ᠦᠪᠦᠷ ᠮᠤᠨᠭᠭᠤᠯ ᠤ᠋ᠨ ᠰᠤᠶᠤᠯ ᠤ᠋ᠨ ᠠᠵᠢᠯᠯᠠᠭ᠎ᠠ ᠵᠢᠨ ᠤᠯᠠᠷᠢᠯ ᠤ᠋ᠨ ᠨᠢᠭᠡ ᠪᠤᠯᠬᠤ 2026 ᠤᠨ ᠤ᠋︽ᠪᠦᠲᠦᠭᠡᠯᠴᠢ ᠥᠪᠥᠷ ᠮᠣᠩᠭᠣᠯ︾ᠰᠢᠷᠢᠰ ᠠᠵᠢᠯᠯᠠᠭ᠎ᠠ ᠪᠤᠯᠤᠨ︽ᠵᠠᠯᠠᠭᠤ ᠨᠠᠰᠤᠨ ᠤ᠋ ᠴᠤᠭ ᠵᠢᠪᠬᠤᠭ᠎ᠠ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠭᠡᠷᠡᠯ ᠭᠢᠯᠪᠠᠭ᠎ᠠ︾ᠥᠪᠥᠷ ᠮᠣᠩᠭᠣᠯ ᠤ᠋ᠨ ᠶᠡᠬᠡ ᠳᠡᠭᠡᠳᠦ ᠰᠤᠷᠭᠠᠭᠤᠯᠢ ᠵᠢᠨ ᠲᠡᠭᠦᠰᠬᠦ ᠤᠯᠠᠷᠢᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠵᠠᠯᠭᠠᠮᠵᠢᠯᠠᠵᠤ ᠰᠢᠨ᠎ᠡ ᠵᠢ ᠡᠭᠦᠳᠬᠦ ᠰᠢᠷᠢᠰ ᠠᠵᠢᠯᠯᠠᠭ᠎ᠠ ᠵᠢᠴᠢ︽ᠪᠦᠲᠦᠭᠡᠯᠴᠢ ᠥᠪᠥᠷ ᠮᠣᠩᠭᠣᠯ︾ᠲᠥᠰᠥᠪᠯᠡᠯ ᠤ᠋ᠨ ᠰᠢᠨ᠎ᠡ ᠵᠢ ᠡᠭᠦᠳᠦᠭᠰᠡᠨ ᠦᠷ᠎ᠡ ᠪᠦᠳᠦᠭᠡᠯ ᠤ᠋ᠨ ᠦᠵᠡᠭᠦᠯᠭᠡ 6 ᠰᠠᠷ᠎ᠠ ᠵᠢᠨ 22 ᠤ᠋ᠨ ᠡᠳᠦᠷ ᠬᠥᠬᠡᠬᠣᠲᠠ ᠳ᠋ᠤ᠌ ᠡᠬᠢᠯᠡᠪᠡ᠃
2026 ᠤᠨ ᠤ᠋︽ᠪᠦᠲᠦᠭᠡᠯᠴᠢ ᠥᠪᠥᠷ ᠮᠣᠩᠭᠣᠯ︾ᠰᠢᠷᠢᠰ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ ᠡᠴᠡ ᠭᠣᠣᠯᠯᠠᠨ ᠡᠷᠬᠢᠯᠡᠵᠦ᠂ ᠪᠦᠬᠦ ᠣᠷᠣᠨ ᠤ᠋ 29 ᠶᠡᠬᠡ ᠳᠡᠭᠡᠳᠦ ᠰᠤᠷᠭᠠᠭᠤᠯᠢ ᠪᠠ ᠰᠣᠶᠣᠯ ᠵᠢᠭᠤᠯᠴᠢᠯᠠᠯ ᠤ᠋ᠨ 110 ᠭᠠᠷᠤᠢ ᠠᠵᠤ ᠠᠬᠤᠢᠯᠠᠯ ᠤ᠋ᠨ ᠬᠢᠨ ᠤᠷᠤᠯᠴᠠᠵᠦ᠂ ᠵᠠᠯᠠᠭᠤ ᠪᠦᠳᠦᠭᠡᠯᠴᠢᠳ ᠤ᠋ᠨ 800 ᠭᠠᠷᠤᠢ ᠢᠵᠢ ᠪᠦᠲᠦᠭᠡᠯ ᠪᠤᠯᠤᠨ ᠰᠣᠶᠣᠯ ᠵᠢᠭᠤᠯᠴᠢᠯᠠᠯ ᠤ᠋ᠨ ᠠᠵᠤ ᠠᠬᠤᠢᠯᠠᠯ ᠤ᠋ᠨ 1100 ᠢᠵᠢ ᠥᠪᠡᠷᠮᠢᠴᠡ ᠣᠨᠴᠠᠯᠢᠭ ᠲᠠᠢ ᠰᠣᠶᠣᠯ ᠤ᠋ᠨ ᠪᠦᠳᠦᠭᠡᠯᠴᠢ ᠦᠢᠯᠡᠳᠬᠦᠨ ᠢ᠋ ᠳᠡᠯᠭᠡᠨ ᠦᠵᠡᠭᠦᠯᠵᠤ ᠪᠠᠢᠨ᠎ᠠ᠃ ᠡᠳᠡᠬᠡᠷ ᠪᠦᠲᠦᠭᠡᠯ ᠨᠢ ᠪᠦᠬᠦ ᠣᠷᠣᠨ ᠤ᠋ ᠡᠯ᠎ᠠ ᠮᠦᠽᠧᠢ ᠳ᠋ᠤ ᠬᠠᠳᠠᠭᠠᠯᠠᠵᠤ ᠪᠠᠢᠭ᠎ᠠ ᠲᠡᠦᠬᠡ ᠶ᠋ᠢᠨ ᠳᠤᠷᠠᠰᠬᠠᠯᠲᠤ ᠵᠦᠢᠯᠡᠰ᠂ ᠲᠡᠦᠬᠡ ᠶ᠋ᠢᠨ ᠦᠯᠡᠳᠡᠭᠳᠡᠯ ᠳ᠋ᠤ ᠰᠠᠭᠤᠷᠢᠯᠠᠨ᠂ ᠬᠣᠲᠠ ᠶ᠋ᠢᠨ ᠰᠢᠨᠡᠳᠬᠡᠯ ᠬᠢᠭᠡᠳ ᠠᠵᠤ ᠦᠢᠯᠡᠳᠪᠦᠷᠢ ᠶ᠋ᠢᠨ ᠦᠯᠡᠳᠡᠭᠳᠡᠯ ᠢ᠋ ᠢᠳᠡᠪᠬᠢᠵᠢᠬᠦᠯᠦᠨ ᠠᠰᠢᠭᠯᠠᠬᠤ ᠪᠡᠷ ᠭᠤᠤᠯ ᠰᠠᠨᠠᠭ᠎ᠠ ᠪᠠᠨ ᠪᠤᠯᠭᠠᠵᠦ᠂ ᠰᠢᠨ᠎ᠡ ᠴᠠᠭ ᠦᠶ᠎ᠡ ᠶ᠋ᠢᠨ ᠵᠠᠯᠠᠭᠤᠴᠤᠳ ᠤ᠋ᠨ ᠵᠢᠷᠤᠭ ᠲᠥᠯᠥᠪᠯᠡᠭᠡ ᠶ᠋ᠢᠨ ᠤᠷ᠎ᠠ ᠤᠬᠠᠭᠠᠨ ᠢ᠋ ᠬᠠᠷᠠᠭᠤᠯᠤᠨ᠂ ᠵᠠᠯᠠᠭᠤᠴᠤᠳ ᠤ᠋ᠨ ᠪᠦᠲᠦᠭᠡᠯᠴᠢ ᠰᠡᠳᠬᠢᠴᠡ ᠪᠡᠷ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠠᠵᠤ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠳ᠋ᠤ ᠬᠦᠴᠦᠨ ᠨᠡᠮᠡᠷᠢᠯᠠᠵᠦ ᠪᠠᠢᠭ᠎ᠠ ᠦᠢᠯᠡᠳᠦᠯᠭᠡ ᠶ᠋ᠢᠨ ᠦᠷ᠎ᠡ ᠪᠦᠲᠦᠮᠵᠢ ᠵᠢ ᠦᠵᠡᠬᠦᠯᠵᠡᠢ᠃ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤ᠋ᠨ ᠳᠡᠳ᠋ ᠳᠠᠷᠤᠭ᠎ᠠ ᠯᠢᠦ ᠫᠧᠩ ᠹᠧᠢ ᠶ᠋ᠢᠨ ᠲᠠᠨᠢᠯᠴᠠᠭᠤᠯᠤᠭᠰᠠᠨ ᠢ᠋ᠶ᠋ᠠᠷ᠂ 2026 ᠣᠨ ︽ᠪᠦᠲᠦᠭᠡᠯᠴᠢ ᠥᠪᠥᠷ ᠮᠣᠩᠭᠣᠯ︾ᠰᠢᠷᠢᠰ ᠠᠵᠢᠯᠯᠠᠭ᠎ᠠ ᠨᠢ ᠤᠯᠤᠰ ᠤ᠋ᠨ ᠠᠭᠠᠯᠢᠳᠦ ᠰᠣᠶᠣᠯ ᠤ᠋ᠨ ᠦᠵᠡᠰᠬᠦᠯᠡᠩ᠂ ᠣᠶᠤᠨ ᠤ᠋ ᠡᠭᠦᠳᠦᠯᠲᠡ ᠵᠢᠨ ᠲᠠᠯ᠎ᠠ ᠨᠤᠲᠤᠭ᠂ ᠤᠷᠠᠯᠢᠭ ᠤ᠋ᠨ ᠠᠭᠤᠯᠵᠠᠯᠲᠠ ᠭᠡᠬᠦ 3 ᠭᠣᠣᠯ ᠠᠭᠤᠯᠭ᠎ᠠ ᠪᠡᠷ ᠶᠠᠪᠤᠭᠳᠠᠵᠤ᠂ ᠣᠷᠣᠨ ᠤ᠋ ᠳᠣᠲᠣᠷᠠᠬᠢ ᠶᠡᠬᠡ ᠳᠡᠭᠡᠳᠦ ᠰᠤᠷᠭᠠᠭᠤᠯᠢ ᠶ᠋ᠢᠨ ᠲᠤᠰᠬᠠᠢ ᠮᠡᠷᠭᠡᠵᠢᠯ ᠤ᠋ᠨ ᠡᠬᠢ ᠪᠠᠶᠠᠯᠢᠭ ᠢ᠋ ᠲᠠᠢᠴᠢᠯᠡᠨ ᠵᠠᠯᠠᠭᠤᠴᠤᠳ ᠤ᠋ᠨ ᠪᠦᠲᠦᠭᠡᠯᠴᠢ ᠰᠡᠳᠬᠢᠬᠦᠢ ᠵᠢ ᠬᠦᠭᠵᠢᠬᠡᠵᠦ᠂ ᠰᠣᠶᠣᠯ ᠵᠢᠭᠤᠯᠴᠢᠯᠠᠯ ᠤ᠋ᠨ ᠦᠷ᠎ᠡ ᠪᠦᠲᠦᠭᠡᠯ ᠢ᠋ ᠬᠤᠪᠢᠷᠠᠭᠤᠯᠬᠤ ᠪᠠ ᠠᠵᠢᠯ ᠲᠥᠷᠥᠯ ᠤ᠋ᠨ ᠡᠬᠢ ᠪᠠᠶᠠᠯᠢᠭ ᠢ᠋ ᠵᠤᠯᠭᠠᠭᠤᠯᠬᠤ ᠨᠢᠭᠡ ᠴᠤᠬᠴᠠᠵᠢᠬᠰᠠᠨ ᠲᠠᠪᠴᠠᠩ ᠢ᠋ ᠪᠠᠢᠭᠤᠯᠵᠤ᠂ ᠰᠢᠨ᠎ᠡ ᠵᠢ ᠡᠭᠦᠳᠦᠭᠰᠡᠨ ᠵᠢᠷᠤᠭ ᠲᠥᠰᠥᠪᠯᠡᠯ ᠢ᠋ᠶ᠋ᠡᠷ ᠤᠷᠤᠨ ᠨᠤᠲᠤᠭ ᠤ᠋ᠨ ᠵᠢᠡᠨ ᠰᠣᠶᠣᠯ ᠤ᠋ᠨ ᠳᠣᠲᠣᠭᠠᠳᠤ ᠬᠥᠳᠡᠯᠭᠡᠬᠦ ᠬᠦᠴᠦᠨ ᠢ᠋ ᠦᠷᠭᠦᠯᠵᠢᠯᠡᠨ ᠬᠥᠭᠵᠢᠭᠡᠭᠰᠡᠨ ᠪᠠᠢᠨ᠎ᠠ᠃
ᠣᠢᠯᠠᠭᠠᠭᠰᠠᠨ ᠢ᠋ᠶ᠋ᠠᠷ᠂ ᠲᠤᠰ ᠰᠢᠷᠢᠰ ᠠᠵᠢᠯᠯᠠᠭ᠎ᠠ 7 ᠡᠳᠦᠷ ᠶᠠᠪᠤᠭᠳᠠᠵᠤ᠂ ᠶᠡᠬᠡ ᠳᠡᠭᠡᠳᠦ ᠰᠤᠷᠭᠠᠭᠤᠯᠢ ᠶ᠋ᠢᠨ ᠡᠭᠦᠳᠦᠨ ᠪᠦᠲᠦᠭᠡᠯᠲᠡ ᠵᠢ ᠠᠵᠤ ᠦᠢᠯᠡᠰ ᠪᠠ ᠵᠠᠬ᠎ᠠ ᠳᠡᠯᠭᠡᠭᠦᠷ ᠲᠠᠢ ᠵᠣᠯᠭᠠᠭᠤᠯᠬᠤ ᠠᠷᠭ᠎ᠠ ᠵᠠᠮ ᠢ᠋ ᠨᠡᠪᠲᠡᠷᠡᠭᠦᠯᠵᠤ᠂ ᠵᠢᠷᠤᠭ ᠲᠥᠯᠥᠪᠯᠡᠭᠡ ᠶ᠋ᠢᠨ ᠵᠠᠯᠠᠭᠤ ᠴᠢᠳᠠᠪᠤᠷᠢᠲᠠᠨ ᠳ᠋ᠤ᠌ ᠳᠡᠯᠭᠡᠨ ᠦᠵᠡᠭᠦᠯᠵᠦ ᠰᠣᠯᠢᠯᠴᠠᠬᠤ ᠲᠠᠪᠴᠠᠩ ᠬᠠᠩᠭᠠᠬᠤ ᠶ᠋ᠢᠨ ᠬᠠᠮᠲᠤ《ᠪᠦᠲᠦᠭᠡᠯᠴᠢ ᠥᠪᠥᠷ ᠮᠣᠩᠭᠣᠯ》 ᠤ᠋ᠨ ᠣᠨᠴᠠᠯᠢᠭᠲᠤ ᠰᠣᠶᠣᠯ ᠤ᠋ᠨ ᠲᠦᠷᠦᠯ ᠲᠡᠮᠳᠡᠭ ᠢ᠋ ᠤᠯᠠᠮ ᠠᠯᠳᠠᠷᠰᠢᠭᠤᠯᠵᠤ᠂ ᠪᠦᠬᠦ ᠣᠷᠣᠨ ᠤ᠋ ᠰᠣᠶᠣᠯ ᠵᠢᠭᠤᠯᠴᠢᠯᠠᠯ ᠤ᠋ᠨ ᠰᠢᠨ᠎ᠡ ᠵᠢ ᠡᠭᠦᠳᠦᠨ ᠬᠥᠭᠵᠢᠬᠦ ᠳ᠋ᠤ ᠤᠳᠠᠭᠠᠨ ᠲᠠᠭᠠᠭᠠᠮᠠᠭᠠᠢ ᠠᠮᠢᠵᠢᠷᠠᠯ ᠤ᠋ᠨ ᠬᠦᠴᠦᠨ ᠨᠡᠮᠡᠷᠢᠯᠡᠬᠦ ᠪᠤᠯᠤᠨ᠎ᠠ᠃ ᠡᠨᠡ ᠬᠦ᠌ ᠬᠤᠭᠤᠴᠠᠭᠠᠨ ᠳ᠋ᠤ ᠪᠠᠰᠠ ᠲᠥᠷᠥ ᠶ᠋ᠢᠨ ᠪᠣᠳᠣᠯᠭ᠎ᠠ ᠶ᠋ᠢᠨ ᠲᠠᠢᠯᠤᠮᠵᠢ᠂ ᠠᠵᠢᠯ ᠲᠥᠷᠥᠯ ᠤ᠋ᠨ ᠴᠢᠯᠦᠬᠡᠳᠦ ᠶᠠᠷᠢᠯᠴᠠᠭ᠎ᠠ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠪᠡᠶᠡᠴᠢᠯᠡᠨ ᠣᠢᠯᠠᠭᠠᠬᠤ ᠵᠡᠷᠭᠡ ᠤᠯᠠᠨ ᠠᠵᠢᠯᠯᠠᠭ᠎ᠠ ᠵᠢ ᠲᠤᠬᠢᠷᠠᠭᠤᠯᠵᠠᠢ᠃