᠣᠯᠠᠨ ᠡᠰᠢᠵᠢᠭᠦᠯᠦᠨ ᠰᠢᠢᠳᠪᠦᠷᠢᠯᠡᠬᠦ ᠢᠨᠵᠧᠨᠧᠷᠢᠩ᠎ᠳᠦ ᠠᠩᠬᠠᠷᠤᠯ᠎ᠢᠶᠠᠨ ᠲᠥᠪᠯᠡᠷᠡᠭᠦᠯᠦᠨ ᠤᠨᠤᠴᠠᠳᠠᠢ ᠬᠦᠴᠦᠯᠡᠵᠦ᠂ ᠠᠷᠠᠳ ᠣᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠡᠳᠬᠢᠯ ᠲᠠᠯᠪᠢᠨ ᠰᠠᠢᠲᠤᠷ ᠰᠢᠢᠳᠪᠦᠷᠢᠯᠡᠪᠡ᠃

ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠬᠤ ᠪᠠ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠋ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠢ ᠥᠨᠳᠥᠷ ᠪᠠᠷᠢᠮᠵᠢᠶ᠎ᠠ᠎ᠪᠠᠷ ᠥᠷᠨᠢᠭᠦᠯᠵᠦ᠂ ᠴᠢᠨᠠᠷ ᠰᠠᠢᠲᠠᠢ ᠠᠬᠢᠭᠤᠯᠬᠤ᠎ᠶᠢ ᠦᠨᠡᠨ ᠬᠦ᠌ ᠪᠠᠲᠤᠯᠠᠵᠦ ᠪᠠᠢᠨ᠎ᠠ᠃ ᠰᠤᠷᠤᠯᠴᠠᠯᠭ᠎ᠠ ᠴᠢᠨᠠᠷ ᠴᠢᠨᠰᠠᠭ᠎ᠠ᠎ᠲᠠᠢ ᠪᠠᠢᠬᠤ᠎ᠶᠢ ᠲᠤᠪᠤᠢ᠍ᠢᠯᠭᠠᠵᠤ᠂ ᠲᠤᠭᠤᠷᠢᠭ ᠎ᠤᠨ  ᠲᠡᠰ ᠳᠠᠪᠬᠤᠷᠭ᠎ᠠ᠎ᠡᠴᠡ ᠨᠣᠮ ᠤᠩᠰᠢᠬᠤ ᠠᠩᠭᠢ ᠡᠷᠬᠢᠯᠡᠵᠦ᠂ ᠡᠯ᠎ᠡ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) 62 ᠬᠤᠭᠤᠴᠠᠭ᠎ᠠ ᠨᠣᠮ ᠤᠩᠰᠢᠬᠤ ᠠᠩᠭᠢ ᠡᠷᠬᠢᠯᠡᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ 3200 ᠭᠠᠷᠤᠢ ᠤᠳᠠᠭ᠎ᠠ ᠲᠥᠪᠯᠡᠷᠡᠩᠭᠦᠢ ᠰᠤᠷᠤᠯᠴᠠᠯᠭ᠎ᠠ ᠥᠷᠨᠢᠭᠦᠯᠪᠡ᠃ ᠰᠦᠩᠱᠠᠨ ᠲᠣᠭᠣᠷᠢᠭ᠋᠎ᠤᠨ ᠨᠠᠮ᠎ᠤᠨ ᠬᠣᠷᠢᠶ᠎ᠠ᠎ᠵᠢᠨ ᠨᠠᠮ᠎ᠤᠨ ᠰᠤᠷᠭᠠᠭᠤᠯᠢ ᠰᠤᠷᠤᠯᠴᠠᠯᠭ᠎ᠠ ᠬᠥᠮᠦᠵᠢᠯ᠎ᠦᠨ ᠬᠣᠯᠪᠣᠭᠳᠠᠯ ᠪᠦᠬᠦᠢ ᠠᠭᠤᠯᠭ᠎ᠠ᠎ᠶᠢ ᠭᠣᠣᠯ ᠴᠣᠭᠴᠠ᠎ᠶᠢᠨ ᠠᠩᠭᠢ᠎ᠶᠢᠨ ᠬᠢᠴᠢᠶᠡᠯ᠎ᠳᠦ ᠣᠷᠣᠭᠤᠯᠵᠤ᠂ ᠨᠡᠶ᠋ᠢᠲᠡ 388 ᠬᠥᠮᠥᠨ᠎ᠢ ᠪᠣᠯᠪᠠᠰᠤᠷᠠᠭᠤᠯᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠤᠨ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶᠢᠨ ᠤᠬᠠᠮᠰᠠᠷ᠎ᠢ ᠦᠨᠡᠨ ᠬᠦ᠌ ᠴᠢᠩᠭᠠᠳᠬᠠᠪᠠ᠃ ᠪᠠᠢᠴᠠᠭᠠᠬᠤ ᠡᠷᠴᠢᠮ ᠴᠢᠩᠭ᠎ᠠ ᠪᠠᠢᠬᠤ᠎ᠶᠢ ᠳᠣᠪᠣᠶ᠋ᠢᠯᠭᠠᠵᠤ᠂ 4 ᠲᠠᠯ᠎ᠠ᠎ᠶᠢᠨ 16 ᠠᠰᠠᠭᠤᠳᠠᠯ᠎ᠤᠨ ᠲᠣᠭᠣᠷᠢᠨ᠎ᠳᠤ 《3 ᠵᠢ ᠬᠠᠷᠭᠤᠭᠤᠯᠬᠤ + 3 ᠠᠷᠭ᠎ᠠ ᠵᠠᠮ》 ᠢ᠋ ᠭᠦᠢᠴᠡᠳ ᠬᠡᠷᠡᠭᠯᠡᠨ ᠭᠦᠨᠵᠡᠭᠡᠢ ᠪᠠᠢᠴᠠᠭᠠᠨ ᠳᠡᠯᠭᠡᠵᠦ᠂ ᠰᠤᠷᠤᠯᠴᠠᠬᠤ᠎ᠶᠢᠨ ᠳᠠᠭᠠᠤ ᠬᠠᠷᠭᠤᠭᠤᠯᠵᠤ ᠪᠠᠢᠴᠠᠭᠠᠨ ᠦᠵᠡᠬᠦ᠎ᠶᠢ ᠪᠠᠷᠢᠮᠲᠠᠯᠠᠵᠤ᠂ ᠠᠰᠠᠭᠤᠳᠠᠯ᠎ᠤᠨ ᠨᠠᠷᠢᠨ ᠲᠠᠩᠰᠠ᠎ᠶᠢ ᠬᠥᠳᠡᠯᠦᠩᠭᠦᠢ᠎ᠪᠡᠷ ᠰᠢᠨᠡᠳᠬᠡᠵᠦ᠂ ᠠᠰᠠᠭᠤᠳᠠᠯ᠎ᠢ ᠣᠨᠣᠪᠴᠢᠲᠠᠶ ᠪᠠᠢᠴᠠᠭᠠᠨ ᠪᠣᠳᠠᠲᠠᠢᠵᠢᠭᠤᠯᠬᠤ᠎ᠶᠢ ᠦᠨᠡᠨ ᠬᠦ᠌ ᠪᠠᠲᠤᠯᠠᠪᠠ᠃ ᠴᠡᠭᠴᠡᠯᠡᠨ ᠰᠠᠢᠵᠢᠷᠠᠭᠤᠯᠤᠯᠲᠠ᠎ᠶᠢᠨ ᠦᠷ᠎ᠡ ᠪᠦᠲᠦᠮᠵᠢ᠎ᠶᠢ ᠳᠤᠪᠤᠢ᠍ᠢᠯᠭᠠᠵᠦ᠂ ᠪᠠᠢᠴᠠᠭᠠᠬᠤ᠎ᠶᠢᠨ ᠳᠠᠭᠠᠤ ᠴᠡᠭᠴᠡᠯᠡᠨ ᠰᠠᠢᠵᠢᠷᠠᠭᠤᠯᠬᠤ᠂ ᠪᠠᠷᠢᠨ ᠬᠡᠷᠡᠭᠵᠢᠭᠦᠯᠵᠦ ᠪᠠᠷᠢᠨ ᠴᠡᠭᠴᠡᠯᠡᠨ ᠰᠠᠢᠵᠢᠷᠠᠭᠤᠯᠬᠤ᠎ᠶᠢ ᠪᠠᠷᠢᠮᠲᠠᠯᠠᠵᠤ᠂ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠎ᠶᠢ ᠠᠷᠠᠳ ᠲᠦᠮᠡᠨ᠎ᠳᠦ ᠦᠢᠯᠡᠴᠢᠯᠡᠵᠦ ᠪᠣᠳᠠᠲᠠᠢ ᠶᠠᠪᠤᠳᠠᠯ ᠬᠢᠬᠦ᠎ᠲᠠᠢ ᠤᠶᠠᠯᠳᠤᠭᠤᠯᠵᠤ᠂ ᠡᠭᠦᠳᠡ᠎ᠪᠡᠨ ᠨᠡᠭᠡᠭᠡᠵᠦ ᠰᠤᠷᠭᠠᠨ ᠬᠦᠮᠦᠵᠢᠬᠦᠯᠬᠦ ᠵᠢ ᠰᠠᠢᠲᠤᠷ ᠠᠳᠬᠤᠵᠤ᠂ ᠤᠯᠠᠨ ᠲᠦᠮᠡᠨ᠎ᠦ ᠪᠠᠴᠢᠮᠳᠡᠵᠦ ᠲᠦᠪᠡᠭᠳᠡᠵᠦ ᠵᠣᠪᠠᠨᠢᠵᠤ ᠬᠦᠰᠡᠵᠦ᠎ᠪᠠᠢᠭ᠎ᠠ ᠠᠰᠠᠭᠤᠳᠠᠯ᠎ᠢ 63 ᠰᠢᠢᠳᠪᠦᠷᠢᠯᠡᠵᠦ᠂ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠵᠤ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠦᠷᠳᠡᠭ᠎ᠦᠨ ᠤᠳᠤᠷᠢᠳᠤᠮᠵᠢ᠎ᠶᠢ ᠢᠯᠡ ᠲᠣᠳᠣ᠌ ᠪᠤᠢ ᠪᠣᠯᠭᠠᠪᠠ᠃

ᠰᠢᠯᠢ᠎ᠶᠢᠨ ᠭᠣᠣᠯ ᠠᠢᠮᠠᠭ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠦᠮᠦᠵᠢᠯ᠎ᠤᠨ ᠵᠠᠩᠬᠢᠯᠠᠭ᠎ᠠ ᠵᠢᠨ ᠭᠤᠭᠴᠤᠭ᠎ᠠ ᠵᠢᠨ ᠲᠣᠭᠣᠷᠢᠨ᠎ᠳᠤ᠂ ᠭᠣᠣᠯᠳᠠᠯᠭ᠎ᠠ᠎ᠲᠠᠢ ᠡᠭᠦᠷᠭᠡ᠎ᠶᠢ ᠴᠢᠩᠭ᠎ᠠ ᠠᠩᠬᠠᠷᠴᠤ᠂ ᠣᠨᠣᠯ᠎ᠢᠶᠠᠷ ᠵᠡᠪᠰᠡᠭᠯᠡᠬᠦ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠠᠰᠠᠭᠤᠳᠠᠯ᠎ᠢ ᠦᠷᠭᠦᠯᠵᠢᠯᠡᠨ ᠭᠦᠨᠵᠡᠭᠡᠢ ᠪᠠᠢᠴᠠᠭᠠᠨ ᠳᠡᠯᠭᠡᠵᠦ᠂ ᠳᠦᠷᠢᠮ ᠲᠣᠭᠲᠠᠭᠠᠯ ᠲᠣᠭᠲᠠᠭᠠᠬᠤ ᠡᠷᠴᠢᠮ᠎ᠢᠶᠡᠨ ᠴᠢᠩᠭᠠᠷᠠᠭᠤᠯᠵᠤ᠂ ᠡᠭᠦᠳᠡ᠎ᠪᠡᠨ ᠨᠡᠭᠡᠭᠡᠵᠦ ᠰᠤᠷᠭᠠᠨ ᠬᠥᠮᠥᠵᠢᠭᠦᠯᠬᠦ᠎ᠶᠢ ᠦᠷᠭᠦᠯᠵᠢᠯᠡᠨ ᠠᠬᠢᠭᠤᠯᠵᠤ᠂ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ᠎ᠶᠢ ᠲᠤᠢᠯ᠎ᠤᠨ ᠣᠨᠣᠪᠴᠢᠲᠠᠶ ᠪᠥᠭᠡᠳ ᠪᠣᠳᠠᠲᠠᠢ᠎ᠶᠢ ᠡᠷᠬᠢᠮᠯᠡᠨ ᠰᠠᠢᠲᠤᠷ ᠠᠳᠬᠤᠵᠤ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠵᠢ ᠨᠡᠪᠲᠡᠷᠡᠯᠴᠡᠭᠦᠯᠦᠨ ᠠᠬᠢᠭᠤᠯᠬᠤ ᠠᠵᠢᠯ᠎ᠤᠨ ᠦᠷ᠎ᠡ ᠪᠦᠲᠦᠮᠵᠢ᠎ᠪᠡᠷ ᠪᠥᠬᠥ ᠠᠢᠮᠠᠭ᠎ᠤᠨ ᠴᠢᠨᠠᠷ ᠰᠠᠢᠲᠠᠢ ᠬᠥᠭᠵᠢᠯᠲᠡ᠎ᠶᠢᠨ ᠶᠡᠬᠡ ᠲᠠᠯ᠎ᠠ᠎ᠳᠤ ᠦᠢᠯᠡᠴᠢᠯᠡᠪᠡ᠃ ᠰᠢᠯᠢ᠎ᠶᠢᠨ ᠭᠣᠣᠯ ᠠᠢᠮᠠᠭ᠎ᠤᠨ ᠪᠠᠢᠴᠠᠭᠠᠬᠤ ᠬᠣᠷᠢᠶ᠎ᠠ 《ᠨᠠᠷᠢᠨ ᠲᠠᠩᠰᠠᠵᠢᠭᠤᠯᠤᠨ ᠠᠬᠢᠭᠤᠯᠬᠤ᠂ ᠲᠥᠷᠥᠯ ᠵᠦᠶ᠋ᠯᠵᠢᠭᠦᠯᠦᠨ ᠪᠣᠭᠣᠮᠲᠠ ᠰᠢᠪᠲᠤᠯᠬᠤ᠂ ᠣᠷᠳᠣ᠌ ᠬᠤᠭᠤᠴᠠᠭ᠎ᠠ ᠪᠦᠲᠦᠮᠵᠢᠲᠡᠶ ᠪᠡᠬᠢᠵᠢᠭᠦᠯᠬᠦ》 ᠴᠡᠭᠴᠡᠯᠡᠨ ᠰᠠᠢᠵᠢᠷᠠᠭᠤᠯᠬᠤ ᠪᠢᠲᠡᠭᠦᠦ ᠴᠠᠭᠠᠷᠢᠭ᠍ᠲᠤ ᠲᠣᠭᠲᠠᠴᠠ᠎ᠶᠢ ᠪᠠᠢᠭᠤᠯᠪᠠ᠃ ᠬᠠᠷᠠᠯᠲᠠ᠎ᠲᠠᠢ᠎ᠪᠠᠷ ᠳ᠋ᠤᠭᠠᠷ᠎ᠢ ᠬᠠᠰᠤᠵᠤ ᠪᠣᠭᠣᠮᠲᠠ ᠰᠢᠪᠲᠤᠯᠬᠤ᠎ᠶᠢ ᠠᠳᠬᠤᠵᠤ᠂ ᠭᠣᠣᠯᠳᠠᠯᠭ᠎ᠠ᠎ᠲᠠᠢ ᠠᠰᠠᠭᠤᠳᠠᠯ᠎ᠳᠤ 《ᠨᠢᠭᠡ ᠨᠢᠭᠡ᠎ᠪᠡᠷ ᠪᠣᠭᠣᠮᠲᠠ ᠰᠢᠪᠲᠤᠯᠬᠤ᠂ ᠪᠥᠬᠥ ᠶᠠᠪᠤᠴᠠ᠎ᠳᠤ ᠱᠠᠯᠠᠪᠳᠠᠭᠤᠯᠤᠨ ᠭᠦᠢᠴᠡᠳᠬᠡᠬᠦ᠂ ᠳ᠋ᠤᠭᠠᠷ᠎ᠢ ᠬᠠᠰᠤᠬᠤ ᠮᠠᠶᠢᠭ᠋᠎ᠵᠢᠡᠷ ᠬᠠᠮᠢᠶᠠᠷᠬᠤ》 ᠵᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠪᠦᠬᠦᠨ᠎ᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠣᠯᠪᠠ᠃ ᠳᠦᠷᠢᠮ ᠲᠣᠭᠲᠠᠭᠠᠯ ᠲᠤᠭᠳᠠᠭᠠᠨ ᠦᠷ᠎ᠡ ᠪᠦᠲᠦᠭᠡᠯ᠎ᠢ ᠪᠡᠬᠢᠵᠢᠭᠦᠯᠵᠦ᠂ ᠳᠣᠲᠣᠭᠠᠳᠤ᠎ᠶᠢᠨ ᠬᠠᠮᠢᠶᠠᠷᠤᠯᠲᠠ᠎ᠶᠢᠨ 4 ᠳᠦᠷᠢᠮ᠎ᠳᠦ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 2 ᠪᠢᠴᠢᠭ ᠮᠠᠲᠧᠷᠢᠶᠠᠯ᠎ᠢ ᠬᠦᠴᠦᠨ ᠦᠭᠡᠢ ᠪᠣᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ ᠪᠤᠷᠤᠭᠤᠳᠠᠬᠤ᠎ᠶᠢ ᠰᠡᠷᠭᠡᠢᠯᠡᠬᠦ᠂ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠵᠢᠷᠤᠮᠵᠢᠭᠤᠯᠬᠤ ᠤᠷᠲᠤ ᠬᠤᠭᠤᠴᠠᠭᠠᠨ᠎ᠤ ᠪᠦᠲᠦᠮᠵᠢᠲᠤ ᠲᠣᠭᠲᠠᠴᠠ᠎ᠶᠢ ᠪᠦᠷᠢᠯᠳᠦᠭᠦᠯᠪᠡ᠃ ᠰᠤᠷᠤᠯᠴᠠᠬᠤ ᠪᠠ ᠰᠠᠢᠵᠢᠷᠠᠭᠤᠯᠬᠤ᠎ᠶᠢ ᠠᠭᠤᠰᠤᠯᠴᠠᠭᠤᠯᠤᠨ ᠤᠯᠠᠷᠢᠭᠤᠯᠬᠤ᠎ᠶᠢ ᠠᠬᠢᠭᠤᠯᠵᠤ᠂ ᠠᠷᠠᠳ᠎ᠤᠨ ᠠᠮᠢᠳᠤᠷᠠᠯ ᠳ᠋ᠤ ᠠᠩᠬᠠᠷᠤᠯ᠎ᠢᠶᠠᠨ ᠲᠥᠪᠯᠡᠷᠡᠭᠦᠯᠦᠨ ᠲᠤᠰᠬᠠᠢ ᠤᠬᠠᠭᠤᠯᠭ᠎ᠠ ᠥᠷᠨᠢᠭᠦᠯᠵᠦ᠂ ᠡᠩᠨᠡᠭᠡᠨ᠎ᠦ ᠬᠠᠮᠢᠶᠠᠷᠤᠯᠲᠠ᠎ᠶᠢᠨ 31 ᠵᠦᠢᠯ᠎ᠦᠨ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠨ᠂ ᠦᠨᠳᠦᠰᠦᠨ ᠱᠠᠲᠤᠨ᠎ᠳᠤ ᠲᠣᠭᠣᠷᠢᠨ ᠰᠤᠷᠪᠤᠯᠵᠢᠯᠠᠬᠤ᠂ ᠣᠨᠴᠠᠭᠠᠶ ᠬᠡᠷᠡᠭ᠎ᠢ ᠬᠢᠨᠠᠨ ᠵᠢᠯᠤᠭᠣᠳᠬᠤ᠎ᠪᠠᠷ ᠳᠠᠮᠵᠢᠭᠤᠯᠤᠨ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ᠎ᠪᠡᠷ ᠴᠢᠨᠠᠷ ᠰᠠᠢᠲᠠᠢ ᠬᠥᠭᠵᠢᠯᠲᠡ᠎ᠶᠢᠨ ᠶᠡᠬᠡ ᠲᠠᠯ᠎ᠠ᠎ᠳᠤ ᠦᠢᠯᠡᠴᠢᠯᠡᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号