ᠪᠦᠦ ᠭᠠᠩ ᠣᠷᠳᠣᠰ ᠬᠤᠳᠠ ᠪᠤᠭᠤᠲᠤ ᠬᠤᠳᠠ᠎ᠳᠤ ᠪᠠᠢᠴᠠᠭᠠᠨ ᠰᠤᠳᠤᠯᠪᠡ
2026-06-25 09:23:01
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 22 ᠡᠴᠡ 24 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠣᠷᠳᠣᠰ ᠬᠤᠳᠠ ᠪᠣᠯᠣᠨ ᠪᠤᠭᠤᠲᠤ ᠬᠤᠳᠠ᠎ᠳᠤ ᠡᠨᠧᠷᠭᠢ᠂ ᠬᠣᠪᠣᠷ ᠰᠢᠷᠣᠢ᠎ᠶᠢᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠠᠵᠢᠯ᠎ᠢ ᠪᠠᠢᠴᠠᠭᠠᠨ ᠰᠤᠳᠤᠯᠪᠠ᠃

ᠪᠦᠦ ᠭᠠᠩ ᠪᠡᠭᠡᠵᠢᠩ ᠶᠡᠬᠡ ᠰᠤᠷᠭᠠᠭᠤᠯᠢ᠎ᠶᠢᠨ ᠣᠷᠳᠣᠰ᠎ᠤᠨ ᠡᠨᠧᠷᠭᠢ᠎ᠶᠢᠨ ᠰᠤᠳᠤᠯᠭᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠰᠢᠨ᠎ᠡ ᠡᠨᠧᠷᠭᠢ᠎ᠶᠢᠨ ᠳᠡᠭᠡᠳᠦ ᠰᠤᠷᠭᠠᠭᠤᠯᠢ᠂ ᠤᠯᠠᠭᠠᠨ ᠪᠦᠯᠦᠭᠯᠡᠯ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠦᠷᠢᠶᠡᠯᠡᠩ᠂ ᠮᠧᠩ ᠲᠠᠢ ᠬᠥᠩᠭᠡᠨᠴᠠᠭᠠᠨ᠎ᠤ ᠦᠢᠯᠡᠰ᠎ᠤᠨ ᠺᠤᠮᠫᠠᠨᠢ᠂ ᠷᠦᠩ ᠰᠢᠨ ᠬᠢᠮᠢ᠎ᠶᠢᠨ ᠠᠵᠤ ᠦᠢᠯᠡᠳᠪᠦᠷᠢ ᠵᠢᠨ ᠺᠤᠮᠫᠠᠨᠢ ᠪᠣᠯᠣᠨ ᠣᠷᠳᠣᠰ᠎ᠤᠨ ᠨᠢᠭᠤᠬᠳᠠᠮᠠᠯ ᠮᠠᠩᠯᠠᠢᠯᠠᠬᠴᠢ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠰᠠᠭᠤᠷᠢᠨ᠎ᠳᠤ ᠭᠦᠨᠵᠡᠭᠡᠢᠷᠡᠵᠦ᠂ ᠠᠵᠤ ᠦᠢᠯᠡᠰ᠎ᠦᠨ ᠪᠠᠢᠷᠢᠰᠢᠭᠤᠯᠤᠯᠲᠠ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠤᠯᠳᠠ᠂ ᠡᠨᠧᠷᠭᠢ ᠠᠷᠪᠢᠯᠠᠵᠤ ᠬᠣᠷᠣᠭᠳᠠᠭᠤᠯᠤᠯ᠎ᠢ ᠪᠠᠭᠠᠰᠬᠠᠬᠤ ᠪᠠ ᠪᠣᠬᠢᠷᠲᠤᠯ ᠦᠭᠡᠢ ᠴᠠᠬᠢᠯᠭᠠᠨ᠎ᠤ ᠬᠡᠷᠡᠭᠯᠡᠯᠳᠠ ᠵᠡᠷᠭᠡ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠪᠡ᠃ ᠲᠡᠷᠡ᠂ ᠥᠪᠥᠷ ᠮᠣᠩᠭᠣᠯ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ ᠴᠢᠬᠤᠯᠠ ᠶᠡᠬᠡ ᠬᠠᠷᠢᠭᠤᠴᠠᠯᠭ᠎ᠠ᠎ᠶᠢ ᠡᠭᠦᠷᠭᠡᠯᠡᠵᠦ ᠪᠠᠢᠨ᠎ᠠ᠂ ᠰᠢᠨ᠎ᠡ ᠡᠨᠧᠷᠭᠢ᠎ᠶᠢ ᠨᠡᠭᠡᠭᠡᠨ ᠬᠥᠭᠵᠢᠭᠦᠯᠬᠦ ᠪᠠ ᠤᠯᠠᠮᠵᠢᠯᠠᠯᠲᠤ ᠡᠨᠧᠷᠭᠢ᠎ᠶᠢ ᠴᠡᠪᠡᠷ ᠥᠨᠳᠥᠷ ᠪᠦᠲᠦᠮᠵᠢᠲᠡᠶ ᠪᠡᠷ ᠠᠰᠢᠭ᠍ᠯᠠᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ ᠬᠡᠷᠡᠭᠯᠡᠯᠳᠠ᠎ᠶᠢ ᠵᠣᠯᠭᠠᠭᠤᠯᠬᠤ᠎ᠶᠢ ᠴᠢᠩᠭᠠᠳᠬᠠᠵᠤ᠂ ᠰᠢᠨ᠎ᠡ ᠡᠨᠧᠷᠭᠢ᠎ᠶᠢᠨ ᠬᠡᠷᠡᠭᠯᠡᠭᠡᠨ᠎ᠦ ᠦᠵᠡᠭᠳᠡᠯ ᠪᠠᠢᠳᠠᠯ᠎ᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠭᠦᠨᠵᠡᠭᠡᠢ ᠠᠭᠤᠰᠤᠯᠴᠠᠭᠤᠯᠬᠤ ᠳᠤᠮᠳᠠ ᠰᠢᠨ᠎ᠡ ᠵᠠᠮ᠎ᠢ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠪᠦᠦ ᠭᠠᠩ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠂ ᠪᠤᠭᠤᠲᠤ᠎ᠶᠢᠨ ᠬᠣᠪᠣᠷ ᠰᠢᠷᠣᠢ᠎ᠶᠢᠨ ᠰᠤᠳᠤᠯᠭᠠᠨ᠎ᠤ ᠬᠦᠷᠢᠶᠡᠯᠡᠩ᠂ ᠪᠠᠶᠠᠨ᠌ᠣ᠋ᠪᠣᠭ᠎ᠠ ᠲᠡᠮᠦᠷ᠎ᠦᠨ ᠠᠭᠤᠷᠬᠠᠢ᠎ᠶᠢᠨ ᠠᠭᠤᠷᠬᠠᠢ ᠮᠠᠯᠲᠠᠬᠤ ᠲᠤᠭᠤᠷᠢᠬ᠂ ᠵᠢᠨ ᠯᠦᠩ ᠬᠣᠪᠣᠷ ᠰᠢᠷᠣᠢ ᠵᠢᠨ ᠺᠤᠮᠫᠠᠨᠢ᠂ ᠰᠢᠩ ᠪᠥᠸᠧ ᠬᠣᠪᠣᠷ ᠰᠢᠷᠣᠢ᠎ᠶᠢᠨ ᠮᠠᠲᠧᠷᠢᠶᠠᠯ ᠰᠢᠨ᠎ᠡ ᠮᠠᠲᠧᠷᠢᠶᠠᠯ᠎ᠤᠨ ᠺᠤᠮᠫᠠᠨᠢ᠎ᠳᠤ ᠪᠠᠢᠴᠠᠭᠠᠨ ᠰᠤᠳᠤᠯᠬᠤ ᠳ᠋ᠠᠭᠠᠨ᠂ 《ᠬᠣᠪᠣᠷ ᠰᠢᠷᠣᠢ᠎ᠶᠢᠨ ᠬᠣᠶᠠᠷ ᠰᠠᠭᠤᠷᠢᠨ》 ᠢ᠋ ᠪᠦᠲᠦᠭᠡᠨ ᠪᠠᠶ᠋ᠢᠭᠤᠯᠬᠤ ᠬᠠᠷᠠᠯᠲᠠ᠎ᠶᠢ ᠪᠠᠲᠤ ᠡᠵᠡᠮᠳᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠥᠩᠭᠡᠨ ᠳᠤᠮᠳᠠ ᠬᠦᠨᠳᠦ ᠬᠣᠪᠣᠷ ᠰᠢᠷᠣᠢ᠎ᠶᠢᠨ ᠪᠥᠬᠥ ᠡᠯᠧᠮᠧᠨ᠋ᠲ ᠪᠥᠬᠥ ᠬᠡᠯᠬᠢᠶ᠎ᠡ᠎ᠶᠢᠨ ᠬᠥᠭᠵᠢᠯᠲᠡ᠎ᠶᠢᠨ ᠲᠤᠬᠠᠢ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠭᠠᠵᠠᠷ ᠰᠢᠨᠵᠢᠯᠡᠭᠡᠨ᠎ᠦ ᠬᠠᠢᠨ ᠰᠢᠨᠵᠢᠯᠡᠯᠲᠡ᠎ᠳᠡᠬᠢ ᠣᠷᠣᠭᠤᠯᠤᠯᠲᠠ᠎ᠶᠢ ᠨᠡᠮᠡᠭᠳᠡᠭᠦᠯᠵᠦ᠂ ᠠᠭᠤᠷᠬᠠᠢ ᠬᠠᠢᠬᠤ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ᠂ ᠪᠡᠯᠡ ᠮᠥᠩᠭᠥ ᠣᠷᠣᠭᠤᠯᠬᠤ ᠪᠠ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ᠎ᠤ ᠬᠠᠮᠲᠤᠷᠠᠨ ᠬᠥᠳᠡᠯᠦᠯᠴᠡᠬᠦ᠎ᠶᠢ ᠴᠢᠩᠭᠠᠳᠬᠠᠵᠤ᠂ ᠮᠠᠯᠲᠠᠬᠤ ᠰᠢᠯᠢᠬᠦ ᠬᠠᠢᠯᠤᠭᠤᠯᠬᠤ᠂ ᠢᠯᠭᠠᠨ ᠰᠠᠯᠭᠠᠵᠤ ᠴᠡᠪᠡᠷᠰᠢᠭᠦᠯᠬᠦ᠂ ᠮᠠᠲᠧᠷᠢᠶᠠᠯ ᠦᠢᠯᠡᠳᠴᠦ ᠪᠡᠯᠡᠳᠬᠡᠬᠦ᠎ᠡᠴᠡ ᠠᠪᠤᠭᠠᠳ ᠦᠵᠦᠭᠦᠷᠯᠢᠭ ᠲᠡᠬᠢ ᠬᠡᠷᠡᠭᠯᠡᠭᠡᠨ᠎ᠬᠦᠷᠲᠡᠯᠡᠬᠢ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠠ᠎ᠶᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠪᠦᠦ ᠭᠠᠩ ᠳ᠋ᠦᠩᠱᠧᠩ ᠲᠣᠭᠣᠷᠢᠭ᠋᠎ᠤᠨ ᠶᠡᠷᠦᠩᠬᠡᠢᠯᠡᠨ ᠵᠠᠰᠠᠬᠤ ᠲᠥᠪ ᠪᠣᠯᠣᠨ ᠡᠵᠡᠨ ᠬᠣᠷᠣᠭ᠎ᠠ ᠬᠣᠰᠢᠭᠤᠨ᠎ᠤ ᠰᠤᠪᠤᠷᠭ᠎ᠠ ᠭᠠᠴᠠᠭᠠᠨ᠎ᠳᠤ ᠲᠤᠰᠬᠠᠢᠯᠠᠨ ᠬᠦᠷᠴᠦ᠂ ᠵᠠᠬᠢᠳᠠᠯ ᠰᠤᠷᠪᠤᠯᠵᠢᠯᠠᠯ᠎ᠢᠶᠡᠷ ᠲᠤᠰᠬᠠᠬᠰᠠᠨ ᠬᠦᠰᠡᠯ ᠱᠠᠭᠠᠷᠳᠠᠯᠭ᠎ᠠ᠎ᠶᠢ ᠰᠢᠢᠳᠪᠦᠷᠢᠯᠡᠬᠦ᠂ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠬᠦ ᠠᠵᠢᠯ ᠪᠠ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠢ ᠣᠢᠯᠠᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ᠂ ᠰᠢᠨ᠎ᠡ ᠴᠠᠭ ᠦᠶ᠎ᠡ᠎ᠶᠢᠨ 《ᠹᠧᠩᠴᠢᠶᠣᠤ᠎ᠶᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠣᠯᠠᠨ ᠲᠦᠮᠡᠨ᠎ᠦ ᠦᠨᠳᠦᠰᠦᠨ ᠠᠰᠢᠭ᠋ ᠲᠤᠰᠠ᠎ᠶᠢ ᠬᠠᠤᠯᠢ ᠲᠣᠭᠲᠠᠭᠠᠯ ᠶᠣᠰᠣᠭᠠᠷ ᠰᠠᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃

ᠪᠠᠢᠴᠠᠭᠠᠨ ᠰᠤᠳᠤᠯᠤᠯᠲᠠ᠎ᠶᠢᠨ ᠬᠤᠭᠤᠴᠠᠭᠠᠨ᠎ᠳᠤ᠂ ᠪᠦᠦ ᠭᠠᠩ ᠣᠷᠳᠣᠰ᠎ᠲᠤ ᠬᠡᠰᠡᠭ ᠠᠢᠮᠠᠭ ᠬᠤᠳᠠ᠎ᠶᠢᠨ ᠠᠵᠤ ᠠᠬᠤᠢ᠎ᠶᠢᠨ ᠡᠷᠭᠢᠯᠲᠡ ᠪᠣᠯᠣᠨ ᠠᠶᠤᠯᠭᠦᠢ ᠦᠢᠯᠡᠳᠪᠦᠷᠢᠯᠡᠯ᠎ᠦᠨ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠤ ᠠᠬᠤᠢ᠎ᠶᠢᠨ ᠡᠷᠭᠢᠯᠲᠡ ᠳᠤᠮᠳᠠᠬᠢ ᠪᠣᠳᠠᠲᠠᠢ ᠠᠰᠠᠭᠤᠳᠠᠯ᠎ᠢ ᠨᠠᠷᠢᠨ ᠬᠢᠨᠠᠮᠠᠭᠠᠢ ᠵᠠᠳᠠᠯᠵᠤ᠂ ᠦᠨᠡᠨ ᠰᠡᠳᠬᠢᠯ᠎ᠡᠴᠡ᠎ᠪᠡᠨ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ ᠨᠢ ᠰᠢᠢᠳᠪᠦᠷᠢᠯᠡᠵᠤ᠂ ᠪᠣᠳᠠᠲᠠᠢ᠎ᠶᠢ ᠡᠷᠬᠢᠮᠯᠡᠭᠰᠡᠨ ᠬᠦᠴᠦᠲᠡᠢ ᠠᠷᠭ᠎ᠠ ᠬᠡᠮᠵᠢᠶ᠎ᠡ ᠠᠪᠴᠤ᠂ ᠠᠵᠤ ᠠᠬᠤᠢᠯᠠᠯ᠎ᠳᠤ ᠥᠷᠢᠲᠦᠵᠦ ᠪᠠᠢᠭ᠎ᠠ ᠥᠷᠢ ᠥᠭᠴᠡᠭᠡ᠎ᠶᠢ ᠪᠤᠴᠠᠭᠠᠬᠤ ᠪᠠ ᠵᠠᠰᠠᠭ᠎ᠤᠨ ᠣᠷᠳᠣᠨ᠎ᠤ ᠲᠠᠯᠳᠠ ᠥᠷᠢ ᠥᠭᠴᠡᠭᠡ᠎ᠶᠢ ᠠᠷᠢᠯᠭᠠᠬᠤ ᠠᠬᠢᠴᠠ᠎ᠶᠢ ᠲᠦᠷᠭᠡᠳᠬᠡᠵᠦ᠂ ᠵᠢᠯ᠎ᠦᠨ ᠡᠬᠢᠨ᠎ᠳ᠋ᠤ ᠲᠤᠬᠳᠠᠭᠰᠠᠨ ᠡᠯ᠎ᠡ ᠵᠦᠢᠯ᠎ᠦᠨ ᠵᠢᠱ᠌ᠢᠭᠰᠡᠨ ᠬᠠᠷᠠᠯᠲᠠ ᠡᠭᠦᠷᠭᠡ᠎ᠶᠢ ᠯᠠᠪᠳᠠᠭᠤᠨ ᠪᠡᠶᠡᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠦᠷᠭᠦᠯᠵᠢᠯᠡᠨ ᠴᠢᠩᠳᠠᠯᠠᠵᠤ᠂ ᠬᠠᠲᠠᠭᠤ ᠲᠠᠢ ᠨᠢ ᠬᠠᠯᠲᠠᠵᠤ ᠨᠠᠷᠢᠨ ᠬᠢᠨᠡᠮᠠᠭᠠᠢ ᠬᠠᠨᠳᠤᠵᠤ ᠠᠭᠤᠷᠬᠠᠢ᠂ ᠠᠶᠤᠯ ᠲᠠᠢ ᠬᠢᠮᠢ᠎ᠶᠢᠨ ᠪᠣᠳᠠᠰ ᠵᠡᠷᠭᠡ ᠬᠦᠷᠢᠶᠡᠨ᠎ᠳᠡᠬᠢ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠰᠠᠢᠲᠤᠷ ᠬᠢᠵᠦ᠂ ᠬᠠᠭᠤᠴᠢᠨ ᠲᠤᠨᠤᠭ ᠲᠥᠬᠦᠭᠡᠷᠦᠮᠵᠢ᠎ᠶᠢ ᠣᠶᠤᠨᠴᠢᠯᠠᠵᠤ ᠰᠢᠨᠡᠳᠬᠡᠨ ᠥᠭᠡᠷᠡᠴᠢᠯᠡᠬᠦ᠎ᠶᠢ ᠲᠦᠷᠭᠡᠳᠬᠡᠵᠦ᠂ ᠬᠦᠨᠳᠦ ᠣᠨᠴᠠ ᠶᠡᠬᠡ ᠡᠨᠳᠡᠯ ᠭᠠᠷᠬᠤ᠎ᠶᠢ ᠪᠦᠲᠦᠮᠵᠢᠲᠡᠶ ᠰᠡᠷᠭᠡᠢᠯᠡᠨ ᠬᠣᠷᠢᠭ᠍ᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号