ᠣᠶᠤᠲᠠᠳ 《ᠵᠠᠯᠠᠭᠤᠴᠤᠳ᠎ᠤᠨ ᠬᠤᠪᠢᠰᠬᠠᠯᠳᠤ ᠬᠥᠮᠦᠵᠢᠯ᠎ᠦᠨ ᠠᠶᠠᠯᠠᠯ》 ᠳ᠋ᠤ ᠳᠠᠬᠢᠨᠲᠠ ᠮᠣᠷᠳᠠᠵᠠᠢ
2026-06-25 11:31:28
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠳᠤᠮᠳᠠᠳᠤ ᠤᠯᠤᠰ᠎ᠤᠨ ᠤᠯᠠᠨ ᠤᠯᠤᠰ᠎ᠤᠨ ᠣᠶᠤᠲᠠᠳ᠎ᠤᠨ ᠰᠢᠨ᠎ᠡ᠎ᠶᠢ ᠡᠭᠦᠳᠬᠦ ᠤᠷᠤᠯᠳᠤᠭᠠᠨ (2026) ᠤ᠋ ᠥᠪᠥᠷ ᠮᠣᠩᠭᠣᠯ᠎ᠤᠨ ᠤᠷᠤᠯᠳᠤᠭᠠᠨ᠎ᠤ ᠲᠣᠭᠣᠷᠢᠭ᠋᠎ᠤᠨ 《ᠵᠠᠯᠠᠭᠤᠴᠤᠳ᠎ᠤᠨ ᠬᠤᠪᠢᠰᠬᠠᠯᠳᠤ ᠬᠥᠮᠦᠵᠢᠯ᠎ᠦᠨ ᠠᠶᠠᠯᠠᠯ》 ᠤ᠋ᠨ ᠠᠵᠢᠯᠯᠠᠭ᠎ᠠ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠳᠤ ᠡᠬᠢᠯᠡᠪᠡ᠃

ᠲᠤᠰ ᠠᠵᠢᠯᠯᠠᠭ᠎ᠠ ᠨᠢ 《ᠤᠯᠤᠰ᠎ᠢᠶᠠᠨ ᠬᠦᠴᠦᠷᠬᠡᠭᠵᠢᠭᠦᠯᠬᠦ ᠠᠶᠠᠨ ᠵᠠᠮ᠎ᠳᠤ ᠵᠠᠯᠠᠭᠤ ᠨᠠᠰᠤᠨ᠎ᠤ ᠬᠤᠪᠢ ᠨᠡᠮᠡᠷᠢ᠎ᠪᠡᠨ ᠦᠵᠡᠭᠦᠯᠬᠦ》 ᠪᠡᠷ ᠭᠣᠣᠯ ᠰᠡᠳᠦᠪ ᠪᠣᠯᠭᠠᠵᠤ᠂ ᠥᠷᠭᠡᠨ ᠤᠯᠠᠨ ᠵᠠᠯᠠᠭᠤ ᠰᠤᠷᠤᠭ᠍ᠴᠢᠳ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠵᠤ᠂ ᠤᠯᠤᠰ ᠬᠡᠷ᠎ᠤᠨ ᠬᠠᠢᠷ᠎ᠠ ᠰᠡᠳᠬᠢᠯᠭᠡ᠎ᠪᠡᠨ ᠵᠤᠵᠠᠭᠠᠳᠬᠠᠵᠤ᠂ ᠵᠠᠯᠠᠭᠤ ᠨᠠᠰᠤᠨ᠎ᠤ ᠲᠡᠮᠡᠴᠡᠯ ᠵᠢᠡᠨ ᠤᠯᠤᠰ᠎ᠢᠶᠠᠨ ᠬᠦᠴᠦᠷᠬᠡᠭᠵᠢᠭᠦᠯᠬᠦ ᠠᠶᠠᠨ᠎ᠳᠤ ᠠᠭᠤᠰᠤᠯᠴᠠᠭᠤᠯᠬᠤ᠎ᠶᠢ ᠵᠣᠷᠢᠭ᠍ᠵᠢᠭᠤᠯᠪᠠ᠃ ᠠᠵᠢᠯᠯᠠᠭ᠎ᠠ ᠳᠤᠮᠳᠠ᠂ ᠣᠷᠣᠨ᠎ᠤ ᠳᠣᠲᠣᠨ᠎ᠠ ᠭᠠᠳᠠᠨᠠᠬᠢ ᠶᠡᠬᠡ ᠳᠡᠭᠡᠳᠦ ᠰᠤᠷᠭᠠᠭᠤᠯᠢ᠎ᠶᠢᠨ ᠬᠢᠨ ᠤ᠋ ᠥᠩᠭᠡᠷᠡᠭᠰᠡᠨ ᠬᠤᠭᠤᠴᠠᠭᠠᠨ᠎ᠤ ᠤᠷᠤᠯᠳᠤᠭᠠᠨ᠎ᠤ ᠰᠢᠯᠢᠳᠡᠭ ᠲᠦᠷᠦᠯ ᠵᠦᠢᠯ᠎ᠢ ᠰᠣᠯᠢᠯᠴᠠᠨ ᠳᠡᠯᠭᠡᠨ ᠦᠵᠡᠭᠦᠯᠵᠡᠢ᠃

《ᠵᠠᠯᠠᠭᠤᠴᠤᠳ᠎ᠤᠨ ᠬᠤᠪᠢᠰᠬᠠᠯᠳᠤ ᠬᠥᠮᠦᠵᠢᠯ᠎ᠦᠨ  ᠠᠶᠠᠯᠠᠯ》 ᠪᠣᠯ ᠶᠡᠬᠡ ᠳᠡᠭᠡᠳᠦ ᠰᠤᠷᠭᠠᠭᠤᠯᠢ᠎ᠶᠢᠨ ᠰᠢᠨ᠎ᠡ᠎ᠶᠢ ᠡᠭᠦᠳᠬᠦ ᠦᠢᠯᠡᠰ ᠪᠣᠰᠬᠠᠬᠤ ᠰᠤᠷᠭᠠᠨ ᠬᠥᠮᠦᠵᠢᠯ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠂ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠴᠢᠩᠭᠠᠳᠬᠠᠬᠤ ᠴᠢᠬᠤᠯᠠ ᠠᠴᠢᠶᠠᠯᠠᠪᠤᠷᠢ ᠪᠣᠯᠣᠨ᠎ᠠ᠃ ᠤᠢᠷ᠎ᠠ ᠵᠢᠨ ᠵᠢᠯ ᠡᠴᠡ ᠤᠷᠤᠯᠳᠤᠭᠠᠨ᠎ᠳᠤ ᠣᠷᠣᠯᠴᠠᠬᠤ ᠲᠦᠷᠦᠯ ᠵᠦᠢᠯ᠎ᠦᠨ ᠲᠣᠭ᠎ᠠ ᠬᠡᠮᠵᠢᠶ᠎ᠡ ᠪᠣᠯᠣᠨ ᠱᠠᠩᠨᠠᠯ ᠣᠯᠬᠤ ᠲᠣᠭ᠎ᠠ ᠬᠡᠮᠵᠢᠶ᠎ᠡ᠎ᠬᠤᠤᠰ ᠵᠢᠡᠷ ᠲᠡᠭᠡᠭᠰᠢᠯᠡᠵᠦ᠂ ᠰᠢᠨᠵᠢᠯᠡᠭᠡᠨ᠎ᠦ  ᠰᠤᠳᠤᠯᠭᠠᠨ᠂ ᠠᠵᠤ ᠦᠢᠯᠡᠰ ᠪᠠ ᠵᠢᠭᠠᠨ ᠰᠤᠷᠭᠠᠯᠲᠠ᠎ᠶᠢ ᠠᠭᠤᠰᠤᠯᠴᠠᠭᠤᠯᠤᠨ ᠰᠢᠨ᠎ᠡ᠎ᠶᠢ ᠡᠭᠦᠳᠬᠦ ᠲᠦᠷᠦᠯ ᠵᠦᠢᠯ᠎ᠢ ᠭᠦᠨᠵᠡᠭᠡᠢ ᠠᠭᠤᠳᠠᠯᠵᠤ᠂ ᠲᠦᠷᠦᠯ ᠵᠦᠢᠯ᠎ᠢ ᠨᠡᠪᠴᠢᠭᠦᠯᠬᠦ᠂ ᠤᠷᠤᠯᠳᠤᠭᠠᠨ᠎ᠳᠤ ᠣᠷᠣᠯᠴᠠᠵᠤ ᠴᠢᠳᠠᠪᠤᠷᠢ ᠣᠯᠭᠣᠬᠤ ᠵᠢ ᠪᠦᠬᠦ ᠶᠠᠪᠤᠴᠠ᠎ᠪᠠᠷ ᠬᠠᠪᠰᠤᠷᠤᠨ ᠲᠡᠳᠬᠦᠬᠦ ᠰᠢᠰᠲ᠋ᠸᠮ᠎ᠢ ᠪᠠᠶ᠋ᠢᠭᠤᠯᠪᠠ᠃ ᠠᠵᠢᠯᠯᠠᠭ᠎ᠠ ᠡᠴᠡ᠂ ᠵᠣᠬᠢᠶᠠᠮᠠᠯ ᠤᠶᠤᠨ ᠴᠢᠳᠠᠪᠤᠷᠢ ᠵᠢᠨ ᠰᠢᠨ᠎ᠡ ᠠᠵᠠ ᠲᠣᠬᠢᠶᠠᠯ ᠪᠣᠯᠣᠨ ᠥᠷᠢᠰᠦᠯᠳᠦᠭᠡᠨ᠎ᠢ ᠤᠭᠳᠤᠨ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ᠎ᠦᠨ ᠪᠦᠯᠦᠭᠵᠢᠯ᠎ᠳᠦ ᠰᠠᠭᠤᠷᠢᠯᠠᠵᠤ᠂ ᠰᠢᠨ᠎ᠡ᠎ᠶᠢ ᠡᠭᠦᠳᠬᠦ ᠦᠢᠯᠡᠰ ᠪᠣᠰᠬᠠᠬᠤ ᠦᠷ᠎ᠡ ᠪᠦᠲᠦᠭᠡᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠬᠤᠪᠢᠷᠠᠭᠤᠯᠬᠤ᠎ᠶᠢ ᠠᠬᠢᠭᠤᠯᠬᠤ ᠬᠡᠷᠡᠭᠲᠡᠢ᠃ ᠪᠦᠬᠦ ᠣᠷᠣᠨ᠎ᠤ ᠰᠤᠷᠭᠠᠨ ᠬᠥᠮᠦᠵᠢᠯ᠎ᠦᠨ ᠰᠢᠰᠲ᠋ᠧᠮ᠎ᠤᠨ ᠬᠢᠨ ᠶᠡᠬᠡ ᠳᠡᠭᠡᠳᠦ ᠰᠤᠷᠭᠠᠭᠤᠯᠢ᠎ᠶᠢᠨ ᠰᠢᠨ᠎ᠡ᠎ᠶᠢ ᠡᠭᠦᠳᠬᠦ ᠦᠢᠯᠡᠰ ᠪᠣᠰᠬᠠᠬᠤ ᠪᠡᠷ ᠬᠥᠮᠥᠨ᠎ᠢ ᠬᠥᠮᠥᠵᠢᠭᠦᠯᠬᠦ ᠠᠬᠤᠢ ᠪᠠᠢᠳᠠᠯ᠎ᠢ ᠦᠷᠭᠦᠯᠵᠢᠯᠡᠨ ᠰᠢᠯᠢᠳᠡᠭᠵᠢᠭᠦᠯᠵᠦ᠂ ᠪᠠᠢᠩᠭᠤᠵᠢᠭ᠍ᠰᠠᠨ᠂ ᠰᠢᠰᠲ᠋ᠧᠮᠵᠢᠭᠰᠠᠠ ᠰᠢᠨ᠎ᠡ᠎ᠶᠢ ᠡᠭᠦᠳᠬᠦ ᠦᠢᠯᠡᠰ ᠪᠣᠰᠬᠠᠭᠴᠢᠳ ᠢ᠋ ᠬᠥᠮᠥᠵᠢᠭᠦᠯᠬᠦ ᠲᠣᠭᠲᠠᠴᠠ᠎ᠶᠢ ᠪᠦᠷᠢᠨᠰᠢᠭᠦᠯᠵᠦ᠂ ᠵᠠᠯᠠᠭᠤ ᠰᠤᠷᠤᠭ᠍ᠴᠢᠳ᠎ᠤᠨ ᠵᠣᠷᠢᠭ᠍ᠲᠠᠢ᠎ᠪᠠᠷ ᠰᠢᠨ᠎ᠡ᠎ᠶᠢ ᠡᠭᠦᠳᠬᠦ᠂ ᠦᠨᠡᠨᠴᠢ ᠰᠢᠳᠤᠷᠭᠤ ᠪᠡᠷ ᠪᠣᠳᠠᠲᠠᠢ ᠠᠵᠢᠯᠯᠠᠬᠤ᠎ᠶᠢ ᠵᠣᠷᠢᠭ᠍ᠵᠢᠭᠤᠯᠵᠤ᠂ ᠰᠢᠨ᠎ᠡ᠎ᠶᠢ ᠡᠭᠦᠳᠬᠦ ᠦᠢᠯᠡᠰ ᠪᠣᠰᠬᠠᠬᠤ ᠦᠢᠯᠡᠳᠦᠯᠭᠡ ᠳᠤᠮᠳᠠ ᠡᠷᠳᠡᠮ ᠮᠡᠳᠡᠯᠭᠡ ᠬᠤᠷᠠᠮᠳᠤᠭᠤᠯᠵᠤ᠂ ᠡᠷᠳᠡᠮ ᠴᠢᠳᠠᠪᠤᠷᠢ᠎ᠪᠠᠨ ᠳᠡᠬᠡᠭᠰᠢᠯᠡᠬᠦᠯᠵᠦ᠂ ᠬᠦᠰᠡᠯᠡᠩ᠎ᠢᠶᠡᠨ ᠪᠡᠶᠡᠯᠡᠭᠦᠯᠬᠦ ᠵᠢ ᠤᠷᠢᠶᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号