ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ ᠡᠴᠡ ᠤᠢᠯᠠᠭᠠᠭᠰᠠᠨ ᠢ᠋ᠶ᠋ᠡᠷ᠂ 2022 ᠣᠨ ᠡᠴᠡ ᠨᠠᠭᠠᠰᠢ᠂ ᠪᠠᠷᠠᠭᠤᠨ ᠯᠢᠶᠣᠤᠾᠧ ᠭᠤᠤᠯ ᠤ᠋ᠨ ᠰᠠᠪᠠ ᠭᠠᠵᠠᠷ ᠤ᠋ᠨ ᠬᠤᠩᠱᠠᠨ ᠰᠣᠶᠣᠯ ᠤ᠋ᠨ ᠬᠠᠭᠤᠴᠢ ᠰᠤᠳᠤᠯᠤᠯ ᠳ᠋ᠦ ᠴᠢᠨ ᠤᠯᠤᠰ ᠡᠴᠡ ᠡᠮᠦᠨᠡᠬᠢ ᠦᠶ᠎ᠡ ᠶ᠋ᠢᠨ ᠦᠯᠡᠳᠡᠭ᠌ᠳᠡᠯ ᠢ᠋ 1487 ᠬᠤᠪᠢ ᠢᠯᠡᠷᠡᠭᠦᠯᠵᠦ᠍᠂ ᠲᠤᠰ ᠭᠠᠵᠠᠷ ᠤᠷᠤᠨ ᠳ᠋ᠡᠬᠢ ᠴᠢᠨ ᠤᠯᠤᠰ ᠡᠴᠡ ᠡᠮᠦᠨᠡᠬᠢ ᠲᠡᠥᠬᠡ ᠵᠢᠨ ᠦᠯᠡᠳᠡᠭ᠌ᠳᠡᠯ ᠤ᠋ᠨ ᠲᠠᠷᠬᠠᠯᠲᠠ ᠶ᠋ᠢᠨ ᠪᠠᠢᠷᠢᠱᠢᠯ᠂ ᠬᠡᠪᠴᠢᠶ᠎ᠡ᠂ ᠣᠨᠴᠠᠯᠢᠭ ᠪᠠ ᠲᠡᠦᠬᠡ ᠶ᠋ᠢᠨ ᠬᠤᠪᠢᠷᠠᠯᠲᠠ ᠶ᠋ᠢᠨ ᠪᠠᠢᠳᠠᠯ ᠢ᠋ ᠪᠥᠬᠥ᠌ ᠲᠠᠯ᠎ᠠ ᠪᠠᠷ ᠡᠵᠡᠮᠱᠢᠬᠦ᠌ ᠳ᠋ᠦ ᠴᠢᠬᠤᠯᠠ ᠭᠡᠷᠡᠴᠢ ᠬᠠᠩᠭᠠᠵᠤ᠂ ᠪᠠᠷᠠᠭᠤᠨ ᠯᠢᠶᠣᠤᠾᠧ ᠭᠤᠤᠯ ᠤ᠋ᠨ ᠰᠠᠪᠠ ᠭᠠᠵᠠᠷ ᠤ᠋ᠨ ᠪᠠᠯᠠᠷ ᠡᠷᠲᠡᠨ ᠤ᠋ ᠪᠣᠯᠪᠠᠰᠤᠨ ᠤ᠋ ᠳᠤᠮᠳᠠᠳᠤ ᠶ᠋ᠢᠨ ᠪᠣᠯᠪᠠᠰᠤᠨ ᠤ᠋ ᠪᠦᠷᠢᠯᠳᠦᠯ ᠪᠠ ᠬᠥᠭ᠌ᠵᠢᠯᠲᠡ ᠶ᠋ᠢᠨ ᠠᠬᠢᠴᠠ ᠳᠤᠮᠳᠠᠬᠢ ᠴᠢᠬᠤᠯᠠ ᠶᠡᠬᠡ ᠦᠨ᠎ᠡ ᠥᠷᠲᠡᠭ ᠢ᠋ ᠤᠯᠠᠮ ᠨᠢᠭᠡ ᠠᠯᠬᠤᠮ ᠭᠡᠷᠡᠴᠢᠯᠡᠵᠠᠢ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠭᠤᠴᠢ ᠰᠤᠳᠤᠯᠤᠯ ᠤ᠋ᠨ ᠬᠦᠷᠢᠶᠡᠯᠡᠩ ᠤ᠋ᠨ ᠳᠠᠷᠤᠭ᠎ᠠ ᠰᠦᠨ ᠵᠢᠨ ᠰᠥᠩ ᠤ᠋ᠨ ᠲᠠᠨᠢᠯᠴᠠᠭᠤᠯᠤᠭᠰᠨᠨ ᠢ᠋ᠶ᠋ᠡᠷ᠂ ᠲᠣᠰ ᠬᠦᠷᠢᠶᠡᠯᠡᠩ ᠤ᠋ᠨ ᠬᠢᠨ 2022 ᠣᠨ ᠡᠴᠡ ᠡᠬᠢᠯᠡᠨ ᠤᠯᠠᠭᠠᠨᠬᠠᠳᠠ ᠶ᠋ᠢᠨ ᠮᠦᠽᠧᠢ᠂ ᠲᠦᠩᠯᠢᠶᠣᠤ ᠬᠣᠲᠠ ᠶ᠋ᠢᠨ ᠰᠣᠶᠣᠯ ᠤ᠋ᠨ ᠮᠦᠽᠧᠶ ᠲᠡᠶ ᠬᠠᠮᠲᠤᠷᠠᠨ 5 ᠬᠠᠭᠤᠴᠢ ᠰᠤᠳᠤᠯᠤᠯ ᠤ᠋ᠨ ᠪᠠᠢᠴᠠᠭᠠᠯᠲᠠ ᠶ᠋ᠢᠨ ᠠᠩᠭᠢ ᠵᠢ ᠵᠣᠬᠢᠶᠠᠨ ᠪᠠᠢᠭᠤᠯᠵᠤ᠂ ᠯᠢᠶᠤᠦᠾᠧ ᠭᠤᠤᠯ ᠤ᠋ᠨ ᠳᠡᠭᠡᠳᠦ ᠤᠷᠤᠰᠭᠠᠯ ᠤ᠋ᠨ ᠬᠦᠷᠢᠶ᠎ᠡ ᠬᠤᠰᠢᠭᠤᠨ ᠤ᠋ ᠡᠮᠦᠨ᠎ᠡ ᠬᠡᠰᠡᠭ ᠵᠡᠷᠭᠡ 5 ᠶᠡᠬᠡ ᠣᠷᠣᠨ ᠪᠦᠰᠡ ᠳ᠋ᠦ ᠴᠢᠨ ᠤᠯᠤᠰ ᠡᠴᠡ ᠡᠮᠦᠨᠡᠬᠢ ᠦᠶ᠎ᠡ ᠶ᠋ᠢᠨ ᠲᠡᠥᠬᠡ ᠵᠢᠨ ᠦᠯᠡᠳᠡᠭ᠌ᠳᠡᠯ ᠬᠠᠭᠤᠴᠢ ᠰᠤᠳᠤᠯᠤᠯ ᠤ᠋ᠨ ᠪᠠᠢᠴᠠᠭᠠᠯᠲᠠ ᠵᠢ ᠱᠢᠰᠲ᠋ᠧᠮᠲᠡᠶ ᠥᠷᠨᠢᠭᠦᠯᠦᠭ᠌ᠰᠡᠨ ᠪᠥᠭᠡᠳ ᠬᠤᠩᠱᠠᠨ ᠰᠣᠶᠣᠯ ᠤ᠋ᠨ ᠴᠢᠯᠠᠭᠤᠨ ᠤ᠋ ᠪᠤᠯᠠᠰᠢ ᠶ᠋ᠢᠨ ᠲᠤᠰᠭᠠᠶ ᠰᠡᠳᠦᠪᠲᠦ ᠪᠠᠢᠴᠠᠭᠠᠯᠲᠠ ᠵᠢ ᠪᠡᠶᠡᠯᠡᠭᠦᠯᠵᠦ᠍᠂ ᠣᠲᠣᠬᠠᠨ ᠪᠣᠯᠲᠠᠯ᠎ᠠ 5500 ᠲᠡᠭ᠌ᠰᠢ ᠳᠥᠷᠪᠡᠯᠵᠢᠨ ᠺᠢᠯᠣᠮᠧᠲ᠋ᠷ ᠭᠠᠵᠠᠷ ᠢ᠋ ᠪᠠᠢᠴᠠᠭᠠᠨ᠂ ᠴᠢᠨ ᠤᠯᠤᠰ ᠡᠴᠡ ᠡᠮᠦᠨᠡᠬᠢ ᠦᠶ᠎ᠡ ᠶ᠋ᠢᠨ ᠦᠯᠡᠳᠡᠭ᠌ᠳᠡᠯ ᠢ᠋ ᠨᠡᠢᠲᠡ 1487 ᠬᠤᠪᠢ ᠢᠯᠡᠷᠡᠭᠦᠯᠪᠡ᠃
ᠤᠢᠯᠠᠭᠠᠭᠰᠠᠨ ᠢ᠋ᠶ᠋ᠠᠷ᠂ ᠯᠢᠶᠤᠦᠾᠧ ᠭᠤᠤᠯ ᠤ᠋ᠨ ᠳᠡᠭᠡᠳᠦ ᠤᠷᠤᠰᠭᠠᠯ ᠤ᠋ᠨ ᠬᠦᠷᠢᠶ᠎ᠡ ᠬᠤᠰᠢᠭᠤᠨ ᠤ᠋ ᠡᠮᠦᠨ᠎ᠡ ᠬᠡᠰᠡᠭ ᠡᠴᠡ ᠴᠢᠨ ᠤᠯᠤᠰ ᠡᠴᠡ ᠡᠮᠦᠨᠡᠬᠢ ᠦᠶ᠎ᠡ ᠶ᠋ᠢᠨ ᠬᠤᠩᠱᠠᠨ ᠰᠣᠶᠣᠯ ᠤ᠋ᠨ ᠦᠯᠡᠳᠡᠭ᠌ᠳᠡᠯ ᠢ᠋ 62 ᠬᠤᠪᠢ ᠢᠯᠡᠷᠡᠬᠦᠯᠵᠤ᠂ ᠣᠯᠠᠩᠬᠢ ᠨᠢ ᠰᠠᠭᠤᠷᠢᠱᠢᠯ ᠤ᠋ᠨ ᠲᠦᠷᠦᠯ ᠤ᠋ᠨ ᠦᠯᠡᠳᠡᠭ᠌ᠳᠡᠯ ᠪᠠᠢᠵᠦ᠂ ᠬᠤᠩᠱᠠᠨ ᠰᠣᠶᠣᠯ ᠤ᠋ᠨ 3 ᠴᠢᠯᠠᠭᠤᠨ ᠪᠤᠯᠠᠰᠢ ᠵᠢ ᠰᠢᠨ᠎ᠡ ᠪᠡᠷ ᠢᠯᠡᠷᠡᠬᠦᠯᠵᠡᠢ; ᠯᠤᠤᠬ᠎ᠠ ᠵᠢᠨ ᠭᠤᠤᠯ ᠤ᠋ᠨ ᠳᠡᠭᠡᠳᠦ ᠤᠷᠤᠰᠭᠠᠯ ᠤ᠋ᠨ ᠨᠢᠩᠴᠧᠩ ᠤ᠋ᠨ ᠬᠡᠰᠡᠭ ᠡᠴᠡ ᠴᠢᠨ ᠤᠯᠤᠰ ᠡᠴᠡ ᠡᠮᠦᠨᠡᠬᠢ ᠦᠶ᠎ᠠ ᠵᠢᠨ ᠬᠤᠩᠱᠠᠨ ᠰᠣᠶᠣᠯ ᠤ᠋ᠨ ᠦᠯᠡᠳᠡᠭ᠌ᠳᠡᠯ ᠢ᠋ 31 ᠬᠤᠪᠢ ᠢᠯᠡᠷᠡᠬᠦᠯᠵᠤ᠂ 3 ᠵᠢᠵᠢᠭ ᠬᠡᠯᠪᠡᠷᠢ ᠶ᠋ᠢᠨ ᠴᠢᠯᠠᠭᠤᠨ ᠪᠤᠯᠠᠰᠢ ᠵᠢ ᠱᠢᠨ᠎ᠡ ᠪᠡᠷ ᠢᠯᠡᠷᠡᠭᠦᠯᠪᠡ; ᠱᠢᠷᠠᠮᠥ᠋ᠷᠡᠨ ᠭᠤᠤᠯ ᠤ᠋ᠨ ᠳᠡᠭᠡᠳᠦ ᠤᠷᠤᠰᠭᠠᠯ ᠤ᠋ᠨ ᠬᠡᠱᠢᠭ᠌ᠲᠡᠨ ᠬᠣᠱᠢᠭᠤᠨ ᠤ᠋ ᠬᠡᠰᠡᠭ ᠡᠴᠡ ᠴᠢᠨ ᠤᠯᠤᠰ ᠡᠴᠡ ᠡᠮᠦᠨᠡᠬᠢ ᠦᠶ᠎ᠡ ᠶ᠋ᠢᠨ ᠬᠤᠩᠱᠠᠨ ᠰᠣᠶᠣᠯ ᠤ᠋ᠨ ᠦᠯᠡᠳᠡᠭ᠌ᠳᠡᠯ ᠢ᠋ 30 ᠬᠤᠪᠢ ᠢᠯᠡᠷᠡᠭᠦᠯᠵᠦ᠍᠂ ᠬᠡᠪᠴᠢᠶ᠎ᠡ ᠪᠡᠷ ᠨᠡᠯᠢᠶᠡᠳ ᠶᠡᠬᠡ 2 ᠴᠢᠯᠠᠭᠤᠨ ᠪᠤᠯᠠᠰᠢ ᠵᠢ ᠢᠯᠡᠷᠡᠬᠦᠯᠵᠡᠢ; ᠱᠢᠷᠠᠮᠥ᠋ᠷᠡᠨ ᠭᠤᠤᠯ ᠤ᠋ᠨ ᠳᠡᠭᠡᠳᠦ ᠤᠷᠤᠰᠭᠠᠯ ᠤ᠋ᠨ ᠪᠠᠭᠠᠷᠢᠨ ᠪᠠᠷᠠᠭᠤᠨ ᠬᠣᠱᠢᠭᠤᠨ ᠤ᠋ ᠬᠡᠰᠡᠭ ᠡᠴᠡ ᠴᠢᠨ ᠤᠯᠤᠰ ᠡᠴᠡ ᠡᠮᠦᠨᠡᠬᠢ ᠦᠶ᠎ᠡ ᠶ᠋ᠢᠨ ᠬᠤᠩᠱᠠᠨ ᠰᠣᠶᠣᠯ ᠤ᠋ᠨ ᠦᠯᠡᠳᠡᠭ᠌ᠳᠡᠯ ᠢ᠋ 19 ᠬᠤᠪᠢ ᠢᠯᠡᠷᠡᠬᠦᠯᠪᠡ; ᠨᠠᠷᠢᠳ ᠤ᠋ᠨ ᠭᠣᠣᠯ ᠤ᠋ᠨ ᠳᠤᠮᠳᠠᠳᠤ ᠳᠣᠣᠷᠠᠳᠤ ᠤᠷᠤᠰᠭᠠᠯ ᠤ᠋ᠨ ᠶᠤᠸᠠᠨ ᠪᠦᠦ ᠱᠠᠨ ᠤ᠋ ᠬᠡᠰᠡᠭ ᠲᠦ᠍ ᠬᠤᠩᠱᠠᠨ ᠰᠣᠶᠣᠯ ᠤ᠋ᠨ ᠴᠢᠯᠠᠭᠤᠨ ᠪᠤᠯᠠᠰᠢ ᠶ᠋ᠢᠨ ᠲᠣᠭᠣᠷᠢᠨ ᠳ᠋ᠦ ᠪᠠᠢᠴᠠᠭᠠᠯᠲᠠ ᠬᠢᠵᠦ᠍᠂ ᠴᠢᠨ ᠤᠯᠤᠰ ᠡᠴᠡ ᠡᠮᠦᠨᠡᠬᠢ ᠦᠶ᠎ᠡ ᠶ᠋ᠢᠨ ᠬᠤᠩᠱᠠᠨ ᠰᠣᠶᠣᠯ ᠤ᠋ᠨ ᠦᠯᠡᠳᠡᠭ᠌ᠳᠡᠯ ᠢ᠋ 32 ᠬᠤᠪᠢ ᠢᠯᠡᠷᠡᠬᠦᠯᠵᠤ᠂ 3 ᠵᠢᠵᠢᠭ ᠬᠡᠯᠪᠡᠷᠢ ᠶ᠋ᠢᠨ ᠴᠢᠯᠠᠭᠤᠨ ᠪᠤᠯᠠᠰᠢ ᠵᠢ ᠱᠢᠨ᠎ᠡ ᠪᠡᠷ ᠢᠯᠡᠷᠡᠭᠦᠯᠦᠭᠰᠡᠨ ᠪᠠᠢᠨ᠎ᠠ᠃