ᠪᠤᠬᠢᠷᠳᠤᠯ ᠦᠭᠡᠢ ᠴᠠᠬᠢᠯᠭᠠᠨ ᠢ᠋ ᠰᠢᠭᠤᠳ ᠬᠠᠩᠭᠠᠵᠦ ᠥᠪᠥᠷ ᠮᠣᠩᠭᠣᠯ᠎ᠤᠨ ᠰᠢᠨ᠎ᠡ ᠡᠨ᠋ᠸᠷᠬᠢ ᠵᠢᠨ ᠬᠦᠭᠵᠢᠯᠳᠡ ᠵᠢ ᠠᠬᠢᠭᠤᠯᠤᠨᠠᠮ
2026-06-25 09:33:01
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

ᠵᠤᠨ᠎ᠤ ᠤᠯᠠᠷᠢᠯ᠎ᠤᠨ ᠥᠪᠥᠷ ᠮᠣᠩᠭᠣᠯ ᠳ᠋ᠤ ᠡᠪᠡᠰᠦ ᠮᠣᠳᠣᠳ ᠬᠥᠬᠡᠷᠡᠨ᠂ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃

ᠤᠯᠠᠭᠠᠨᠬᠠᠳᠠ᠎ᠶᠢᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠯᠲᠡ᠎ᠶᠢᠨ ᠲᠤᠭᠤᠷᠢᠬ ᠲᠦ᠍᠂ ᠤᠯᠠᠭᠠᠨᠬᠠᠳᠠ᠎ᠶᠢᠨ ᠶᠤᠸᠠᠨ ᠵᠢᠩ ᠪᠦᠯᠦᠭᠯᠡᠯ᠎ᠤᠨ 152 ᠲᠦᠮᠡᠨ ᠲᠣᠨ᠎ᠤ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷ᠎ᠦᠨ ᠲᠥᠷᠥᠯ ᠵᠦᠢᠯ᠎ᠦᠨ ᠨᠢᠬᠡᠳᠦᠬᠡᠷ ᠬᠤᠭᠤᠴᠠᠭᠠᠨ᠎ᠤ 32 ᠲᠦᠮᠡᠨ ᠲᠣᠨ᠎ᠤ ᠪᠠᠷᠢᠯᠭ᠎ᠠ ᠵᠢᠨ ᠠᠵᠢᠯ ᠶᠠᠭ ᠲᠣᠭᠲᠠᠭᠤᠨ᠎ᠵᠢᠡᠷ ᠶᠠᠪᠤᠬᠳᠠᠵᠦ ᠪᠣᠶ᠃ ᠦᠢᠯᠡᠳᠪᠦᠷᠢ᠎ᠶᠢᠨ ᠲᠣᠭᠣᠷᠢᠭ᠋᠎ᠲᠤ ᠣᠷᠣᠬᠤ ᠳ᠋ᠤ᠂ ᠬᠣᠭᠣᠯᠠᠢ ᠭᠤᠤᠷᠰᠤ ᠰᠦᠯᠵᠢᠯᠳᠦᠵᠦ᠂ ᠲᠤᠨᠤᠬᠯᠠᠯ ᠲᠦᠬᠦᠭᠡᠷᠦᠮᠵᠢ ᠵᠢᠭᠳᠡᠷᠡᠵᠦ᠂ ᠴᠠᠬᠢᠯᠭᠠᠨ ᠵᠠᠳᠠᠯᠤᠯ᠎ᠤᠨ ᠣᠩᠭᠣᠴᠠ ᠶᠠᠭ ᠪᠦᠬᠦ ᠬᠦᠴᠦᠨ ᠵᠢᠡᠷ ᠵᠢᠡᠨ ᠠᠵᠢᠯᠯᠠᠵᠤ᠂ ᠳᠡᠭᠡᠷ᠎ᠠ ᠤᠷᠤᠰᠬᠠᠯ᠎ᠤᠨ ᠰᠠᠯᠬᠢᠨ ᠬᠦᠴᠦᠨ ᠬᠡᠷᠡᠯᠴᠢ ᠴᠡᠨᠡᠭ ᠵᠢᠡᠷ ᠬᠦᠷᠭᠡᠵᠦ ᠢᠷᠡᠭᠰᠡᠨ ᠪᠤᠬᠢᠷᠳᠤᠯ ᠦᠭᠡᠢ ᠴᠠᠬᠢᠯᠭᠠᠨ᠎ᠢ ᠤᠰᠤᠲᠥ᠋ᠷᠥᠭᠴᠢ ᠪᠣᠯᠭᠠᠨ ᠬᠤᠪᠢᠷᠠᠭᠤᠯᠵᠤ᠂ ᠳᠠᠬᠢᠨ ᠠᠭᠠᠷ᠎ᠡᠴᠡ ᠰᠠᠯᠭᠠᠨ ᠠᠪᠤᠭᠰᠠᠨ ᠠᠽᠣᠲ ᠬᠡᠢ᠎ᠲᠠᠢ ᠨᠡᠢᠯᠡᠭᠦᠯᠦᠭᠡᠳ᠂ ᠡᠴᠦᠰ᠎ᠲᠡᠬᠡᠨ ᠰᠢᠩᠭᠡᠨ ᠰᠢᠪᠲᠦᠷ ᠪᠣᠯᠭᠠᠵᠤ ᠂ ᠯᠤᠲᠤ ᠶᠡᠬᠡ ᠬᠠᠳᠠᠭᠠᠯᠠᠬᠤ  ᠰᠠᠪᠠ᠎ᠳᠤ ᠣᠷᠣᠭᠤᠯᠤᠨ᠎ᠠ᠃

《ᠮᠠᠨ᠎ᠤ ᠦᠢᠯᠡᠳᠪᠦᠷᠢᠯᠡᠭᠰᠡᠨ ᠪᠣᠬᠢᠷᠲᠤᠯ ᠦᠭᠡᠢ ᠰᠢᠩᠭᠡᠨ ᠰᠢᠪᠲᠦᠷ ᠨᠢ ᠢᠯᠡᠳᠲᠡ ᠥᠪᠡᠷ᠎ᠦᠨ ᠥᠷᠲᠡᠭ᠎ᠦᠨ ᠳᠠᠪᠠᠭᠤᠯᠢᠭ᠋᠎ᠲᠠᠢ ᠪᠠᠢᠵᠤ᠂ ᠣᠳᠣᠬᠠᠨ᠎ᠤ ᠬᠠᠮᠤᠭ᠎ᠤᠨ ᠠᠵᠤ ᠠᠬᠤᠢ᠎ᠶᠢᠨ ᠴᠢᠨᠠᠷᠲᠠᠢ ᠶᠡᠬᠡ ᠬᠡᠪᠴᠢᠶᠡᠨ᠎ᠦ ᠣᠷᠳᠣ᠌ ᠬᠤᠭᠤᠴᠠᠭᠠᠨ᠎ᠤ ᠡᠨᠧᠷᠭᠢ ᠬᠠᠳᠠᠭᠠᠯᠠᠬᠤ ᠲᠥᠰᠥᠯ᠎ᠦᠨ ᠨᠢᠭᠡ ᠪᠣᠯᠣᠨ᠎ᠠ᠃ 1.5 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠤᠯᠳᠠ ᠪᠦᠬᠦᠢ ᠨᠢᠭᠡ ᠰᠢᠪᠲᠦᠷ᠎ᠦᠨ ᠰᠠᠪᠠ ᠨᠢ 1 ᠳ᠋ᠦᠩᠰᠢᠭᠤᠷ ᠭᠷᠡᠳᠦ᠋ᠰ᠎ᠦᠨ ᠴᠠᠬᠢᠯᠭᠠᠨ᠎ᠲᠠᠢ ᠲᠡᠩᠴᠡᠨ᠎ᠡ; ᠬᠡᠷᠪᠡ ᠠᠳᠠᠯᠢ ᠲᠠᠰ᠎ᠤᠨ ᠡᠨᠧᠷᠭᠢ ᠬᠠᠳᠠᠭᠠᠯᠠᠬᠤ ᠬᠡᠪᠴᠢᠶ᠎ᠡ᠎ᠳᠦ ᠭᠦᠷᠪᠡᠯ᠂ ᠡᠩ᠎ᠦᠨ ᠡᠨᠧᠷᠭᠢ ᠬᠠᠳᠠᠭᠠᠯᠠᠬᠤ ᠲᠥᠬᠦᠭᠡᠷᠦᠮᠵᠢ᠎ᠶᠢᠨ ᠪᠡᠯᠡ ᠣᠷᠣᠭᠤᠯᠤᠯᠲᠠ ᠨᠢ ᠪᠠᠷᠤᠭ 600 ᠳ᠋ᠦᠩᠰᠢᠭᠤᠷ ᠲᠥᠭᠥᠷᠢᠭ᠎ᠲᠦ ᠬᠦᠷᠬᠦ ᠪᠣᠯᠣᠨ᠎ᠠ》 ᠬᠡᠵᠦ ᠤᠯᠠᠭᠠᠬᠠᠨᠳᠠ ᠵᠢᠨ ᠶᠤᠸᠠᠨ ᠵᠢᠩ ᠪᠦᠯᠦᠭᠯᠡᠯ᠎ᠤᠨ ᠤᠰᠤᠲᠥ᠋ᠷᠥᠭᠴᠢ ᠡᠨᠧᠷᠭᠢ᠎ᠶᠢᠨ ᠶᠡᠷᠦᠩᠬᠡᠢ ᠢᠨᠵᠧᠨᠧᠷ ᠵᠠᠩ ᠵᠢᠶᠠᠨ ᠬᠡᠯᠡᠪᠡ᠃ ᠲᠡᠬᠦᠨ᠎ᠤ ᠲᠠᠨᠢᠯᠴᠠᠭᠤᠯᠤᠭᠰᠠᠨ᠎ᠢᠶᠠᠷ᠂ ᠲᠤᠰ ᠲᠦᠷᠦᠯ ᠵᠦᠢᠯ᠎ᠦᠨ ᠭᠣᠣᠯᠯᠠᠭ᠍ᠴᠢ ᠦᠷᠳᠡᠭ ᠨᠢ ᠪᠦᠷᠢᠨ ᠪᠦᠲᠦᠨ 《ᠪᠤᠬᠢᠷᠳᠤᠯ ᠦᠭᠡᠢ ᠴᠠᠬᠢᠯᠭᠠᠨ — ᠪᠤᠬᠢᠷᠳᠤᠯ ᠦᠭᠡᠢ ᠤᠰᠤᠲᠥ᠋ᠷᠥᠭᠴᠢ — ᠪᠤᠬᠢᠷᠳᠤᠯ ᠦᠭᠡᠢ ᠰᠢᠪᠲᠦᠷ》 ᠤ᠋ᠨ ᠨᠡᠭᠦᠷᠡᠰᠦᠲᠥ᠋ᠷᠥᠭᠴᠢ᠎ᠦᠯᠦ ᠭᠠᠳᠠᠭᠰᠢᠯᠠᠭᠤᠯᠬᠤ ᠠᠵᠤ ᠦᠢᠯᠡᠳᠪᠦᠷᠢ᠎ᠶᠢᠨ ᠬᠡᠯᠬᠢᠶ᠎ᠡ᠎ᠶᠢ ᠪᠠᠢᠭᠤᠯᠵᠤ᠂ ᠰᠢᠨ᠎ᠡ᠎ᠶᠢ ᠡᠭᠦᠳᠬᠦ ᠤᠷ᠎ᠠ ᠮᠡᠷᠭᠡᠰᠢᠯ ᠪᠣᠯᠣᠨ ᠪᠦᠬᠦ ᠶᠠᠪᠤᠴᠠ᠎ᠶᠢᠨ ᠪᠣᠬᠢᠷᠲᠤᠯ ᠦᠭᠡᠢ ᠡᠨᠧᠷᠭᠢ᠎ᠪᠡᠷ ᠬᠥᠳᠡᠯᠭᠡᠭᠦᠷ ᠪᠣᠯᠭᠠᠬᠤ᠎ᠳᠤ ᠲᠦᠰᠢᠭᠯᠡᠵᠦ᠂ ᠤᠯᠠᠮᠵᠢᠯᠠᠯᠲᠤ ᠨᠡᠢᠯᠡᠯᠭᠡ ᠰᠢᠪᠲᠦᠷ᠎ᠦᠨ ᠦᠢᠯᠡᠳᠪᠦᠷᠢᠯᠡᠯ᠎ᠦᠨ ᠴᠢᠯᠠᠭᠤᠵᠢᠮᠠᠯ᠎ᠤᠨ ᠡᠨᠧᠷᠭᠢ᠎ᠳᠦ ᠲᠦᠰᠢᠭᠯᠡᠬᠦ᠎ᠡᠴᠡ ᠮᠤᠯᠲᠤᠷᠠᠭᠰᠠᠨ ᠪᠠᠢᠨ᠎ᠠ᠃

ᠢᠯᠠᠨᠭᠭᠤᠶ᠎ᠠ᠂ ᠲᠣᠰ ᠲᠥᠷᠥᠯ ᠵᠦᠢᠯ ᠨᠢ ᠪᠥᠬᠥ ᠳᠡᠯᠡᠬᠡᠢ᠎ᠶᠢᠨ ᠬᠡᠪᠴᠢᠶ᠎ᠡ᠎ᠪᠡᠷ ᠬᠠᠮᠤᠭ᠎ᠤᠨ ᠶᠡᠬᠡ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷ᠎ᠦᠨ ᠲᠥᠷᠥᠯ ᠵᠦᠢᠯ ᠪᠣᠯᠬᠤ᠎ᠪᠠᠷ ᠪᠠᠷᠠᠬᠤ ᠦᠭᠡᠢ ᠪᠠᠰᠠ ᠴᠤ᠌ ᠪᠥᠬᠥ ᠳᠡᠯᠡᠬᠡᠢ᠎ᠶᠢᠨ ᠠᠩᠬᠠᠳᠠᠭ᠍ᠴᠢ 100% ᠵᠢᠨ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ᠎ᠶᠢ ᠪᠡᠶᠡᠯᠡᠭᠦᠯᠵᠦ᠂ ᠪᠥᠬᠥ ᠳᠡᠯᠡᠬᠡᠢ᠎ᠶᠢᠨ ᠠᠩᠬᠠᠳᠠᠭ᠍ᠴᠢ ᠪᠥᠬᠥ ᠶᠠᠪᠤᠴᠠ ᠳ᠋ᠦ ᠬᠥᠳᠡᠯᠦᠩᠭᠦᠢ᠎ᠪᠡᠷ ᠠᠵᠢᠯᠯᠠᠵᠤ ᠪᠠᠢᠭ᠎ᠠ ᠪᠣᠬᠢᠷᠲᠤᠯ ᠦᠭᠡᠢ ᠬᠢᠮᠢ᠎ᠶᠢᠨ ᠦᠢᠯᠡᠳᠪᠦᠷᠢ ᠪᠣᠯᠣᠨ᠎ᠠ᠂ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠨᠢ ᠢᠯᠡᠷᠬᠡᠢ ᠪᠠᠢᠨ᠎ᠠ᠃

ᠪᠤᠬᠢᠷᠳᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ ᠭᠡᠳᠡᠭ ᠨᠢ ᠳᠠᠷᠤᠢ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ᠂ ᠨᠡᠷᠡᠨ᠎ᠦ ᠡᠨᠧᠷᠭᠢ᠎ᠪᠡᠷ ᠴᠠᠬᠢᠯᠭᠠᠨ ᠭᠠᠷᠭᠠᠬᠤ᠂ ᠠᠮᠢᠳᠤ ᠪᠣᠳᠠᠰ᠎ᠤᠨ ᠮᠠᠰ᠎ᠢᠶᠠᠷ ᠴᠠᠬᠢᠯᠭᠠᠨ ᠭᠠᠷᠭᠠᠬᠤ ᠵᠡᠷᠭᠡ ᠰᠢᠨ᠎ᠡ ᠡᠨᠧᠷᠭᠢ᠎ᠶᠢ ᠤᠯᠠᠨ ᠨᠡᠶ᠋ᠢᠲᠡ᠎ᠶᠢᠨ ᠴᠠᠬᠢᠯᠭᠠᠨ ᠲᠣᠣᠷ᠎ᠲᠤ ᠰᠢᠭᠤᠳ ᠵᠠᠯᠭᠠᠬᠤ ᠦᠭᠡᠢ᠂ ᠬᠠᠷᠢᠨ ᠲᠤᠰᠬᠠᠢ ᠬᠡᠷᠡᠭᠯᠡᠬᠦ ᠱᠤᠭᠤᠮ ᠵᠢᠡᠷ 《ᠴᠡᠭ᠎ᠡᠴᠡ ᠴᠡᠭ᠎ᠲᠦ》 ᠠᠵᠤ ᠠᠬᠤᠢᠯᠠᠯ ᠳ᠋ᠤ ᠰᠢᠭᠤᠳ ᠬᠠᠩᠭᠠᠵᠤ᠂ ᠭᠷᠡᠳᠦ᠋ᠰ ᠪᠦᠷᠢ᠎ᠶᠢᠨ ᠪᠤᠬᠢᠷᠳᠤᠯ ᠦᠭᠡᠢ ᠴᠠᠬᠢᠯᠭᠠᠨ ᠤ᠋ ᠢᠷᠡᠯᠳᠡ ᠵᠢ ᠴᠦᠮ ᠲᠣᠳᠣᠷᠬᠠᠢ ᠡᠷᠢᠵᠦ ᠴᠢᠳᠠᠨ᠎ᠠ᠃ ᠡᠳᠦᠭᠡ᠂ ᠡᠨᠡ ᠬᠦ᠌ ᠪᠤᠬᠢᠷᠳᠤᠯ ᠦᠭᠡᠢ ᠴᠠᠬᠢᠯᠭᠠᠨ᠎ᠢ᠋ ᠰᠢᠭᠤᠳ ᠬᠠᠨᠭᠭᠠᠬᠤ ᠨᠢ ᠥᠪᠥᠷ ᠮᠣᠩᠭᠣᠯ᠎ᠤᠨ ᠡᠬᠡ ᠭᠠᠵᠠᠷ᠎ᠲᠤ ᠬᠠᠯᠠᠮᠰᠢᠯ ᠪᠤᠯᠵᠤ᠂ ᠠᠵᠤ ᠦᠢᠯᠡᠰ᠎ᠦᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠵᠠᠩᠭᠢᠯᠠᠭ᠎ᠠ᠎ᠶᠢᠨ ᠠᠷᠭ᠎ᠠ ᠪᠣᠯᠪᠠ᠃

ᠬᠥᠬᠡᠬᠣᠲᠠ᠎ᠳᠤ᠂ ᠪᠤᠬᠢᠷᠳᠤᠯ ᠦᠭᠡᠢ ᠴᠠᠬᠢᠯᠭᠠᠨ ᠨᠢ ᠪᠤᠳᠤᠯᠳᠠ ᠵᠢᠨ ᠬᠦᠴᠦᠨ᠎ᠦ ᠠᠵᠤ ᠦᠢᠯᠡᠰ᠎ᠦᠨ ᠬᠥᠭᠵᠢᠯᠲᠡ᠎ᠶᠢᠨ ᠴᠢᠬᠤᠯᠠ ᠲᠤᠯᠭᠠᠭᠤᠷᠢᠯᠠᠯ ᠪᠣᠯᠪᠠ᠃ ᠳᠤᠮᠳᠠᠳᠤ ᠤᠯᠤᠰ᠎ᠤᠨ ᠬᠤᠸᠠ ᠳ᠋ᠢᠶᠠᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠰᠠᠯᠬᠢ ᠭᠡᠷᠡᠯ ᠬᠠᠳᠠᠭᠠᠯᠠᠬᠤ ᠴᠠᠬᠢᠯᠭᠠᠨ ᠦᠷᠳᠡᠭᠡ᠎ᠶᠢᠨ ᠦᠢᠯᠡᠳᠪᠦᠷᠢᠯᠡᠭᠰᠡᠨ ᠪᠤᠬᠢᠷᠳᠤᠯ ᠦᠭᠡᠢ ᠴᠠᠬᠢᠯᠭᠠᠨ᠎ᠢ 41 ᠺᠢᠯᠤᠮᠸᠲᠷ᠎ᠤᠨ ᠲᠤᠰᠬᠠᠢ ᠱᠤᠭᠤᠮ᠎ᠢᠶᠠᠷ ᠲᠤᠭᠠᠴᠢᠯᠠᠯᠳᠠ ᠪᠤᠳᠤᠯᠳᠠ ᠵᠢᠨ ᠬᠦᠴᠦᠨ ᠤ᠋ ᠠᠵᠤ ᠠᠬᠤᠢᠯᠠᠯ ᠳ᠋ᠤ ᠰᠢᠭᠤᠳ ᠬᠠᠩᠭᠠᠬᠤ ᠡᠴᠡ ᠡᠷᠦᠭᠡ᠎ᠳᠦ ᠬᠦᠷᠭᠡᠬᠦ ᠴᠠᠬᠢᠯᠭᠠᠨ᠎ᠤ ᠦᠨ᠎ᠡ᠎ᠶᠢ ᠭᠷᠡᠳᠦ᠋ᠰ ᠪᠦᠷᠢ᠎ᠳᠦ 0.38 ᠲᠥᠭᠥᠷᠢᠭ ᠣᠷᠴᠢᠮ ᠬᠢᠵᠠᠭᠠᠷᠯᠠᠵᠤ᠂ ᠴᠠᠬᠢᠯᠭᠠᠨ ᠬᠡᠷᠡᠭᠯᠡᠬᠦ ᠥᠪᠡᠷ᠎ᠦᠨ ᠦᠷᠳᠡᠭ᠎ᠢ ᠪᠡᠭᠡᠵᠢᠩ᠎ᠲᠠᠢ ᠬᠠᠷᠢᠴᠠᠭᠤᠯᠪᠠᠯ ᠪᠠᠷᠤᠭ ᠭᠤᠷᠪᠠᠨ᠎ᠤ ᠬᠣᠶᠠᠷ ᠬᠤᠪᠢ ᠪᠠᠭᠤᠷᠠᠭᠤᠯᠵᠠᠢ᠃ ᠣᠳᠣᠬᠠᠨ᠎ᠳᠤ᠂ ᠬᠤᠸᠠ ᠸᠧᠢ᠂ ᠴᠤᠤᠷᠢᠶ᠎ᠠ ᠵᠡᠷᠭᠡ 57 ᠪᠤᠳᠤᠯᠳᠠ ᠵᠢᠨ ᠬᠦᠴᠦᠨ ᠤ᠋ ᠲᠥᠪ᠎ᠲᠦ ᠲᠥᠪᠯᠡᠷᠡᠵᠦ᠂ ᠪᠤᠳᠤᠯᠳᠠ ᠵᠢᠨ ᠬᠦᠴᠦᠨ ᠤ᠋ ᠶᠡᠷᠦᠩᠬᠡᠢ ᠬᠡᠪᠴᠢᠶ᠎ᠡ ᠨᠢ 12.7 ᠲᠦᠮᠡᠨ P ᠎ᠶᠢ ᠳᠠᠪᠠᠵᠤ᠂ ᠡᠭᠦᠨ᠎ᠳᠦ ᠣᠶᠤᠨᠲᠤ ᠪᠤᠳᠤᠯᠳᠠ ᠵᠢᠨ ᠬᠦᠴᠦᠨ ᠤ᠋ ᠡᠵᠡᠯᠡᠬᠦ ᠬᠠᠷᠢᠴᠠᠯ ᠨᠢ 96.8% ᠪᠠᠢᠵᠤ᠂ ᠪᠣᠬᠢᠷᠲᠤᠯ ᠦᠭᠡᠢ ᠪᠤᠳᠤᠯᠳᠠ ᠵᠢᠨ ᠬᠦᠴᠦᠨ ᠤ᠋ ᠵᠢᠭᠠᠯᠳᠠ ᠳᠤᠭ᠎ᠠ ᠨᠢ ᠪᠥᠬᠥ ᠤᠯᠤᠰ᠎ᠲᠤ ᠲᠦᠷᠦᠭᠦᠯᠡᠵᠦ ᠪᠠᠢᠨ᠎ᠠ᠃

ᠤᠯᠠᠭᠠᠨᠴᠠᠪ ᠬᠣᠲᠠ᠎ᠶᠢᠨ ᠹᠧᠩᠴᠤᠸᠠᠨ ᠣᠷᠴᠢᠯ ᠠᠵᠤ ᠠᠬᠤᠢ᠎ᠶᠢᠨ ᠨᠡᠭᠡᠭᠡᠯᠲᠡ᠎ᠶᠢᠨ ᠣᠷᠣᠨ᠎ᠳᠤ᠂ ᠥᠪᠥᠷ ᠮᠣᠩᠭᠣᠯ᠎ᠤᠨ ᠸᠠᠩ ᠶᠤᠸᠠᠨ ᠠᠵᠤ ᠦᠢᠯᠡᠰ ᠨᠢ ᠪᠥᠬᠥ ᠣᠷᠣᠨ᠎ᠤ ᠠᠩᠬᠠᠳᠠᠭ᠍ᠴᠢ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ᠎ᠳᠦ ᠲᠦᠰᠢᠭᠯᠡᠨ᠂ 30%᠎ᠵᠢᠨ ᠪᠣᠬᠢᠷᠲᠤᠯ ᠦᠭᠡᠢ ᠴᠠᠬᠢᠯᠭᠠᠨ᠎ᠢᠶᠠᠷ ᠤᠯᠠᠮᠵᠢᠯᠠᠯᠲᠤ ᠡᠨᠧᠷᠭᠢ᠎ᠶᠢ ᠣᠷᠣᠯᠠᠭᠤᠯᠵᠤ᠂ ᠵᠢᠯ᠎ᠳᠦ 6 ᠲᠦᠮᠡᠨ ᠲᠣᠨ ᠨᠡᠭᠦᠷᠡᠰᠦ ᠠᠷᠪᠢᠯᠠᠵᠤ᠂ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠦᠨ ᠭᠠᠳᠠᠭᠰᠢᠯᠠᠭᠤᠯᠤᠯᠲᠠ᠎ᠶᠢ 16 ᠲᠦᠮᠡᠨ ᠲᠣᠨ ᠪᠠᠭᠠᠰᠬᠠᠪᠠ᠃ 2025 ᠣᠨ᠎ᠤ ᠡᠴᠦᠰ ᠪᠣᠯᠲᠠᠯ᠎ᠠ᠂ ᠤᠯᠠᠭᠠᠨᠴᠠᠪ ᠬᠣᠲᠠ᠎ᠶᠢᠨ 32 ᠪᠣᠬᠢᠷᠲᠤᠯ ᠦᠭᠡᠢ ᠲᠡᠮᠦᠷ᠎ᠦᠨ ᠬᠠᠢᠯᠤᠰᠢ᠎ᠶᠢᠨ ᠲᠥᠷᠥᠯ ᠵᠦᠢᠯ ᠨᠢ ᠨᠢᠭᠡᠨᠳᠡ ᠥᠪᠡᠷᠲᠡᠭᠡᠨ ᠵᠠᠰᠠᠬᠤ ᠣᠷᠣᠨ᠎ᠤ ᠦᠨᠡᠯᠡᠨ ᠵᠢᠱ᠌ᠢᠯᠲᠡ ᠨᠤᠲᠠᠯᠠᠯᠲᠠ᠎ᠶᠢ ᠥᠩᠭᠡᠷᠡᠭᠡᠵᠦ᠂ ᠪᠦᠬᠦᠨ᠎ᠢ ᠪᠠᠢᠭᠤᠯᠵᠤ ᠳᠠᠭᠤᠰᠤᠭᠰᠠᠨ᠎ᠤ ᠳᠠᠷᠠᠭ᠎ᠠ ᠠᠵᠢᠯ ᠲᠥᠷᠥᠯ᠎ᠦᠨ ᠪᠦᠬᠦᠯᠢ ᠴᠣᠭᠴᠠ᠎ᠶᠢᠨ ᠪᠣᠬᠢᠷᠲᠤᠯ ᠦᠭᠡᠢ ᠴᠠᠬᠢᠯᠭᠠᠨ ᠬᠡᠷᠡᠭᠯᠡᠬᠦ ᠬᠠᠷᠢᠴᠠᠯ᠎ᠢ ᠳᠡᠭᠡᠭᠰᠢᠯᠡᠭᠦᠯᠵᠦ᠂ ᠲᠡᠭᠦᠨ᠎ᠦ ᠪᠥᠬᠥ ᠤᠯᠤᠰ᠎ᠤᠨ ᠬᠠᠮᠤᠭ᠎ᠤᠨ ᠶᠡᠬᠡ ᠲᠡᠮᠦᠷ᠎ᠦᠨ ᠬᠠᠢᠯᠤᠰᠢ ᠦᠢᠯᠡᠳᠪᠦᠷᠢᠯᠡᠬᠦ ᠲᠤᠰᠬᠠᠢ ᠣᠷᠣᠨ᠎ᠤ ᠲᠠᠰ᠎ᠤᠨ ᠬᠣᠲᠠ ᠪᠣᠯᠬᠤ ᠪᠠᠢᠷᠢ ᠰᠠᠭᠤᠷᠢ᠎ᠶᠢ ᠤᠯᠠᠮ ᠪᠡᠬᠢᠵᠢᠭᠦᠯᠬᠦ ᠪᠣᠯᠣᠨ᠎ᠠ᠃ ᠣᠳᠣᠬᠠᠨ᠎ᠳᠤ ᠤᠯᠠᠭᠠᠨᠴᠠᠪ ᠬᠣᠲᠠ᠎ᠶᠢᠨ 12 ᠰᠢᠨ᠎ᠡ ᠡᠨᠧᠷᠭᠢ᠎ᠶᠢᠨ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ ᠲᠥᠷᠥᠯ ᠵᠦᠢᠯ ᠨᠢ ᠨᠢᠭᠡᠨᠳᠡ ᠵᠥᠪᠰᠢᠶᠡᠷᠡᠭᠳᠡᠵᠦ᠂ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ 428 ᠲᠦᠮᠡᠨ ᠺᠢᠯᠦᠸᠠᠲ᠂ ᠢᠵᠢ ᠪᠦᠷᠢᠳᠦᠭᠰᠡᠨ ᠨᠥᠭᠡᠴᠡ ᠡᠨᠧᠷᠭᠢ 60 ᠲᠦᠮᠡᠨ ᠺᠢᠯᠦᠸᠠᠲ ᠢ᠋ ᠬᠠᠮᠤᠷᠴᠤ᠂ ᠵᠤᠯᠭᠠᠯᠴᠠᠬᠤ ᠳ᠋ᠤ ᠬᠡᠷᠡᠭᠯᠡᠬᠦ ᠴᠠᠬᠢᠯᠭᠠᠨ ᠤ᠋ ᠳᠠᠭᠠᠭᠠᠴᠠ 365 ᠲᠦᠮᠡᠨ ᠺᠢᠯᠦᠸᠠᠲ ᠲᠤ᠌ ᠬᠦᠷᠪᠡ᠃

ᠣᠷᠳᠣᠰ᠎ᠤᠨ ᠨᠡᠭᠦᠷᠡᠰᠦᠲᠥ᠋ᠷᠥᠭᠴᠢ᠎ᠦᠯᠦ ᠭᠠᠳᠠᠭᠰᠢᠯᠠᠭᠤᠯᠬᠤ ᠠᠵᠤ ᠦᠢᠯᠡᠰ᠎ᠦᠨ ᠬᠦᠷᠢᠶᠡᠯᠡᠩ᠎ᠳᠦ᠂ ᠪᠤᠬᠢᠷᠳᠤᠯ ᠦᠭᠡᠢ ᠴᠠᠬᠢᠯᠭᠠᠨ᠎ᠤ ᠰᠢᠭᠤᠳ ᠬᠠᠩᠭᠠᠯᠭ᠎ᠠ ᠪᠣᠯᠣᠨ ᠪᠣᠬᠢᠷᠲᠤᠯ ᠦᠭᠡᠢ ᠦᠢᠯᠡᠳᠬᠦ ᠦᠢᠯᠡᠰ ᠶᠠᠭ ᠰᠠᠢᠨ ᠣᠷᠴᠢᠯ ᠪᠣᠯᠵᠤ ᠪᠠᠢᠨ᠎ᠠ᠃ ᠣᠷᠳᠣᠰ᠎ᠤᠨ ᠡᠯᠪᠡᠭ ᠪᠠᠶᠠᠯᠢᠭ᠋ ᠰᠠᠯᠬᠢ ᠭᠡᠷᠡᠯ᠎ᠦᠨ ᠡᠬᠢ ᠪᠠᠶᠠᠯᠢᠭ᠋᠎ᠲᠤ ᠲᠦᠰᠢᠭᠯᠡᠨ᠂ ᠬᠦᠷᠢᠶᠡᠯᠡᠩ ᠲᠣᠭᠣᠷᠢᠭ᠋ ᠨᠢ 40.82 ᠲᠦᠮᠡᠨ ᠺᠢᠯᠦᠸᠠᠲ᠎ᠤᠨ ᠰᠠᠯᠬᠢ ᠭᠡᠷᠡᠯ ᠬᠠᠳᠠᠭᠠᠯᠠᠬᠤ᠎ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ᠎ᠢ ᠢᠵᠢ ᠪᠦᠷᠢᠳᠦᠭᠦᠯᠦᠨ ᠪᠦᠲᠦᠭᠡᠨ ᠪᠠᠢᠭᠤᠯᠵᠤ᠂ ᠣᠶᠤᠨᠴᠢ ᠪᠠᠷᠠᠭ᠎ᠠ ᠵᠢᠨ ᠰᠦᠯᠵᠢᠶ᠎ᠡ᠎ᠶᠢᠨ ᠡᠬᠢ ᠰᠤᠷᠪᠤᠯᠵᠢ ᠪᠠ ᠳᠠᠭᠠᠭᠠᠴᠠ᠎ᠶᠢᠨ ᠬᠠᠷᠢᠯᠴᠠᠨ ᠬᠥᠳᠡᠯᠦᠯᠴᠡᠵᠦ ᠡᠵᠡᠮᠳᠡᠬᠦ ᠰᠢᠰᠲᠧᠮ᠎ᠢᠶᠡᠷ ᠳᠠᠮᠵᠢᠨ᠂ ᠮᠢᠯᠢᠰᠸᠺᠦ᠋ᠨ᠋ᠳ᠋ ᠲᠡᠰ᠎ᠤᠨ ᠴᠠᠬᠢᠯᠭᠠᠨ ᠭᠠᠷᠭᠠᠬᠤ ᠬᠡᠮᠵᠢᠶ᠎ᠡ᠎ᠶᠢ ᠲᠥᠰᠥᠭᠡᠯᠡᠬᠦ ᠬᠢᠭᠡᠳ ᠠᠵᠤ ᠠᠬᠤᠢᠯᠠᠯ᠎ᠤᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠴᠠᠭ ᠲᠤᠬᠠᠢ ᠳ᠋ᠤᠨᠢ ᠲᠣᠬᠢᠷᠠᠭᠤᠯᠬᠤ᠎ᠶᠢ ᠪᠡᠶᠡᠯᠡᠭᠦᠯᠵᠦ᠂ ᠬᠦᠷᠢᠶᠡᠯᠡᠩ ᠲᠣᠭᠣᠷᠢᠭ᠋᠎ᠲᠠᠬᠢ ᠠᠵᠤ ᠠᠬᠤᠢᠯᠠᠯ᠎ᠤᠨ ᠪᠣᠬᠢᠷᠲᠤᠯ ᠦᠭᠡᠢ ᠴᠠᠬᠢᠯᠭᠠᠨ ᠬᠡᠷᠡᠭᠯᠡᠬᠦ ᠬᠠᠷᠢᠴᠠᠯ᠎ᠢ ᠪᠦᠲᠦᠮᠵᠢᠲᠡᠶ ᠳᠡᠭᠡᠭᠰᠢᠯᠡᠭᠦᠯᠪᠡ᠃ ᠣᠳᠣᠬᠠᠨ᠎ᠳᠤ ᠬᠦᠷᠢᠶᠡᠯᠡᠩ ᠲᠣᠭᠣᠷᠢᠭ᠋ ᠨᠢ ᠬᠡᠷᠡᠯᠴᠢ ᠴᠡᠨᠡᠭ᠂ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠢᠴᠢ ᠪᠣᠬᠢᠷᠲᠤᠯ ᠦᠭᠡᠢ ᠤᠰᠤᠲᠥ᠋ᠷᠥᠭᠴᠢ᠎ᠶᠢᠨ ᠲᠥᠬᠦᠭᠡᠷᠦᠮᠵᠢ ᠦᠢᠯᠡᠳᠬᠦ ᠵᠡᠷᠭᠡ ᠪᠣᠬᠢᠷᠲᠤᠯ ᠦᠭᠡᠢ ᠠᠵᠤ ᠦᠢᠯᠡᠰ᠎ᠢ ᠭᠣᠣᠯᠳᠠᠯᠭ᠎ᠠ᠎ᠲᠠᠢ ᠬᠥᠭᠵᠢᠭᠦᠯᠵᠦ᠂ 《ᠪᠣᠬᠢᠷᠲᠤᠯ ᠦᠭᠡᠢ ᠡᠨᠧᠷᠭᠢ ᠨᠢ ᠪᠣᠬᠢᠷᠲᠤᠯ ᠦᠭᠡᠢ ᠠᠵᠤ ᠦᠢᠯᠡᠰ᠎ᠢ ᠲᠠᠲᠠᠬᠤ᠂ ᠪᠣᠬᠢᠷᠲᠤᠯ ᠦᠭᠡᠢ ᠠᠵᠤ ᠦᠢᠯᠡᠰ ᠨᠢ ᠪᠣᠬᠢᠷᠲᠤᠯ ᠦᠭᠡᠢ ᠡᠨᠧᠷᠭᠢ᠎ᠶᠢ ᠰᠢᠩᠭᠡᠭᠡᠬᠦ》 ᠰᠠᠢᠨ ᠣᠷᠴᠢᠯᠳᠤ ᠬᠥᠭᠵᠢᠯᠲᠡ᠎ᠶᠢᠨ ᠵᠠᠭᠪᠤᠷ᠎ᠢ ᠠᠯᠬᠤᠮ ᠠᠯᠬᠤᠮ᠎ᠢᠶᠠᠷ ᠪᠣᠶ ᠪᠣᠯᠭᠠᠪᠠ᠃

ᠪᠤᠭᠤᠲᠤ ᠬᠤᠳᠠ᠎ᠶᠢᠨ ᠪᠠᠶᠠᠨ᠌ᠣ᠋ᠪᠣᠭ᠎ᠠ ᠠᠭᠤᠷᠬᠠᠢ᠎ᠶᠢᠨ ᠣᠷᠣᠨ᠎ᠤ ᠪᠠᠷᠠᠭᠤᠨ ᠠᠵᠤ ᠦᠢᠯᠡᠰ᠎ᠦᠨ ᠬᠦᠷᠢᠶᠡᠯᠡᠩ᠎ᠳᠦ᠂ ᠪᠣᠬᠢᠷᠲᠤᠯ ᠦᠭᠡᠢ ᠴᠠᠬᠢᠯᠭᠠᠨ᠎ᠤ ᠦᠷᠳᠡᠭ ᠤᠰᠤᠲᠥ᠋ᠷᠥᠭᠴᠢ ᠦᠢᠯᠡᠳᠬᠦ ᠬᠦᠷᠢᠶᠡᠨ᠎ᠳᠦ ᠭᠦᠢᠴᠡᠳ ᠢᠯᠡᠷᠡᠪᠡ᠃ 15 ᠺᠢᠯᠣᠮᠧᠲᠷ᠎ᠦᠨ ᠭᠠᠳᠠᠨᠠᠬᠢ ᠰᠠᠯᠬᠢ ᠬᠡᠷᠡᠯ᠎ᠦᠨ ᠰᠠᠭᠤᠷᠢᠨ᠎ᠡᠴᠡ ᠬᠦᠷᠭᠡᠵᠦ ᠢᠷᠡᠭᠰᠡᠨ ᠪᠣᠬᠢᠷᠲᠤᠯ ᠦᠭᠡᠢ ᠴᠠᠬᠢᠯᠭᠠᠨ᠎ᠳᠤ ᠲᠦᠰᠢᠭᠯᠡᠨ᠂ ᠥᠪᠥᠷ ᠮᠣᠩᠭᠣᠯ᠎ᠤᠨ ᠬᠤᠸᠠ ᠳ᠋ᠢᠶᠠᠨ ᠤᠰᠤᠲᠥ᠋ᠷᠥᠭᠴᠢ ᠡᠨᠧᠷᠭᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ 20 ᠲᠦᠮᠡᠨ ᠺᠢᠯᠦᠸᠠᠲ᠎ᠤᠨ ᠰᠢᠨ᠎ᠡ ᠡᠨᠧᠷᠭᠢ᠎ᠶᠢᠨ ᠤᠰᠤᠲᠥ᠋ᠷᠥᠭᠴᠢ ᠦᠢᠯᠡᠳᠬᠦ ᠵᠢᠱ᠌ᠢᠶ᠎ᠡ ᠦᠵᠡᠭᠦᠯᠬᠦ ᠲᠥᠷᠥᠯ ᠵᠦᠢᠯ᠎ᠦᠨ ᠤᠰᠤᠲᠥ᠋ᠷᠥᠭᠴᠢ ᠦᠢᠯᠡᠳᠬᠦ ᠥᠷᠲᠡᠭᠡ᠎ᠶᠢᠨ ᠦᠢᠯᠡᠳᠪᠦᠷᠢᠯᠡᠭᠰᠡᠨ ᠪᠣᠬᠢᠷᠲᠤᠯ ᠦᠭᠡᠢ ᠤᠰᠤᠲᠥ᠋ᠷᠥᠭᠴᠢ᠎ᠶᠢᠨ ᠴᠡᠪᠡᠷᠴᠡ᠎ᠶᠢᠨ ᠬᠡᠮᠵᠢᠶ᠎ᠡ ᠨᠢ 99.999% ᠎ᠳ᠋ᠤ᠌ ᠬᠦᠷᠴᠦ᠂ ᠵᠢᠯ᠎ᠦᠨ ᠦᠢᠯᠡᠳᠪᠦᠷᠢᠯᠡᠬᠦ ᠴᠢᠳᠠᠪᠤᠷᠢ ᠨᠢ 7800 ᠲᠣᠨ᠎ᠳᠤ ᠬᠦᠷᠴᠡᠢ᠃ ᠡᠳᠦᠭᠡ ᠪᠤᠭᠤᠲᠤ ᠬᠣᠲᠠ ᠶᠠᠭ ᠪᠣᠬᠢᠷᠲᠤᠯ ᠦᠭᠡᠢ ᠴᠠᠬᠢᠯᠭᠠᠨ᠎ᠢ  ᠰᠢᠭᠤᠳ ᠬᠠᠩᠭᠠᠬᠤ᠂ ᠪᠣᠬᠢᠷᠲᠤᠯ ᠦᠭᠡᠢ ᠡᠨᠧᠷᠭᠢ᠎ᠶᠢᠨ ᠭᠠᠷᠤᠯᠲᠠ᠎ᠶᠢ ᠨᠡᠮᠡᠭᠳᠡᠭᠦᠯᠦᠨ ᠰᠢᠨᠭᠭᠡᠭᠡᠬᠦ᠎ᠵᠢ ᠦᠷᠭᠡᠳᠭᠡᠬᠦ᠂ ᠴᠡᠪᠡᠷ ᠡᠨᠧᠷᠭᠢ᠎ᠶᠢ ᠣᠷᠣᠯᠠᠭᠤᠯᠬᠤ᠎ᠶᠢ ᠶᠡᠬᠡ ᠬᠡᠪᠴᠢᠶ᠎ᠡ᠎ᠪᠡᠷ ᠠᠬᠢᠭᠤᠯᠵᠤ᠂ 《ᠪᠥᠬᠥ ᠬᠦᠷᠢᠶ᠎ᠠ ᠴᠠᠷᠠᠭ᠎ᠠ ᠵᠢᠨ ᠪᠣᠬᠢᠷᠲᠤᠯ ᠦᠭᠡᠢ ᠤᠰᠤᠲᠥ᠋ᠷᠥᠭᠴᠢ᠎ᠶᠢᠨ ᠦᠵᠡᠭᠳᠡᠯ ᠪᠠᠢᠳᠠᠯ᠎ᠤᠨ ᠵᠢᠱ᠌ᠢᠶ᠎ᠡ ᠦᠵᠡᠭᠦᠯᠬᠦ ᠬᠣᠲᠠ》 ᠵᠢ ᠪᠥᠬᠥ ᠬᠦᠴᠦᠨ᠎ᠢᠶᠡᠷ᠎ᠢᠶᠡᠨ ᠪᠠᠢᠭᠤᠯᠵᠤ᠂ ᠬᠠᠭᠤᠴᠢᠨ ᠠᠵᠤ ᠦᠢᠯᠡᠳᠪᠦᠷᠢ᠎ᠶᠢᠨ ᠰᠠᠭᠤᠷᠢᠨ᠎ᠤ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠤᠨ ᠰᠢᠨ᠎ᠡ᠎ᠶᠢ ᠡᠭᠦᠳᠦᠨ ᠬᠥᠭᠵᠢᠬᠦ᠎ᠶᠢ ᠠᠬᠢᠭᠤᠯᠵᠤ ᠪᠠᠢᠨ᠎ᠠ᠃

ᠭᠠᠭᠴᠠ ᠲᠠᠯ᠎ᠠ᠎ᠡᠴᠡ ᠰᠢᠪᠲᠤᠯᠬᠤ᠎ᠡᠴᠡ ᠪᠦᠬᠦ ᠲᠠᠯ᠎ᠠ᠎ᠪᠠᠷ ᠴᠡᠴᠡᠭᠯᠡᠬᠦ ᠬᠦᠷᠲᠡᠯ᠎ᠡ᠂ ᠠᠷᠤ᠎ᠳᠤᠨᠢ ᠳᠦᠷᠢᠮ᠎ᠦᠨ ᠰᠢᠨ᠎ᠡ ᠡᠭᠦᠳᠦᠯᠲᠡ᠎ᠶᠢᠨ ᠬᠦᠴᠦᠲᠡᠢ ᠲᠤᠯᠭᠠᠭᠤᠷᠢᠯᠠᠯ ᠪᠤᠢ᠃

ᠣᠢᠷ᠎ᠠ᠎ᠶᠢᠨ ᠵᠢᠯ᠎ᠦᠨ ᠲᠤᠷᠰᠢ᠂ ᠥᠪᠥᠷ ᠮᠣᠩᠭᠣᠯ ᠰᠢᠨ᠎ᠡ ᠡᠨᠧᠷᠭᠢ᠎ᠶᠢ ᠬᠡᠪᠴᠢᠶᠡᠵᠢᠭᠦᠯᠦᠨ ᠬᠥᠭᠵᠢᠭᠦᠯᠬᠦ ᠪᠠ ᠥᠨᠳᠥᠷ ᠲᠦᠪᠰᠢᠨ᠎ᠢᠶᠡᠷ ᠰᠢᠩᠭᠡᠭᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠠᠬᠤᠢᠯᠠᠯ᠎ᠤᠨ ᠪᠣᠬᠢᠷᠲᠤᠯ ᠦᠭᠡᠢ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠪᠣᠬᠢᠷᠲᠤᠯ ᠦᠭᠡᠢ ᠴᠠᠬᠢᠯᠭᠠᠨ᠎ᠤ ᠬᠡᠷᠡᠭᠯᠡᠯᠲᠡ᠎ᠶᠢ ᠦᠷᠭᠦᠯᠵᠢᠯᠡᠨ ᠥᠷᠭᠡᠳᠬᠡᠵᠦ᠂ ᠢᠯᠡ ᠲᠣᠳᠣ᠌ ᠮᠥᠷᠳᠡᠵᠦ ᠪᠣᠯᠬᠤᠢᠴᠠ ᠪᠣᠬᠢᠷᠲᠤᠯ ᠦᠭᠡᠢ ᠴᠠᠬᠢᠯᠭᠠᠨ᠎ᠢ ᠣᠢᠷ᠎ᠠ ᠬᠠᠪᠢ᠎ᠳᠠᠭᠠᠨ ᠲᠤᠬᠠᠢ᠎ᠶᠢᠨ ᠭᠠᠵᠠᠷ ᠲᠤᠨᠢ ᠰᠢᠩᠭᠡᠭᠡᠬᠦ ᠠᠷᠭ᠎ᠠ ᠵᠠᠮ᠎ᠢ ᠬᠦᠴᠦᠯᠡᠨ ᠰᠦᠪᠡᠭᠴᠢᠯᠡᠵᠦ᠂ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠳᠤᠮᠳᠠ ᠥᠪᠥᠷ ᠮᠣᠩᠭᠣᠯ᠎ᠤᠨ ᠣᠨᠴᠠᠯᠢᠭ᠋᠎ᠲᠠᠢ᠂ ᠥᠪᠥᠷ ᠮᠣᠩᠭᠣᠯ᠎ᠤᠨ ᠬᠥᠭᠵᠢᠯᠲᠡ᠎ᠶᠢᠨ ᠪᠣᠳᠠᠲᠤ ᠪᠠᠢᠳᠠᠯ᠎ᠲᠠᠢ ᠨᠡᠢᠴᠡᠭᠰᠡᠨ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ ᠵᠠᠭᠪᠤᠷ᠎ᠢ ᠪᠦᠷᠢᠯᠳᠦᠭᠦᠯᠵᠡᠢ᠃

2022 ᠣᠨ᠎ᠳᠤ᠂ ᠥᠪᠥᠷ ᠮᠣᠩᠭᠣᠯ ᠪᠥᠬᠥ ᠤᠯᠤᠰ᠎ᠤᠨ ᠬᠡᠪᠴᠢᠶᠡᠨ᠎ᠳᠦ ᠬᠠᠮᠤᠭ᠎ᠤᠨ ᠲᠡᠷᠢᠭᠦᠨ᠎ᠳᠦ ᠰᠢᠨ᠎ᠡ ᠡᠨᠧᠷᠭᠢ᠎ᠶᠢ ᠣᠢᠷ᠎ᠠ ᠬᠠᠪᠢ᠎ᠳᠠᠭᠠᠨ ᠰᠢᠩᠭᠡᠭᠡᠬᠦ᠎ᠶᠢ ᠬᠠᠢᠨ ᠰᠦᠪᠡᠭᠴᠢᠯᠡᠵᠦ᠂ 《ᠥᠪᠡᠷ᠎ᠲᠡᠭᠡᠨ ᠰᠢᠨᠭᠭᠡᠭᠡᠬᠦ᠂ ᠪᠡᠶ᠎ᠡ᠎ᠪᠡᠨ ᠳᠠᠭᠠᠭᠠᠵᠤ ᠣᠷᠭᠢᠯ ᠬᠤᠭᠤᠴᠠᠭ᠎ᠠ᠎ᠵᠢ ᠲᠣᠬᠢᠷᠠᠭᠤᠯᠬᠤ》᠎ᠪᠠᠷ ᠵᠠᠷᠴᠢᠮ ᠪᠣᠯᠭᠠᠵᠤ᠂ 6 ᠲᠥᠷᠥᠯ᠎ᠦᠨ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ᠎ᠶᠢ ᠰᠢᠩᠭᠡᠭᠡᠬᠦ ᠲᠥᠷᠥᠯ ᠵᠦᠢᠯ᠎ᠦᠨ ᠬᠡᠷᠡᠭᠵᠢᠭᠦᠯᠬᠦ ᠨᠠᠷᠢᠨ ᠳᠦᠷᠢᠮ᠎ᠢ ᠰᠤᠳᠤᠯᠤᠨ ᠲᠣᠭᠲᠠᠭᠠᠵᠤ᠂ ᠪᠥᠬᠥ ᠲᠣᠭ᠎ᠠ᠎ᠪᠠᠷ ᠥᠪᠡᠷ ᠲᠡᠭᠡᠨ ᠭᠠᠷᠭᠠᠵᠤ ᠥᠪᠡᠷ ᠲᠡᠭᠡᠨ ᠬᠡᠷᠡᠭᠯᠡᠬᠦ ᠪᠠ ᠴᠠᠬᠢᠯᠭᠠᠨ ᠲᠣᠣᠷ᠎ᠤᠨ ᠣᠷᠭᠢᠯ ᠬᠤᠭᠤᠴᠠᠭ᠎ᠠ᠎ᠵᠢ ᠲᠣᠬᠢᠷᠠᠭᠤᠯᠬᠤ ᠣᠷᠣᠨ ᠵᠠᠢ᠎ᠶᠢ ᠥᠯᠥ ᠡᠵᠡᠯᠡᠬᠦ 6 ᠲᠥᠷᠥᠯ᠎ᠦᠨ ᠵᠠᠬ᠎ᠠ ᠳᠡᠯᠭᠡᠭᠦᠷᠴᠢᠯᠡᠭᠰᠡᠨ ᠲᠣᠣᠷ ᠲᠦ᠍ ᠨᠡᠢᠯᠡᠭᠦᠯᠦᠨ ᠰᠢᠩᠭᠡᠭᠡᠬᠦ ᠲᠥᠷᠥᠯ ᠵᠦᠢᠯ᠎ᠢ ᠳᠡᠮᠵᠢᠪᠡ᠃ 3 ᠵᠢᠯ ᠭᠠᠷᠤᠢ᠎ᠶᠢᠨ ᠰᠦᠪᠡᠭᠴᠢᠯᠡᠯᠲᠡ᠎ᠶᠢᠨ ᠦᠢᠯᠡᠳᠦᠯᠭᠡ᠎ᠪᠡᠷ ᠳᠡᠮᠵᠢᠨ᠂ ᠪᠥᠬᠥ ᠣᠷᠣᠨ᠎ᠳᠤ 《ᠥᠪᠡᠷ᠎ᠲᠡᠭᠡᠨ ᠰᠢᠨᠭᠭᠡᠭᠡᠬᠦ᠂ ᠪᠡᠶ᠎ᠡ᠎ᠪᠡᠨ ᠳᠠᠭᠠᠭᠠᠨ ᠣᠷᠭᠢᠯ ᠬᠤᠭᠤᠴᠠᠭ᠎ᠠ᠎ᠵᠢ ᠲᠣᠬᠢᠷᠠᠭᠤᠯᠬᠤ》 ᠲᠥᠷᠥᠯ ᠵᠦᠢᠯ᠎ᠢ 115 ᠪᠠᠢᠭᠤᠯᠵᠤ᠂ 2425 ᠲᠦᠮᠡᠨ ᠺᠢᠯᠦᠸᠠᠲ᠎ᠤᠨ ᠰᠢᠨ᠎ᠡ ᠡᠨᠧᠷᠭᠢ᠎ᠶᠢᠨ ᠬᠡᠪᠴᠢᠶ᠎ᠡ᠎ᠶᠢ ᠪᠠᠢᠭᠤᠯᠪᠠ᠃

ᠡᠨᠡ ᠵᠢᠯ᠎ᠦᠨ ᠡᠬᠢᠨ᠎ᠳᠦ᠂ ᠥᠪᠥᠷ ᠮᠣᠩᠭᠣᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩ ᠭᠠᠭᠴᠠ ᠴᠠᠬᠢᠯᠭᠠᠨ ᠬᠦᠴᠦᠨ᠎ᠦ ᠬᠡᠷᠡᠭᠯᠡᠭᠴᠢ᠎ᠶᠢᠨ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ ᠲᠥᠷᠥᠯ ᠵᠦᠢᠯ᠎ᠢ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠬᠡᠷᠡᠭᠵᠢᠭᠦᠯᠬᠦ ᠲᠥᠰᠥᠯ (ᠲᠤᠷᠰᠢᠨ ᠬᠡᠷᠡᠭᠵᠢᠭᠦᠯᠬᠦ)》᠎ᠢ᠋ ᠨᠡᠢᠲᠡᠯᠡᠵᠦ᠂ ᠲᠥᠷᠥ᠎ᠶᠢᠨ ᠪᠣᠳᠣᠯᠭ᠎ᠠ᠎ᠶᠢᠨ ᠥᠭᠡᠷᠡᠴᠢᠯᠡᠯᠲᠡ᠎ᠶᠢᠨ ᠡᠷᠴᠢᠮ ᠪᠥᠬᠥ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃ ᠲᠣᠰ ᠲᠥᠰᠥᠯ ᠨᠢ ᠤᠰᠤᠲᠥ᠋ᠷᠥᠭᠴᠢ ᠪᠦᠯᠦᠭ᠎ᠤᠨ ᠪᠣᠬᠢᠷᠲᠤᠯ ᠦᠭᠡᠢ ᠲᠦᠯᠡᠰᠢ᠎ᠶᠢᠨ ᠲᠥᠷᠥᠯ ᠵᠦᠢᠯ᠎ᠦᠨ ᠤᠷᠮᠠᠰᠢᠭᠤᠯᠬᠤ ᠲᠥᠷᠥ᠎ᠶᠢᠨ ᠪᠣᠳᠣᠯᠭ᠎ᠠ᠎ᠶᠢ ᠰᠢᠯᠢᠳᠡᠭᠵᠢᠭᠦᠯᠬᠦ᠎ᠶᠢᠨ ᠬᠠᠮᠲᠤ᠂ ᠨᠦᠭᠡᠴᠡ᠎ᠶᠢᠨ ᠳᠠᠭᠠᠭᠠᠴᠡ᠎ᠶᠢ ᠴᠢᠯᠦᠭᠡᠲᠡᠢ ᠲᠠᠯᠪᠢᠵᠤ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ᠎ᠶᠢ ᠲᠣᠳᠣᠷᠬᠠᠢ ᠲᠣᠭᠲᠠᠭᠠᠵᠤ᠂ ᠬᠣᠷᠢᠨᠭᠡᠷ ᠳ᠋ᠠᠢᠲ᠋ᠠ᠎ᠶᠢᠨ ᠲᠥᠪ᠎ᠦᠨ ᠪᠦᠯᠦᠭᠯᠡᠯ᠂ ᠴᠠᠬᠢᠯᠭᠠᠨ ᠵᠠᠳᠠᠯᠤᠯ᠎ᠤᠨ ᠬᠥᠩᠭᠡᠨᠴᠠᠭᠠᠨ᠎ᠤ ᠠᠵᠢᠯ ᠲᠥᠷᠥᠯ᠂ ᠤᠯᠤᠰ᠎ᠤᠨ ᠲᠠᠰ᠎ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠋᠂ ᠨᠡᠶ᠋ᠢᠲᠡ᠎ᠶᠢᠨ ᠬᠡᠷᠡᠭᠯᠡᠭᠡᠨ᠎ᠦ ᠨᠡᠭᠦᠷᠡᠰᠦ ᠰᠢᠲᠠᠮᠠᠬᠠᠢ ᠬᠡᠢ᠎ᠶᠢᠨ ᠴᠠᠬᠢᠯᠭᠠᠨ᠎ᠤ ᠦᠢᠯᠡᠳᠪᠦᠷᠢ᠎ᠶᠢᠨ ᠴᠠᠬᠢᠯᠭᠠᠨ ᠬᠡᠷᠡᠭᠯᠡᠬᠦ ᠳᠠᠭᠠᠭᠠᠴᠡ᠎ᠶᠢ ᠪᠦᠬᠦᠨ᠎ᠢ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ ᠬᠠᠮᠢᠶᠠᠷᠤᠯᠲᠠ᠎ᠶᠢᠨ ᠬᠡᠪᠴᠢᠶ᠎ᠡ᠎ᠳᠤ ᠣᠷᠣᠭᠤᠯᠪᠠ᠃ ᠡᠭᠦᠨ᠎ᠡᠴᠡ ᠭᠠᠳᠠᠨ᠎ᠠ᠂ ᠪᠠᠰᠠ ᠲᠥᠷᠥᠯ ᠵᠦᠢᠯ᠎ᠢ ᠬᠢᠨᠠᠨ ᠵᠥᠪᠰᠢᠶᠡᠷᠡᠬᠦ ᠡᠷᠬᠡ ᠮᠡᠳᠡᠯ᠎ᠢ ᠰᠢᠯᠢᠳᠡᠭᠵᠢᠭᠦᠯᠵᠦ᠂ ᠤᠰᠤᠲᠥ᠋ᠷᠥᠭ᠌ᠴᠢ ᠪᠦᠯᠦᠭ᠎ᠤᠨ ᠪᠣᠬᠢᠷᠲᠤᠯ ᠦᠭᠡᠢ ᠲᠦᠯᠡᠰᠢ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ ᠲᠥᠷᠥᠯ ᠵᠦᠢᠯ᠎ᠢ ᠥᠪᠡᠷᠲᠡᠭᠡᠨ ᠵᠠᠰᠠᠬᠤ ᠣᠷᠣᠨ᠎ᠡᠴᠡ ᠤᠷᠢᠳᠴᠢᠯᠠᠨ ᠬᠢᠨᠠᠨ ᠵᠥᠪᠰᠢᠶᠡᠷᠡᠵᠦ ᠴᠤᠬᠤᠯᠠᠪᠤᠷᠢᠯᠠᠬᠤ᠎ᠶᠢ ᠭᠠᠷᠭᠠᠪᠠᠯ᠂ ᠪᠤᠰᠤᠳ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ ᠲᠥᠷᠥᠯ ᠵᠦᠢᠯ᠎ᠢ ᠪᠦᠬᠦᠨ᠎ᠢ ᠠᠢᠮᠠᠭ ᠬᠣᠲᠠ᠎ᠶᠢᠨ ᠡᠨᠧᠷᠭᠢ᠎ᠶᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠴᠣᠬᠣᠯᠠᠪᠤᠷᠢᠯᠠᠨ ᠬᠡᠷᠡᠭᠵᠢᠭᠦᠯᠦᠨ᠎ᠡ ᠭᠡᠵᠦ ᠲᠣᠳᠣᠷᠬᠠᠢᠯᠠᠪᠠ᠃

《ᠥᠭᠡᠷᠡᠴᠢᠯᠡᠯᠲᠡ᠎ᠶᠢᠨ ᠡᠷᠴᠢᠮ᠎ᠡᠴᠡ ᠦᠵᠡᠪᠡᠯ᠂ ᠮᠠᠨ᠎ᠤ ᠣᠷᠣᠨ ᠰᠢᠨ᠎ᠡ᠎ᠶᠢ ᠡᠭᠦᠳᠬᠦ ᠲᠠᠯ᠎ᠠ᠎ᠪᠠᠷ ᠤᠯᠠᠮ ᠨᠢᠭᠡ ᠠᠯᠬᠤᠮ ᠰᠢᠪᠲᠤᠯᠤᠯᠲᠠ ᠭᠠᠷᠭᠠᠵᠤ᠂ ᠬᠡᠰᠡᠭ ᠨᠦᠭᠡᠴᠡ᠎ᠶᠢᠨ ᠳᠠᠭᠠᠭᠠᠴᠡ᠎ᠶᠢ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ ᠬᠠᠮᠢᠶᠠᠷᠤᠯᠲᠠ᠎ᠶᠢᠨ ᠬᠡᠪᠴᠢᠶᠡᠨ᠎ᠳᠦ ᠣᠷᠣᠭᠤᠯᠪᠠ; ᠵᠢᠱ᠌ᠢᠭᠰᠡᠨ ᠦᠷ᠎ᠡ ᠪᠦᠲᠦᠮᠵᠢ᠎ᠡᠴᠡ ᠦᠵᠡᠪᠡᠯ᠂ ᠮᠠᠨ᠎ᠤ ᠣᠷᠣᠨ᠎ᠤ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ ᠲᠥᠷᠥ᠎ᠶᠢᠨ ᠪᠣᠳᠣᠯᠭ᠎ᠠ ᠨᠢ ᠪᠣᠬᠢᠷᠲᠤᠯ ᠦᠭᠡᠢ ᠴᠠᠬᠢᠯᠭᠠᠨ᠎ᠢᠶᠠᠷ ᠣᠷᠣᠯᠠᠭᠤᠯᠬᠤ᠎ᠶᠢ ᠪᠦᠲᠦᠮᠵᠢᠲᠡᠶ ᠠᠬᠢᠭᠤᠯᠵᠤ᠂ ᠰᠢᠨ᠎ᠡ ᠡᠨᠧᠷᠭᠢ᠎ᠶᠢ ᠣᠢᠷ᠎ᠠ ᠬᠠᠪᠢ ᠳ᠋ᠤᠨᠢ ᠰᠢᠩᠭᠡᠭᠡᠬᠦ᠎ᠳᠦ ᠬᠦᠴᠦᠨ ᠨᠡᠮᠡᠷᠢᠯᠡᠪᠡ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠶᠢᠨ ᠰᠢᠨ᠎ᠡ ᠡᠨᠧᠷᠭᠢ ᠪᠠ ᠲᠠᠬᠢᠯᠳᠠ ᠡᠨᠧᠷᠭᠢ᠎ᠶᠢᠨ ᠭᠠᠵᠠᠷ᠎ᠤᠨ ᠳᠡᠳ᠋ ᠳᠠᠷᠤᠭ᠎ᠠ ᠬᠥ ᠴᠢᠩ ᠢᠯᠡᠳᠭᠡᠪᠡ᠃

ᠠᠯᠢ ᠣᠯᠠᠨ ᠲᠥᠷᠥ᠎ᠶᠢᠨ ᠪᠣᠳᠣᠯᠭ᠎ᠠ᠎ᠶᠢᠨ ᠠᠰᠢᠭ᠋᠎ᠢ ᠲᠦᠷᠭᠡᠨ ᠢᠯᠡᠷᠡᠭᠦᠯᠬᠦ᠎ᠶᠢ ᠳᠠᠭᠠᠯᠳᠤᠨ᠂ ᠪᠥᠬᠥ ᠣᠷᠣᠨ᠎ᠤ ᠡᠯ᠎ᠡ ᠭᠠᠵᠠᠷ᠎ᠤᠨ ᠬᠢᠨ ᠪᠣᠬᠢᠷᠲᠤᠯ ᠦᠭᠡᠢ ᠴᠠᠬᠢᠯᠭᠠᠨ᠎ᠤ ᠰᠢᠭᠤᠳ ᠬᠠᠨᠭᠭᠠᠬᠤ ᠲᠥᠷᠥᠯ ᠵᠦᠢᠯ᠎ᠢ ᠢᠳᠡᠪᠬᠢᠲᠡᠢ ᠰᠦᠪᠡᠭᠴᠢᠯᠡᠪᠡ᠂ ᠠᠩᠬ᠎ᠠ ᠠᠯᠬᠤᠮ᠎ᠤᠨ ᠪᠠᠢᠳᠠᠯ᠎ᠢ ᠣᠢᠯᠠᠭᠠᠭᠰᠠᠨ᠎ᠢᠶᠠᠷ᠂ ᠪᠥᠬᠥ ᠣᠷᠣᠨ᠎ᠤ ᠶᠠᠭ ᠲᠥᠯᠥᠪᠯᠡᠵᠦ ᠪᠠᠢᠭ᠎ᠠ ᠪᠣᠬᠢᠷᠲᠤᠯ ᠦᠭᠡᠢ ᠴᠠᠬᠢᠯᠭᠠᠨ᠎ᠤ ᠰᠢᠭᠤᠳ ᠬᠠᠨᠭᠭᠠᠬᠤ ᠲᠥᠷᠥᠯ ᠵᠦᠢᠯ 110 ᠎ᠵᠢ ᠳᠠᠪᠠᠵᠤ᠂ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 6000 ᠲᠦᠮᠡᠨ ᠺᠢᠯᠦᠸᠠᠲ᠎ᠢ ᠳᠠᠪᠠᠵᠤ᠂ ᠵᠢᠱ᠌ᠢᠯᠲᠡ᠎ᠪᠡᠷ ᠶᠡᠷᠦᠩᠬᠡᠢ ᠪᠡᠯᠡ ᠣᠷᠣᠭᠤᠯᠤᠯᠲᠠ 2000 ᠳ᠋ᠦᠩᠰᠢᠭᠤᠷ ᠲᠥᠭᠥᠷᠢᠭ᠎ᠢ ᠳᠠᠪᠠᠬᠤ ᠪᠣᠯᠣᠨ᠎ᠠ᠃

《ᠣᠳᠣᠬᠠᠨ᠎ᠳᠤ᠂ ᠪᠥᠬᠥ ᠣᠷᠣᠨ᠎ᠤ ᠨᠢᠭᠡᠨᠲᠡ ᠴᠤᠬᠤᠯᠠᠪᠤᠷᠢᠯᠠᠭᠰᠠᠨ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ  ᠲᠥᠷᠥᠯ ᠵᠦᠢᠯ (6 ᠲᠥᠷᠥᠯ᠎ᠦᠨ ᠵᠠᠬ᠎ᠠ ᠳᠡᠯᠭᠡᠭᠦᠷᠴᠢᠯᠡᠭᠰᠡᠨ ᠲᠥᠷᠥᠯ ᠵᠦᠢᠯ ᠪᠠᠭᠲᠠᠨ᠎ᠠ) 152 ᠪᠠᠢᠵᠤ᠂ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 6321 ᠲᠦᠮᠡᠨ ᠺᠢᠯᠦᠸᠠᠲ᠎ᠲᠤ ᠬᠦᠷᠴᠡᠢ》᠃ ᠬᠥ ᠴᠢᠩ᠂ ᠣᠳᠣᠬᠠᠨ᠎ᠳᠤ ᠨᠢᠭᠡᠨᠲᠡ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ ᠲᠥᠷᠥᠯ ᠵᠦᠢᠯ᠎ᠢ 66  ᠪᠠᠢᠭᠤᠯᠵᠤ᠂ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 1032 ᠲᠦᠮᠡᠨ ᠺᠢᠯᠦᠸᠠᠲ᠎ᠲᠤ ᠬᠦᠷᠴᠦ᠂ ᠵᠢᠱ᠌ᠢᠯᠲᠡ᠎ᠪᠡᠷ ᠡᠨᠡ ᠵᠢᠯ᠎ᠦᠨ ᠡᠴᠦᠰ᠎ᠡᠴᠡ ᠡᠮᠦᠨ᠎ᠡ ᠪᠠᠰᠠ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠬᠡᠪᠴᠢᠶ᠎ᠡ 274 ᠲᠦᠮᠡᠨ ᠺᠢᠯᠦᠸᠠᠲ᠎ᠤᠨ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠠᠨᠭᠭᠠᠬᠤ 14 ᠲᠥᠷᠥᠯ ᠵᠦᠢᠯ᠎ᠢ ᠪᠠᠢᠭᠤᠯᠵᠤ ᠳᠠᠭᠤᠰᠬᠠᠬᠤ ᠪᠣᠯᠣᠨ᠎ᠠ ᠭᠡᠵᠦ ᠲᠠᠨᠢᠯᠴᠠᠭᠤᠯᠪᠠ᠃

ᠪᠣᠬᠢᠷᠲᠤᠯ ᠦᠭᠡᠢ ᠴᠠᠬᠢᠯᠭᠠᠨ᠎ᠢᠶᠠᠷ ᠰᠢᠭᠤᠳ ᠬᠠᠨᠭᠭᠠᠬᠤ ᠲᠦᠷᠦᠯ ᠵᠦᠢᠯ ᠨᠢ ᠥᠪᠥᠷ ᠮᠣᠩᠭᠣᠯ᠎ᠤᠨ ᠠᠵᠤ ᠦᠢᠯᠡᠰ᠎ᠦᠨ ᠰᠠᠭᠤᠷᠢ ᠦᠨᠭᠭᠡ᠎ᠶᠢ ᠳᠠᠬᠢᠨ ᠱᠤᠭᠤᠵᠤ ᠪᠠᠢᠬᠤ᠎ᠪᠠᠷ ᠪᠠᠷᠠᠬᠤ ᠦᠭᠡᠢ ᠨᠡᠩ ᠴᠤ᠌ ᠪᠦᠬᠦ ᠤᠯᠤᠰ᠎ᠤᠨ ᠡᠨᠧᠷᠭᠢ᠎ᠶᠢᠨ ᠬᠡᠯᠪᠡᠷᠢ᠎ᠶᠢ ᠬᠤᠪᠢᠷᠠᠭᠤᠯᠬᠤ᠎ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ 《ᠥᠪᠥᠷ ᠮᠣᠩᠭᠣᠯ᠎ᠤᠨ ᠠᠷᠭ᠎ᠠ ᠵᠠᠮ》 ᠢ᠋ ᠬᠠᠢᠨ ᠰᠦᠪᠡᠭᠴᠢᠯᠡᠵᠦ ᠭᠠᠷᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号