ᠤᠢᠷ᠎ᠠ᠎ᠶᠢᠨ ᠡᠳᠦᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠱᠧᠨᠵᠧᠨ᠎ᠳᠦ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢᠷ᠎ᠠ ᠤᠬᠲᠠᠷᠭᠤᠢ᠎ᠶᠢᠨ ᠠᠵᠤ ᠠᠬᠤᠢ ᠪᠣᠯᠤᠨ ᠲᠣᠭᠠᠴᠢᠯᠠᠭ᠍ᠰᠠᠨ ᠠᠵᠤ ᠠᠬᠤᠢ᠎ᠶ᠋ᠢᠨ ᠠᠵᠤ ᠦᠢᠯᠡᠰ᠎ᠢ ᠲᠠᠨᠢᠯᠴᠠᠭᠤᠯᠬᠤ ᠠᠵᠢᠯᠯᠠᠭ᠎ᠠ》 ᠡᠷᠬᠢᠯᠡᠵᠦ᠍᠂ ᠣᠷᠣᠨ ᠪᠦᠰᠡ ᠠᠯᠤᠰᠯᠠᠭ᠍ᠰᠠᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢᠨ ᠲᠠᠪᠴᠠᠩᠪᠠᠢᠭᠤᠯᠬᠤᠪᠠᠷ ᠳᠠᠮᠵᠢᠨ ᠬᠣᠶᠠᠷ ᠭᠠᠵᠠᠷ᠎ᠤᠨ ᠤᠢᠷ᠎ᠠ ᠤᠭᠲᠠᠷᠭᠤᠢ᠎ᠶᠢᠨ ᠠᠵᠤ ᠠᠬᠤᠢ᠂ ᠲᠣᠭᠠᠴᠢᠯᠠᠭ᠍ᠰᠠᠨ ᠠᠵᠤ ᠠᠬᠤᠢ ᠵᠡᠷᠭᠡ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠦᠷᠢᠶᠡᠨ᠎ᠳᠦ ᠪᠦᠬᠦ᠌ ᠲᠠᠯ᠎ᠠ᠎ᠶ᠋ᠢᠨ ᠤᠯᠠᠨ ᠳᠡᠰ ᠳᠠᠪᠬᠤᠷᠭ᠎ᠠ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌᠎ᠶ᠋ᠢ ᠠᠬᠢᠭᠤᠯᠵᠠᠢ᠃
ᠤᠯᠠᠨ ᠵᠢᠯ᠎ᠦᠨ ᠲᠤᠷᠰᠢ ᠱᠧᠨᠵᠧᠨ ᠪᠦᠬᠦ᠌ ᠤᠯᠤᠰ᠎ᠤᠨ ᠣᠷᠣᠢᠯᠠᠭ᠍ᠰᠠᠨ ᠤᠢᠷ᠎ᠠ ᠤᠬᠲᠠᠷᠭᠤᠢ᠎ᠶᠢᠨ ᠠᠵᠤ ᠠᠬᠤᠢ᠎ᠶ᠋ᠢᠨ ᠪᠦᠬᠦ᠌ ᠠᠵᠤ ᠦᠢᠯᠡᠰ᠎ᠦᠨ ᠬᠡᠯᠬᠢᠢ᠎ᠡ᠂ ᠲᠣᠭᠠᠴᠢᠯᠠᠭ᠍ᠰᠠᠨ ᠠᠵᠤ ᠠᠬᠤᠢ᠎ᠶ᠋ᠢᠨ ᠠᠵᠤ ᠦᠢᠯᠡᠰ᠎ᠦᠨ ᠪᠦᠯᠦᠭ᠌ᠵᠢᠯ᠎ᠢ ᠨᠢᠭᠡᠨᠲᠡ ᠪᠣᠢ ᠪᠤᠯᠭᠠᠵᠠᠢ; ᠥᠪᠥᠷ ᠮᠣᠩᠭᠣᠯ ᠪᠣᠬᠢᠷᠲᠤᠯ ᠥᠬᠡᠶ ᠡᠨᠧᠷᠭᠢ᠂ ᠪᠤᠳᠤᠯᠳᠡ᠎ᠶᠢᠨ ᠬᠦᠴᠦᠨ᠎ᠦ ᠬᠡᠪᠴᠢᠶ᠎ᠡ ᠵᠡᠷᠭᠡ ᠣᠯᠠᠨ ᠳᠠᠪᠠᠭᠤᠯᠢᠭ᠎ᠲᠠᠭᠠᠨ ᠲᠦᠱᠢᠭ᠌ᠯᠡᠨ᠂ 《ᠡᠬᠢ ᠪᠠᠶᠠᠯᠢᠭ᠎ᠢ ᠭᠠᠳᠠᠭ᠍ᠰᠢ ᠭᠠᠷᠭᠠᠬᠤ》 ᠡᠴᠡ 《ᠪᠤᠳᠤᠯᠳᠡ᠎ᠶᠢᠨ ᠬᠦᠴᠦᠨ᠎ᠢᠶᠡᠷ ᠬᠦᠴᠦᠨ ᠨᠡᠮᠡᠷᠢᠯᠡᠬᠦ》 ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠪᠣᠶ᠃ ᠨᠢᠳᠤᠨᠤᠨ ᠬᠣᠶᠠᠷ ᠭᠠᠵᠠᠷ᠎ᠤᠨ ᠦᠶ᠋ᠯᠡᠳᠪᠦᠷᠢ ᠬᠤᠳᠠᠯᠳᠤᠭᠠᠨ᠎ᠤ ᠬᠣᠯᠪᠣᠭ᠎ᠠ ᠬᠠᠮᠳᠤᠷᠠᠨ 《ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠬᠢᠯᠢ ᠬᠢᠵᠠᠭᠠᠷ ᠣᠷᠣᠨ᠎ᠳᠤ ᠣᠷᠣᠭᠤᠯᠵᠤ ᠥᠪᠥᠷ ᠮᠣᠩᠭᠣᠯ ᠱᠧᠨᠵᠧᠨᠢ ᠬᠠᠮᠲᠤ᠎ᠪᠠᠷ ᠬᠥᠭ᠌ᠵᠢᠭᠦᠯᠬᠦ》 ᠱᠢᠷᠢᠰ ᠠᠵᠢᠯᠯᠠᠭ᠎ᠠ ᠡᠷᠭᠢᠯᠡᠵᠦ᠍᠂ ᠱᠧᠨᠵᠧᠨ᠎ᠦ ᠣᠯᠠᠨ ᠠᠵᠤ ᠠᠬᠤᠢᠯᠠᠯᠲᠠᠳ ᠪᠦᠯᠬᠦᠮ ᠪᠠᠢᠭᠤᠯᠤᠨ ᠬᠥᠬᠡᠬᠣᠲᠠ ᠪᠤᠭᠤᠲᠤ ᠣᠷᠳᠣᠰ᠎ᠲᠦ ᠢᠷᠡᠵᠦ ᠲᠤᠬᠠᠶ᠎ᠶ᠋ᠢᠨ ᠭᠠᠵᠠᠷ᠎ᠲᠤᠨᠢ ᠱᠢᠨᠵᠢᠯᠡᠨ ᠪᠠᠢᠴᠠᠭᠠᠵᠤ᠂ ᠤᠢᠷ᠎ᠠ ᠤᠬᠲᠠᠷᠭᠤᠢ᠎ᠶᠢᠨ ᠠᠵᠤ ᠦᠶ᠋ᠯᠡᠰ᠎ᠦᠨ ᠬᠦᠷᠢᠶᠡᠯᠡᠩ᠂ ᠰᠠᠭᠤᠷᠢ ᠪᠥᠲᠥᠭᠡᠨ ᠪᠠᠢᠭᠤᠯᠤᠯᠲᠠ᠂ ᠣᠶᠤᠨᠴᠢ ᠮᠠᠯ ᠠᠵᠤ ᠠᠬᠤᠶ ᠲᠠᠷᠢᠶᠠᠯᠠᠩ ᠵᠡᠷᠭᠡ ᠬᠦᠷᠢᠶᠡᠨ᠎ᠳᠦ ᠨᠢᠭᠡ ᠪᠦᠯᠦᠭ ᠬᠠᠮᠲᠤᠷᠠᠯᠴᠠᠭᠠᠨ᠎ᠤ ᠲᠥᠷᠥᠯ ᠵᠦᠶ᠋ᠯ᠎ᠢ ᠨᠠᠢᠳᠠᠪᠤᠷᠢᠵᠢᠭᠤᠯᠵᠠᠢ᠃
ᠲᠠᠨᠢᠯᠴᠠᠭᠤᠯᠭ᠎ᠠ᠎ᠶᠢᠨ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠬᠥᠬᠡᠬᠣᠲᠠ᠂ ᠬᠥᠯᠥᠨ ᠪᠣᠢᠷ ᠬᠣᠲᠠ᠂ ᠤᠯᠠᠭᠠᠨᠴᠠᠪ ᠬᠣᠲᠠ᠂ ᠠᠯᠠᠱᠠ ᠠᠢᠮᠠᠭ ᠲᠣᠰ ᠲᠣᠰ᠎ᠤᠨ ᠡᠬᠢ ᠪᠠᠶᠠᠯᠢᠭ᠎ᠤᠨ ᠰᠤᠷᠪᠤᠯᠵᠢ᠂ ᠠᠵᠤ ᠦᠶ᠋ᠯᠡᠰ᠎ᠦᠨ ᠰᠠᠭᠤᠷᠢ ᠪᠠ ᠣᠷᠣᠨ ᠪᠠᠢᠷᠢ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠨ᠂ ᠪᠣᠬᠢᠷᠲᠤᠯ ᠥᠬᠡᠶ ᠪᠤᠳᠤᠯᠳᠡ᠎ᠶᠢᠨ ᠬᠦᠴᠦᠨ᠎ᠤ ᠠᠵᠤ ᠦᠶ᠋ᠯᠡᠰ᠎ᠦᠨ ᠪᠠᠢᠷᠢᠱᠢᠭᠤᠯᠤᠯᠲᠠ᠂ ᠬᠦᠶ᠋ᠲᠡᠨ ᠭᠠᠵᠠᠷ᠎ᠤᠨ ᠤᠢᠷ᠎ᠠ ᠤᠭᠲᠠᠷᠭᠤᠢ᠎ᠶᠢᠨ ᠨᠢᠰᠦᠯᠲᠡ᠎ᠶ᠋ᠢᠨ ᠰᠣᠷᠢᠯᠲᠠ᠂ ᠤᠢᠷ᠎ᠠ ᠤᠭᠲᠠᠷᠭᠤᠢ᠎ᠶᠢᠨ ᠲᠣᠨᠣᠭ᠍ᠯᠠᠯ ᠦᠶ᠋ᠯᠡᠳᠬᠦ᠌᠂ ᠱᠢᠨ᠎ᠡ ᠡᠨᠧᠷᠭᠢ᠎ᠶ᠋ᠢᠨ ᠠᠭᠤᠰᠤᠯᠴᠠᠯ᠎ᠤᠨ ᠤᠢᠷ᠎ᠠ ᠤᠭᠲᠠᠷᠭᠤᠢ᠎ᠶᠢᠨ ᠠᠬᠤᠢ ᠦᠵᠡᠭᠳᠡᠯ᠎ᠤᠨ ᠬᠡᠷᠡᠭ᠌ᠯᠡᠭᠡ ᠵᠡᠷᠭᠡ ᠤᠨᠴᠠᠯᠢᠬ᠍ᠳᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ ᠪᠠ ᠬᠠᠮᠲᠤᠷᠠᠯᠴᠠᠭᠠᠨ᠎ᠤ ᠠᠵᠠ ᠲᠣᠬᠢᠶᠠᠯ᠎ᠢ ᠭᠤᠤᠯᠳᠠᠯᠭ᠎ᠠ᠎ᠲᠠᠶ ᠲᠠᠨᠢᠯᠴᠠᠭᠤᠯᠵᠠᠢ᠃ ᠵᠥᠩ ᠺᠸ ᠶᠦᠨ ᠲᠦ ᠤᠶᠤᠨᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠢᠵᠠᠭᠠᠷᠳᠤ ᠺᠤᠮᠫᠠᠨᠢ᠂ ᠭᠦᠸᠧ ᠳᠧᠦ ᠣᠶᠤᠨᠳᠤ ᠮᠡᠳᠡᠭᠡ ᠵᠠᠩᠬᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠢᠵᠠᠭᠠᠷᠳᠤ ᠺᠤᠮᠫᠠᠨᠢ᠂ ᠬᠠᠩᠵᠧᠦ᠍᠎ᠶ᠋ᠢᠨ ᠠᠨ ᠾᠧᠩ ᠮᠡᠳᠡᠭᠡ ᠵᠠᠩᠭᠢ᠎ᠶᠢᠨ ᠮᠡᠷᠭᠡᠵᠢᠯ᠎ᠤᠨ ᠬᠤᠪᠢᠴᠠᠭᠠᠲᠤ ᠬᠢᠵᠠᠭᠠᠷᠳᠤ ᠺᠤᠮᠫᠠᠨᠢ ᠵᠡᠷᠭᠡ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠂ ᠵᠡᠭᠦᠨ ᠡᠮᠦᠨᠡᠲᠦ᠍᠎ᠶ᠋ᠢᠨ ᠲᠡᠯᠡᠶ ᠳᠠᠭᠠᠤ ᠭᠠᠵᠠᠷ ᠣᠷᠣᠨ᠎ᠤ ᠤᠢᠷ᠎ᠠ ᠤᠬᠲᠠᠷᠭᠤᠢ᠎ᠶᠢᠨ ᠠᠵᠤ ᠠᠬᠤᠶ ᠪᠠ ᠲᠣᠭᠠᠴᠢᠯᠠᠭ᠍ᠰᠠᠨ ᠠᠵᠤ ᠠᠬᠤᠶ᠎ᠶ᠋ᠢᠨ ᠬᠦᠷᠢᠶᠡᠨ᠎ᠦ ᠭᠤᠤᠯᠳᠠᠯᠭ᠎ᠠ᠎ᠲᠠᠶ ᠠᠵᠤ ᠠᠬᠤᠢᠯᠠᠯ᠎ᠤᠨ ᠲᠥᠯᠥᠭᠡᠯᠡᠭ᠌ᠴᠢᠳ ᠠᠵᠢᠯ ᠲᠥᠷᠥᠯ᠎ᠦᠨ ᠬᠥᠭ᠌ᠵᠢᠯᠲᠡ᠎ᠶ᠋ᠢᠨ ᠬᠠᠨᠳᠤᠰᠢ᠂ ᠭᠤᠤᠯᠯᠠᠬᠤ ᠮᠡᠷᠭᠡᠵᠢᠯ᠎ᠦᠨ ᠳᠠᠪᠠᠭᠤᠯᠢᠭ᠎ᠲᠠᠶ ᠤᠶᠠᠯᠳᠤᠭᠤᠯᠤᠨ᠂ᠠᠵᠤ ᠦᠶ᠋ᠯᠡᠰ᠎ᠦᠨ ᠪᠠᠢᠷᠢᠱᠢᠭᠤᠯᠤᠯᠲᠠ᠎ᠶ᠋ᠢᠨ ᠰᠡᠳᠭᠢᠮᠵᠢ ᠬᠢᠭᠡᠳ ᠬᠣᠶᠠᠷ ᠭᠠᠵᠠᠷ᠎ᠤᠨ ᠬᠠᠮᠲᠤᠷᠠᠯᠴᠠᠭᠠᠨ᠎ᠤ ᠴᠢᠭ᠌ᠯᠡᠯ᠎ᠢ ᠬᠤᠪᠢᠶᠠᠯᠴᠠᠵᠠᠢ᠃ ᠠᠵᠢᠯᠯᠠᠭ᠎ᠠ ᠨᠢ ᠲᠤᠰᠭᠠᠢ ᠳᠤᠭᠤᠢᠯᠠᠩ ᠬᠤᠪᠢᠶᠠᠨ ᠵᠣᠯᠭᠠᠭᠤᠯᠵᠤ ᠵᠥᠪᠳᠡᠨ ᠶᠠᠷᠢᠯᠴᠠᠬᠤ ᠭᠣᠭ᠍ᠴᠣᠭ᠎ᠠ ᠲᠤᠬᠢᠷᠠᠭᠤᠯᠵᠤ᠂ ᠬᠣᠶᠠᠷ ᠭᠠᠵᠠᠷ᠎ᠤᠨ ᠵᠠᠰᠠᠭ᠎ᠤᠨ ᠤᠷᠳᠤᠨ ᠠᠵᠤ ᠠᠬᠤᠢᠯᠠᠯ ᠲᠦᠷᠦᠯ ᠵᠦᠢᠯ᠎ᠢ ᠨᠠᠢᠳᠠᠪᠤᠷᠢᠵᠢᠭᠤᠯᠤᠨ ᠠᠱᠢᠭ᠍ᠯᠠᠯᠲᠠ᠎ᠳᠤ ᠣᠷᠣᠭᠤᠯᠬᠤ᠂ ᠲᠦᠷᠦ᠍᠎ᠶ᠋ᠢᠨ ᠪᠤᠳᠤᠯᠭ᠎ᠠ᠎ᠶ᠋ᠢᠨ ᠤᠨᠤᠴᠠᠲᠠᠢ ᠬᠦᠴᠦᠨ ᠨᠡᠮᠡᠷᠢᠯᠡᠬᠦ᠂ ᠠᠵᠤ ᠦᠢᠯᠡᠰ᠎ᠦᠨ ᠬᠡᠯᠬᠢᠢ᠎ᠡ᠎ᠶ᠋ᠢᠨ ᠡᠬᠢᠨ᠎ᠤ ᠪᠠ ᠡᠴᠦᠰ᠎ᠤᠨ ᠬᠡᠯᠬᠢᠢ᠎ᠡ᠎ᠶ᠋ᠢ ᠬᠠᠮᠵᠢᠯᠴᠠᠭᠤᠯᠬᠤ᠂ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠱᠢᠭᠤᠯᠬᠤ ᠵᠡᠷᠭᠡ ᠭᠣᠣᠯᠳᠠᠯᠭ᠎ᠠ᠎ᠲᠠᠶ ᠠᠭᠤᠯᠭ᠎ᠠ᠎ᠶ᠋ᠢᠨ ᠲᠣᠭᠣᠷᠢᠨ᠎ᠳᠤ ᠭᠦᠨᠵᠡᠭᠡᠢ ᠰᠣᠯᠢᠯᠴᠠᠭ᠎ᠠ ᠥᠷᠨᠢᠭᠦᠯᠵᠦ᠍᠂ ᠬᠠᠮᠲᠤᠷᠠᠯᠴᠠᠭᠠᠨ᠎ᠤ ᠬᠡᠷᠡᠭ᠌ᠴᠡᠭᠡ᠎ᠶ᠋ᠢ ᠤᠨᠤᠴᠠᠲᠠᠢ ᠵᠣᠯᠭᠠᠭᠤᠯᠵᠤ᠂ ᠬᠤᠢᠰᠢᠳᠡ᠎ᠶᠢᠨ ᠲᠦᠷᠦᠯ ᠵᠦᠢᠯ᠎ᠢ ᠨᠠᠢᠳᠠᠪᠤᠷᠢᠵᠢᠭᠤᠯᠬᠤ᠎ᠳᠤ ᠪᠠᠲᠤ ᠪᠡᠬᠢ ᠰᠠᠭᠤᠷᠢ᠎ᠶ᠋ᠢ ᠲᠠᠯᠪᠢᠵᠠᠢ᠃