ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠰᠢᠭᠯᠠᠯᠲᠠ ᠢ᠋ᠢᠨ ᠲᠢᠩᠬᠢᠮᠡᠴᠡ ᠣᠶ᠋ᠢᠯᠠᠭᠠᠭᠰᠠᠨ ᠢ᠋ᠢᠡᠷ᠂ ᠮᠠᠨ ᠤ᠋ ᠤᠷᠤᠨ ᠦᠶᠡᠷ ᠤᠰᠤᠨ ᠳ᠋ᠤ ᠡᠪᠳᠡᠭᠳᠡᠭᠰᠡᠨ 149 ᠪᠠᠷᠢᠯᠭ᠎ᠠ ᠢ᠋ᠢ ᠵᠠᠰᠠᠨ ᠰᠡᠷᠭᠦᠭᠡᠬᠦ᠌ ᠢᠨᠵᠧᠨᠧᠷᠢᠩ ᠢ᠋ ᠤᠷᠤᠭᠰᠢᠲᠠᠶ ᠠᠬᠢᠭᠤᠯᠵᠤ᠂ ᠤᠳᠤᠬᠠᠨ ᠪᠤᠯᠳᠠᠯ᠎ᠠ ᠨᠢᠭᠡᠨᠲᠡ 112 ᠢ᠋ ᠨᠢ ᠳᠠᠭᠤᠰᠬᠠᠨ᠂ ᠵᠠᠰᠠᠵᠤ ᠰᠡᠷᠭᠦᠭᠡᠭᠰᠡᠨ ᠨᠣᠷᠮ᠎ᠠ 76% ᠳ᠋ᠤ ᠬᠦᠷᠴᠦ᠍᠂ ᠨᠡᠶ᠋ᠢᠲᠡ 2.05 ᠳ᠋ᠦᠩᠰᠢᠭᠤᠷ ᠲᠥᠭᠥᠷᠢᠭ ᠤ᠋ᠨ ᠪᠠᠯᠠ ᠣᠷᠣᠭᠤᠯᠪᠠ᠃ ᠡᠭᠦᠨ ᠳ᠋ᠤ ᠬᠠᠷᠠᠠᠤᠰᠤ ᠨᠠᠭᠤᠷ ᠤ᠋ᠨ ᠣᠷᠣᠨ ᠪᠦᠰᠡ ᠳ᠋ᠤ 9897 ᠲᠦᠮᠡᠨ ᠲᠥᠭᠥᠷᠢᠭ ᠤ᠋ᠨ ᠪᠠᠯᠠ ᠣᠷᠣᠭᠤᠯᠵᠤ᠂ ᠪᠠᠯᠠ ᠣᠷᠣᠭᠤᠯᠤᠯᠲᠠ ᠢ᠋ᠢ ᠪᠡᠶᠡᠯᠡᠭᠦᠯᠦᠭᠰᠡᠨ ᠨᠣᠷᠮ᠎ᠠ ᠨᠢ 93% ᠳ᠋ᠤ ᠭᠦᠷᠴᠤ᠂ ᠡᠨᠡ ᠵᠢᠯ ᠤ᠋ᠨ ᠭᠤᠤᠯ ᠦᠶᠡᠷ ᠤ᠋ᠨ ᠬᠤᠭᠤᠴᠠᠭ᠎ᠠ ᠡᠴᠡ ᠡᠮᠦᠨ᠎ᠡ ᠪᠦᠬᠦᠨ ᠢ᠋ ᠳᠠᠭᠤᠰᠬᠠᠨ ᠠᠰᠢᠭᠯᠠᠯᠲᠠ ᠳ᠋ᠤ ᠣᠷᠣᠭᠤᠯᠵᠤ᠂ ᠦᠶᠡᠷ ᠢ᠋ ᠰᠡᠷᠭᠡᠶ᠋ᠢᠯᠡᠬᠦ᠌ ᠴᠢᠳᠠᠮᠵᠢ ᠢ᠋ᠢ ᠴᠠᠭ ᠲᠤᠬᠠᠶ ᠳ᠋ᠤᠨᠢ ᠰᠡᠷᠭᠦᠭᠡᠬᠦ ᠪᠤᠯᠤᠨ᠎ᠠ᠃
ᠤᠢᠯᠠᠭᠠᠭᠰᠠᠨ ᠢ᠋ᠢᠡᠷ᠂ ᠮᠠᠨ ᠤ᠋ ᠤᠷᠤᠨ ᠦᠶᠡᠷ ᠤᠰᠤᠨ ᠳ᠋ᠤ ᠡᠪᠳᠡᠭᠳᠡᠭᠰᠡᠨ ᠨᠢᠭᠡ ᠪᠦᠯᠦᠭ ᠬᠦᠢᠰᠤ ᠪᠠᠷᠢᠯᠭ᠎ᠠ ᠢ᠋ᠢ ᠨᠢᠭᠡᠨᠲᠡ ᠵᠠᠰᠠᠵᠤ ᠳᠠᠭᠤᠰᠬᠠᠪᠠ᠃ ᠡᠭᠦᠨ ᠳ᠋ᠤ ᠮᠠᠶ᠋ᠢᠳᠠᠷ ᠤᠰᠤᠨ ᠴᠥᠭᠥᠷᠥᠮ ᠤ᠋ᠨ ᠬᠠᠰᠢᠯᠭ᠎ᠠ ᠢ᠋ᠢᠨ ᠵᠠᠮ ᠢ᠋ ᠵᠠᠰᠠᠬᠤ᠂ ᠬᠠᠲᠤᠨ ᠭᠤᠤᠯ ᠤ᠋ᠨ ᠨᠤᠷᠠᠬᠤ ᠠᠶᠤᠯᠲᠠᠶ ᠪᠠᠷᠢᠯᠭ᠎ᠠ ᠢ᠋ᠢ ᠰᠡᠯᠪᠢᠨ ᠵᠠᠰᠠᠬᠤ ᠵᠢᠴᠢ ᠬᠠᠰᠢᠯᠭ᠎ᠠ ᠳᠠᠯᠠᠩ ᠢ᠋ ᠪᠡᠬᠢᠵᠢᠭᠦᠯᠬᠦ᠌ ᠠᠵᠢᠯ ᠢ᠋ ᠴᠥᠮ 2025 ᠣᠨ ᠤ᠋ 11 ᠰᠠᠷ᠎ᠠ ᠡᠴᠡ ᠡᠮᠦᠨ᠎ᠡ ᠳᠠᠭᠤᠰᠬᠠᠵᠤ᠂ ᠪᠤᠭᠤᠲᠤ᠌ ᠬᠣᠲᠠ ᠢ᠋ᠢᠨ ᠲᠦᠮᠡᠳ ᠪᠠᠷᠠᠭᠤᠨ ᠬᠣᠰᠢᠭᠤᠨ ᠤ᠋ ᠠᠨ ᠯᠧ ᠲᠣᠰᠬᠣᠨ ᠤ᠋ ᠡᠮᠦᠨ᠎ᠡ ᠬᠠᠰᠢᠯᠭ᠎ᠠ ᠢ᠋ᠢ ᠪᠡᠬᠢᠵᠢᠭᠦᠯᠬᠦ᠂ ᠬᠠᠷᠠᠠᠤᠰᠤ ᠨᠠᠭᠤᠷ ᠤ᠋ᠨ ᠤᠰᠤ ᠲᠠᠲᠠᠷᠠᠭᠤᠯᠬᠤ ᠰᠤᠪᠠᠭ ᠤ᠋ᠨ ᠵᠡᠭᠦᠨ ᠬᠠᠰᠢᠯᠭ᠎ᠠ ᠢ᠋ᠢ ᠪᠡᠬᠢᠵᠢᠭᠦᠯᠬᠦ ᠠᠵᠢᠯ ᠢ᠋ ᠡᠨᠡ ᠵᠢᠯ ᠤ᠋ᠨ 4 ᠰᠠᠷ᠎ᠠ ᠢ᠋ᠢᠨ ᠳᠤᠮᠳᠠᠴᠢ ᠪᠡᠷ ᠳᠠᠭᠤᠰᠬᠠᠪᠠ᠃ ᠤᠳᠤᠬᠠᠨ ᠳ᠋ᠤ ᠵᠢᠷᠭᠤᠭᠠᠳᠠᠢ ᠤᠰᠤᠨ ᠴᠥᠭᠥᠷᠥᠮ᠂ ᠮᠠᠢᠳᠠᠷ ᠭᠤᠤᠯ ᠤ᠋ᠨ ᠵᠠᠭᠦᠨ ᠬᠡᠰᠡᠭ ᠤ᠋ᠨ ᠦᠶᠡᠷ ᠢ᠋ ᠲᠣᠭᠲᠠᠭᠠᠬᠤ ᠣᠷᠣᠨ᠂ ᠵᠡᠭᠦᠨ ᠯᠤᠤ ᠽᠠᠩ ᠤ᠋ᠨ ᠦᠶᠡᠷ ᠢ᠋ ᠲᠣᠭᠲᠠᠭᠠᠬᠤ ᠣᠷᠣᠨ᠂ ᠠᠵᠤ ᠦᠢᠯᠡᠳᠪᠦᠷᠢ ᠢ᠋ᠢᠨ ᠬᠦᠷᠢᠶᠡᠯᠡᠩ ᠲᠣᠭᠣᠷᠢᠭ ᠤ᠋ᠨ ᠦᠶᠡᠷ ᠢ᠋ ᠲᠣᠭᠲᠠᠭᠠᠬᠤ ᠣᠷᠣᠨ ᠤ᠋ ᠤᠰᠤᠨ ᠳ᠋ᠤ ᠡᠪᠳᠡᠭᠳᠡᠭᠰᠡᠨ ᠪᠠᠷᠢᠯᠭ᠎ᠠ ᠢ᠋ᠢ ᠵᠠᠰᠠᠨ ᠰᠡᠷᠭᠦᠭᠡᠬᠦ᠌ ᠵᠢᠴᠢ 3.3 ᠲᠦᠮᠡᠨ ᠮᠧᠲ᠋ᠷ ᠤ᠋ᠨ ᠬᠠᠰᠢᠯᠭ᠎ᠠ ᠢ᠋ᠢ ᠪᠡᠬᠢᠵᠢᠭᠦᠯᠬᠦ᠌ ᠢᠨᠵᠧᠨᠧᠷᠢᠩ ᠢ᠋ ᠶᠠᠭ ᠱᠠᠯᠠᠪᠳᠠᠨ ᠠᠬᠢᠭᠤᠯᠬᠤ ᠵᠢᠨ ᠬᠠᠮᠳᠤ ᠶᠡᠬᠡ ᠲᠦᠷᠭᠡᠨ ᠭᠣᠣᠯ ᠪᠤᠯᠤᠨ ᠮᠠᠶ᠋ᠢᠳᠠᠷ ᠭᠣᠣᠯ ᠢ᠋ ᠵᠠᠰᠠᠬᠤ ᠢᠨᠵᠧᠨᠧᠷᠢᠩ ᠢ᠋ ᠲᠥᠯᠥᠪᠯᠡᠭᠡ ᠶᠣᠰᠣᠭᠠᠷ ᠪᠠᠷᠢᠯᠭ᠎ᠠ ᠡᠬᠢᠯᠡᠭᠦᠯᠵᠤ᠂ ᠣᠷᠣᠨ ᠪᠦᠰᠡ ᠢ᠋ᠢᠨ ᠦᠶᠡᠷ ᠢ᠋ ᠰᠡᠷᠭᠡᠶ᠋ᠢᠯᠡᠵᠦ᠍ ᠭᠠᠮᠰᠢᠭ ᠢ᠋ ᠪᠠᠭᠠᠰᠬᠠᠬᠤ ᠴᠢᠳᠠᠪᠤᠷᠢ ᠢ᠋ᠢ ᠪᠦᠬᠦ᠌ ᠲᠠᠯ᠎ᠠ ᠪᠡᠷ ᠳᠡᠭᠡᠭᠰᠢᠯᠡᠭᠦᠯᠬᠦ ᠪᠡᠷ ᠬᠦᠴᠦᠯᠡᠨ ᠴᠢᠷᠮᠠᠢᠵᠤ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号