ᠥᠪᠥᠷ ᠮᠣᠩᠭᠣᠯ ᠎ᠤᠨ ᠠᠩᠬᠠᠳᠠᠭᠴᠢ TIR ᠬᠢᠯᠢ ᠠᠯᠤᠰᠯᠠᠬᠰᠠᠨ ᠵᠠᠰᠠᠮᠠᠯ ᠵᠠᠮ᠎ᠤᠨ ᠲᠡᠭᠡᠭᠡᠪᠤᠷᠢ ᠵᠢᠨ ᠡᠳ᠋ ᠪᠠᠷᠠᠭᠠᠨ ᠎ᠤ ᠬᠦᠢᠯᠭᠡᠭᠡ ᠵᠢᠨ ᠬᠦᠢᠰᠤ ᠦᠷᠳᠡᠭᠡ ᠪᠠᠷᠢᠯᠭ᠎ᠠ ᠡᠬᠢᠯᠡᠪᠡ
2026-06-25 09:43:37
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠤᠢ᠌ᠷ᠎ᠠ᠎ᠳᠤ᠂ ᠮᠠᠨᠵᠤᠤᠷ ᠎ᠤᠨ TIR ᠬᠢᠯᠢ ᠠᠯᠤᠰᠯᠠᠬᠰᠠᠨ ᠵᠠᠰᠠᠮᠠᠯ ᠵᠠᠮ᠎ᠤᠨ ᠲᠡᠭᠡᠭᠡᠪᠤᠷᠢ ᠵᠢᠨ ᠡᠳ᠋ ᠪᠠᠷᠠᠭᠠᠨ ᠎ᠤ ᠬᠦᠢᠯᠭᠡᠭᠡ ᠵᠢᠨ ᠬᠦᠢᠰᠤ ᠦᠷᠳᠡᠭᠡ ᠪᠠᠷᠢᠯᠭ᠎ᠠ ᠡᠬᠢᠯᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠩᠬᠠᠳᠠᠭᠴᠢ ᠲᠤᠰᠬᠠᠶ᠋ᠢᠵᠢᠭᠰᠠᠨ TIR ᠵᠢᠨ ᠬᠦᠢᠰᠤ ᠦᠷᠳᠡᠭᠡ ᠪᠣᠯᠤᠭᠰᠠᠨ ᠎ᠤ ᠬᠤᠪᠢ᠎ᠳᠤ᠂ ᠡᠨᠡ ᠬᠦ᠌ ᠲᠥᠷᠥᠯ ᠵᠦᠢᠯ᠎ᠤᠨ ᠨᠠᠶ᠋ᠢᠳᠠᠪᠤᠷᠢᠵᠢᠭᠤᠯᠤᠭᠳᠠᠬᠰᠠᠨ᠎ᠨᠢ ᠮᠠᠨᠵᠤᠤᠷ᠎ᠤᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠵᠢᠨ ᠤᠯᠠᠮᠵᠢᠯᠠᠯᠲᠤ᠌ ᠬᠢᠯᠢ᠎ᠪᠡᠷ ᠥᠩᠭᠡᠷᠡᠬᠦ᠌ ᠨᠡᠪᠳᠡᠷᠡᠯ᠎ᠵᠠᠮ᠎ᠠᠴᠠ ᠣᠶᠤᠨᠴᠢ ᠪᠠᠷᠠᠭᠠᠨ᠎ᠤ ᠬᠦᠢᠯᠭᠡᠭᠡ ᠵᠢᠨ  ᠬᠦᠢᠰᠦ ᠦᠷᠳᠡᠭᠡ ᠳᠠᠢᠰᠢ ᠴᠢᠬᠤᠯᠠ ᠨᠢᠭᠡ ᠠᠯᠬᠤᠮ᠎ᠢ ᠠᠯᠬᠤᠭᠰᠠᠨ᠎ᠢ ᠬᠠᠷᠠᠭᠤᠯᠵᠤ ᠪᠠᠶ᠋ᠢᠨ᠎ᠠ᠃

TIR ᠪᠣᠯ ᠣᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠎ᠶᠢᠨ 《ᠣᠯᠠᠨ ᠤᠯᠤᠰ᠎ᠤᠨ ᠵᠠᠰᠠᠮᠠᠯ ᠵᠠᠮ᠎ᠤᠨ ᠲᠡᠭᠡᠭᠡᠪᠦᠷᠢ᠎ᠶᠢᠨ ᠨᠡᠶ᠋ᠢᠲᠡ᠎ᠶᠢᠨ ᠭᠡᠷ᠎ᠡ》 ᠎ᠳ᠋ᠤ ᠰᠠᠭᠤᠷᠢᠯᠠᠨ ᠪᠠᠶ᠋ᠢᠭᠤᠯᠤᠭᠰᠠᠨ ᠣᠯᠠᠨ ᠤᠯᠤᠰ᠎ᠤᠨ ᠵᠠᠰᠠᠮᠠᠯ ᠵᠠᠮ᠎ᠤᠨ ᠲᠡᠭᠡᠭᠡᠪᠦᠷᠢ᠎ᠶᠢᠨ ᠰᠢᠰᠲ᠋ᠧᠮ ᠪᠣᠯᠤᠨ᠎ᠠ᠂ ᠣᠯᠠᠨ ᠤᠯᠤᠰ᠎ᠤᠨ ᠬᠢᠯᠢ ᠠᠯᠤᠰᠯᠠᠭᠰᠠᠨ ᠪᠠᠷᠠᠭᠠᠨ᠎ᠤ ᠲᠡᠭᠡᠭᠡᠪᠦᠷᠢ᠎ᠶᠢᠨ ᠬᠦᠷᠢᠶᠡᠨ᠎ᠳᠡᠬᠢ ᠪᠥᠬᠥ᠌ ᠪᠥᠮᠪᠥᠷᠴᠡᠭ᠎ᠦᠨ ᠴᠢᠨᠠᠷᠲᠠᠶ ᠬᠢᠯᠢ ᠵᠢᠨ ᠪᠣᠭᠣᠮᠲᠠ᠎ᠶᠢᠨ ᠪᠣᠭᠣᠮᠲᠠ᠎ᠪᠠᠷ  ᠰᠠᠭᠠᠳ ᠦᠬᠡᠢ ᠥᠩᠭᠡᠷᠡᠭᠦᠯᠬᠦ᠌ ᠰᠢᠰᠲ᠋ᠧᠮ ᠪᠣᠯᠤᠨ᠎ᠠ᠃ ᠤᠯᠠᠮᠵᠢᠯᠠᠯᠲᠤ᠌ ᠵᠠᠰᠠᠮᠠᠯ ᠵᠠᠮ᠎ᠤᠨ ᠲᠡᠭᠡᠭᠡᠪᠦᠷᠢ᠎ᠲᠡᠶ ᠬᠠᠷᠢᠴᠠᠭᠤᠯᠪᠠᠯ᠂ TIR ᠲᠡᠭᠡᠭᠡᠪᠦᠷᠢ᠎ᠨᠢ 《ᠨᠢᠭᠡ ᠤᠳᠠᠭ᠎ᠠ ᠎ᠳ᠋ᠤ ᠭᠤᠶᠤᠴᠢᠯᠠᠨ ᠮᠡᠳᠡᠭᠦᠯᠬᠦ᠌᠂ ᠨᠢᠭᠡ ᠲᠡᠷᠭᠡ ᠪᠡᠷ ᠰᠢᠭᠤᠳ ᠬᠦᠷᠭᠡᠬᠦ᠌》 ᠳᠠᠪᠠᠭᠤᠯᠢᠭ᠎ᠲᠠᠶ ᠪᠠᠶ᠋ᠢᠵᠤ ᠂ TIR ᠦᠨᠡᠮᠯᠡᠯ᠎ᠲᠡᠶ ᠲᠡᠷᠭᠡ ᠬᠥᠰᠬᠡ᠎ᠨᠢ ᠡᠯ᠎ᠡ  ᠬᠡᠷᠡᠳᠤ ᠤᠯᠤᠰ᠎ᠤᠨ ᠬᠣᠭᠣᠷᠣᠨᠳᠣ ᠪᠥᠬᠥ᠌ ᠶᠠᠪᠤᠴᠠ᠎ᠳᠤ ᠲᠡᠷᠭᠡ ᠰᠣᠯᠢᠬᠤ ᠥᠬᠡᠶ᠂ ᠪᠤᠴᠠᠭᠠᠨ ᠤᠬᠰᠠᠷᠠᠬᠤ ᠥᠬᠡᠶ᠂ ᠴᠢᠡᠭᠭᠡᠯᠢᠭ ᠨᠡᠭᠡᠭᠡᠵᠦ᠍ ᠪᠠᠶ᠋ᠢᠴᠠᠭᠠᠨ ᠰᠢᠯᠭᠠᠬᠤ᠎ᠶᠠᠪᠤᠴᠠ ᠡᠴᠠ ᠭᠡᠯᠳᠦᠷᠢᠭᠦᠯᠵᠦ᠍᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠷᠠᠭ᠎ᠠ᠎ᠶᠢᠨ ᠬᠢᠯᠢ ᠵᠢᠨ ᠪᠣᠭᠣᠮᠲᠠ᠎ᠳᠤ ᠠᠴᠢᠶ᠎ᠠ ᠰᠤᠯᠢᠬᠤ ᠵᠢᠴᠢ ᠪᠠᠷᠠᠭ᠎ᠠ ᠪᠦᠷᠢᠳᠬᠡᠨ ᠳᠠᠩᠰᠠᠯᠠᠬᠤ ᠴᠠᠭ ᠎ᠢ  ᠪᠦᠲᠦᠮᠵᠢᠲᠡᠶ ᠪᠣᠭᠣᠨᠢᠰᠬᠠᠵᠤ᠂ ᠠᠵᠤ ᠠᠬᠤᠢᠯᠠᠯ᠎ᠤᠨ ᠶᠡᠷᠦᠩᠬᠡᠶ᠋ᠢᠯᠡᠭᠰᠡᠨ ᠪᠠᠷᠠᠭᠠᠨ᠎ᠤ  ᠬᠦᠢᠯᠭᠡᠭᠡ ᠵᠢᠨ ᠥᠪᠡᠷ᠎ᠦᠨ ᠥᠷᠲᠡᠭ᠎ᠢ ᠪᠠᠭᠤᠷᠠᠭᠤᠯᠤᠬᠰᠠᠨ ᠪᠠᠢᠨ᠎ᠠ᠃

ᠲᠦᠷᠤᠯ ᠵᠦᠢᠯ᠎ᠨᠢ ᠮᠠᠨᠵᠤᠤᠷ᠎ᠤᠨ ᠲᠣᠭᠠᠴᠢᠯᠠᠭᠰᠠᠨ ᠡᠬᠡ ᠬᠠᠭᠤᠷᠠᠶ᠎ᠶᠢᠨ ᠭᠠᠷᠠᠮ᠎ᠤᠨ ᠤᠶᠤᠨᠲᠤ᠌ ᠬᠦᠢᠰᠦ ᠬᠦᠷᠢᠶᠡᠯᠡᠩ ᠲᠣᠭᠣᠷᠢᠭ᠎ᠲᠤ᠌ ᠪᠠᠶ᠋ᠢᠷᠢᠯᠠᠵᠤ᠂ 14 ᠲᠦᠮᠡᠨ ᠲᠡᠭᠰᠢ ᠳᠥᠷᠪᠡᠯᠵᠢᠨ ᠮᠧᠲ᠋ᠷ ᠭᠠᠵᠠᠷ ᠡᠵᠡᠯᠡᠨ᠂ ᠨᠡᠶ᠋ᠢᠲᠡ 1.5 ᠳ᠋ᠦᠩᠰᠢᠭᠤᠷ ᠲᠥᠭᠥᠷᠢᠭ᠎ᠦᠨ ᠪᠠᠯᠠ ᠣᠷᠣᠭᠤᠯᠬᠤ᠎ᠪᠠᠷ ᠲᠥᠯᠥᠪᠯᠡᠵᠦ᠍ ᠪᠣᠶ᠃ ᠶᠡᠷᠦᠩᠬᠡᠶ᠋ᠢᠯᠡᠭᠰᠡᠨ ᠠᠯᠪᠠᠨ ᠠᠰᠠᠷ᠂ ᠡᠩ᠎ᠦᠨ ᠳᠤᠯᠠᠭᠠᠨ ᠵᠢᠴᠢ ᠲᠣᠭᠲᠠᠮᠠᠯ ᠳᠤᠯᠠᠭᠠᠨ ᠎ᠤ ᠴᠢᠳᠠᠮᠵᠢ ᠲᠠᠢ ᠬᠥᠮᠥᠷᠭᠡᠯᠡᠨ ᠬᠠᠳᠠᠭᠠᠯᠠᠬᠤ ᠲᠦᠬᠦᠭᠡᠷᠤᠮᠵᠢ᠂ ᠲᠣᠮᠣ ᠬᠡᠯᠪᠡᠷᠢ᠎ᠶᠢᠨ ᠠᠴᠢᠵᠤ ᠪᠠᠭᠤᠯᠭᠠᠬᠤ ᠲᠠᠯᠠᠪᠤᠷ ᠭᠠᠵᠠᠷ᠂ ᠴᠢᠩᠭᠡᠯᠢᠭ᠎ᠢ ᠲᠤᠰᠬᠠᠶ  ᠬᠠᠳᠠᠭᠠᠯᠠᠬᠤ ᠲᠣᠭᠣᠷᠢᠭ᠂ ᠪᠣᠭᠣᠮᠲᠠ᠎ᠶᠢᠨ ᠪᠢᠲᠡᠭᠦᠮᠵᠢᠯᠡᠨ ᠬᠢᠨᠠᠨ ᠬᠠᠮᠢᠶᠠᠷᠬᠤ ᠲᠣᠭᠣᠷᠢᠭ ᠵᠡᠷᠭᠡ ᠵᠢ ᠪᠠᠢᠭᠤᠯᠬᠤ ᠡᠴᠡ ᠭᠠᠳᠠᠨ᠎ᠠ᠂ ᠣᠶᠤᠨᠴᠢ᠎ᠪᠠᠷ ᠪᠠᠶ᠋ᠢᠴᠠᠭᠠᠨ ᠰᠢᠯᠭᠠᠬᠤ ᠲᠥᠬᠥᠭᠡᠷᠦᠮᠵᠢ ᠪᠠ TIR ᠲᠡᠷᠭᠡ ᠬᠥᠰᠬᠡ ᠪᠠᠶ᠋ᠢᠴᠠᠭᠠᠨ ᠬᠡᠮᠵᠢᠬᠦ᠌ ᠲᠥᠪ᠎ᠢ ᠵᠡᠷᠭᠡ᠎ᠳᠦᠨᠢ ᠲᠥᠬᠥᠷᠵᠢᠭᠦᠯᠬᠦ ᠪᠤᠯᠤᠨ᠎ᠠ᠃

ᠲᠥᠯᠥᠪᠵᠢᠭᠦᠯᠭᠡ ᠶᠣᠰᠣᠭᠠᠷ᠂ ᠲᠥᠷᠥᠯ ᠵᠦᠢᠯ ᠎ᠢ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠵᠢᠱ᠌ᠢᠯᠲᠡ᠎ᠪᠡᠷ ᠵᠢᠯ᠎ᠳᠦ TIR  ᠵᠢᠨ ᠪᠠᠷᠠᠭ᠎ᠠ ᠲᠡᠭᠡᠭᠡᠪᠦᠷᠢᠯᠡᠬᠦ᠌ ᠬᠡᠮᠵᠢᠶ᠎ᠡ 50 ᠲᠦᠮᠡᠨ ᠲᠣᠨ᠂ 10 ᠲᠦᠮᠡᠨ ᠪᠠᠷᠢᠮᠵᠢᠶᠠᠲᠤ᠌ ᠴᠢᠩᠭᠡᠯᠢᠭ᠎ᠢ ᠲᠥᠪᠯᠡᠷᠡᠭᠦᠯᠦᠨ ᠲᠠᠷᠬᠠᠭᠠᠬᠤ ᠪᠤᠯᠤᠨ᠎ᠠ᠃ ᠣᠶᠤᠨᠴᠢ ᠪᠠᠶ᠋ᠢᠴᠠᠭᠠᠨ ᠰᠢᠯᠭᠠᠬᠤ  ᠲᠦᠬᠦᠭᠡᠷᠤᠮᠵᠢ᠂ ᠲᠤᠰᠬᠠᠶ ᠬᠡᠷᠡᠭᠯᠡᠭᠡᠨ᠎ᠦ TIR ᠠᠵᠢᠯᠯᠠᠬᠤ ᠨᠡᠪᠲᠡᠷᠡᠯ ᠵᠠᠮ ᠪᠠ ᠨᠢᠭᠡ ᠴᠣᠭᠴᠠᠵᠢᠭᠤᠯᠤᠨ ᠬᠢᠨᠠᠨ ᠬᠠᠮᠢᠶᠠᠷᠬᠤ ᠲᠠᠯᠠᠪᠤᠷ ᠭᠠᠵᠠᠷ ᠵᠡᠷᠭᠡ ᠣᠯᠠᠨ ᠳᠠᠪᠠᠭᠤᠯᠢᠭ᠎ᠲᠤ᠌ ᠲᠦᠰᠢᠭᠯᠡᠨ᠂ ᠬᠢᠯᠢ ᠵᠢᠨ ᠪᠣᠭᠣᠮᠲᠠ᠎ᠶᠢᠨ ᠪᠦᠬᠦᠯᠢ ᠴᠣᠭᠴᠠ᠎ᠶᠢᠨ ᠪᠣᠭᠣᠮᠲᠠ ᠥᠩᠭᠡᠷᠡᠬᠦ᠌ ᠦᠷ᠎ᠡ ᠪᠦᠲᠦᠮᠵᠢ᠎ᠶᠢ 40% ᠪᠡᠷ ᠳᠡᠭᠡᠭᠰᠢᠯᠡᠭᠦᠯᠵᠦ᠍᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠶᠡᠷᠦᠩᠬᠡᠶ᠋ᠢᠯᠡᠭᠰᠡᠨ ᠪᠠᠷᠠᠭᠠᠨ᠎ᠤ ᠭᠦᠢᠯᠭᠡᠭᠡ ᠵᠢᠨ ᠥᠪᠡᠷ᠎ᠦᠨ ᠥᠷᠲᠡᠭ ᠎ᠢ 15%᠎ᠪᠠᠷ ᠪᠠᠭᠤᠷᠠᠭᠤᠯᠤᠨ᠎ᠠ᠃ ᠥᠪᠥᠷ ᠮᠣᠩᠭᠣᠯ᠎ᠤᠨ ᠬᠢᠯᠢ ᠳᠠᠭᠠᠤ ᠬᠢᠯᠢ᠎ᠶᠢᠨ ᠪᠣᠭᠣᠮᠲᠠ᠎ᠶᠢᠨ ᠪᠠᠷᠢᠮᠵᠢᠶᠠᠵᠢᠭᠤᠯᠤᠭᠰᠠᠨ TIR ᠡᠵᠡᠩᠨᠡᠯᠲᠡ᠎ᠶᠢᠨ ᠵᠢᠱ᠌ᠢᠶ᠎ᠡ ᠦᠵᠡᠭᠦᠯᠬᠦ᠌ ᠠᠴᠢᠶᠠᠯᠠᠪᠤᠷᠢ ᠪᠣᠯᠤᠭᠰᠠᠨ᠎ᠤ ᠬᠤᠪᠢ᠎ᠳᠤ᠂ ᠲᠣᠰ ᠭᠠᠵᠠᠷ ᠣᠷᠣᠨ᠎ᠤ᠎ᠪᠠᠨ ᠭᠠᠳᠠᠭᠠᠳᠤ ᠠᠷᠠᠯᠵᠢᠶ᠎ᠠ ᠪᠠ ᠪᠠᠷᠠᠭᠠᠨ᠎ᠤ ᠭᠦᠢᠯᠭᠡᠭᠡ ᠵᠢᠨ ᠠᠵᠤ ᠠᠬᠤᠢᠯᠠᠯ᠎ᠳᠤ ᠰᠢᠭᠤᠳ ᠦᠢᠯᠡᠴᠢᠯᠡᠬᠦ᠌᠎ᠪᠡᠷ ᠪᠠᠷᠠᠬᠤ ᠥᠬᠡᠶ᠂ ᠪᠠᠰᠠ ᠬᠢᠯᠢ ᠠᠯᠤᠰᠯᠠᠭᠰᠠᠨ ᠡᠯᠧᠺᠲ᠋ᠷᠣᠨ ᠬᠤᠳᠠᠯᠳᠤᠭ᠎ᠠ᠂ ᠶᠡᠬᠡ ᠬᠡᠮᠵᠢᠶᠡᠨ᠎ᠦ ᠠᠷᠠᠯᠵᠢᠶ᠎ᠠ᠂ ᠬᠦᠶ᠋ᠲᠡᠨ ᠬᠡᠯᠬᠢᠶᠡᠲᠦ᠍ ᠪᠠᠷᠠᠭ᠎ᠠ ᠲᠡᠭᠡᠭᠡᠪᠦᠷᠢ᠂ ᠲᠣᠮᠣ ᠲᠣᠨᠣᠭ ᠲᠥᠬᠥᠭᠡᠷᠦᠮᠵᠢ᠎ᠶᠢᠨ ᠲᠡᠭᠡᠭᠡᠪᠦᠷᠢ ᠵᠡᠷᠭᠡ ᠣᠯᠠᠨ ᠡᠰᠢᠲᠦ᠍ ᠡᠵᠡᠩᠨᠡᠯᠲᠡ᠎ᠶᠢᠨ ᠬᠡᠯᠪᠡᠷᠢ᠎ᠶᠢ ᠬᠦᠷᠢᠶᠡᠯᠡᠩ ᠲᠣᠭᠣᠷᠢᠭ ᠳᠠᠢᠰᠢ ᠲᠥᠪᠯᠡᠷᠡᠭᠦᠯᠵᠦ᠍᠂ ᠬᠢᠯᠢ᠎ᠶᠢᠨ ᠪᠣᠭᠣᠮᠲᠠ᠎ᠶᠢᠨ ᠪᠠᠷᠠᠭᠠᠨ᠎ᠤ ᠭᠦᠢᠯᠭᠡᠭᠡ ᠵᠢᠨ ᠠᠵᠤ ᠦᠢᠯᠡᠰ᠎ᠦᠨ ᠬᠡᠯᠬᠢᠶᠡᠵᠢᠯ᠎ᠤᠨ ᠥᠷᠭᠡᠵᠢᠯ ᠪᠠ ᠥᠷᠲᠡᠭ᠎ᠦᠨ ᠳᠡᠭᠡᠭᠰᠢᠯᠡᠯᠲᠡ᠎ᠶᠢ ᠠᠬᠢᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号