ᠲᠦᠷᠦᠭᠦᠦ 5 ᠰᠠᠷ᠎ᠠ᠎ᠳᠤ ᠮᠠᠨᠵᠤᠤᠷ ᠬᠢᠯᠢ ᠵᠢᠨ ᠪᠣᠭᠣᠮᠲᠠ᠎ᠶᠢᠨ ᠬᠢᠯᠢ᠎ᠪᠡᠷ ᠨᠡᠪᠳᠡᠷᠡᠭᠰᠡᠨ ᠠᠶᠠᠨᠴᠢᠳ᠎ᠤᠨ ᠲᠤᠭ᠎ᠠ 40 ᠲᠦᠮᠡᠨ ᠬᠥᠮᠦᠨ ᠤᠳᠠᠭ᠎ᠠ᠎ᠶᠢ ᠳᠠᠪᠠᠪᠠ
2026-06-25 09:53:49
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠮᠠᠨᠵᠤᠤᠷ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠶ᠋ᠢᠴᠠᠭᠠᠬᠤ ᠥᠷᠲᠡᠭᠡ᠎ᠶᠢᠨ ᠪᠦᠷᠢᠳᠬᠡᠭᠰᠡᠨ᠎ᠢᠶᠡᠷ᠂ ᠡᠨᠡ ᠵᠢᠯ᠎ᠦᠨ ᠲᠦᠷᠤᠬᠦᠤ 5 ᠰᠠᠷ᠎ᠠ᠎ᠳ᠋ᠤ ᠮᠠᠨᠵᠤᠤᠷ ᠬᠢᠯᠢ ᠵᠢᠨ ᠪᠣᠭᠣᠮᠲᠠ᠎ᠶᠢᠨ ᠬᠢᠯᠢ᠎ᠪᠡᠷ ᠨᠡᠪᠳᠡᠷᠡᠭᠰᠡᠨ ᠠᠶᠠᠨᠴᠢᠳ 41.5 ᠲᠦᠮᠡᠨ ᠬᠥᠮᠦᠨ ᠤᠳᠠᠭ᠎ᠠ᠎ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 50.9% ᠪᠡᠷ ᠨᠡᠮᠡᠭᠳᠡᠨ᠂ ᠠᠶᠠᠨᠴᠢᠳ᠎ᠤᠨ ᠲᠣᠭ᠎ᠠ ᠣᠶ᠋ᠢᠷ᠎ᠠ᠎ᠶᠢᠨ 5 ᠵᠢᠯ᠎ᠦᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ ᠡᠭᠦᠳᠴᠡᠶ᠃

ᠤᠷᠤᠰ᠎ᠤᠨ ᠡᠡᠭ᠎ᠤᠨ ᠫᠠᠰᠫᠤᠷᠲ ᠲᠠᠢ ᠬᠦᠮᠤᠰ ᠲᠸ᠋ ᠦᠯᠦ ᠸᠢᠰᠠᠯᠠᠬᠤ ᠲᠦᠷᠤ ᠵᠢᠨ ᠪᠤᠳᠤᠯᠭ᠎ᠠ ᠵᠢ ᠬᠡᠷᠡᠭᠵᠢᠬᠦᠯᠦᠭᠰᠡᠨ ᠡᠴᠡ ᠨᠠᠭᠠᠰᠢ ᠮᠠᠨᠵᠤᠤᠷ᠎ᠤᠨ ᠬᠢᠯᠢ ᠵᠢᠨ ᠪᠤᠭᠤᠮᠳᠠ ᠪᠡᠷ ᠤᠷᠤᠵᠤ ᠭᠠᠷᠬᠤ ᠠᠶᠠᠨᠴᠢᠳ ᠨᠡᠡᠭ ᠤᠯᠠᠰᠢᠷᠠᠬᠰᠠᠨ ᠪᠠᠢᠨ᠎ᠠ᠃ ᠠᠶᠠᠨᠴᠢᠳ᠎ᠢ ᠰᠠᠭᠠᠳ ᠦᠬᠡᠢ ᠪᠤᠭᠤᠮᠳᠠ ᠦᠡᠭᠭᠡᠷᠡᠬᠦᠯᠬᠦ ᠵᠢ ᠪᠠᠳᠤᠯᠠᠵᠤ ᠪᠠᠢᠬᠤ ᠵᠢᠨ ᠠᠷᠤ᠎ᠳᠤ ᠮᠠᠨᠵᠤᠤᠷ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠶ᠋ᠢᠴᠠᠭᠠᠬᠤ ᠥᠷᠲᠡᠭᠡ᠎ᠶᠢᠨ ᠬᠢᠨ᠎ᠤ ᠠᠵᠢᠯ᠎ᠢᠶᠠᠨ ᠭᠦᠨᠵᠡᠭᠡᠶ᠋ᠢᠷᠡᠭᠦᠯᠦᠨ ᠶᠠᠰᠤ ᠴᠢᠨᠠᠷ᠎ᠢ ᠳᠡᠭᠡᠭᠰᠢᠯᠡᠭᠦᠯᠵᠦ᠍᠂ ᠤᠶᠤᠨᠲᠤ᠌ ᠪᠣᠭᠣᠮᠲᠠ᠎ᠪᠠᠷ ᠥᠩᠭᠡᠷᠡᠬᠦ᠌ ᠰᠢᠰᠲᠸᠮ᠎ᠢ ᠴᠣᠭᠴᠠᠯᠠᠬᠤ ᠬᠦᠴᠦᠲᠡᠢ ᠲᠤᠯᠭᠠᠭᠤᠷᠢᠯᠠᠯ ᠪᠤᠢ᠃ ᠡᠨᠡ ᠵᠢᠯ᠎ᠡᠴᠡ ᠲᠣᠰ ᠥᠷᠲᠡᠭᠡ᠎ᠨᠢ ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠶᠡᠷᠦᠩᠬᠡᠶ ᠲᠥᠰᠦᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠲᠠᠶ ᠨᠢᠭᠲᠠ ᠤᠶᠠᠯᠳᠤᠭᠤᠯᠤᠨ᠂ ᠠᠮᠤᠷ ᠲᠦᠪᠰᠢᠨ᠎ᠢ ᠪᠠᠲᠤᠯᠠᠬᠤ᠂ ᠪᠣᠭᠣᠮᠲᠠ᠎ᠪᠠᠷ ᠰᠠᠭᠠᠳ ᠥᠬᠡᠶ ᠥᠩᠭᠡᠷᠡᠬᠦ᠌᠂ ᠰᠢᠯᠢᠳᠡᠭ ᠦᠢᠯᠡᠴᠢᠯᠡᠭᠡ ᠬᠠᠩᠭᠠᠬᠤ ᠭᠤᠤᠯ ᠬᠠᠷᠠᠯᠲᠠ᠎ᠶᠢ ᠪᠠᠲᠤ᠌ ᠰᠠᠬᠢᠵᠤ᠂ ᠡᠯ᠎ᠡ ᠵᠦᠢᠯ᠎ᠦᠨ ᠭᠤᠤᠯᠳᠠᠯᠭ᠎ᠠ᠎ᠲᠠᠶ ᠠᠵᠢᠯ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ᠎ᠶᠢ ᠯᠠᠪᠳᠠᠭᠤᠨ᠎ᠢᠶᠠᠷ ᠠᠬᠢᠭᠤᠯᠪᠠ᠃

ᠬᠢᠯᠢ᠎ᠪᠡᠷ ᠣᠷᠣᠵᠤ ᠭᠠᠷᠬᠤ ᠠᠶᠠᠨᠴᠢᠳ᠎ᠤᠨ ᠲᠣᠭ᠎ᠠ ᠦᠷᠭᠦᠯᠵᠢᠯᠡᠨ ᠨᠡᠮᠡᠭᠳᠡᠵᠦ᠍ ᠪᠠᠶ᠋ᠢᠭ᠎ᠠ ᠪᠠᠶ᠋ᠢᠳᠠᠯ᠎ᠳᠤ ᠴᠢᠭᠯᠡᠭᠦᠯᠦᠨ᠂ ᠬᠢᠯᠢ᠎ᠶᠢᠨ ᠪᠣᠭᠣᠮᠲᠠ᠎ᠨᠢ ᠡᠯ᠎ᠡ ᠲᠠᠯ᠎ᠠ᠎ᠶᠢᠨ ᠮᠡᠳᠡᠭᠡ ᠵᠠᠩᠭᠢ᠎ᠶᠢ ᠬᠠᠮᠲᠤ᠎ᠪᠠᠷ ᠭᠥᠷᠳᠡᠬᠦ᠌ ᠪᠠ ᠬᠠᠮᠵᠢᠯᠴᠠᠨ ᠬᠠᠮᠲᠤᠷᠠᠨ ᠬᠥᠳᠡᠯᠦᠯᠴᠡᠬᠦ᠌᠎ᠶᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠍᠂ ᠠᠶᠠᠨᠴᠢᠳ᠎ᠤᠨ ᠤᠷᠤᠰᠬᠠᠯ᠎ᠤᠨ ᠬᠠᠨᠳᠤᠰᠢ᠎ᠶᠢ ᠣᠨᠣᠪᠴᠢᠲᠠᠶ ᠤᠷᠢᠳᠴᠢᠯᠠᠨ ᠮᠠᠭᠠᠳᠯᠠᠵᠤ᠂ ᠴᠠᠭᠳᠠᠭᠠᠨ᠎ᠤ ᠬᠦᠴᠦᠨ᠎ᠦ ᠲᠣᠬᠢᠷᠠᠭᠤᠯᠤᠯᠲᠠ᠎ᠶᠢ ᠬᠥᠳᠡᠯᠦᠩᠭᠦᠶ᠎ᠪᠡᠷ ᠲᠤᠬᠢᠷᠠᠭᠤᠯᠵᠤ᠂ ᠠᠶᠠᠨᠴᠢᠳ᠎ᠤᠨ ᠰᠠᠭᠠᠳ ᠦᠬᠡᠢ ᠪᠡᠷ ᠪᠤᠭᠤᠮᠳᠠ ᠦᠡᠭᠭᠡᠷᠡᠭᠦ ᠵᠢ ᠪᠠᠳᠤᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号