ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠠᠵᠢᠯᠲᠠᠳ᠎ᠤᠨ ᠨᠡᠶ᠋ᠢᠭᠡᠮᠯᠢᠭ ᠰᠣᠨᠢᠨ ᠮᠡᠳᠡᠭᠡᠨ᠎ᠦ ᠶᠠᠷᠢᠯᠴᠠᠬᠤ ᠬᠤᠷᠠᠯ ᠬᠤᠷᠠᠯᠳᠤᠭᠤᠯᠵᠤ ᠳᠤᠮᠳᠠᠳᠤ ᠤᠯᠤᠰ᠎ᠤᠨ ᠪᠣᠯᠪᠠᠰᠤᠨ ᠬᠢᠭᠡᠳ ᠳᠤᠮᠳᠠᠳᠤ ᠤᠯᠤᠰ᠎ᠤᠨ ᠵᠠᠮ᠎ᠳᠤ ᠠᠩᠬᠠᠷᠤᠯ᠎ᠢᠶᠠᠨ ᠲᠥᠪᠯᠡᠷᠡᠭᠦᠯᠪᠡ
2026-06-25 11:50:04
ᠵᠣᠬᠢᠶᠠᠭ᠍ᠴᠢ᠄
​ᠲᠠᠩ ᠵᠢᠶᠠᠨ ᠬᠣᠶ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠠᠵᠢᠯᠲᠠᠳ᠎ᠤᠨ ᠨᠡᠶ᠋ᠢᠭᠡᠮᠯᠢᠭ 6 ᠰᠠᠷ᠎ᠠ᠎ᠶᠢᠨ 23 ᠎ᠤ᠋ ᠡᠳᠦᠷ ᠪᠡᠭᠡᠵᠢᠩ᠎ᠳᠦ ᠰᠣᠨᠢᠨ ᠮᠡᠳᠡᠭᠡᠨ᠎ᠦ ᠶᠠᠷᠢᠯᠴᠠᠬᠤ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ᠎ᠤᠨ ᠤᠯᠤᠰ᠎ᠤᠨ ᠰᠢᠨ᠎ᠡ᠎ᠶᠢ ᠡᠭᠦᠳᠬᠦ᠌ ᠪᠠ ᠬᠥᠭᠵᠢᠯᠲᠡ᠎ᠶᠢᠨ ᠪᠠᠶ᠋ᠢᠯᠳᠤᠬᠤ ᠪᠣᠳᠣᠯᠭ᠎ᠠ᠎ᠶᠢᠨ ᠰᠤᠳᠤᠯᠭᠠᠨ᠎ᠤ ᠨᠡᠶ᠋ᠢᠭᠡᠮᠯᠢᠭ᠎ᠦᠨ ᠳᠤᠮᠳᠠᠳᠤ ᠤᠯᠤᠰ᠎ᠤᠨ ᠪᠣᠯᠪᠠᠰᠤᠨ ᠪᠠ ᠳᠤᠮᠳᠠᠳᠤ ᠤᠯᠤᠰ᠎ᠤᠨ ᠵᠠᠮ᠎ᠤᠨ ᠲᠤᠰᠬᠠᠶ ᠮᠡᠷᠭᠡᠵᠢᠯ᠎ᠦᠨ ᠵᠥᠪᠯᠡᠯ᠎ᠦᠨ ᠡᠷᠬᠢᠯᠡᠭᠴᠢ ᠰᠢᠶᠸ ᠮᠤᠤ ᠰᠥᠩ᠎ᠢ ᠤᠷᠢᠵᠤ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠤᠳᠤᠷᠢᠳᠬᠤ ᠬᠦᠴᠦᠨ ᠬᠢᠭᠡᠳ ᠳᠤᠮᠳᠠᠳᠤ ᠤᠯᠤᠰ᠎ᠤᠨ ᠪᠣᠯᠪᠠᠰᠤᠨ᠂ ᠳᠤᠮᠳᠠᠳᠤ ᠤᠯᠤᠰ᠎ᠤᠨ ᠵᠠᠮ》 ᠭᠡᠬᠦ᠌ ᠭᠤᠤᠯ ᠰᠡᠳᠦᠪ᠎ᠦᠨ ᠲᠣᠭᠣᠷᠢᠨ᠎ᠳᠤ ᠬᠢᠯᠢ᠎ᠶᠢᠨ ᠳᠣᠲᠣᠨ᠎ᠠ ᠭᠠᠳᠠᠨᠠᠬᠢ ᠰᠣᠷᠪᠣᠯᠵᠢᠯᠠᠭᠴᠢᠳ᠎ᠲᠠᠶ ᠰᠠᠨᠠᠯ᠎ᠢᠶᠠᠨ ᠰᠣᠯᠢᠯᠴᠠᠬᠤ᠎ᠶᠢᠨ ᠬᠠᠮᠲᠤ᠌ ᠠᠰᠠᠭᠤᠯᠲᠠ᠎ᠶᠢ ᠬᠠᠷᠢᠭᠤᠯᠪᠠ᠃

ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ ᠪᠣᠯᠤᠨ᠎ᠠ᠃ ᠰᠢᠶᠸ ᠮᠤᠤ ᠰᠦᠩ ᠳᠤᠮᠳᠠᠳᠤ ᠤᠯᠤᠰ᠎ᠤᠨ ᠵᠠᠮ ᠪᠣᠯᠤᠨ ᠳᠤᠮᠳᠠᠳᠤ ᠤᠯᠤᠰ᠎ᠤᠨ ᠲᠡᠦᠬᠡ᠎ᠶᠢᠨ ᠪᠣᠯᠪᠠᠰᠤᠨ᠎ᠤ ᠬᠣᠯᠪᠣᠯᠳᠤᠬᠤ ᠴᠢᠨᠠᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠤᠳᠤᠷᠢᠳᠬᠤ ᠬᠦᠴᠦᠨ ᠪᠣᠯᠤᠨ ᠵᠠᠰᠠᠯᠲᠠ᠎ᠶᠢᠨ ᠵᠠᠮ ᠵᠡᠷᠭᠡ᠎ᠶᠢ ᠣᠶ᠋ᠢᠯᠠᠭᠠᠬᠤ ᠡᠭᠦᠳᠡᠨ᠎ᠡᠴᠡ ᠲᠠᠶ᠋ᠢᠯᠤᠮᠵᠢ ᠬᠢᠵᠦ ᠤᠯᠠᠨ ᠲᠠᠢ ᠰᠠᠨᠠᠯ ᠵᠢᠡᠨ ᠬᠤᠪᠢᠶᠠᠯᠴᠠᠪᠠ᠃ ᠲᠡᠷᠡ᠂ ᠳᠤᠮᠳᠠᠳᠤ᠎ᠶᠢᠨ ᠪᠣᠯᠪᠠᠰᠤᠨ ᠳᠤᠪᠤᠢ᠌ᠮ᠎ᠠ ᠦᠷᠭᠦᠯᠵᠢᠯᠡᠬᠦ᠌ ᠴᠢᠨᠠᠷ᠂ ᠰᠢᠨ᠎ᠡ ᠵᠢ ᠡᠭᠦᠳᠬᠦ᠌ ᠴᠢᠨᠠᠷ᠂ ᠨᠢᠭᠡᠳᠦᠮᠡᠯ ᠴᠢᠨᠠᠷ᠂ ᠪᠠᠭᠲᠠᠭᠠᠮᠵᠢᠲᠤ᠌ ᠴᠢᠨᠠᠷ᠂ ᠡᠩᠬᠡ ᠲᠠᠶ᠋ᠢᠪᠤᠩ ᠴᠢᠨᠠᠷ᠎ᠲᠠᠶ ᠶᠤᠮ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠮᠠᠷᠺᠰ᠎ᠤᠨ ᠦᠵᠡᠯ᠎ᠦᠨ ᠶᠡᠬᠡ 《ᠵᠠᠮ》 ᠢ᠋ ᠪᠠᠲᠤ᠌ ᠰᠠᠬᠢᠬᠤ᠎ᠶᠢᠨ ᠬᠠᠮᠲᠤ᠌ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠤᠨ ᠤᠶᠤᠨ ᠤᠬᠠᠭᠠᠨ᠎ᠢ ᠭᠦᠢᠴᠡᠳ ᠰᠢᠩᠭᠡᠭᠡᠨ ᠠᠪᠴᠤ᠌᠂ ᠳᠤᠮᠳᠠᠳᠤ᠎ᠶᠢᠨ ᠪᠣᠯᠪᠠᠰᠤᠨ᠎ᠤ ᠤᠬᠢ ᠰᠣᠳᠣ᠎ᠶᠢ ᠮᠠᠷᠺᠰ᠎ᠤᠨ ᠦᠵᠡᠯ᠎ᠦᠨ ᠵᠣᠭᠰᠣᠯᠲᠠ ᠦᠵᠡᠯᠲᠡ ᠠᠷᠭ᠎ᠠ᠎ᠲᠠᠶ ᠤᠶᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠵᠠᠮ᠎ᠢᠶᠠᠷ ᠠᠮᠵᠢᠯᠲᠠ᠎ᠲᠠᠶ ᠵᠠᠮᠨᠠᠵᠠᠢ ᠭᠡᠵᠦ ᠢᠯᠡᠳᠭᠡᠪᠡ᠃

ᠰᠢᠶᠧ ᠮᠤᠤ ᠰᠦᠩ ᠪᠠᠰᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠤᠨ ᠭᠦᠨ ᠤᠬᠠᠭᠠᠨ᠎ᠤ ᠦᠵᠡᠯ ᠰᠠᠨᠠᠭ᠎ᠠ ᠵᠡᠷᠭᠡ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ᠎ᠶᠢᠨ ᠠᠰᠠᠭᠤᠯᠲᠠ᠎ᠶᠢ ᠬᠠᠷᠢᠭᠤᠯᠪᠠ᠃

ᠰᠢᠨᠬᠤᠸᠠ ᠬᠤᠷᠢᠶ᠎ᠠ ᠵᠢᠨ ᠪᠡᠭᠡᠵᠢᠩ᠎ᠦᠨ 6 ᠰᠠᠷ᠎ᠠ᠎ᠶᠢᠨ 23 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号