ᠦᠪᠦᠷ ᠮᠤᠩᠭᠤᠯᠤᠨ ᠮᠣᠩᠭᠣᠯ ᠤᠯᠤᠰ ᠲᠤ᠌ ᠭᠠᠷᠭᠠᠬᠤ ᠴᠢᠬᠢ ᠮᠣᠳᠣ ᠶ᠋ᠢ ᠬᠢᠨᠠᠨ ᠬᠠᠷᠭᠤᠭᠤᠯᠬᠤ ᠠᠵᠢᠯ ᠡᠮᠬᠢ ᠵᠢᠷᠤᠮᠲᠠᠶ ᠶᠠᠪᠤᠭ᠍ᠳᠠᠵᠤ᠂ ᠢᠯᠡᠳᠲᠡ ᠦᠷ᠎ᠡ ᠪᠦᠲᠦᠮᠵᠢ ᠣᠯᠵᠤ᠂ ᠪᠦᠬᠦᠯᠢ ᠴᠣᠭ᠍ᠴᠠ ᠳ᠋ᠤᠨᠢ ᠲᠣᠭ᠎ᠠ ᠬᠡᠮᠵᠢᠶ᠎ᠡ ᠲᠣᠭ᠍ᠲᠠᠭᠤᠨ ᠵᠢᠡᠷ ᠨᠡᠮᠡᠭ᠌ᠳᠡᠵᠦ᠍᠂ ᠮᠣᠳᠣᠨ ᠤ᠋ ᠲᠥᠷᠥᠯ ᠣᠯᠠᠨ ᠡᠱᠢᠵᠢᠵᠦ᠍᠂ ᠶᠠᠰᠤ ᠴᠢᠨᠠᠷ ᠨᠠᠢᠳᠠᠪᠤᠷᠢᠲᠠᠶ᠂ ᠨᠥᠭᠡᠴᠡ ᠬᠦᠴᠦᠨ ᠭᠦᠶ᠋ᠴᠡᠳ ᠪᠠᠢᠬᠤ ᠰᠠᠢᠨ ᠰᠠᠢᠬᠠᠨ ᠪᠠᠢᠳᠠᠯ ᠢᠯᠡᠷᠡᠵᠦ᠂ ᠮᠣᠩᠭᠣᠯ ᠤᠯᠤᠰ ᠲᠤ᠌ ᠦᠷᠭᠦᠯᠵᠢᠯᠡᠨ ᠱᠢᠯᠢᠳᠡᠭ ᠴᠢᠬᠢ ᠮᠣᠳᠣ ᠭᠠᠷᠭᠠᠵᠤ᠂ ᠮᠣᠩᠭᠣᠯ ᠤᠯᠤᠰ ᠤ᠋ᠨ 《ᠠᠷᠪᠠᠨ ᠳ᠋ᠦᠩᠱᠢᠭᠤᠷ ᠰᠠᠭᠤᠷᠢ ᠮᠣᠳᠣᠨ ᠤ᠋ ᠲᠥᠯᠥᠪᠯᠡᠭᠡ》 ᠶ᠋ᠢ ᠬᠦᠴᠦᠲᠡᠶ ᠲᠤᠯᠭᠠᠭᠤᠷᠢᠯᠠᠵᠤ᠂ ᠳᠤᠮᠳᠠᠳᠤ ᠮᠣᠩᠭᠣᠯ ᠤ᠋ᠨ ᠴᠦᠯᠯᠡᠷᠭᠡᠭ᠌ᠵᠢᠯ ᠢ᠋ ᠰᠡᠷᠭᠡᠢᠯᠡᠨ ᠵᠠᠰᠠᠬᠤ᠂ ᠬᠢᠯᠢ ᠠᠯᠤᠰᠯᠠᠭ᠍ᠰᠠᠨ ᠠᠮᠢ ᠠᠬᠤᠶ ᠵᠢᠨ ᠵᠠᠰᠠᠯᠲᠠ ᠵᠢᠨ ᠬᠠᠮᠵᠢᠯᠴᠠᠭ᠎ᠠ ᠬᠠᠮᠲᠤᠷᠠᠯᠴᠠᠭ᠎ᠠ ᠶ᠋ᠢ ᠦᠷᠭᠦᠯᠵᠢᠯᠡᠨ ᠭᠦᠨᠵᠡᠭᠡᠢᠷᠡᠭᠦᠯᠪᠡ᠃
ᠡᠳᠡᠭᠡᠷ ᠴᠢᠬᠢ ᠮᠤᠳᠤ ᠵᠢ ᠪᠤᠢᠵᠢᠭᠤᠯᠬᠤ ᠤᠷᠤᠨ ᠪᠦᠰᠨ ᠨᠢ ᠭᠤᠤᠯᠳᠠᠭᠤ ᠬᠢᠩᠭᠠᠨ ᠠᠢᠮᠠᠭ᠂ ᠱᠢᠯᠢ ᠵᠢᠨ ᠭᠤᠤᠯ ᠠᠢᠮᠠᠭ ᠪᠣᠯᠤᠨ ᠠᠯᠠᠱᠠ ᠠᠢᠮᠠᠭ ᠲᠤ᠌ ᠲᠥᠪᠯᠡᠷᠡᠵᠦ᠍᠂ ᠡᠭᠦᠨ ᠳ᠋ᠤ ᠱᠢᠯᠢ ᠵᠢᠨ ᠭᠤᠤᠯ ᠠᠢᠮᠠᠭ ᠤ᠋ᠨ ᠴᠢᠬᠢ ᠮᠣᠳᠣ ᠵᠢᠨ ᠭᠠᠳᠠᠭᠠᠳᠤ ᠳ᠋ᠤ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ᠋ᠬᠢ ᠡᠴᠡ ᠶᠡᠬᠡ ᠬᠡᠮᠵᠢᠶ᠎ᠡᠪᠡᠷ ᠨᠡᠮᠡᠭ᠌ᠳᠡᠬᠦ᠌ ᠶ᠋ᠢ ᠪᠡᠶᠡᠯᠡᠭᠦᠯᠤᠨ᠂ ᠠᠯᠠᠱᠠ ᠠᠢᠮᠠᠭ ᠴᠢᠬᠢ ᠮᠣᠳᠣ ᠵᠢ ᠭᠠᠳᠠᠭᠠᠳᠤ ᠳ᠋ᠤ ᠭᠠᠷᠭᠠᠬᠤ ᠠᠵᠢᠯ ᠢ᠋ ᠠᠩᠬ᠎ᠠ ᠤᠳᠠᠭ᠎ᠠ ᠥᠷᠨᠢᠭᠦᠯᠪᠡ᠃ ᠭᠠᠴᠤᠷ᠎ᠠ᠂ ᠬᠠᠢᠯᠠᠷ ᠨᠠᠷᠠᠰᠤ᠂ ᠬᠠᠷᠭᠠᠶ᠂ ᠬᠠᠢᠯᠠᠰᠤ᠂ ᠭᠣᠣᠯᠲᠤ ᠪᠣᠷᠣ ᠵᠡᠷᠭᠡ ᠤᠤᠯ ᠤ᠋ᠨ ᠮᠣᠳᠣᠨ ᠤ᠋ ᠲᠥᠷᠥᠯᠦᠨ ᠰᠠᠭᠤᠷᠢᠨ ᠳᠡᠭᠡᠷ᠎ᠡ ᠵᠠᠭ ᠮᠣᠳᠣ᠂ ᠪᠦᠭᠲᠦᠷ ᠤᠳᠠ ᠵᠡᠷᠭᠡ ᠡᠯᠡᠰᠦᠨ ᠴᠥᠯ ᠢ᠋ ᠵᠠᠰᠠᠬᠤ ᠳ᠋ᠤ ᠲᠣᠬᠢᠷᠠᠬᠤ ᠠᠮᠢ ᠠᠬᠤᠶ ᠵᠢᠨ ᠮᠣᠳᠣᠨ ᠤ᠋ ᠲᠥᠷᠥᠯ ᠵᠦᠢᠯ ᠢ᠋ ᠱᠢᠨᠡᠪᠡᠷ ᠨᠡᠮᠡᠵᠤ᠂ ᠮᠣᠳᠣᠨ ᠤ᠋ ᠲᠥᠷᠥᠯ ᠵᠦᠢᠯ ᠢ᠋ ᠣᠯᠠᠨ ᠡᠱᠢᠵᠢᠭᠦᠯᠪᠡ᠃ ᠭᠠᠳᠠᠭᠠᠳᠤ ᠳ᠋ᠤ ᠭᠠᠷᠭᠠᠬᠤ ᠪᠣᠶ ᠪᠥᠬᠥᠶ ᠴᠢᠬᠢ ᠮᠣᠳᠣᠨᠢ ᠬᠦᠶ᠋ᠲᠡᠨ ᠳ᠋ᠤ ᠲᠡᠰᠪᠦᠷᠢᠲᠡᠶ᠂ ᠭᠠᠩ ᠬᠠᠭᠰᠠᠷᠠᠭᠠᠨ ᠪᠠ ᠲᠠᠴᠢᠷ ᠨᠢᠮᠭᠡᠨ ᠳ᠋ᠤ ᠳᠠᠭᠠᠭᠠᠴᠠᠲᠠᠢ ᠵᠡᠷᠭᠡ ᠣᠨᠴᠠᠯᠢᠭᠲᠠᠶ ᠪᠠᠢᠵᠤ᠂ ᠮᠣᠩᠭᠣᠯ ᠤᠯᠤᠰ ᠤ᠋ᠨ ᠭᠠᠩ ᠬᠠᠭᠤᠷᠠᠶ ᠬᠠᠬᠢᠷ ᠬᠦᠶ᠋ᠲᠡᠨ ᠪᠠᠢᠭᠠᠯᠢ ᠵᠢᠨ ᠣᠷᠴᠢᠨ ᠲᠣᠭᠣᠷᠢᠨ ᠳ᠋ᠤ ᠳᠡᠭᠡᠳᠦ ᠬᠡᠮᠵᠢᠶ᠎ᠡᠪᠡᠷ ᠳᠣᠭᠢᠷᠠᠵᠤ᠂ ᠴᠢᠬᠢ ᠮᠣᠳᠣᠨ ᠤ᠋ ᠡᠳᠡᠭᠡᠷᠡᠯᠲᠡ ᠵᠢᠨ ᠨᠣᠷᠮᠠᠨᠢ ᠥᠨᠳᠥᠷ ᠪᠠᠢᠳᠠᠭ᠂ ᠡᠭᠦᠨᠦ ᠬᠠᠮᠲᠤ ᠦᠷ᠎ᠡ ᠴᠢᠬᠢ ᠵᠢᠨ ᠪᠠᠲᠤᠯᠠᠭ᠎ᠠ ᠪᠠ ᠮᠡᠷᠭᠡᠵᠢᠯᠦᠨ ᠦᠶ᠋ᠯᠡᠴᠢᠯᠡᠭᠡᠨᠦ ᠱᠢᠰᠲ᠋ᠧᠮ ᠢ᠋ ᠲᠡᠬᠦᠯᠳᠡᠷᠵᠢᠭᠦᠯᠵᠤ᠂ ᠭᠠᠳᠠᠭᠠᠳᠤ ᠳ᠋ᠤ ᠭᠠᠷᠭᠠᠬᠤ ᠮᠤᠳᠤᠨ ᠤ᠋ ᠶᠠᠰᠤ ᠴᠢᠨᠠᠷ ᠪᠠ ᠦᠶ᠋ᠯᠡᠴᠢᠯᠡᠭᠡᠨᠦ ᠪᠠᠲᠤᠯᠠᠭ᠎ᠠ ᠶ᠋ᠢ ᠬᠠᠮᠲᠤ ᠳ᠋ᠤᠨᠢ ᠬᠠᠩᠭᠠᠭᠰᠠᠨ ᠪᠠᠢᠨ᠎ᠠ᠃
ᠣᠳᠣᠬᠠᠨ ᠪᠣᠯᠲᠠᠯ᠎ᠠ 2026 ᠣᠨ ᠳ᠋ᠤ ᠲᠤᠬᠠᠶ ᠵᠢᠨ ᠲᠠᠯᠠᠪᠠᠶ ᠳ᠋ᠤ ᠪᠠᠢᠴᠠᠭᠠᠨ ᠱᠢᠯᠭᠠᠬᠤ ᠪᠡᠷ ᠳᠡᠮᠵᠢᠨ ᠮᠣᠩᠭᠣᠯ ᠤᠯᠤᠰ ᠲᠤ᠌ 345.3 ᠲᠦᠮᠡᠨ ᠴᠢᠬᠢ ᠮᠣᠳᠣ ᠶ᠋ᠢ ᠭᠠᠳᠠᠭᠠᠳᠤ ᠳ᠋ᠤ ᠭᠠᠷᠭᠠᠬᠤ ᠪᠡᠷ ᠲᠦᠯᠦᠪᠯᠡᠨ᠂ ᠨᠢᠭᠡᠨᠲᠡ ᠤᠯᠤᠰ ᠤ᠋ᠨ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶ᠎ᠠ ᠵᠢᠨ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠡᠯ ᠢ᠋ ᠣᠯᠤᠭ᠍ᠰᠠᠨ ᠴᠢᠬᠢ ᠮᠣᠳᠣ 105.3 ᠲᠦᠮᠡᠨ ᠰᠠᠭᠤᠷᠢ ᠪᠤᠢ᠃ ᠦᠪᠦᠷ ᠮᠤᠩᠭᠤᠯ ᠴᠢᠬᠢ ᠮᠣᠳᠣ ᠶ᠋ᠢ ᠮᠤᠩᠭᠤᠯ ᠤᠯᠤᠰ ᠲᠦ᠍ ᠭᠠᠷᠭᠠᠬᠤ ᠪᠡᠷ ᠳᠡᠮᠵᠢᠨ᠂ ᠮᠣᠩᠭᠣᠯ ᠤᠯᠤᠰ ᠤ᠋ᠨ ᠠᠮᠢ ᠠᠬᠤᠶ ᠶ᠋ᠢ ᠵᠠᠰᠠᠨ ᠰᠡᠷᠭᠦᠭᠡᠬᠦ᠌ ᠳ᠋ᠤ ᠡᠳ᠋ ᠪᠣᠳᠠᠰ ᠤ᠋ᠨ ᠲᠤᠯᠭᠠᠭᠤᠷᠢ ᠬᠠᠩᠭᠠᠭ᠍ᠰᠠᠨ ᠵᠢᠡᠷ ᠪᠠᠷᠠᠬᠤ ᠥᠬᠡᠶ ᠨᠠᠩ ᠴᠤ᠌ ᠡᠯᠡᠰᠦᠷᠬᠡᠭᠵᠢᠯ ᠢ᠋ᠰᠡᠷᠭᠡᠢᠯᠡᠨ ᠡᠯᠡᠰᠦ ᠶ᠋ᠢ ᠵᠠᠰᠠᠬᠤ 《ᠳᠤᠮᠳᠠᠳᠤ ᠤᠯᠤᠰ ᠤ᠋ᠨ ᠲᠤᠷᠱᠢᠯᠭ᠎ᠠ》 ᠪᠠ 《ᠳᠤᠮᠳᠠᠳᠤ ᠤᠯᠤᠰ ᠤ᠋ᠨ ᠲᠥᠰᠦᠯ》 ᠢ᠋ ᠬᠠᠩᠭᠠᠪᠠ᠃ ᠡᠭᠦᠨᠦ ᠬᠠᠮᠲᠤ ᠮᠠᠨ ᠤ᠋ ᠣᠷᠣᠨ ᠤ᠋ ᠴᠢᠬᠢ ᠮᠣᠳᠣᠨ ᠤ᠋ ᠠᠵᠤ ᠦᠶ᠋ᠯᠡᠰᠦᠨ ᠬᠡᠯᠪᠡᠷᠢᠪᠡᠨ ᠬᠤᠪᠢᠷᠠᠭᠤᠯᠤᠨ ᠲᠠᠰ ᠳᠡᠪᠱᠢᠬᠦ᠌ ᠶ᠋ᠢ ᠪᠦᠲᠦᠮᠵᠢᠲᠡᠶ ᠠᠬᠢᠭᠤᠯᠵᠤ᠂ ᠠᠮᠢ ᠠᠬᠤᠶ ᠵᠢᠨ ᠪᠦᠲᠦᠭᠡᠭ᠌ᠳᠡᠬᠦᠨᠦ ᠥᠷᠲᠡᠭ ᠢ᠋ ᠬᠤᠪᠢᠷᠠᠭᠤᠯᠬᠤ ᠠᠷᠭ᠎ᠠ ᠵᠠᠮ ᠢ᠋ ᠱᠢᠯᠤᠭᠤᠳᠭᠠᠨ᠂ 《ᠨᠢᠭᠡ ᠪᠦᠰᠡ ᠨᠢᠭᠡ ᠵᠠᠮ》 ᠤ᠋ᠨ ᠪᠣᠬᠢᠷᠲᠤᠯ ᠥᠬᠡᠶ ᠬᠥᠭ᠌ᠵᠢᠯᠲᠡ ᠳ᠋ᠤ ᠦᠷᠭᠦᠯᠵᠢᠯᠡᠨ ᠡᠨ᠋ᠸᠷᠭᠢ ᠤᠯᠭᠤᠵᠤ᠂ ᠳᠤᠮᠳᠠᠳᠤ ᠮᠣᠩᠭᠣᠯ ᠤ᠋ᠨ ᠬᠢᠯᠢ ᠠᠯᠤᠰᠯᠠᠨ ᠡᠯᠡᠰᠦᠷᠬᠡᠭᠵᠢᠯ ᠢ᠋ᠰᠡᠷᠭᠡᠢᠯᠡᠨ ᠡᠯᠡᠰᠦ ᠶ᠋ᠢ ᠵᠠᠰᠠᠬᠤ ᠪᠣᠬᠢᠷᠲᠤᠯ ᠥᠬᠡᠶ ᠠᠮᠢ ᠠᠬᠤᠶ ᠵᠢᠨ ᠬᠠᠯᠬᠠᠪᠴᠢ ᠶ᠋ᠢ ᠬᠠᠮᠲᠤ ᠪᠡᠷ ᠪᠠᠢᠭᠤᠯᠬᠤ ᠳ᠋ᠤ ᠬᠦᠴᠦᠨ ᠨᠡᠮᠡᠷᠢᠯᠡᠪᠡ᠃